ᠬᠠᠳᠤᠨ ᠭᠤᠤᠯ ᠤ᠋ᠨ ᠰᠠᠪᠠ ᠭᠠᠵᠠᠷ᠎ᠤᠨ ᠠᠮᠢ ᠠᠬᠤᠢ ᠰᠠᠢᠵᠢᠷᠠᠵᠤ ᠠᠷᠠᠳ ᠤ᠋ᠨ ᠠᠮᠢᠳᠤᠷᠠᠯ ᠴᠢᠨᠡᠭᠡᠯᠢᠭᠵᠢᠯ᠎ᠡ
2025-10-20 11:54:50
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠤᠩᠰᠢᠯᠭ᠎ᠠ ᠵᠢᠨ ᠬᠦᠳᠦᠯᠦᠮᠵᠢ

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠢ᠋ᠢᠨ ᠬᠤᠭᠤᠴᠠᠭᠠᠨ ᠳ᠋ᠤ ᠦᠪᠦᠷ ᠮᠤᠩᠭᠤᠯ ᠤᠯᠤᠰ ᠤ᠋ᠨ ᠠᠮᠢ ᠠᠬᠤᠶ ᠢ᠋ᠢᠨ ᠠᠮᠤᠷ ᠲᠦᠪᠱᠢᠨ ᠢ᠋ ᠬᠠᠮᠠᠭᠠᠯᠠᠬᠤ ᠬᠦᠨᠳᠦ ᠡᠭᠦᠷᠭᠡ ᠢ᠋ᠢ ᠡᠭᠦᠷᠭᠡᠯᠡᠵᠦ᠍ ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠢ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠠᠢ ᠵᠠᠰᠠᠬᠤ ᠢ᠋ᠢ ᠨᠢᠭᠡᠳᠦᠯᠲᠡᠶ ᠲᠥᠯᠥᠪᠵᠢᠭᠦᠯᠤᠨ ᠠᠬᠢᠭᠤᠯᠵᠤ᠂ ᠬᠠᠳᠤᠨ ᠭᠤᠤᠯ ᠤ᠋ᠨ ᠰᠠᠪᠠ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠢ᠋ ᠡᠷᠴᠢᠮᠲᠠᠢ ᠵᠠᠰᠠᠵᠤ᠂ ᠴᠢᠨᠠᠷ ᠰᠠᠢᠲᠠᠶ ᠬᠥᠭ᠌ᠵᠢᠯᠲᠡ ᠳ᠋ᠤ ᠬᠦᠴᠦᠷᠬᠡᠭ ᠶᠡᠬᠡ ᠬᠦᠳᠡᠯᠭᠡᠭᠴᠢ ᠬᠦᠴᠦᠨ ᠨᠡᠮᠡᠷᠢᠯᠡᠭᠰᠡᠨ ᠶᠤᠮ᠃


ᠬᠠᠳᠤᠨ ᠭᠤᠤᠯ ᠬᠠᠯᠭᠢᠯᠠᠨ ᠤᠷᠤᠰᠤᠨ᠎ᠠ᠂ ᠬᠠᠮᠤᠭ ᠪᠤᠳᠠᠰ ᠠᠮᠢᠯᠠᠨ ᠲᠦᠯᠵᠢᠨ᠎ᠠ᠃

ᠬᠠᠲᠤᠨ ᠭᠤᠤᠯ ᠤ᠋ᠨ ᠥᠪᠥᠷ ᠮᠣᠩᠭᠣᠯ᠎ᠳᠠᠬᠢ ᠬᠡᠰᠡᠭ ᠤ᠋ᠨ ᠪᠥᠬᠥ᠌ ᠣᠷᠳᠣ᠎ᠨᠢ 843.5 ᠺᠢᠯᠣᠮᠧᠲ᠋ᠷ᠂    ᠶᠡᠷᠦᠡᠭᠬᠡᠢ ᠲᠠᠯᠠᠪᠠᠶ᠎ᠨᠢ 15.19 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠦᠪᠦᠷ ᠮᠤᠩᠭᠤᠯ ᠤ᠋ᠨ ᠠᠯᠠᠱᠠ᠂ ᠦᠬᠠᠶ᠂ ᠪᠠᠶᠠᠨᠨᠠᠭᠤᠷ᠂ ᠣᠷᠳᠣᠰ᠂ ᠪᠤᠭᠤᠲᠤ᠂ ᠬᠥᠬᠡᠬᠣᠲᠠ ᠪᠠ ᠤᠯᠠᠭᠠᠨᠴᠠᠪ ᠵᠡᠷᠭᠡ 7 ᠠᠢᠮᠠᠭ ᠬᠣᠲᠠ ᠪᠡᠷ ᠤᠷᠤᠰᠤᠨ ᠦᠡᠭᠭᠡᠷᠡᠳᠡᠭ᠃ ᠡᠳᠦᠭᠡ ᠬᠠᠳᠤᠨ ᠭᠤᠤᠯ ᠤ᠋ᠨ ᠠᠮᠢ ᠠᠬᠤᠢ ᠰᠠᠢᠵᠢᠷᠠᠨ᠂ ᠬᠣᠶᠠᠷ ᠡᠷᠭᠢ ᠢ᠋ᠢᠨ ᠠᠭᠤᠯᠠ ᠤᠰᠤᠨ ᠤ᠋ ᠦᠵᠡᠮᠵᠢ ᠬᠦᠮᠦᠰ ᠤ᠋ᠨ ᠪᠠᠬᠠᠷᠬᠠᠯ ᠢ᠋ ᠳᠠᠳᠠᠵᠤ᠂ ᠬᠥᠭ᠌ᠵᠢᠯᠲᠡ ᠢ᠋ᠢᠨ ᠰᠢᠨ᠎ᠠ ᠠᠵᠠ ᠲᠣᠬᠢᠶᠠᠯ ᠢ᠋ ᠤᠭ᠍ᠲᠤᠨ ᠠᠪᠴᠢᠷᠠᠯ᠎ᠠ ᠃

《ᠠᠷᠪᠠᠨ ᠶᠡᠬᠡ ᠬᠥᠨᠳᠡᠢ》 ᠢ᠋ᠢ ᠶᠡᠷᠦᠩᠬᠡᠢᠯᠡᠨ ᠵᠠᠰᠠᠵᠤ  ᠡᠯᠡᠰᠦ ᠱᠢᠪᠠᠷ ᠤ᠋ᠨ ᠬᠡᠮᠵᠢᠶ᠎ᠡ ᠢ᠋ᠢ ᠶᠡᠬᠡ ᠪᠡᠷ ᠪᠠᠭᠤᠷᠠᠭᠤᠯᠪᠠ

ᠡᠷᠲᠡᠨ ᠡᠴᠡ ᠢᠨᠠᠭᠰᠢ ᠬᠠᠳᠤᠨ ᠭᠣᠣᠯ ᠨᠢ 《ᠨᠥᠯᠥᠬᠦ᠌ ᠳᠤᠷᠠᠲᠠᠢ᠂ ᠨᠡᠭᠦᠬᠦ᠌ ᠳᠤᠷᠠᠲᠠᠢ》 ᠪᠠᠢᠵᠤ᠂ ᠬᠠᠳᠤᠨ ᠭᠣᠣᠯ ᠢ᠋ ᠵᠠᠰᠠᠬᠤ ᠨᠢ ᠠᠷᠠᠳ ᠢ᠋ ᠠᠮᠤᠷᠵᠢᠭᠤᠯᠵᠤ ᠤᠯᠤᠰ ᠢ᠋ᠢᠡᠨ ᠮᠠᠨᠳᠤᠭᠤᠯᠬᠤ ᠶᠡᠬᠡ ᠶᠠᠪᠤᠳᠠᠯ ᠪᠣᠯᠤᠭ᠍ᠰᠠᠭᠠᠷ ᠢᠷᠡᠵᠠᠢ᠃ ᠬᠠᠲᠤᠨ ᠭᠤᠤᠯ ᠤ᠋ᠨ ᠥᠪᠥᠷ ᠮᠣᠩᠭᠣᠯ᠎ᠳᠠᠬᠢ ᠬᠡᠰᠡᠭ ᠪᠣᠯ ᠪᠥᠬᠥ᠌ ᠤᠯᠤᠰ ᠤ᠋ᠨ  ᠡᠯᠡᠰᠦᠷᠬᠡᠭ᠌ᠵᠢᠭ᠌ᠰᠡᠨ ᠬᠡᠮᠵᠢᠶ᠎ᠠ ᠪᠡᠷ ᠬᠠᠮᠤᠭ ᠤ᠋ᠨ ᠶᠡᠬᠡ᠂ ᠬᠤᠤᠷ ᠬᠥᠨᠥᠭᠡᠯ ᠢ᠋ᠢᠡᠷ ᠬᠠᠮᠤᠭ ᠤ᠋ᠨ ᠬᠦᠨᠳᠦ ᠨᠣᠴᠢᠲᠠᠶ ᠣᠷᠣᠨ ᠪᠦᠰᠡ ᠢ᠋ᠢᠨ ᠨᠢᠭᠡ ᠪᠣᠯᠤᠨ᠎ᠠ᠃ ᠬᠠᠳᠤᠨ ᠭᠣᠣᠯ ᠤ᠋ᠨ ᠵᠠᠰᠠᠯᠲᠠ ᠢ᠋ᠢᠨ ᠬᠠᠮᠤᠭ ᠤ᠋ᠨ ᠴᠢᠬᠤᠯᠠ ᠡᠭᠦᠷᠭᠡ  ᠪᠣᠯ ᠡᠯᠡᠰᠦ ᠢ᠋ᠢ ᠵᠠᠰᠠᠬᠤ ᠶᠠᠪᠤᠳᠠᠯ ᠪᠢᠯᠡ᠃

ᠬᠠᠲᠤᠨ ᠭᠤᠤᠯ ᠤ᠋ᠨ《ᠠᠷᠪᠠᠨ ᠶᠡᠬᠡ ᠬᠥᠨᠳᠡᠶ》  ᠢ᠋ᠢᠨ ᠨᠢᠭᠡ ᠪᠤᠯᠬᠤ ᠣᠷᠳᠣᠰ ᠬᠣᠲᠠ ᠢ᠋ᠢᠨ ᠳᠠᠯᠠᠳ ᠬᠣᠱᠢᠭᠤᠨ ᠤ᠋ ᠬᠢᠯᠢ ᠳ᠋ᠡᠬᠢ ᠾᠸᠢ ᠯᠠᠶ ᠭᠸᠤ ᠵᠢᠨ ᠬᠣᠶᠠᠷ ᠡᠷᠭᠢ ᠪᠡᠷ ᠤᠳᠠ ᠤᠯᠢᠶᠠᠰᠤ ᠪᠤᠷᠭᠠᠰᠤ ᠬᠠᠢᠯᠠᠰᠤ ᠵᠡᠷᠭᠡ ᠭᠠᠩ ᠳ᠋ᠤ ᠲᠡᠰᠪᠦᠷᠢᠲᠡᠶ ᠮᠣᠳᠣᠳ ᠤᠷᠭᠤᠵᠤ᠂ ᠢᠬᠴᠤ ᠰᠠᠬᠤᠯᠢᠬ ᠨᠤᠮᠢᠨ ᠨᠤᠭᠤᠭᠠᠨ ᠬᠠᠯᠬᠠᠪᠴᠢ ᠪᠤᠯᠵᠡᠢ᠃ 《ᠠᠷᠪᠠᠨ ᠶᠡᠬᠡ ᠬᠥᠨᠳᠡᠶ》 ᠪᠣᠯ ᠤᠯᠠᠷᠢᠯ ᠤ᠋ᠨ ᠴᠢᠨᠠᠷᠲᠠᠶ 10 ᠬᠡᠰᠡᠭ ᠠᠭᠤᠯᠠᠨ ᠦᠶᠡᠷ ᠤ᠋ᠨ ᠭᠤᠤ ᠭᠤᠤᠯ ᠪᠣᠯᠤᠨ᠎ᠠ᠂ ᠣᠯᠠᠨ ᠵᠢᠯ ᠤ᠋ᠨ ᠲᠤᠷᠰᠢ ᠬᠠᠲᠤᠨ ᠭᠤᠤᠯ ᠳ᠋ᠤ ᠡᠯᠡᠰᠦ ᠵᠢ ᠤᠷᠤᠰᠬᠠᠨ ᠤᠷᠤᠭᠤᠯᠵᠤ᠂ ᠬᠠᠲᠤᠨ ᠭᠤᠤᠯ ᠤ᠋ᠨ ᠠᠮᠤᠷ ᠲᠦᠪᠱᠢᠨ ᠵᠢᠴᠢ ᠵᠠᠮ ᠳᠠᠭᠠᠤ ᠢ᠋ᠢᠨ ᠣᠯᠠᠨ ᠲᠦᠮᠡᠨ ᠤ᠋ ᠠᠮᠢ ᠨᠠᠰᠤ ᠡᠳ᠋ ᠬᠥᠷᠥᠩᠭᠡ ᠢ᠋ᠢᠨ ᠠᠮᠤᠷ ᠲᠦᠪᠱᠢᠨ ᠢ᠋ ᠬᠦᠨᠳᠦ ᠨᠣᠴᠢᠲᠠᠶ ᠰᠦᠷᠳᠡᠭᠦᠯᠵᠤ ᠪᠠᠢᠪᠠ᠃

《ᠾᠸᠢ ᠯᠠᠶ ᠭᠸᠤ ᠢ᠋ᠢᠨ ᠠᠮᠢ ᠠᠬᠤᠢ ᠢ᠋ᠢ ᠶᠡᠷᠦᠩᠬᠡᠢᠯᠡᠨ ᠵᠠᠰᠠᠬᠤ ᠢᠨᠵᠧᠨᠧᠷᠢᠩ ᠢ᠋ 2025 ᠣᠨ ᠤ᠋ 4 ᠰᠠᠷ᠎ᠠ ᠢ᠋ᠢᠨ 24 ᠤ᠋ ᠡᠳᠦᠷ ᠡᠬᠢᠯᠡᠭᠦᠯᠵᠦ᠍᠂ ᠬᠥᠪᠴᠢ ᠢ᠋ᠢᠨ ᠡᠯᠡᠰᠦ ᠢ᠋ᠢᠨ ᠪᠠᠷᠠᠭᠤᠨ ᠡᠴᠡ ᠵᠡᠭᠦᠨᠰᠢ ᠥᠷᠭᠡᠵᠢᠨ ᠲᠡᠯᠡᠬᠦ ᠢ᠋ᠢ ᠪᠦᠲᠦᠮᠵᠢᠲᠡᠶ ᠬᠤᠷᠢᠭᠯᠠᠪᠠ》 ᠭᠡᠵᠦ᠍ ᠲᠠᠯᠠᠳ ᠬᠣᠱᠢᠭᠤᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠦᠢᠯᠡᠰ ᠤ᠋ᠨ ᠬᠥᠭ᠌ᠵᠢᠯᠲᠡ ᠢ᠋ᠢᠨ ᠲᠥᠪ ᠤ᠋ᠨ ᠶᠠᠩ ᠵᠢᠶᠠᠨ ᠯᠦᠩ ᠲᠠᠨᠢᠯᠴᠠᠭᠤᠯᠪᠠ ᠃

ᠾᠸᠢ ᠯᠠᠶ ᠭᠸᠤ ᠢ᠋ᠢᠨ ᠠᠮᠢ ᠠᠬᠤᠶ ᠢ᠋ᠢ ᠶᠡᠷᠦᠩᠬᠡᠢᠯᠡᠨ ᠬᠢᠨᠠᠨ ᠬᠡᠮᠵᠢᠬᠦ᠌ ᠴᠢᠳᠠᠪᠤᠷᠢ ᠢ᠋ᠢ ᠳᠡᠭᠡᠭ᠌ᠰᠢᠯᠡᠭᠦᠯᠵᠦ᠍ ᠂ ᠠᠮᠢ ᠠᠬᠤᠶ ᠢ᠋ᠢ ᠶᠡᠷᠦᠩᠬᠡᠢᠯᠡᠨ ᠵᠠᠰᠠᠬᠤ ᠵᠢᠱ᠌ᠢᠶ᠎ᠡ ᠦᠵᠡᠭᠦᠯᠬᠦ᠌ ᠰᠠᠭᠤᠷᠢᠨ ᠤ᠋ ᠪᠥᠲᠥᠭᠡᠨ ᠪᠠᠢᠭᠤᠯᠤᠯᠲᠠ ᠢ᠋ᠢ ᠠᠬᠢᠭᠤᠯᠬᠤ ᠢ᠋ᠢᠨ ᠲᠥᠯᠥᠭᠡ ᠂ ᠳᠠᠯᠠᠳ ᠬᠣᠱᠢᠭᠤ᠎ᠵᠢᠨ ᠬᠢᠨ ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠵᠡᠷᠭᠡ 10 ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠲᠠᠢ ᠬᠠᠮᠲᠤᠷᠠᠨ《ᠬᠠᠲᠤᠨ ᠭᠤᠤᠯ ᠤ᠋ᠨ 〈ᠶᠡᠬᠡ ᠲᠤᠬᠤᠢ〉 ᠳ᠋ᠡᠬᠢ ᠡᠯᠡᠰᠦᠨ ᠤ᠋ ᠭᠤᠤᠯ ᠳ᠋ᠤ ᠤᠷᠤᠰᠤᠨ ᠣᠷᠣᠬᠤ ᠢ᠋ᠢ ᠱᠢᠰᠲ᠋ᠧᠮ ᠲᠠᠢ ᠵᠠᠰᠠᠬᠤ ᠪᠠ ᠠᠮᠢ ᠠᠬᠤᠶ ᠢ᠋ᠢᠨ ᠴᠢᠳᠠᠮᠵᠢ ᠢ᠋ᠢ ᠳᠡᠭᠡᠭ᠌ᠰᠢᠯᠡᠭᠦᠯᠬᠦ᠌ ᠮᠡᠷᠭᠡᠵᠢᠯ ᠬᠢᠭᠡᠳ ᠵᠢᠱ᠌ᠢᠶ᠎ᠡ ᠦᠵᠡᠭᠦᠯᠬᠦ᠌》 ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠾᠸᠢ ᠯᠠᠶ ᠭᠸᠤ ᠢ᠋ᠢᠨ ᠡᠯᠡᠰᠦ — ᠤᠰᠤ — ᠤᠷᠭᠤᠮᠠᠯ ᠤ᠋ᠨ ᠬᠤᠴᠢᠯᠭ᠎ᠠ ᠢ᠋ᠢᠨ ᠠᠮᠢ ᠠᠬᠤᠶ ᠢ᠋ᠢᠨ ᠶᠠᠪᠤᠴᠠ ᠢ᠋ᠢ ᠬᠢᠨᠠᠨ ᠬᠡᠮᠵᠢᠬᠦ᠌ ᠱᠢᠰᠲ᠋ᠧᠮ ᠢ᠋ ᠪᠠᠢᠭᠤᠯᠵᠤ ᠂ ᠬᠠᠲᠤᠨ ᠭᠤᠤᠯ ᠤ᠋ᠨ ᠵᠠᠰᠠᠯᠲᠠ᠂ ᠤᠷᠭᠤᠮᠠᠯ ᠤ᠋ᠨ ᠬᠤᠴᠢᠯᠭ᠎ᠠ ᠢ᠋ᠢᠨ ᠪᠥᠲᠥᠭᠡᠨ ᠪᠠᠢᠭᠤᠯᠤᠯᠲᠠ ᠵᠡᠷᠭᠡ  ᠳ᠋ᠤ ᠨᠠᠷᠢᠯᠢᠭ ᠣᠨᠣᠴᠠᠲᠠᠶ ᠲᠣᠭ᠎ᠠ ᠪᠠᠷᠢᠮᠲᠠ ᠬᠠᠩᠭᠠᠪᠠ ᠃

《ᠠᠷᠪᠠᠨ ᠶᠡᠬᠡ ᠬᠥᠨᠳᠡᠶ》 ᠢ᠋ᠢᠨ ᠶᠡᠷᠦᠩᠬᠡᠢᠯᠡᠨ ᠵᠠᠰᠠᠯᠲᠠ ᠪᠡᠷ ᠬᠠᠲᠤᠨ ᠭᠣᠣᠯ ᠤ᠋ᠨ ᠰᠠᠪᠠ ᠭᠠᠵᠠᠷ᠎ᠠᠮᠢᠯᠠᠨ ᠰᠡᠷᠭᠦᠵᠤ᠂ ᠬᠠᠲᠤᠨ ᠭᠣᠣᠯ ᠳ᠋ᠤ ᠤᠷᠤᠰᠤᠨ ᠣᠷᠣᠬᠤ ᠡᠯᠡᠰᠦ ᠱᠢᠪᠠᠷ ᠤ᠋ᠨ ᠬᠡᠮᠵᠢᠶ᠎ᠡ ᠵᠢᠯ ᠳᠤᠮᠳᠠᠴᠢ ᠪᠡᠷ 2700 ᠲᠦᠮᠡᠨ ᠲᠣᠨ ᠡᠴᠡ᠎ᠪᠠᠨ 400 ᠲᠦᠮᠡᠨ ᠲᠣᠨ ᠪᠣᠯᠤᠨ ᠪᠠᠭᠤᠷᠠᠵᠤ ᠂ ᠪᠠᠭᠤᠷᠠᠯᠲᠠ ᠢ᠋ᠢᠨ ᠬᠡᠮᠵᠢᠶ᠎ᠡ ᠨᠢ 85% ᠳ᠋ᠥ᠍ ᠬᠦᠷᠴᠦ᠍᠂ ᠬᠦᠷᠦᠰᠤ ᠱᠢᠷᠣᠶ ᠢ᠋ᠢᠨ ᠢᠳᠡᠭ᠌ᠳᠡᠯ ᠪᠠ ᠴᠦᠯᠯᠡᠷᠭᠡᠭ᠌ᠵᠢᠯ ᠢ᠋ ᠪᠦᠲᠦᠮᠵᠢᠲᠡᠶ ᠬᠢᠵᠠᠭᠠᠷᠯᠠᠵᠤ᠂ ᠣᠷᠣᠨ ᠪᠦᠰᠡ ᠢ᠋ᠢᠨ ᠠᠮᠢ ᠠᠬᠤᠶ ᠰᠠᠢᠵᠢᠷᠠᠨ ᠠᠮᠢᠵᠢᠷᠠᠯ ᠬᠦᠭᠵᠢᠯ ᠢ᠋ᠢᠡᠷ ᠪᠢᠯᠬᠠᠯ᠎ᠠ ᠃

《ᠨᠡᠯᠦᠢᠲᠡᠯ᠎ᠡ ᠤᠰᠤᠯᠠᠬᠤ》ᠠᠰᠠᠭᠤᠳᠠᠯ ᠢ᠋ ᠱᠢᠶ᠋ᠳᠪᠦᠷᠢᠯᠡᠵᠦ᠍ ᠲᠠᠷᠢᠶᠠᠯᠠᠩ ᠳ᠋ᠤ ᠬᠡᠷᠡᠭ᠌ᠯᠡᠬᠦ᠌ ᠤᠰᠤ ᠢ᠋ᠢ ᠠᠷᠪᠢᠲᠠᠶ ᠡᠷᠴᠢᠮᠯᠢᠭ ᠪᠣᠯᠭᠠᠨ ᠬᠤᠪᠢᠷᠠᠭᠤᠯᠪᠠ

ᠬᠠᠲᠤᠨ ᠭᠤᠤᠯ ᠤ᠋ᠨ ᠦᠪᠦᠷ ᠮᠤᠡᠭᠭᠤᠯ ᠳ᠋ᠡᠬᠢ ᠬᠡᠰᠡᠭ ᠲᠤ᠌ ᠪᠥᠬᠥ᠌ ᠣᠷᠣᠨ ᠤ᠋ 50% ᠢ᠋ᠢᠨ ᠬᠥᠮᠦᠨ ᠠᠮᠠ ᠠᠮᠢᠳᠤᠷᠠᠨ ᠰᠠᠭᠤᠷᠢᠰᠢᠵᠤ᠂ ᠪᠥᠬᠥ᠌ ᠣᠷᠣᠨ ᠤ᠋ 75% ᠡᠴᠡ ᠳᠡᠭᠡᠭ᠌ᠰᠢᠬᠢ ᠠᠵᠤ ᠦᠢᠯᠡᠰ ᠲᠦᠪᠯᠡᠷᠡᠵᠤ᠂ ᠦᠪᠦᠷ ᠮᠤᠩᠭᠤᠯ ᠤ᠋ᠨ ᠠᠵᠤ ᠠᠬᠤᠶ ᠢ᠋ᠢᠨ ᠭᠤᠤᠯ ᠲᠡᠩᠭᠡᠯᠢᠭ ᠪᠠ ᠬᠥᠭ᠌ᠵᠢᠯᠲᠡ ᠢ᠋ᠢᠨ ᠭᠤᠤᠯ ᠣᠷᠣᠨ ᠪᠤᠯᠳᠠᠭ᠃ ᠭᠡᠪᠡᠴᠤ ᠡᠨᠳᠡᠬᠢ ᠤᠰᠤᠨ ᠤ᠋ ᠡᠬᠢ ᠪᠠᠶᠠᠯᠢᠭ ᠤ᠋ᠨ ᠬᠡᠮᠵᠢᠶ᠎ᠡ ᠨᠢ ᠪᠥᠬᠥ᠌ ᠣᠷᠣᠨ ᠤ᠋ ᠤᠰᠤᠨ ᠤ᠋ ᠡᠬᠢ ᠪᠠᠶᠠᠯᠢᠭ ᠤ᠋ᠨ ᠶᠡᠷᠦᠡᠭᠬᠡᠢ ᠬᠡᠮᠵᠢᠶ᠎ᠡ ᠢ᠋ᠢᠨ 20% ᠣᠷᠴᠢᠮ ᠢ᠋ ᠯᠠ ᠡᠵᠡᠯᠡᠳᠡᠭ᠃

ᠬᠠᠲᠤᠨ ᠭᠤᠤᠯ ᠤ᠋ᠨ ᠰᠠᠪᠠ ᠭᠠᠵᠠᠷ ᠤ᠋ᠨ ᠤᠰᠤᠨ ᠤ᠋ ᠡᠬᠢ ᠪᠠᠶᠠᠯᠢᠭ ᠤ᠋ᠨ ᠬᠠᠩᠭᠠᠯᠭ᠎ᠠ ᠬᠡᠷᠡᠭ᠌ᠴᠡᠭᠡ ᠢ᠋ᠢᠨ ᠵᠥᠷᠢᠴᠡᠯ ᠢ᠋ ᠱᠢᠶ᠋ᠳᠪᠦᠷᠢᠯᠡᠬᠦ᠌ ᠢ᠋ᠢᠨ ᠲᠥᠯᠥᠭᠡ᠂ ᠦᠪᠦᠷ ᠮᠤᠩᠭᠤᠯ 《ᠤᠰᠤᠨ ᠤ᠋ ᠬᠡᠮᠵᠢᠶ᠎ᠠ ᠪᠡᠷ ᠳᠦᠷᠪᠡ ᠢ᠋ᠢ ᠲᠤᠭᠲᠠᠭᠠᠬᠤ》 ᠵᠠᠷᠴᠢᠮ ᠢ᠋ ᠪᠥᠬᠥ᠌ ᠲᠠᠯ᠎ᠠ ᠪᠡᠷ ᠨᠠᠢᠳᠠᠪᠤᠷᠢᠵᠢᠭᠤᠯᠤᠨ᠂ ᠤᠰᠤᠨ ᠤ᠋ ᠡᠬᠢ ᠪᠠᠶᠠᠯᠢᠭ ᠢ᠋ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠢ᠋ᠢ ᠠᠬᠢᠭᠤᠯᠵᠤ ᠂ ᠣᠷᠣᠨ ᠪᠦᠰᠡ ᠢ᠋ᠢᠨ ᠤᠰᠤᠨ ᠤ᠋ ᠡᠬᠢ ᠪᠠᠶᠠᠯᠢᠭ ᠢ᠋ ᠨᠡᠭᠡᠭᠡᠨ ᠠᠱᠢᠭ᠍ᠯᠠᠬᠤ ᠳᠡᠭᠡᠳᠦ ᠬᠢᠵᠠᠭᠠᠷ ᠢ᠋ ᠲᠣᠳᠣᠷᠬᠠᠢᠯᠠᠨ᠂ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ ᠪᠠ ᠬᠦᠴᠦᠯᠡᠴᠡ ᠢ᠋ᠢᠨ ᠭᠦᠶ᠋ᠴᠡᠳᠭᠡᠯ ᠲᠣᠭ᠎ᠠ ᠢ᠋ᠢ ᠱᠠᠲᠤ ᠳᠠᠷᠠᠭᠠᠯᠠᠨ ᠬᠠᠲᠤᠨ ᠭᠤᠤᠯ ᠤ᠋ᠨ ᠰᠠᠪᠠ ᠭᠠᠵᠠᠷ ᠤ᠋ᠨ ᠠᠢᠮᠠᠭ ᠬᠣᠲᠠ᠂ ᠬᠣᠱᠢᠭᠤ ᠱᠢᠶᠠᠨ (ᠲᠣᠭᠣᠷᠢᠭ) ᠳ᠋ᠤ ᠬᠤᠪᠢᠶᠠᠨ ᠨᠠᠢᠳᠠᠪᠤᠷᠢᠵᠢᠭᠤᠯᠵᠤ᠂ ᠭᠠᠵᠠᠷ ᠳᠤᠤᠷᠠᠬᠢ ᠤᠰᠤᠨ ᠤ᠋ ᠲᠦᠪᠱᠢᠨ᠂ ᠤᠰᠤᠨ ᠤ᠋ ᠬᠡᠮᠵᠢᠶ᠎ᠡ ᠢ᠋ᠢᠨ 《ᠬᠣᠶᠠᠷ ᠢ᠋ ᠡᠵᠡᠮᠳᠡᠬᠦ᠌》 ᠭᠦᠶ᠋ᠴᠡᠳᠭᠡᠯ ᠲᠣᠭ᠎ᠠ ᠢ᠋ᠢ 371 ᠭᠠᠵᠠᠷ ᠳᠤᠤᠷᠠᠬᠢ ᠤᠰᠤᠨ ᠤ᠋ ᠬᠠᠮᠢᠶᠠᠷᠤᠯᠲᠠ ᠢ᠋ᠢᠨ ᠨᠢᠭᠡᠴᠢ ᠳ᠋ᠤ ᠨᠠᠷᠢᠯᠢᠭ᠍ᠵᠢᠭᠤᠯᠤᠨ ᠬᠤᠪᠢᠶᠠᠷᠢᠯᠠᠪᠠ ᠃

ᠦᠪᠦᠷ ᠮᠤᠩᠭᠤᠯ ᠣᠷᠣᠨ ᠪᠦᠰᠡ ᠢ᠋ᠢᠨ ᠠᠮᠢ ᠠᠬᠤᠶ ᠪᠣᠯᠤᠨ ᠠᠵᠤ ᠦᠶ᠋ᠯᠡᠰ ᠤ᠋ᠨ ᠪᠠᠢᠷᠢᠱᠢᠯ ᠢ᠋ ᠨᠢᠭᠡᠳᠦᠯᠲᠡᠶ ᠲᠥᠯᠥᠪᠵᠢᠭᠦᠯᠦᠨ᠂ ᠵᠦᠶ ᠵᠣᠬᠢᠰ ᠥᠬᠡᠶ ᠪᠡᠷ ᠤᠰᠤ ᠬᠡᠷᠡᠭ᠌ᠯᠡᠬᠦ᠌ ᠢ᠋ᠢ ᠡᠷᠡᠰ ᠬᠣᠷᠢᠭ᠍ᠯᠠᠵᠤ᠂ ᠤᠰᠤ ᠶᠡᠬᠡ ᠬᠣᠷᠣᠭ᠍ᠳᠠᠭᠤᠯᠬᠤ ᠠᠵᠤ ᠦᠶ᠋ᠯᠡᠳᠪᠦᠷᠢ ᠢ᠋ᠢᠨ ᠭᠠᠵᠠᠷ ᠳᠤᠤᠷᠠᠬᠢ ᠤᠰᠤᠨ ᠤ᠋ ᠡᠬᠢ ᠪᠠᠶᠠᠯᠢᠭ ᠢ᠋ ᠬᠡᠷᠡᠭᠯᠡᠬᠦ ᠲᠥᠷᠥᠯ ᠵᠦᠶ᠋ᠯ ᠢ᠋ ᠱᠢᠨ᠎ᠡ ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ ᠪᠤᠶᠤ ᠥᠷᠭᠡᠳᠭᠡᠨ ᠪᠠᠢᠭᠤᠯᠬᠤ ᠵᠢ ᠴᠢᠩᠭ᠎ᠠ ᠴᠠᠭᠠᠵᠠᠯᠡᠵᠤ᠂ ᠤᠰᠤ ᠲᠠᠲᠠᠬᠤ ᠢ᠋ᠢ ᠬᠢᠨᠠᠨ ᠵᠥᠪᠱᠢᠶᠡᠷᠡᠬᠦ᠌ ᠢ᠋ᠢ ᠬᠢᠵᠠᠭᠠᠷᠯᠠᠬᠤ ᠳᠦᠷᠢᠮ ᠢ᠋ ᠴᠢᠩᠭ᠎ᠠ ᠬᠡᠷᠡᠭ᠌ᠵᠢᠭᠦᠯᠪᠠ; ᠤᠰᠤ ᠲᠠᠲᠠᠵᠤ ᠬᠡᠷᠡᠭ᠌ᠯᠡᠬᠦ᠌ ᠢ᠋ᠢ ᠬᠢᠨᠠᠨ ᠬᠡᠮᠵᠢᠬᠦ᠌ ᠱᠢᠰᠲᠧᠮ ᠢ᠋ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠲᠠᠷᠢᠶᠠᠯᠠᠩ ᠤ᠋ᠨ ᠤᠰᠤᠯᠠᠯᠲᠠ ᠢ᠋ᠢᠨ ᠮᠠᠱᠢᠨ ᠴᠠᠬᠢᠯᠭᠠᠨ ᠬᠤᠳᠳᠤᠭ ᠤ᠋ᠨ 《ᠴᠠᠬᠢᠯᠭᠠᠨ ᠬᠡᠷᠡᠭᠯᠡᠭᠰᠡᠨ ᠬᠡᠮᠵᠢᠶ᠎ᠠ ᠪᠡᠷ ᠤᠰᠤᠨ ᠤ᠋ ᠦᠨ᠎ᠠ ᠢ᠋ᠢ ᠨᠤᠭᠤᠯᠤᠨ ᠪᠣᠳᠣᠬᠤ》 ᠬᠡᠮᠵᠢᠯᠲᠡ ᠢ᠋ᠢᠨ ᠠᠷᠭ᠎ᠠ ᠢ᠋ᠢ ᠪᠦᠬᠦ᠌ ᠲᠠᠯ᠎ᠠ ᠪᠡᠷ ᠳᠡᠯᠭᠡᠷᠡᠭᠦᠯᠵᠦ᠍᠂ ᠭᠠᠵᠠᠷ ᠳᠣᠣᠷᠠᠬᠢ ᠤᠰᠤᠨ ᠤ᠋ ᠤᠰᠤᠯᠠᠯᠲᠠ ᠢ᠋ᠢᠨ ᠣᠷᠣᠨ ᠳ᠋ᠤ 《ᠴᠠᠬᠢᠯᠭᠠᠨ ᠬᠡᠷᠡᠭᠯᠡᠭᠰᠡᠨ ᠬᠡᠮᠵᠢᠶ᠎ᠠ ᠪᠡᠷ ᠤᠰᠤᠨ ᠤ᠋ ᠦᠨ᠎ᠠ ᠢ᠋ᠢ ᠨᠤᠭᠤᠯᠤᠨ ᠪᠣᠳᠣᠬᠤ》 ᠲᠠᠪᠴᠠᠩ ᠢ᠋ ᠪᠠᠢᠭᠤᠯᠤᠨ᠂ ᠭᠠᠵᠠᠷ ᠳᠣᠣᠷᠠᠬᠢ ᠤᠰᠤ ᠢ᠋ᠢ ᠲᠡᠲᠡᠵᠤ ᠬᠡᠷᠡᠭ᠌ᠯᠡᠬᠦ᠌ ᠢ᠋ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠌ ᠢ᠋ᠢ ᠨᠡᠢᠳᠡᠮ ᠪᠥᠷᠬᠥᠭᠦᠯᠵᠤ᠂ ᠤᠰᠤᠨ ᠤ᠋ ᠡᠬᠢ ᠪᠠᠶᠠᠯᠢᠭ ᠤ᠋ᠨ ᠬᠠᠮᠢᠶᠠᠷᠤᠯᠲᠠ ᠳ᠋ᠤ ᠬᠦᠴᠦᠲᠡᠶ ᠪᠠᠲᠤᠯᠠᠭ᠎ᠠ ᠬᠠᠩᠭᠠᠪᠠ᠃

ᠪᠠᠶᠠᠨᠨᠠᠭᠤᠷ ᠤ᠋ᠨ ᠬᠠᠲᠤᠨ ᠭᠤᠤᠯ ᠤ᠋ᠨ ᠤᠰᠤ ᠢ᠋ᠢ ᠲᠠᠲᠠᠵᠤ ᠳᠤᠰᠤᠯᠭᠠᠨ ᠤᠰᠤᠯᠠᠬᠤ ᠲᠤᠷᠱᠢᠯᠲᠠ ᠢ᠋ᠢᠨ ᠲᠥᠷᠥᠯ ᠵᠦᠶ᠋ᠯ ᠤ᠋ᠨ ᠲᠣᠭ᠎ᠠ ᠪᠠᠷᠢᠮᠲᠠ ᠢ᠋ᠢ ᠦᠨᠳᠦᠰᠦᠯᠡᠪᠡᠯ᠂ ᠥᠩᠭᠡᠷᠡᠭ᠌ᠰᠡᠨ ᠤ᠋ ᠤᠯᠠᠮᠵᠢᠯᠠᠯᠲᠤ ᠤᠰᠤᠯᠠᠯᠲᠠ ᠢ᠋ᠢᠨ ᠠᠷᠭ᠎ᠠ ᠮᠠᠶᠢᠭ ᠲᠠᠢ ᠬᠠᠷᠢᠴᠠᠭᠤᠯᠪᠠᠯ᠂ ᠬᠠᠲᠤᠨ ᠭᠤᠤᠯ ᠤ᠋ᠨ ᠤᠰᠤ ᠢ᠋ᠢ ᠲᠠᠲᠠᠵᠤ ᠳᠤᠰᠤᠯᠭᠠᠨ ᠤᠰᠤᠯᠠᠬᠤ ᠠᠷᠭ᠎ᠠ ᠢ᠋ᠢᠨ ᠤᠰᠤ ᠠᠷᠪᠢᠯᠠᠬᠤ ᠬᠡᠮᠵᠢᠶ᠎ᠠ 30% ᠳ᠋ᠤ ᠬᠦᠷᠴᠦ᠍ ᠂ ᠪᠣᠷᠲᠣᠭᠣᠷ ᠠᠷᠪᠢᠯᠠᠬᠤ ᠬᠡᠮᠵᠢᠶ᠎ᠠ 30% ᠳ᠋ᠤ ᠬᠦᠷᠴᠤ ᠂ ᠲᠠᠷᠢᠶᠠᠨ ᠡᠮ ᠠᠷᠪᠢᠯᠠᠬᠤ ᠬᠡᠮᠵᠢᠶ᠎ᠠ 20% ᠳ᠋ᠤ ᠬᠦᠷᠴᠤ᠂ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠢ᠋ 12 ᠳᠡᠰ ᠳᠡᠭᠡᠭ᠌ᠰᠢᠯᠡᠭᠦᠯᠵᠦ᠍᠂ ᠦᠢᠯᠡᠳᠪᠦᠷᠢᠯᠡᠯ ᠪᠠ ᠬᠠᠮᠢᠶᠠᠷᠤᠯᠲᠠ ᠢ᠋ᠢᠨ ᠠᠵᠢᠯᠴᠢᠨ ᠬᠡᠷᠡᠭ᠌ᠯᠡᠬᠦ᠌ ᠬᠡᠮᠵᠢᠶ᠎ᠠ ᠢ᠋ᠢ 50% ᠡᠴᠡ ᠳᠡᠭᠡᠭ᠌ᠰᠢ ᠪᠠᠭᠠᠰᠭᠠᠵᠤ᠂ ᠤᠰᠤ ᠠᠷᠪᠢᠯᠠᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠢ᠋ᠢ ᠦᠨᠡᠨ ᠬᠦ᠌ ᠪᠡᠶᠡᠯᠡᠭᠦᠯᠪᠠ᠃

ᠣᠢᠷ᠎ᠠ ᠢ᠋ᠢᠨ ᠵᠢᠯ ᠡᠴᠡ ᠨᠠᠭᠠᠰᠢ᠂ ᠦᠪᠦᠷ ᠮᠤᠩᠭᠤᠯ ᠤᠷᠢᠳ ᠬᠣᠵᠢᠳ ᠤᠰᠤᠨ ᠤ᠋ ᠡᠬᠢ ᠪᠠᠶᠠᠯᠢᠭ ᠢ᠋ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ 《ᠨᠢᠭᠡ ᠠᠢᠮᠠᠭ (ᠬᠣᠲᠠ) ᠲᠦ᠍ ᠨᠢᠭᠡ ᠲᠥᠷᠥ ᠢ᠋ᠢᠨ ᠪᠣᠳᠣᠯᠭ᠎ᠠ ᠬᠡᠷᠡᠭᠵᠢᠭᠦᠯᠬᠦ》᠂ 《ᠨᠠᠯᠦᠢᠲᠠᠯ᠎ᠠ ᠤᠰᠤᠯᠠᠬᠤ》ᠠᠰᠠᠭᠤᠳᠠᠯ ᠢ᠋ ᠱᠢᠶ᠋ᠳᠪᠦᠷᠢᠯᠡᠵᠦ᠍ ᠲᠠᠷᠢᠶᠠᠯᠠᠩ ᠤ᠋ᠨ ᠤᠰᠤ ᠠᠷᠪᠢᠯᠠᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠢ᠋ᠢ ᠠᠬᠢᠭᠤᠯᠬᠤ ᠵᠡᠷᠭᠡ ᠲᠥᠷᠥ ᠢ᠋ᠢᠨ ᠪᠣᠳᠣᠯᠭ᠎ᠠ ᠢ᠋ᠢᠨ ᠴᠢᠨᠠᠷᠲᠠᠶ ᠵᠢᠯᠣᠭᠣᠳᠭᠤ ᠪᠢᠴᠢᠭ ᠮᠠᠲ᠋ᠧᠷᠢᠶᠠᠯ ᠢ᠋ ᠲᠣᠭ᠍ᠲᠠᠭᠠᠨ ᠨᠡᠢᠲᠡᠯᠡᠵᠦ᠍᠂ ᠲᠠᠷᠢᠶᠠᠯᠠᠩ ᠤ᠋ᠨ ᠤᠰᠤ ᠠᠷᠪᠢᠯᠠᠬᠤ ᠳᠣᠲᠣᠭᠠᠳᠤ ᠬᠥᠳᠡᠯᠭᠡᠬᠦ᠌ ᠬᠦᠴᠦᠨ ᠢ᠋ ᠴᠢᠩᠭᠠᠷᠠᠭᠤᠯᠵᠤ᠂ ᠤᠨᠠᠯᠲᠠ ᠦᠷ᠎ᠡ ᠠᠱᠢᠭ ᠢ᠋ ᠨᠡᠮᠡᠭ᠌ᠳᠡᠭᠦᠯᠬᠦ᠌ ᠢ᠋ᠢ ᠪᠡᠶᠡᠯᠡᠭᠦᠯᠪᠡ᠃ ᠤᠯᠤᠰ ᠤ᠋ᠨ ᠠᠮᠤ ᠪᠤᠳᠠᠭᠠᠨ ᠤ᠋ ᠭᠣᠣᠯ ᠭᠠᠷᠤᠯᠲᠠ ᠢ᠋ᠢᠨ ᠣᠷᠣᠨ ᠪᠣᠯᠤᠭ᠍ᠰᠠᠨ ᠤ᠋ ᠬᠤᠪᠢ ᠳ᠋ᠤ ᠮᠠᠨ ᠤ᠋ ᠤᠷᠤᠨ ᠶᠠᠭ 《ᠨᠠᠯᠦᠢᠲᠠᠯ᠎ᠠ ᠤᠰᠤᠯᠠᠬᠤ》 ᠪᠦᠳᠦᠭᠦᠯᠢᠭ ᠠᠷᠭ᠎ᠠ ᠬᠡᠯᠪᠡᠷᠢ ᠡᠴᠡ 《ᠨᠠᠷᠢᠯᠢᠭ ᠤᠨᠤᠴᠠᠲᠠᠢ ᠲᠤᠰᠤᠯᠭᠠᠨ ᠤᠰᠤᠯᠠᠬᠤ》 ᠤᠰᠤ ᠠᠷᠪᠢᠯᠠᠬᠤ ᠠᠷᠭ᠎ᠠ ᠬᠡᠯᠪᠡᠷᠢ ᠲᠡᠢᠰᠢ ᠱᠢᠯᠵᠢᠵᠦ᠍ ᠪᠤᠢ᠃

ᠠᠮᠢ ᠠᠬᠤᠢ ᠢ᠋ᠢ ᠰᠡᠷᠭᠦᠭᠡᠵᠤ ᠵᠠᠰᠠᠬᠰᠠᠨ ᠡᠴᠡ ᠠᠵᠤ ᠦᠢᠯᠡᠰ  ᠦᠷᠨᠢᠵᠤ ᠠᠷᠠᠳ ᠤ᠋ᠨ ᠠᠮᠢᠳᠤᠷᠠᠯ ᠰᠠᠢᠵᠢᠷᠠᠪᠠ

ᠬᠠᠳᠤᠨ ᠭᠤᠤᠯ ᠤ᠋ᠨ ᠬᠣᠶᠠᠷ ᠡᠷᠭᠢ ᠢ᠋ᠢᠨ ᠠᠭᠤᠯᠠ ᠤᠰᠤᠨ ᠤ᠋ ᠦᠵᠡᠮᠵᠢ ᠬᠦᠮᠦᠰ ᠤ᠋ᠨ ᠰᠡᠳᠬᠢᠯ ᠢ᠋ ᠲᠡᠲᠠᠨ᠎ᠠ ᠃

ᠦᠬᠠᠶ ᠬᠣᠲᠠ ᠢ᠋ᠢᠨ ᠬᠠᠢᠨᠠᠨ ᠲᠣᠭᠣᠷᠢᠭ ᠤ᠋ᠨ ᠰᠠᠢᠬᠠᠨ ᠤᠰᠤ ᠲᠣᠰᠭᠣᠨ ᠤ᠋ ᠪᠠᠷᠠᠭᠤᠨ ᠲᠠᠯ᠎ᠠ ᠪᠡᠷ ᠬᠠᠳᠤᠨ ᠭᠣᠣᠯ᠎ᠤᠷᠤᠰᠳᠠᠭ᠃  ᠰᠠᠢᠬᠠᠨ ᠤᠰᠤ ᠲᠤᠰᠬᠤᠨ ᠭᠠᠵᠠᠷ ᠵᠦᠶ ᠠᠭᠤᠷ ᠠᠮᠢᠰᠭᠤᠯ ᠤ᠋ᠨ ᠳᠠᠪᠠᠭᠤᠯᠢᠭ᠎ᠲᠠᠭᠠᠨ ᠲᠦᠱᠢᠭ᠌ᠯᠡᠨ 《ᠬᠠᠲᠤᠨ ᠭᠤᠤᠯ ᠤ᠋ᠨ ᠣᠨᠴᠠᠯᠢᠭ ᠢ᠋ ᠳᠣᠪᠣᠢᠯᠭᠠᠵᠤ᠂ ᠵᠢᠭᠤᠯᠴᠢᠯᠠᠯ ᠤ᠋ᠨ ᠠᠵᠤ ᠦᠶ᠋ᠯᠡᠰ ᠢ᠋ ᠬᠦᠴᠦᠷᠬᠡᠭ᠌ᠵᠢᠭᠦᠯᠵᠤ ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠢ᠋ ᠪᠥᠲᠥᠭᠡᠨ ᠪᠠᠢᠭᠤᠯᠬᠤ》 ᠰᠡᠳᠭᠢᠴᠠ ᠢ᠋ᠢᠨ ᠲᠣᠭᠣᠷᠢᠨ ᠳ᠋ᠤ ᠦᠵᠦᠮ ᠳᠠᠷᠢᠬᠤ ᠠᠵᠤ ᠦᠶ᠋ᠯᠡᠰ ᠢ᠋ ᠶᠡᠬᠡ ᠪᠡᠷ ᠬᠥᠭ᠌ᠵᠢᠭᠦᠯᠬᠦ᠌ ᠢ᠋ᠢᠨ ᠬᠠᠮᠲᠤ ᠬᠠᠲᠤᠨ ᠭᠤᠤᠯ ᠤ᠋ᠨ ᠡᠷᠭᠢᠨ ᠳ᠋ᠤ ᠪᠠᠷᠠᠭᠤᠨ ᠬᠣᠢᠲᠤ ᠢ᠋ᠢᠨ ᠠᠷᠠᠳ ᠤ᠋ᠨ ᠰᠠᠭᠤᠴᠠ ᠢ᠋ᠢᠨ ᠬᠡᠪ ᠨᠠᠮᠪᠠ ᠲᠠᠢ ᠨᠦᠬᠡᠨ ᠬᠡᠷ ᠤ᠋ᠨ ᠵᠣᠴᠢᠳ ᠤ᠋ᠨ ᠪᠠᠭᠤᠳᠠᠯ ᠤ᠋ᠨ ᠦᠵᠡᠮᠵᠢ ᠢ᠋ᠢᠨ ᠣᠷᠣᠨ ᠢ᠋ ᠪᠦᠳᠦᠭᠡᠨ ᠪᠠᠢᠭᠤᠯᠵᠤ᠂ ᠲᠣᠭᠣᠷᠢᠨ ᠦᠵᠡᠬᠦ᠌᠂ ᠵᠢᠮᠢᠰ ᠲᠡᠭᠦᠬᠦ᠌ ᠪᠠ ᠲᠠᠷᠢᠶᠠᠴᠢᠨ ᠠᠢᠯ ᠤ᠋ᠨ ᠵᠢᠭᠤᠯᠴᠢᠯᠡᠯ ᠢ᠋ ᠨᠢᠭᠡ ᠴᠣᠭ᠍ᠴᠠᠵᠢᠭᠤᠯᠤᠭ᠍ᠰᠠᠨ ᠪᠡᠶᠡᠴᠢᠯᠡᠨ ᠣᠢᠯᠠᠭᠠᠬᠤ ᠲᠥᠷᠥᠯ ᠵᠦᠶ᠋ᠯ ᠢ᠋ ᠪᠤᠢ ᠪᠤᠯᠭᠠᠪᠠ ᠃

《ᠥᠩᠭᠡᠷᠡᠭ᠌ᠰᠡᠨ ᠤ᠋ ᠬᠢ ᠲᠠᠢ ᠬᠠᠷᠢᠴᠠᠭᠤᠯᠪᠠᠯ᠂ ᠲᠣᠰᠭᠣᠨ ᠤ᠋ ᠳᠦᠷᠰᠦ ᠪᠠᠢᠳᠠᠯ ᠶᠡᠬᠡ ᠪᠡᠷ ᠬᠤᠪᠢᠷᠠᠵᠤ᠂ ᠲᠣᠰᠭᠣᠨ ᠤ᠋ ᠠᠷᠠᠳ ᠤ᠋ᠨ ᠵᠢᠯ ᠤ᠋ᠨ ᠣᠷᠣᠯᠭ᠎ᠠ ᠬᠡᠳᠦᠨ ᠮᠢᠩᠭᠠᠨ ᠲᠥᠭᠥᠷᠢᠭ ᠪᠠᠢᠭ᠍ᠰᠠᠨ ᠡᠴᠡ᠎ᠪᠠᠨ 3 ᠲᠦᠮᠡ ᠭᠠᠷᠤᠢ ᠲᠥᠭᠥᠷᠢᠭ ᠪᠤᠯᠤᠨ ᠨᠡᠮᠡᠭᠳᠡᠵᠡᠢ ᠃ ᠠᠮᠢ ᠠᠬᠤᠢ ᠰᠠᠢᠵᠢᠷᠠᠬᠰᠠᠨ ᠡᠴᠡ ᠰᠠᠶᠢ ᠥᠨᠥᠳᠦᠷ ᠤ᠋ᠨ ᠰᠠᠢ᠌ᠨ ᠰᠠᠢᠬᠠᠨ ᠠᠮᠢᠳᠤᠷᠠᠯ ᠪᠤᠢ ᠪᠤᠯᠵᠠᠢ》 ᠭᠡᠵᠤ ᠰᠠᠢᠬᠠᠨ ᠤᠰᠤ ᠲᠣᠰᠭᠣᠨ ᠳ᠋ᠤ ᠰᠠᠭᠤᠭ᠎ᠠ ᠠᠵᠢᠯᠯᠠᠬᠤ ᠠᠩᠬᠢ ᠢ᠋ᠢᠨ ᠭᠡᠱᠢᠭᠦᠨ ᠯᠢᠦ ᠵᠠᠨ ᠯᠢᠨ ᠤᠷᠮ᠎ᠠ ᠲᠠᠢ ᠶᠠᠷᠢᠨ᠎ᠠ᠃ ᠰᠠᠢᠬᠠᠨ ᠤᠰᠤ ᠲᠣᠰᠭᠣᠨ ᠤᠷᠢᠳ ᠬᠣᠵᠢᠳ ᠪᠥᠬᠥ᠌ ᠤᠯᠤᠰ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠵᠢᠱ᠌ᠢᠶᠡᠴᠢ ᠲᠣᠰᠭᠣᠨ᠂ ᠪᠥᠬᠥ᠌ ᠤᠯᠤᠰ ᠤ᠋ᠨ ᠪᠣᠯᠪᠠᠰᠤᠨ ᠲᠣᠰᠭᠣᠨ᠂ ᠪᠥᠬᠥ᠌ ᠤᠯᠤᠰ ᠤ᠋ᠨ 《ᠨᠢᠭᠡ ᠲᠣᠰᠭᠣᠨ ᠳ᠋ᠤ ᠨᠢᠭᠡ ᠪᠦᠳᠦᠭᠡᠭᠳᠡᠭᠦᠨ ᠲᠠᠢ ᠪᠠᠢᠬᠤ》 ᠵᠢᠱ᠌ᠢᠶ᠎ᠡ ᠦᠵᠡᠭᠦᠯᠬᠦ᠌ ᠲᠣᠰᠭᠣᠨ ᠪᠠᠯᠭᠠᠰᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 《ᠰᠠᠭᠤᠷᠢᠱᠢᠬᠤ ᠳ᠋ᠤ ᠲᠣᠬᠢᠷᠠᠮᠵᠢᠲᠠᠶ ᠬᠥᠳᠡᠭᠡ ᠲᠣᠰᠭᠣᠨ》ᠵᠡᠷᠭᠡ ᠣᠯᠠᠨ ᠢᠷᠠᠭᠤ ᠠᠯᠳᠠᠷ ᠢ᠋ ᠬᠦᠷᠲᠡᠵᠤ᠂ ᠬᠥᠭ᠌ᠵᠢᠯᠲᠡ ᠢ᠋ᠢᠨ ᠰᠢᠨ᠎ᠠ ᠠᠵᠠ ᠲᠣᠬᠢᠶᠠᠯ ᠢ᠋ ᠤᠭ᠍ᠲᠤᠨ ᠠᠪᠴᠢᠷᠠᠪᠠ᠃

ᠳᠣᠯᠭᠢᠶᠠᠯᠠᠨ ᠳᠠᠪᠠᠯᠭᠠᠯᠠᠬᠤ ᠬᠠᠳᠤᠨ ᠭᠤᠤᠯ ᠤ᠋ᠨ ᠶᠡᠬᠡ ᠬᠠᠪᠴᠢᠯ ᠤ᠋ᠨ ᠬᠢᠯᠢ ᠳᠣᠲᠣᠷᠠᠬᠢ ᠬᠡᠪᠳᠡᠭᠡ ᠦᠭᠡᠷ ᠤ᠋ᠨ ᠳᠤᠬᠤᠢ ᠨᠠᠮᠤᠭᠤᠬᠠᠨ ᠳᠣᠯᠭᠢᠶᠠᠯᠠᠨ᠂ ᠬᠤᠯᠠ ᠤᠢᠷ᠎ᠠ ᠵᠢᠨ ᠬᠥᠮᠦᠰ ᠤ᠋ᠨ ᠬᠦᠰᠡᠨ ᠮᠥᠷᠥᠭᠡᠳᠬᠦ᠌ ᠵᠢᠭᠤᠯᠴᠢᠯᠠᠯ ᠤ᠋ᠨ ᠵᠣᠷᠢᠭ᠍ᠰᠠᠨ ᠭᠠᠵᠠᠷ ᠪᠣᠯᠵᠠᠶ᠃ 《ᠣᠯᠠᠨ ᠵᠢᠯ ᠤ᠋ᠨ ᠲᠤᠷᠰᠢ ᠬᠡᠪᠳᠡᠭᠡ ᠦᠭᠡᠷ ᠤ᠋ᠨ ᠳᠤᠬᠤᠢ ᠵᠢᠨ ᠰᠠᠢᠬᠠᠨ ᠦᠵᠡᠮᠵᠢ ᠪᠡᠷ ᠵᠢᠯ ᠪᠦᠷᠢ 10 ᠲᠦᠮᠡᠨ ᠲᠥᠭᠥᠷᠢᠭ ᠡᠴᠡ ᠳᠡᠭᠡᠭ᠌ᠰᠢ ᠣᠷᠣᠯᠭ᠎ᠠ ᠲᠠᠢ ᠪᠣᠯᠵᠠᠶ》 ᠭᠡᠵᠦ᠍ ᠬᠥᠬᠡᠬᠣᠲᠠ ᠢ᠋ᠢᠨ ᠴᠢᠩ ᠱᠦᠶ ᠾᠧ ᠱᠢᠶᠠᠨ ᠤ᠋ ᠰᠠᠭᠤᠭᠠᠯᠢ ᠠᠷᠠᠳ ᠯᠢ ᠸᠸᠨ ᠴᠢᠩ ᠬᠡᠯᠡᠵᠤ ᠭᠠᠷᠤᠯ᠎ᠠ᠃

ᠬᠠᠳᠤᠨ ᠭᠤᠤᠯ ᠤ᠋ᠨ ᠰᠠᠪᠠ ᠭᠠᠵᠠᠷ ᠡᠴᠡ ᠠᠮᠢ ᠠᠬᠤᠢ ᠰᠠᠢᠵᠢᠷᠠᠬᠰᠠᠨ᠂ ᠠᠵᠤ ᠦᠢᠯᠡᠰ ᠦᠷᠨᠢᠨ ᠬᠦᠭᠵᠢᠭᠰᠡᠨ᠂ ᠠᠷᠠᠳ ᠤ᠋ᠨ ᠠᠮᠢᠳᠤᠷᠠᠯ ᠳᠡᠭᠵᠢᠷᠠᠨ ᠰᠠᠢᠵᠢᠷᠠᠬᠰᠠᠨ᠂ ᠠᠵᠠ ᠵᠢᠷᠭᠠᠯ ᠤ᠋ᠨ ᠳᠠᠭᠤᠨ ᠬᠠᠡᠭᠭᠢᠨᠠᠨ᠎ᠠ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号