ᠠᠮᠢ ᠠᠬᠤᠶ ᠣᠷᠴᠢᠨ ᠲᠤᠭᠤᠷᠢᠨ ᠤ᠋ ᠶᠠᠮᠤᠨ᠄ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠣᠷᠣᠨ ᠨᠤᠲᠤᠭ᠎ᠤᠨ ᠦᠶ᠋ᠯᠡᠳᠦᠯᠭᠡ᠎ᠶ᠋ᠢ ᠲᠠᠰ ᠲᠥᠷᠥᠯ ᠬᠤᠪᠢᠶᠠᠨ ᠠᠬᠢᠭᠤᠯᠤᠨ᠎ᠠ
2025-10-20 09:41:38
ᠵᠣᠬᠢᠶᠠᠭ᠍ᠴᠢ᠄
ᠭᠤᠤ ᠵᠢᠩ
ᠣᠩᠱᠢᠭ᠍ᠰᠠᠨ ᠣᠳᠠᠭ᠎ᠠ᠄
★★★☆☆

15 ᠤ᠋ ᠡᠳᠦᠷ ᠶᠠᠪᠤᠭ᠍ᠳᠠᠭ᠍ᠰᠠᠨ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭ᠌ᠵᠢᠯᠲᠡ᠎ᠶ᠋ᠢᠨ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ 2025 ᠣᠨ᠎ᠤ ᠣᠨ᠎ᠤ ᠬᠤᠷᠠᠯ᠎ᠤᠨ ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠢᠳ᠂ ᠤᠯᠠᠨ ᠤᠯᠤᠰ ᠤ᠋ᠨ ᠬᠠᠮᠲᠤᠷᠠᠯᠴᠠᠭᠠᠨ᠎ᠤ ᠵᠥᠪᠯᠡᠯ᠎ᠦᠨ ᠳᠤᠮᠳᠠᠳᠤ᠎ᠤᠯᠤᠰ ᠤ᠋ᠨ ᠭᠦᠢᠴᠡᠳᠭᠡᠬᠦ᠌ ᠳᠡᠳ᠋ ᠲᠡᠷᠢᠭᠦᠯᠡᠭ᠌ᠴᠢ ᠬᠤᠸᠠᠩ ᠷᠦᠨ ᠴᠢᠦ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠤᠷᠢᠳ ᠵᠢᠡᠷ ᠭᠡᠷᠡᠭᠵᠢᠬᠦᠯᠬᠦ ᠣᠷᠣᠨ᠎ᠤ ᠪᠦᠳᠦᠬᠡᠨ ᠪᠠᠢᠭᠤᠯᠤᠯᠲᠠ᠎ᠪᠠᠷ ᠵᠢᠯᠣᠭᠣᠳᠤᠮᠵᠢ ᠪᠣᠯᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠬᠡᠨ ᠪᠠᠢᠭᠤᠯᠤᠯᠲᠠ᠎ᠶ᠋ᠢ ᠠᠬᠢᠭᠤᠯᠤᠨ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠣᠷᠣᠨ ᠨᠤᠲᠤᠭ᠎ᠤᠨ ᠦᠢᠯᠡᠳᠦᠯᠭᠡ᠎ᠶ᠋ᠢ ᠳᠡᠰ ᠳᠦᠷᠦᠯ ᠬᠤᠪᠢᠶᠠᠨ ᠠᠬᠢᠭᠤᠯᠤᠨ᠎ᠠ ᠭᠡᠵᠦ᠍ ᠢᠯᠡᠳᠭᠡᠪᠡ᠃

ᠬᠤᠸᠠᠩ ᠷᠦᠨ ᠴᠢᠦ᠂ ᠤᠢ᠍ᠢᠷ᠎ᠠ᠎ᠶ᠋ᠢᠨ ᠵᠢᠯ᠎ᠳ᠋ᠤ᠂ ᠳᠤᠮᠳᠠᠳᠤ ᠤᠯᠤᠰ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ  ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠵᠤ ᠦᠢᠯᠡᠰ᠎ᠦᠨ ᠪᠦᠲᠦᠴᠡ᠎ᠶ᠋ᠢ ᠲᠤᠬᠢᠷᠠᠭᠤᠯᠬᠤ᠂ ᠪᠣᠬᠢᠷᠲᠤᠯ᠎ᠢ᠋ ᠵᠠᠰᠠᠬᠤ᠂ ᠠᠮᠢ ᠠᠬᠤᠢ ᠵᠢ ᠬᠠᠮᠠᠭᠠᠯᠠᠬᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ᠋ ᠪᠦᠳᠦᠭᠡᠨ ᠪᠠᠢᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍ ᠴᠢᠬᠤᠯᠠ ᠶᠡᠬᠡ ᠠᠯᠬᠤᠮ᠎ᠢ ᠠᠯᠬᠤᠪᠠ᠃ ᠳᠤᠮᠳᠠᠳᠤ ᠤᠯᠤᠰ᠎ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠵᠤ᠂ ᠠᠮᠢ ᠠᠬᠤᠢ᠎ᠶ᠋ᠢᠨ ᠱᠢᠰᠲ᠋ᠧᠮ᠎ᠦᠨ ᠶᠠᠰᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠲᠦᠪᠱᠢᠨ ᠢᠯᠡᠳᠲᠡ ᠳᠡᠭᠡᠭ᠌ᠰᠢᠯᠡᠪᠡ᠃ ᠡᠭᠦᠨ᠎ᠦ ᠵᠡᠷᠭᠡ ᠪᠡᠷ᠂ ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠣᠷᠴᠢᠨ ᠲᠣᠭᠣᠷᠢᠨ ᠪᠣᠯᠤᠨ ᠠᠭᠤᠷ ᠠᠮᠢᠰᠭᠤᠯ᠎ᠤᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠳᠤᠮᠳᠠᠳᠤ ᠤᠯᠤᠰ᠎ᠤᠨ ᠤᠶᠤᠨ ᠤᠬᠠᠭᠠᠨ᠂ ᠳᠤᠮᠳᠠᠳᠤ ᠤᠯᠤᠰ᠎ᠤᠨ ᠲᠥᠰᠦᠯ᠎ᠢ ᠦᠷᠭᠦᠯᠵᠢᠯᠡᠨ ᠬᠠᠨᠳᠢᠪᠯᠠᠵᠠᠢ ᠭᠡᠪᠡ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ》ᠤ᠋ᠨ ᠲᠣᠭᠣᠷᠢᠨ᠎ᠳᠤ᠂ ᠡᠭᠦᠷᠭᠡ᠎ᠶ᠋ᠢᠨ ᠨᠠᠷᠢᠨ ᠲᠠᠩᠰᠠ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠨᠠᠷᠢᠨ ᠲᠠᠩᠰᠠ ᠪᠣᠯᠤᠨ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠤᠨ ᠭᠤᠷᠪᠠᠨ ᠨᠠᠷᠢᠨ ᠲᠠᠩᠰᠠ᠎ᠶ᠋ᠢ ᠨᠠᠷᠢᠯᠢᠬ᠍ᠵᠢᠭᠤᠯᠤᠨ ᠲᠣᠭ᠍ᠲᠠᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠷᠭᠦᠯᠵᠢᠯᠡᠨ ᠠᠬᠢᠭᠤᠯᠤᠨ᠎ᠠ᠃ ᠣᠳᠣᠬᠠᠨ᠎ᠳᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠤᠷᠢᠳ ᠵᠢᠡᠷ ᠭᠡᠷᠡᠭᠵᠢᠬᠦᠯᠬᠦ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠦᠵᠡᠰᠭᠦᠯᠡᠩᠲᠦ ᠰᠠᠢᠬᠠᠨ ᠭᠣᠣᠯ ᠮᠥᠷᠡᠨ ᠨᠠᠭᠤᠷ ᠴᠥᠭᠥᠷᠥᠮ᠂ ᠦᠵᠡᠰᠭᠦᠯᠡᠩᠲᠦ ᠰᠠᠢᠬᠠᠨ ᠳᠠᠯᠠᠢ᠎ᠶ᠋ᠢᠨ ᠪᠤᠯᠤᠩ᠎ᠤᠨ ᠪᠦᠲᠦᠭᠡᠨ ᠪᠠᠢᠭᠤᠯᠤᠯᠲᠠ ᠵᠡᠷᠭᠡ᠎ᠶ᠋ᠢ ᠬᠦᠴᠦᠯᠡᠨ ᠲᠦᠷᠭᠡᠳᠭᠡᠵᠦ᠍ ᠪᠤᠢ᠃ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠳᠤ ᠡᠩ ᠲᠡᠷᠢᠭᠦᠨ᠎ᠳᠦ ᠬᠦᠴᠦᠯᠡᠵᠦ᠍᠂ ᠤᠷᠢᠳ ᠵᠢᠡᠷ ᠭᠡᠷᠡᠭᠵᠢᠬᠦᠯᠬᠦ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭᠠᠨ᠎ᠤ ᠲᠥᠰᠦᠯ᠎ᠢ ᠨᠠᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠪᠡ᠃

ᠬᠤᠸᠠᠩ ᠷᠦᠨ ᠴᠢᠦ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢ ᠪᠠᠳᠤ ᠡᠵᠡᠮᠳᠡᠵᠤ᠂ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠨ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠴᠢᠷᠮᠠᠢᠨ ᠪᠠᠢᠭᠤᠯᠬᠤ ᠬᠡᠷᠡᠭ᠌ᠲᠡᠢ᠃ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ ᠤᠷᠬᠢᠯ ᠭᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠮᠵᠢ᠎ᠶ᠋ᠢ ᠪᠡᠬᠢᠵᠢᠭᠦᠯᠦᠨ ᠥᠷᠭᠡᠳᠭᠡᠵᠦ᠍᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠬᠦᠴᠦᠯᠡᠨ ᠳᠡᠭᠡᠭ᠌ᠰᠢᠯᠡᠭᠦᠯᠬᠦ᠌᠎ᠶ᠋ᠢᠨ ᠵᠡᠷᠭᠡ ᠪᠡᠷ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠤᠷᠢᠳ᠎ᠢᠶᠠᠷ ᠬᠡᠷᠡᠭ᠌ᠵᠢᠭᠦᠯᠬᠦ᠌ ᠣᠷᠣᠨ᠎ᠤ ᠪᠦᠳᠦᠭᠡᠨ ᠪᠠᠢᠭᠤᠯᠤᠯᠲᠠ᠎ᠪᠠᠷ ᠵᠢᠯᠣᠭᠣᠳᠤᠮᠵᠢ ᠪᠣᠯᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠨ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠣᠷᠣᠨ ᠨᠤᠲᠤᠭ᠎ᠤᠨ ᠦᠢᠯᠡᠳᠦᠯᠭᠡ᠎ᠶ᠋ᠢ ᠲᠡᠰ ᠲᠦᠷᠦᠯ ᠬᠤᠪᠢᠶᠠᠨ ᠠᠬᠢᠭᠤᠯᠬᠤ ᠬᠡᠷᠡᠭ᠌ᠲᠡᠢ ᠭᠡᠪᠡ᠃

ᠲᠠᠨᠢᠯᠴᠠᠭᠤᠯᠤᠭ᠍ᠰᠠᠨ᠎ᠢᠶᠠᠷ᠂ ᠥᠩᠭᠡᠷᠡᠭ᠌ᠰᠡᠨ ᠨᠢᠭᠡ ᠵᠢᠯ᠎ᠳᠦ᠂ ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ᠎ᠦᠨ ᠬᠢᠨ ᠥᠩᠭᠡᠷᠡᠭ᠌ᠰᠡᠨ 10 ᠵᠢᠯ᠎ᠦᠨ ᠳᠤᠮᠳᠠᠳᠤ ᠤᠯᠤᠰ ᠵᠢᠴᠢ ᠪᠦᠬᠦ᠌ ᠪᠥᠮᠪᠥᠷᠴᠡᠭ᠎ᠦᠨ ᠣᠷᠴᠢᠨ ᠲᠣᠭᠣᠷᠢᠨ ᠬᠢᠭᠡᠳ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠡᠯᠪᠡᠷᠢ᠎ᠪᠡᠨ ᠬᠤᠪᠢᠷᠠᠭᠤᠯᠤᠭ᠍ᠰᠠᠨ ᠠᠬᠢᠴᠠ᠎ᠶ᠋ᠢ ᠱᠢᠰᠲ᠋ᠧᠮ᠎ᠲᠡᠶ ᠡᠮᠬᠢᠯᠡᠵᠦ᠍᠂ 8 ᠵᠦᠢᠯ᠎ᠦᠨ ᠲᠤᠰᠭᠠᠢ ᠰᠡᠳᠦᠪᠲᠦ ᠲᠦᠷᠦ᠍᠎ᠶ᠋ᠢᠨ ᠪᠤᠳᠤᠯᠭ᠎ᠠ᠎ᠶ᠋ᠢᠨ ᠰᠤᠳᠤᠯᠭᠠᠨ ᠪᠣᠯᠤᠨ 2 ᠵᠦᠢᠯ᠎ᠦᠨ ᠡᠮᠦᠨᠡᠬᠢ ᠬᠤᠭᠤᠴᠠᠭᠠᠨ᠎ᠤ ᠰᠤᠳᠤᠯᠭᠠᠨ᠎ᠢ ᠥᠷᠨᠢᠭᠦᠯᠵᠦ᠍᠂ ᠳᠤᠮᠳᠠᠳᠤ ᠤᠯᠤᠰ᠎ᠤᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠳᠤ 《ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠬᠦ᠌᠂ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ᠎ᠪᠠᠨ ᠴᠢᠩᠭᠠᠳᠭᠠᠬᠤ᠂ ᠠᠷᠢᠭᠤᠨ ᠴᠡᠪᠡᠷ᠂ ᠦᠵᠡᠰᠭᠦᠯᠡᠩᠲᠦ ᠰᠠᠢᠬᠠᠨ᠂ ᠦᠷᠭᠦᠯᠵᠢᠯᠡᠬᠦ᠌ ᠳᠡᠯᠡᠬᠡᠢ ᠶᠢᠷᠲᠢᠨᠴᠦ᠍᠎ᠶ᠋ᠢ ᠬᠠᠮᠲᠤ᠎ᠪᠠᠷ ᠪᠠᠢᠭᠤᠯᠬᠤ᠎ᠶ᠋ᠢ ᠠᠬᠢᠭᠤᠯᠬᠤ》 ᠪᠡᠷ ᠰᠡᠳᠦᠪ ᠪᠣᠯᠭᠠᠭ᠍ᠰᠠᠨ ᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠰᠠᠨᠠᠭᠤᠯᠭ᠎ᠠ ᠵᠢ ᠳᠡᠪᠱᠢᠭᠦᠯᠬᠦ ᠪᠤᠯᠤᠨ᠎ᠠ᠃

ᠤᠯᠠᠨ ᠤᠯᠤᠰ᠎ᠤᠨ ᠬᠠᠮᠲᠤᠷᠠᠯᠴᠠᠭᠠᠨ᠎ᠤ ᠵᠥᠪᠯᠡᠯ 1992 ᠣᠨ᠎ᠳᠤ ᠪᠠᠢᠭᠤᠯᠤᠭ᠍ᠳᠠᠵᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠵᠥᠪᠱᠢᠶᠡᠷᠡᠭ᠌ᠰᠡᠨ ᠤᠯᠠᠨ ᠤᠯᠤᠰ᠎ᠤᠨ ᠴᠢᠨᠠᠷᠲᠠᠢ ᠳᠡᠭᠡᠳᠦ ᠳᠠᠪᠬᠤᠷᠭ᠎ᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠵᠥᠪᠯᠡᠯᠭᠡ ᠥᠭ᠌ᠬᠦ ᠪᠠᠢᠭᠤᠯᠤᠮᠵᠢ ᠪᠣᠯᠤᠨ᠎ᠠ᠃ ᠲᠤᠰ ᠤᠳᠠᠭ᠎ᠠ᠎ᠶ᠋ᠢᠨ ᠤᠯᠠᠨ ᠤᠯᠤᠰ᠎ᠤᠨ ᠬᠠᠮᠲᠤᠷᠠᠯᠴᠠᠭᠠᠨ᠎ᠤ ᠵᠦᠪᠯᠡᠯ ᠤ᠋ᠨ ᠣᠨ᠎ᠤ ᠬᠤᠷᠠᠯ ᠨᠢ 《ᠪᠦᠬᠦ᠌ ᠲᠠᠯ᠎ᠠ᠎ᠪᠠᠷ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠠᠲᠤᠳᠭᠠᠵᠤ᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠠᠬᠢᠭᠤᠯᠬᠤ》 ᠪᠡᠷ ᠭᠣᠣᠯ ᠰᠡᠳᠦᠪ ᠪᠣᠯᠭᠠᠵᠠᠢ᠃

( ᠱᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 15 ᠤ᠋ ᠴᠠᠬᠢᠯᠭᠠᠨ ᠮᠡᠳᠡᠭᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号