ᠬᠦᠬᠡᠬᠤᠲᠠ ᠲᠦᠶ᠋ᠮᠡᠷ ᠰᠡᠷᠭᠡᠢᠯᠡᠬᠦ᠌ ᠬᠤᠭᠤᠴᠠᠭᠠᠨ ᠳ᠋ᠡᠬᠢ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠤᠷ ᠲᠦᠪᠱᠢᠨ ᠤ᠋ ᠬᠠᠮᠠᠭᠠᠯᠠᠯᠲᠠ ᠵᠢᠨ ᠲᠤᠤᠷ ᠢ᠋ ᠨᠢᠭ᠍ᠲᠠ ᠰᠦᠯᠵᠢᠵᠤ ᠪᠤᠢ
2025-10-20 11:04:56
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

 ᠣᠶ ᠱᠢᠭᠤᠶ ᠪᠠ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠬᠦ᠌ ᠪᠣᠯ ᠠᠮᠢ ᠠᠬᠤᠶ ᠵᠢᠨ ᠬᠠᠮᠠᠭᠠᠯᠠᠯᠲᠠ ᠵᠢᠨ ᠴᠢᠬᠤᠯᠠ ᠭᠣᠭ᠍ᠴᠣᠭ᠎ᠠ ᠮᠥᠨ᠂ 2025 ᠣᠨ᠎ᠤ ᠨᠠᠮᠤᠷ ᠡᠴᠡ ᠨᠠᠭᠠᠰᠢ ᠬᠥᠬᠡᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠳᠠᠯᠠᠨ ᠬᠠᠷ᠎ᠠ ᠠᠭᠤᠯᠠ ᠵᠢᠨ ᠠᠮᠢ ᠠᠬᠤᠶ ᠵᠢᠨ ᠠᠷᠠᠴᠢᠯᠠᠨ ᠬᠠᠮᠠᠭᠠᠯᠠᠬᠤ ᠲᠥᠪ᠎ᠤᠨ ᠬᠢᠨ ᠡᠨᠡ ᠵᠢᠯ᠎ᠤᠨ 9 ᠰᠠᠷ᠎ᠠ ᠡᠴᠡ ᠢᠷᠡᠭᠦ ᠵᠢᠯ ᠤ᠋ᠨ 5 ᠰᠠᠷ᠎ᠠ ᠪᠣᠯᠲᠠᠯᠠᠬᠢ ᠲᠦᠶ᠋ᠮᠡᠷ ᠰᠡᠷᠭᠡᠢᠯᠡᠬᠦ᠌ ᠬᠤᠭᠤᠴᠠᠭᠠᠨ᠎ᠤ ᠪᠥᠬᠥ᠌ ᠴᠠᠷᠠᠭᠠᠨ᠎ᠤ ᠰᠡᠷᠭᠡᠢᠯᠡᠯᠲᠡ ᠬᠠᠮᠠᠭᠠᠯᠠᠯᠲᠠ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠤᠷᠢᠳᠴᠢᠯᠠᠨ ᠪᠠᠢᠷᠢᠯᠠᠭᠤᠯᠵᠤ᠂ ᠰᠠᠨᠠᠭᠠᠴᠢᠯᠠᠭ᠎ᠠ ᠡᠴᠡ ᠪᠡᠨ ᠠᠵᠢᠯᠯᠠᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠮᠤᠷ ᠲᠦᠪᠱᠢᠨ ᠤ᠋ ᠬᠠᠮᠠᠭᠠᠯᠠᠯᠲᠠ ᠵᠢᠨ ᠲᠤᠤᠷ ᠢ᠋ ᠨᠢᠭ᠍ᠲᠠ ᠰᠦᠯᠵᠢᠵᠤ ᠪᠤᠢ᠃

ᠡᠨᠡ ᠵᠢᠯ ᠤ᠋ᠨ ᠬᠤᠷ᠎ᠠ ᠪᠣᠷᠣᠭᠠᠨ ᠡᠯᠪᠡᠭ᠂ ᠣᠶ ᠱᠢᠭᠤᠶ ᠡᠪᠡᠰᠦ ᠮᠣᠳᠣ ᠢᠭ᠍ᠴᠤ ᠰᠠᠬᠤᠯᠢᠭ ᠪᠠᠢᠳᠠᠯ ᠳ᠋ᠤ ᠴᠢᠭᠯᠡᠭᠦᠯᠦᠨ ᠬᠥᠬᠡᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠳᠠᠯᠠᠨ ᠬᠠᠷ᠎ᠠ ᠠᠭᠤᠯᠠ ᠵᠢᠨ ᠠᠮᠢ ᠠᠬᠤᠶ ᠵᠢᠨ ᠠᠷᠠᠴᠢᠯᠠᠨ ᠬᠠᠮᠠᠭᠠᠯᠠᠬᠤ ᠲᠥᠪ ᠎ᠤ᠋ᠨ ᠬᠢᠨ ᠡᠷᠲᠡ ᠲᠥᠯᠥᠪᠯᠡᠵᠦ᠍ ᠡᠷᠲᠡ ᠬᠥᠳᠡᠯᠦᠯᠴᠡᠨ᠂ ᠨᠡᠢᠲᠡ 15000 ᠮᠥ᠍ ᠡᠪᠡᠰᠦ ᠬᠠᠳᠤᠬᠤ ᠠᠵᠢᠯ ᠢ᠋ ᠪᠡᠶᠡᠯᠡᠭᠦᠯᠵᠦ᠍᠂ ᠲᠦᠢᠮᠡᠷ᠎ᠤᠨ ᠠᠶᠤᠯ᠎ᠤᠨ ᠳᠠᠯᠳᠠ ᠬᠡᠮ ᠢ᠋ ᠡᠬᠢ ᠡᠭᠦᠰᠦᠯ ᠡᠴᠡ ᠨᠢ ᠪᠠᠭᠠᠰᠬᠠᠪᠠ᠃ 9 ᠰᠠᠷ᠎ᠠ ᠵᠢᠨ 5 ᠡᠴᠡ 7 ᠤ᠋ ᠡᠳᠤᠷ ᠪᠤᠯᠲᠠᠯᠠᠬᠢ ᠲᠠᠬᠢᠯᠭ᠎ᠠ ᠵᠢᠨ ᠣᠷᠭᠢᠯ᠎ᠤᠨ ᠬᠤᠭᠤᠴᠠᠭᠠᠨ ᠳ᠋ᠤ ᠠᠮᠤᠷ ᠲᠦᠪᠱᠢᠨ ᠤ᠋ ᠭᠠᠯ ᠲᠦᠢᠮᠡᠷ ᠢ᠋ ᠰᠡᠷᠭᠡᠢᠯᠡᠬᠦ ᠲᠣᠭᠣᠷᠢᠨ ᠬᠠᠮᠠᠭᠠᠯᠠᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠪᠠ᠃ 24 ᠴᠠᠭ ᠵᠢᠡᠷ ᠵᠢᠵᠢᠭᠦᠷᠯᠡᠬᠦ᠌ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ᠋ ᠴᠢᠩᠭ᠎ᠠ ᠬᠡᠷᠡᠭ᠌ᠵᠢᠭᠦᠯᠵᠦ᠍᠂ ᠲᠦᠢᠮᠡᠷ ᠰᠡᠷᠭᠡᠢᠯᠡᠬᠦ 75 ᠵᠢᠵᠢᠭᠦᠷᠯᠡᠭ᠌ᠴᠢ ᠠᠵᠢᠯ᠎ᠤᠨ ᠪᠠᠢᠷᠢ ᠪᠠᠨ ᠵᠢᠵᠢᠭᠦᠷᠯᠡᠨ ᠰᠠᠬᠢᠵᠤ᠂ ᠲᠤᠰᠭᠠᠶ ᠴᠢᠮᠡᠭᠡ ᠬᠣᠯᠪᠣᠭᠠᠨ᠎ᠤ ᠲᠥᠬᠥᠭᠡᠷᠦᠮᠵᠢ ᠪᠠ ᠲᠦᠢᠮᠡᠷ ᠰᠡᠷᠭᠡᠢᠯᠡᠬᠦ ᠪᠠᠭᠠᠵᠢ ᠬᠡᠷᠡᠭ᠌ᠰᠡᠯ ᠢ᠋ ᠪᠦᠷᠢᠨ ᠳᠣᠭᠢᠷᠠᠭᠤᠯᠵᠤ ᠂ ᠭᠤᠤᠯᠳᠠᠯᠭ᠎ᠠ ᠲᠠᠶ ᠣᠷᠣᠨ ᠪᠠᠢᠷᠢ᠎ᠶ᠋ᠢ ᠴᠢᠩᠭ᠎ᠠ ᠰᠡᠷᠭᠡᠢᠯᠡᠨ᠂ ᠳᠦᠢᠮᠡᠷ᠎ᠤᠨ ᠭᠠᠮᠱᠢᠭ᠎ᠤᠨ ᠳᠠᠯᠳᠠ ᠬᠡᠮ ᠢ᠋ ᠡᠷᠡᠰ ᠬᠣᠷᠢᠭ᠍ᠯᠠᠪᠠ᠃ ᠡᠭᠦᠨ ᠤ᠋ ᠬᠠᠮᠲᠤ᠂ ᠡᠯ᠎ᠡ ᠱᠠᠲᠤᠨ᠎ᠤ ᠲᠦᠢᠮᠡᠷ ᠰᠡᠷᠭᠡᠢᠯᠡᠬᠦ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠭᠤᠤᠯ ᠤᠳᠤᠷᠢᠳᠤᠯᠭ᠎ᠠ ᠳᠠᠢᠴᠢᠯᠠᠨ ᠠᠳᠭᠤᠵᠤ᠂ ᠱᠠᠲᠤ ᠱᠠᠲᠤ᠎ᠪᠠᠷ ᠡᠭᠦᠷᠭᠡ ᠪᠡᠨ ᠬᠤᠪᠢᠶᠠᠷᠢᠯᠠᠨ᠂ ᠠᠷᠭ᠎ᠠ ᠬᠡᠮᠵᠢᠶ᠎ᠡ ᠪᠡᠨ ᠨᠠᠷᠢᠯᠢᠭ᠍ᠵᠢᠭᠤᠯᠵᠤ᠂ ᠬᠠᠷᠢᠭᠤᠴᠠᠯᠭ᠎ᠠ ᠎ᠶ᠋ᠢ ᠪᠤᠳᠠᠳᠠᠢ ᠎ᠳᠤ ᠨᠠᠢᠳᠠᠪᠤᠷᠢᠵᠢᠭᠤᠯᠤᠨ᠂  ᠠᠭᠤᠯᠠᠨ᠎ᠳᠤ ᠬᠠᠮᠢᠶᠠᠷᠤᠭᠴᠢ ᠲᠠᠢ᠂ ᠣᠶ ᠎ᠳ᠋ᠤ ᠬᠠᠮᠠᠭᠠᠯᠠᠬᠴᠢ ᠲᠠᠢ᠂ ᠲᠦᠢᠮᠡᠷ ᠢ᠋ ᠤᠷᠢᠳᠴᠢᠯᠠᠨ ᠰᠠᠷᠭᠡᠢᠯᠡᠭᠴᠢ ᠲᠠᠢ᠂ ᠬᠠᠷᠢᠭᠤᠴᠠᠯᠭ᠎ᠠ ᠡᠬᠦᠷᠭᠡᠯᠡᠭᠴᠢ ᠲᠠᠢ ᠪᠠᠢᠬᠤ ᠎ᠶ᠋ᠢ ᠦᠨᠡᠨ ᠬᠦ᠌ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号