ᠬᠡᠦᠬᠡᠳ᠎ᠲᠦ ᠠᠷᠢᠭᠤᠨ ᠴᠡᠪᠡᠷ ᠰᠦᠯᠵᠢᠶᠡᠨ᠎ᠤ ᠤᠷᠤᠨ ᠵᠠᠢ ᠬᠠᠩᠭᠠᠬᠤ ᠵᠢᠨ ᠤᠴᠢᠷ
2025-10-20 11:50:34
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠨᠠᠰᠤᠨ᠎ᠳᠤ ᠥᠯᠥ ᠭᠦᠷᠦᠭᠰᠡᠳ᠎ᠦᠨ ᠰᠦᠯᠵᠢᠶᠡᠨ᠎ᠦ ᠬᠠᠮᠠᠭᠠᠯᠠᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ᠎ᠶᠢᠨ ᠲᠤᠯᠠᠳᠠ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ᠎ᠡᠴᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠨᠠᠰᠤᠨ᠎ᠳᠤ ᠥᠯᠥ ᠭᠦᠷᠦᠭᠰᠡᠳ᠎ᠦᠨ ᠬᠡᠷᠡᠭᠯᠡᠭᠴᠢ᠎ᠶᠢᠨ ᠲᠣᠭ᠎ᠠ ᠯᠤᠲᠤ ᠶᠡᠬᠡ ᠪᠥᠭᠡᠳ ᠨᠠᠰᠤᠨ᠎ᠳᠤ ᠥᠯᠥ ᠭᠦᠷᠦᠭᠰᠡᠳ᠎ᠲᠦ ᠢᠯᠡᠳᠲᠡ ᠨᠥᠯᠥᠭᠡ ᠪᠦᠬᠦᠢ ᠰᠦᠯᠵᠢᠶᠡᠨ᠎ᠦ ᠲᠠᠪᠴᠠᠩ᠎ᠤᠨ ᠦᠢᠯᠡᠴᠢᠯᠡᠭᠡ ᠬᠠᠩᠭᠠᠭ᠍ᠴᠢ᠎ᠶᠢ ᠮᠠᠭᠠᠳᠯᠠᠨ ᠲᠣᠭᠲᠠᠭᠠᠬᠤ ᠠᠷᠭ᠎ᠠ (ᠰᠠᠨᠠᠯ ᠬᠤᠷᠢᠶᠠᠬᠤ ᠨᠣᠣᠷᠠᠭ)》 (ᠳᠣᠷᠣᠭ᠍ᠰᠢ 《ᠰᠠᠨᠠᠯ ᠬᠤᠷᠢᠶᠠᠬᠤ ᠨᠣᠣᠷᠠᠭ》 ᠭᠡᠵᠦ ᠲᠣᠪᠴᠢᠯᠠᠨ᠎ᠠ)᠎ᠢ᠋ ᠲᠤᠭᠤᠷᠪᠢᠵᠤ᠂ ᠣᠢᠷ᠎ᠠ᠎ᠳᠤ ᠨᠡᠢᠭᠡᠮ ᠨᠡᠶ᠋ᠢᠲᠡ᠎ᠡᠴᠨ ᠢᠯᠡ᠎ᠪᠡᠷ ᠰᠠᠨᠠᠯ ᠬᠤᠷᠢᠶᠠᠵᠠᠢ᠃

ᠣᠳᠣᠬᠠᠨ᠎ᠳᠤ᠂ ᠰᠦᠯᠵᠢᠶ᠎ᠡ ᠨᠢ ᠨᠢᠭᠡᠨᠲᠡ ᠥᠷᠭᠡᠨ ᠣᠯᠠᠨ ᠨᠠᠰᠤᠨ᠎ᠳᠤ ᠥᠯᠥ ᠭᠦᠷᠦᠭᠰᠡᠳ᠎ᠦᠨ ᠳᠡᠯᠡᠬᠡᠢ᠎ᠶᠢ ᠣᠢᠯᠠᠭᠠᠬᠤ᠂ ᠮᠡᠳᠡᠯᠭᠡ ᠰᠤᠷᠤᠯᠴᠠᠬᠤ᠂ ᠰᠡᠯᠡᠭᠦᠴᠡᠯ ᠵᠤᠭ᠎ᠠ ᠴᠡᠩᠭᠡᠯ᠂ ᠰᠣᠯᠢᠯᠴᠠᠭ᠎ᠠ ᠶᠠᠪᠤᠯᠴᠠᠭ᠎ᠠ᠎ᠶᠢᠨ ᠴᠢᠬᠤᠯᠠ ᠲᠠᠪᠴᠠᠩ ᠪᠣᠯᠤᠭᠰᠠᠨ ᠪᠠᠢᠨ᠎ᠠ᠃ ᠭᠡᠪᠡᠴᠦ ᠰᠦᠯᠵᠢᠶᠡᠨ᠎ᠦ ᠣᠷᠣᠨ ᠵᠠᠢ ᠡᠭᠡᠳᠡᠷᠡᠭᠡᠨ ᠪᠤᠳᠤᠯᠢᠶᠠᠨᠲᠠᠢ᠂ ᠨᠠᠰᠤᠨ᠎ᠳᠤ ᠦᠯᠦ ᠬᠦᠷᠦᠭᠰᠡᠳ ᠬᠠᠤᠯᠢ᠎ᠡᠴᠨ ᠵᠥᠷᠢᠴᠡᠬᠦ ᠪᠠ ᠡᠷᠡᠭᠦᠯ ᠪᠤᠰᠤ ᠮᠡᠳᠡᠭᠡ ᠵᠠᠩᠭᠢ᠎ᠶᠢ ᠬᠦᠯᠢᠶᠡᠨ ᠠᠪᠬᠤ᠂ ᠰᠦᠯᠵᠢᠶᠡᠨ᠎ᠳᠦ ᠰᠢᠨᠤᠬᠤ ᠵᠡᠷᠭᠡ ᠤᠯᠠᠨ ᠳᠠᠪᠬᠤᠷ ᠠᠶᠤᠯ ᠲᠦᠭᠰᠢᠭᠦᠷᠢ᠎ᠳᠦ ᠲᠤᠯᠭᠠᠷᠠᠵᠤ ᠪᠠᠢᠨ᠎ᠠ᠃ ᠰᠦᠯᠵᠢᠶᠡᠨ᠎ᠦ ᠲᠠᠪᠴᠠᠩ ᠨᠢ ᠰᠦᠯᠵᠢᠶᠡᠨ᠎ᠦ ᠮᠡᠳᠡᠭᠡ ᠵᠠᠩᠭᠢ᠎ᠶᠢ ᠴᠤᠭᠯᠠᠭᠤᠯᠬᠤ ᠭᠠᠵᠠᠷ ᠪᠠ ᠰᠦᠯᠵᠢᠶᠡᠨ᠎ᠦ ᠦᠢᠯᠡᠴᠢᠯᠡᠭᠡ ᠬᠠᠩᠭᠠᠭ᠍ᠴᠢ ᠪᠣᠯᠤᠭᠰᠠᠨ᠎ᠤ ᠬᠤᠪᠢ᠎ᠳᠤ᠂ ᠨᠠᠰᠤᠨ᠎ᠳᠤ ᠥᠯᠥ ᠭᠦᠷᠦᠭᠰᠡᠳ᠎ᠦᠨ ᠰᠦᠯᠵᠢᠶᠡᠨ᠎ᠦ ᠬᠠᠮᠠᠭᠠᠯᠠᠯᠲᠠ᠎ᠳᠤ ᠴᠢᠬᠤᠯᠠ ᠦᠢᠯᠡᠳᠦᠯ ᠦᠵᠡᠭᠦᠯᠵᠦ ᠪᠠᠢᠳᠠᠭ᠃

ᠮᠠᠨ᠎ᠤ ᠤᠯᠤᠰ᠎ᠤᠨ 《ᠨᠠᠰᠤᠨ᠎ᠳᠤ ᠥᠯᠥ ᠭᠦᠷᠦᠭᠰᠡᠳ ᠤ᠋ᠨ ᠰᠦᠯᠵᠢᠶᠡᠨ ᠤ᠋ ᠬᠠᠮᠠᠭᠠᠯᠠᠯᠳᠠ ᠵᠢᠨ ᠳᠦᠷᠢᠮ》 ᠳ᠋ᠸ᠋ ᠰᠦᠯᠵᠢᠶᠡᠨ᠎ᠦ ᠲᠠᠪᠴᠠᠩ᠎ᠤᠨ ᠨᠠᠰᠤᠨ᠎ᠳᠤ ᠥᠯᠥ ᠭᠦᠷᠦᠭᠰᠡᠳ᠎ᠢ ᠨᠡᠢᠳᠡᠮ ᠬᠠᠮᠠᠭᠠᠯᠠᠬᠤ ᠡᠭᠦᠷᠭᠡ᠎ᠶᠢ ᠲᠣᠳᠣᠷᠬᠠᠢᠯᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠨᠠᠰᠤᠨ᠎ᠳᠤ ᠥᠯᠥ ᠭᠦᠷᠦᠭᠰᠡᠳ᠎ᠦᠨ ᠬᠡᠷᠡᠭᠯᠡᠭᠴᠢ᠎ᠶᠢᠨ ᠲᠣᠭ᠎ᠠ ᠬᠡᠮᠵᠢᠶ᠎ᠡ ᠯᠤᠲᠤ ᠶᠡᠬᠡ ᠪᠠ ᠨᠠᠰᠤᠨ᠎ᠳᠤ ᠥᠯᠥ ᠭᠦᠷᠦᠭᠰᠡᠳ᠎ᠲᠦ ᠢᠯᠡᠳᠲᠡ ᠨᠥᠯᠥᠭᠡ᠎ᠲᠠᠢ ᠰᠦᠯᠵᠢᠶᠡᠨ᠎ᠦ ᠲᠠᠪᠴᠠᠩ᠎ᠳᠤ ᠣᠨᠴᠠᠭᠠᠶ ᠱᠠᠭᠠᠷᠳᠠᠯᠭ᠎ᠠ ᠲᠤᠷᠠᠳᠴᠠᠢ᠃ ᠬᠡᠷᠬᠢᠨ 《ᠬᠡᠷᠡᠭᠯᠡᠭᠴᠢ᠎ᠶᠢᠨ ᠲᠣᠭ᠎ᠠ ᠯᠤᠲᠤ ᠶᠡᠬᠡ》᠂ 《ᠢᠯᠡᠳᠲᠡ ᠨᠥᠯᠥᠭᠡ ᠲᠠᠢ》 ᠵᠡᠷᠭᠡ ᠤᠬᠠᠭᠳᠠᠬᠤᠨ᠎ᠢ ᠰᠢᠨᠵᠢᠯᠡᠬᠦ ᠤᠬᠠᠭᠠᠨᠴᠢ᠎ᠪᠠᠷ ᠵᠠᠭᠠᠭᠯᠠᠨ ᠲᠣᠭᠲᠠᠭᠠᠬᠤ ᠨᠢ ᠬᠠᠮᠠᠭᠠᠯᠠᠬᠤ ᠬᠠᠷᠢᠭᠤᠴᠠᠯᠭ᠎ᠠ᠎ᠶᠢ ᠪᠦᠲᠦᠮᠵᠢᠲᠡᠶ ᠨᠠᠢᠳᠠᠪᠤᠷᠢᠵᠢᠭᠤᠯᠵᠤ ᠴᠢᠳᠠᠬᠤ ᠡᠰᠡᠬᠦ᠎ᠲᠠᠢ ᠰᠢᠭᠤᠳ ᠬᠣᠯᠪᠣᠭᠳᠠᠨ᠎ᠠ᠃ ᠬᠡᠷᠪᠡ ᠪᠠᠷᠢᠮᠵᠢᠶ᠎ᠠ ᠨᠢ ᠪᠥᠭᠡᠷᠡᠩᠬᠡᠢ᠂ ᠪᠠᠯᠠᠷᠬᠠᠢ ᠪᠣᠯᠪᠠᠯ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠵᠠᠷᠢᠮ ᠲᠠᠪᠴᠠᠩ ᠨᠢ ᠬᠠᠮᠠᠭᠠᠯᠠᠬᠤ ᠠᠷᠭ᠎ᠠ ᠬᠡᠮᠵᠢᠶ᠎ᠡ᠎ᠪᠡᠨ ᠰᠤᠯᠠᠷᠠᠭᠤᠯᠵᠤ ᠮᠡᠳᠡᠨ᠎ᠡ᠂ ᠡᠢᠮᠦ᠎ᠡᠴᠡ ᠭᠠᠭᠴᠠ ᠬᠦ᠌ ᠪᠠᠷᠢᠮᠵᠢᠶ᠎ᠠ᠎ᠶᠢ ᠲᠣᠳᠣᠷᠬᠠᠢ ᠲᠤᠬᠳᠠᠭᠠᠵᠤ᠂ ᠬᠢᠨᠠᠯᠲᠠ ᠬᠠᠮᠢᠶᠠᠷᠤᠯᠲᠠ᠎ᠵᠢ ᠴᠢᠩᠭᠠᠳᠬᠠᠬᠤ ᠪᠠᠷ ᠲᠠᠮᠵᠢᠨ᠂ ᠬᠠᠷᠢᠭᠤᠴᠠᠯᠭ᠎ᠠ᠎ᠶᠢ 《ᠴᠠᠭᠠᠰᠤᠨ ᠳᠡᠭᠡᠷᠡᠬᠢ ᠲᠣᠭᠲᠠᠭᠠᠯ》 ᠡᠴᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠎ᠶᠢ ᠠᠬᠢᠭᠤᠯᠪᠠᠯ᠂ ᠨᠠᠰᠤᠨ᠎ᠳᠤ ᠥᠯᠥ ᠬᠦᠷᠦᠭᠰᠡᠳ᠎ᠦᠨ ᠰᠦᠯᠵᠢᠶᠡᠨ᠎ᠦ ᠠᠮᠤᠷ ᠲᠦᠪᠰᠢᠨ᠎ᠦ 《ᠰᠡᠷᠭᠡᠢᠯᠡᠯᠲᠡ᠎ᠶᠢᠨ ᠬᠡᠷᠡᠮ》 ᠢ᠋ ᠦᠨᠡᠨ ᠬᠦ᠌ ᠪᠠᠲᠤ ᠴᠣᠭᠴᠠᠯᠠᠵᠤ ᠴᠢᠳᠠᠨ᠎ᠠ᠃

《ᠰᠠᠨᠠᠯ ᠬᠤᠷᠢᠶᠠᠬᠤ ᠨᠣᠣᠷᠠᠭ》 ᠨᠢ 《ᠨᠠᠰᠤᠨ᠎ᠳᠤ ᠥᠯᠥ ᠭᠦᠷᠦᠭᠰᠡᠳ ᠤ᠋ᠨ ᠰᠦᠯᠵᠢᠶᠡᠨ ᠤ᠋ ᠬᠠᠮᠠᠭᠠᠯᠠᠯᠳᠠ ᠵᠢᠨ ᠳᠦᠷᠢᠮ》᠎ᠤ᠋ᠨ ᠱᠠᠭᠠᠷᠳᠠᠯᠭ᠎ᠠ᠎ᠶᠢ ᠴᠢᠩᠭ᠎ᠠ ᠡᠵᠡᠮᠳᠡᠵᠦ᠂ ᠮᠠᠭᠠᠳᠯᠠᠨ ᠲᠣᠭᠲᠠᠭᠠᠬᠤ ᠪᠣᠳᠠᠲᠠᠢ ᠪᠠᠷᠢᠮᠵᠢᠶ᠎ᠠ᠂ ᠮᠠᠭᠠᠳᠯᠠᠨ ᠲᠣᠭᠲᠠᠭᠠᠬᠤ ᠶᠠᠪᠤᠴᠠ ᠪᠠ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ᠎ᠶᠢ ᠨᠠᠷᠢᠯᠢᠭ᠍ᠵᠢᠭᠤᠯᠪᠠ᠃ ᠬᠡᠷᠪᠡ ᠨᠠᠰᠤᠨ᠎ᠳᠤ ᠥᠯᠥ ᠭᠦᠷᠦᠭᠰᠡᠳ᠎ᠲᠦ ᠲᠤᠰᠬᠠᠢ ᠦᠢᠯᠡᠴᠢᠯᠡᠬᠡᠨ᠎ᠤ ᠪᠤᠰᠤ ᠰᠦᠯᠵᠢᠶᠡᠨ᠎ᠦ ᠲᠠᠪᠴᠠᠩ ᠤ᠋ᠨ  ᠨᠠᠰᠤᠨ᠎ᠳᠤ ᠥᠯᠥ ᠭᠦᠷᠦᠭᠰᠡᠳ᠎ᠦᠨ ᠳᠠᠩᠰᠠᠯᠠᠭᠤᠯᠤᠭᠰᠠᠨ ᠬᠡᠷᠡᠭᠯᠡᠭᠴᠢ᠎ᠶᠢᠨ ᠲᠣᠭ᠎ᠠ ᠨᠢ 1000 ᠲᠦᠮᠡ᠎ᠡᠴᠡ ᠳᠡᠭᠡᠭᠰᠢ ᠪᠤᠶᠤ ᠰᠠᠷ᠎ᠠ ᠪᠦᠷᠢ ᠵᠢᠨ  ᠨᠠᠰᠤᠨ᠎ᠳᠤ ᠥᠯᠥ ᠭᠦᠷᠦᠭᠰᠡᠳ ᠤ᠋ᠨ  ᠬᠥᠭᠵᠢᠶᠡᠨᠲᠡᠢ ᠬᠡᠷᠡᠭᠯᠡᠭᠴᠢ 100 ᠲᠦᠮᠡ᠎ᠡᠴᠡ ᠳᠡᠭᠡᠭᠰᠢ ᠪᠠᠢᠪᠠᠯ᠂ 《ᠬᠡᠷᠡᠭᠯᠡᠭᠴᠢ᠎ᠶᠢᠨ ᠲᠣᠭ᠎ᠠ ᠯᠤᠲᠤ ᠶᠡᠬᠡ》 ᠪᠡᠷ ᠮᠠᠭᠠᠳᠯᠠᠨ ᠲᠣᠭᠲᠠᠭᠠᠬᠤ ᠬᠡᠷᠡᠭᠲᠡᠢ ᠬᠡᠵᠦ ᠲᠤᠳᠤᠷᠬᠠᠢᠯᠠᠵᠠᠢ᠃ ᠡᠲᠡᠭᠡᠷ ᠲᠣᠭᠲᠠᠭᠠᠯ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠠᠵᠢᠯ᠎ᠤᠨ ᠳᠤᠮᠳᠠ᠎ᠪᠠᠨ ᠵᠢᠷᠤᠮᠯᠠᠬᠤ ᠳᠦᠷᠢᠮ᠎ᠲᠠᠢ ᠪᠣᠯᠭᠠᠵᠤ᠂ ᠡᠲᠡᠭᠡᠷ ᠲᠠᠪᠴᠠᠩ᠎ᠤᠨ ᠣᠨᠴᠠᠭᠠᠶ ᠬᠠᠮᠠᠭᠠᠯᠠᠯᠲᠠ᠎ᠶᠢᠨ ᠡᠭᠦᠷᠭᠡ᠎ᠪᠡᠨ ᠦᠨᠡᠨ ᠬᠦ᠌ ᠭᠦᠢᠴᠡᠳᠬᠡᠬᠦ᠎ᠶᠢ ᠠᠬᠢᠭᠤᠯᠵᠤ᠂ ᠬᠡᠦᠬᠡᠳ᠎ᠦᠳ᠎ᠲᠦ ᠰᠦᠯᠵᠢᠶᠡᠨ᠎ᠦ 《ᠡᠭᠦᠳᠡ ᠰᠠᠬᠢᠭ᠍ᠴᠢ》 ᠪᠣᠯᠵᠤ ᠥᠭᠬᠦ᠎ᠳᠦ ᠠᠰᠢᠭ᠍ᠲᠠᠢ ᠶᠤᠮ᠃

ᠨᠠᠰᠤᠨ᠎ᠳᠤ ᠦᠯᠦ ᠬᠦᠷᠦᠭᠰᠡᠳ᠎ᠦᠨ ᠰᠦᠯᠵᠢᠶᠡᠨ᠎ᠦ ᠬᠠᠮᠠᠭᠠᠯᠠᠯᠲᠠ ᠪᠣᠯ ᠨᠢᠭᠡᠨ ᠤᠷᠲᠤ ᠬᠤᠭᠤᠴᠠᠭᠠᠨ᠎ᠤ ᠰᠢᠰᠲᠧᠮᠲᠦ ᠢᠨᠵᠧᠨᠧᠷᠢᠩ ᠮᠥᠨ᠃ 《ᠰᠠᠨᠠᠯ ᠬᠤᠷᠢᠶᠠᠬᠤ ᠨᠣᠣᠷᠠᠭ》᠎ᠲᠦ᠍ ᠢᠯᠡ᠎ᠪᠡᠷ ᠰᠠᠨᠠᠯ ᠬᠤᠷᠢᠶᠠᠬᠤ ᠪᠣᠯ ᠨᠡᠢᠭᠡᠮ᠎ᠦᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠬᠤ ᠶᠠᠪᠤᠴᠠ ᠪᠣᠯᠬᠤ ᠪᠥᠭᠡᠳ ᠪᠠᠰᠠ ᠴᠤ᠌ ᠳᠦᠷᠢᠮ᠎ᠦᠨ ᠲᠥᠯᠥᠪᠯᠡᠭᠡ᠎ᠶᠢ ᠲᠡᠭᠦᠯᠳᠡᠷᠵᠢᠭᠦᠯᠬᠦ ᠠᠵᠠ ᠲᠣᠬᠢᠶᠠᠯ ᠪᠣᠯᠣᠨ᠎ᠠ᠃ ᠠᠷᠠᠳ᠎ᠤᠨ ᠰᠠᠨᠠᠭ᠎ᠠ᠎ᠶᠢ ᠥᠷᠭᠡᠨ᠎ᠢᠶᠡᠷ ᠭᠥᠯᠢᠶᠡᠨ ᠠᠪᠤᠭᠰᠠᠨ᠎ᠤ ᠳᠠᠷᠠᠭ᠎ᠠ᠂ ᠬᠠᠤᠯᠢ᠎ᠪᠠᠷ ᠲᠣᠭᠲᠠᠭᠠᠭᠰᠠᠨ ᠵᠢᠷᠤᠮ᠎ᠢᠶᠠᠷ ᠲᠠᠮᠵᠢᠨ ᠨᠡᠢᠲᠡᠯᠡᠭᠰᠡᠨ ᠮᠠᠭᠠᠳᠯᠠᠨ ᠲᠣᠭᠲᠠᠭᠠᠬᠤ ᠠᠷᠭ᠎ᠠ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠬᠦᠴᠦᠲᠡᠢ ᠲᠤᠯᠭᠠᠭᠤᠷᠢᠯᠠᠯ ᠬᠠᠩᠭᠠᠵᠤ᠂ ᠭᠣᠣᠯᠳᠠᠯᠭ᠎ᠠ᠎ᠲᠠᠢ ᠲᠠᠪᠴᠠᠩ᠎ᠤᠨ ᠬᠠᠮᠠᠭᠠᠯᠠᠬᠤ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠬᠦ᠎ᠶᠢ ᠠᠬᠢᠭᠤᠯᠵᠤ᠂ ᠴᠡᠪᠡᠷ ᠠᠷᠢᠭᠤᠨ᠂ ᠠᠮᠤᠷ ᠲᠦᠪᠰᠢᠨ ᠰᠦᠯᠵᠢᠶᠡᠨ᠎ᠦ ᠣᠷᠣᠨ ᠵᠠᠢ᠎ᠶᠢ ᠬᠦᠴᠦ᠎ᠪᠡᠨ ᠬᠠᠮᠲᠤᠳᠬᠠᠨ ᠪᠠᠢᠭᠤᠯᠵᠤ᠂ ᠬᠡᠦᠬᠡᠳ᠎ᠤᠳ ᠤ᠋ᠨ  ᠡᠷᠡᠭᠦᠯ᠎ᠢᠶᠡᠷ ᠦᠰᠦᠨ ᠪᠣᠢᠵᠢᠬᠤ᠎ᠳᠤ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号