ᠣᠷᠣᠨ ᠪᠦᠰᠡ ᠵᠢᠨ ᠠᠭᠠᠷ ᠮᠠᠨᠳᠠᠯ ᠢ᠋ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠭᠦ ᠪᠦᠳᠦᠭᠦᠪᠴᠢ ᠬᠡᠯᠡᠯᠴᠡᠭᠡᠷ ᠲᠣᠭᠲᠠᠪᠠ
2025-10-20 11:02:41
ᠵᠣᠬᠢᠶᠠᠭ᠍ᠴᠢ᠄
ᠵᠤᠤ ᠵᠢᠨ ᠬᠤᠸᠠ
ᠣᠩᠱᠢᠭ᠍ᠰᠠᠨ ᠣᠳᠠᠭ᠎ᠠ᠄
★★★☆☆

ᠬᠥᠯᠥᠨ ᠪᠤᠢᠷ ᠬᠣᠲᠠ ᠵᠢᠨ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠰᠢᠭᠤ ᠲᠦᠷᠦᠭᠦᠭᠡᠨ ᠬᠠᠷᠠᠮᠦ᠋ᠷᠡᠨ ᠮᠣᠵᠢ ᠵᠢᠨ ᠨᠧᠨᠵᠢᠶᠠᠩ ᠬᠣᠲᠠ᠂ ᠨᠸ ᠾᠸ ᠬᠣᠲᠠ ᠲᠠᠢ ᠣᠷᠣᠨ ᠪᠦᠰᠡ ᠵᠢᠨ ᠠᠭᠠᠷ ᠮᠠᠨᠳᠠᠯ ᠤ᠋ᠨ ᠪᠣᠬᠢᠷᠲᠤᠯ ᠢ᠋ ᠰᠡᠷᠭᠡᠢᠯᠡᠨ ᠵᠠᠰᠠᠬᠤ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠭᠦ ᠠᠵᠢᠯ ᠤ᠋ᠨ 《ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠰᠢᠭᠤ᠂ ᠨᠧᠨᠵᠢᠶᠠᠩ ᠬᠣᠲᠠ᠂ ᠨᠸ ᠾᠸ ᠬᠣᠲᠠ ᠵᠢᠨ ᠮᠣᠵᠢ ᠣᠷᠣᠨ ᠠᠯᠤᠰᠯᠠᠭᠰᠠᠨ ᠠᠭᠠᠷ ᠮᠠᠨᠳᠠᠯ ᠢ᠋ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠭᠦ ᠪᠦᠳᠦᠭᠦᠪᠴᠢ ᠭᠡᠯᠡᠯᠴᠡᠭᠡᠷ 》 ᠲᠦ᠍ ᠭᠠᠷ ᠤ᠋ᠨ ᠦᠰᠦᠭ ᠵᠢᠷᠤᠪᠠ ᠃

ᠲᠤᠰ ᠠᠵᠢᠯᠯᠠᠭ᠎ᠠ ᠨᠢ ᠵᠠᠰᠠᠭ ᠵᠠᠬᠢᠷᠭᠠᠨ ᠤ᠋ ᠣᠷᠣᠨ ᠠᠯᠤᠰᠯᠠᠭᠰᠠᠨ ᠬᠠᠮᠵᠢᠯᠴᠠᠭ᠎ᠠ ᠪᠠᠷ ᠳᠠᠮᠵᠢᠨ ᠣᠷᠣᠨ ᠪᠦᠰᠡ ᠵᠢᠨ ᠬᠦᠯᠢᠶᠡᠰᠦᠯᠡᠯ ᠢ᠋ ᠡᠪᠳᠡᠵᠤ᠂ ᠣᠷᠣᠨ ᠪᠦᠰᠡ ᠵᠢᠨ ᠠᠭᠠᠷ ᠮᠠᠨᠳᠠᠯ ᠤ᠋ᠨ ᠣᠷᠴᠢᠨ ᠲᠣᠭᠣᠷᠢᠨ ᠤ᠋ ᠴᠢᠨᠠᠷ ᠴᠢᠨᠰᠠᠭ᠎ᠠ ᠵᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠵᠢ ᠠᠬᠢᠭᠤᠯᠵᠠᠢ᠃ ᠵᠡᠷᠭᠡᠯᠡᠳᠡᠭᠡ ᠪᠠᠢᠭ᠎ᠠ ᠭᠤᠷᠪᠠᠨ ᠭᠠᠵᠠᠷ ᠣᠷᠣᠨ ᠲᠣᠭᠲᠠᠴᠠ ᠵᠢᠨ ᠪᠠᠢᠭᠤᠯᠤᠯᠲᠠ᠂ ᠬᠠᠮᠵᠢᠯᠴᠠᠨ ᠵᠠᠰᠠᠬᠤ᠂ ᠲᠣᠭ᠎ᠠ ᠪᠠᠷᠢᠮᠲᠠ ᠵᠢ ᠬᠠᠮᠲᠤ ᠪᠠᠷ ᠡᠳ᠋ᠯᠡᠬᠦ ᠪᠠ ᠪᠠᠴᠢᠮ ᠪᠠᠢᠳᠠᠯ ᠢ᠋ ᠠᠷᠭᠠᠴᠠᠭᠠᠬᠤ ᠲᠠᠯ᠎ᠠ ᠪᠠᠷ ᠬᠠᠮᠲᠤᠷᠠᠨ ᠬᠥᠳᠡᠯᠦᠯᠴᠡᠬᠦ ᠵᠡᠷᠭᠡ ᠰᠡᠳᠦᠪ ᠤ᠋ᠨ ᠲᠣᠭᠣᠷᠢᠨ᠎ᠳ᠋ᠤ᠌ ᠭᠦᠨᠵᠡᠭᠡᠢ ᠰᠣᠯᠢᠯᠴᠠᠭ᠎ᠠ ᠥᠷᠨᠢᠭᠦᠯᠵᠦ᠂ ᠭᠠᠭᠴᠠ ᠬᠦ᠌ ᠬᠠᠮᠵᠢᠯᠴᠠᠨ ᠠᠵᠢᠯᠯᠠᠬᠤ᠂ ᠨᠢᠭᠡᠳᠦᠯᠲᠡᠢ ᠲᠥᠯᠥᠪᠵᠢᠭᠦᠯᠬᠦ᠂ ᠬᠠᠮᠲᠤ ᠪᠠᠷ ᠠᠵᠢᠯᠯᠠᠭᠠᠨ ᠬᠢᠪᠡᠯ ᠰᠠᠶᠢ ᠣᠷᠣᠨ ᠪᠦᠰᠡ ᠵᠢᠨ ᠴᠢᠨᠠᠷᠲᠠᠢ᠂ ᠤᠯᠠᠨ ᠬᠡᠯᠪᠡᠷᠢ ᠵᠢᠨ ᠠᠭᠠᠷ ᠮᠠᠨᠳᠠᠯ ᠤ᠋ᠨ ᠪᠣᠬᠢᠷᠲᠤᠯ ᠤ᠋ᠨ ᠠᠰᠠᠭᠤᠳᠠᠯ ᠢ᠋ ᠪᠦᠲᠦᠮᠵᠢᠲᠡᠢ ᠠᠷᠭᠠᠴᠠᠭᠠᠵᠤ ᠴᠢᠳᠠᠨ᠎ᠠ ᠭᠡᠬᠦ ᠬᠠᠮᠳᠤ ᠵᠢᠨ ᠳᠠᠨᠢᠯᠳᠠ ᠳᠠᠢ ᠪᠤᠯᠪᠠ᠃ ᠭᠡᠯᠡᠯᠴᠡᠭᠡᠷ ᠢ᠋ ᠦᠨᠳᠦᠰᠦᠯᠡᠪᠡᠯ᠂ ᠭᠤᠷᠪᠠᠨ ᠭᠠᠵᠠᠷ ᠬᠠᠮᠲᠤᠷᠠᠨ ᠬᠢᠨᠠᠨ ᠬᠡᠮᠵᠢᠬᠦ ᠬᠢᠭᠡᠳ ᠲᠣᠭ᠎ᠠ ᠪᠠᠷᠢᠮᠲᠠ ᠵᠢ ᠬᠠᠮᠲᠤ ᠪᠠᠷ ᠡᠳ᠋ᠯᠡᠬᠦ ᠲᠣᠭᠲᠠᠴᠠ᠂ ᠠᠭᠠᠷ ᠮᠠᠨᠳᠠᠯ ᠤ᠋ᠨ ᠪᠣᠬᠢᠷᠲᠤᠯ ᠤ᠋ᠨ ᠡᠬᠢ ᠵᠢ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ᠂ ᠰᠢᠨᠵᠢᠯᠡᠬᠦ ᠤᠬᠠᠭᠠᠨ ᠤ᠋ ᠰᠤᠳᠤᠯᠭᠠᠨ ᠬᠢᠭᠡᠳ ᠮᠡᠷᠭᠡᠵᠢᠯ ᠤ᠋ᠨ ᠬᠠᠮᠲᠤᠷᠠᠯᠴᠠᠭᠠᠨ ᠤ᠋ ᠲᠣᠭᠲᠠᠴᠠ᠂ ᠬᠦᠨᠳᠦ ᠪᠣᠬᠢᠷᠲᠤᠯ ᠲᠠᠢ ᠴᠠᠭ ᠠᠭᠤᠷ ᠤ᠋ᠨ ᠪᠠᠴᠢᠮ ᠪᠠᠢᠳᠠᠯ ᠢ᠋ ᠠᠷᠭᠠᠴᠠᠭᠠᠬᠤ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠭᠦ ᠲᠣᠭᠲᠠᠴᠠ ᠵᠡᠷᠭᠡ ᠳᠥᠷᠪᠡᠨ ᠲᠣᠭᠲᠠᠴᠠ ᠵᠢ ᠭᠣᠣᠯᠳᠠᠯᠭ᠎ᠠ ᠲᠠᠢ ᠪᠤᠢ ᠪᠤᠯᠭᠠᠨ᠎ᠠ᠃ ᠪᠠᠰᠠ ᠭᠤᠷᠪᠠᠨ ᠭᠠᠵᠠᠷ ᠤ᠋ᠨ ᠬᠢᠨ ᠪᠠᠢᠩᠭᠤᠵᠢᠭᠰᠡᠨ ᠬᠠᠮᠳᠤᠷᠠᠭᠰᠠᠨ ᠬᠤᠷᠠᠯ ᠤ᠋ᠨ ᠳᠦᠷᠢᠮ ᠪᠣᠯᠤᠨ ᠬᠠᠷᠢᠯᠴᠠᠭᠴᠢ ᠵᠢᠨ ᠵᠣᠬᠢᠴᠠᠭᠤᠯᠬᠤ ᠲᠣᠭᠲᠠᠴᠠ ᠵᠢ ᠪᠠᠢᠭᠤᠯᠵᠤ᠂ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠭᠦ ᠠᠵᠢᠯ ᠢ᠋ ᠲᠠᠰᠤᠷᠠᠯᠲᠠ ᠥᠬᠡᠢ ᠭᠦᠨᠵᠡᠭᠡᠢᠷᠡᠭᠦᠯᠬᠦ ᠵᠢ ᠠᠬᠢᠭᠤᠯᠤᠨ᠎ᠠ᠃      

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号