10 ᠰᠠᠷ᠎ᠠ᠎ᠶ᠋ᠢᠨ 17 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠡᠴᠡ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ》᠂ 《ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠲᠦᠷᠢ ᠲᠥᠷᠬᠦ᠌᠎ᠶ᠋ᠢ ᠱᠤᠭᠤᠶ᠎ᠠ》 ᠭᠡᠬᠦ᠌ ᠲᠦᠭᠦᠮ ᠣᠢᠯᠠᠭᠠᠮᠵᠢᠲᠠᠢ ᠦᠬᠡ ᠬᠡᠯᠡ ᠪᠡᠷ ᠪᠢᠴᠢᠭᠳᠡᠭᠰᠡᠨ ᠬᠤᠶᠠᠷ ᠤᠩᠱᠢᠬᠤ ᠪᠢᠴᠢᠭ᠎ᠢ ᠬᠡᠪᠯᠡᠨ ᠲᠠᠷᠬᠠᠭᠠᠪᠠ᠃
ᠣᠢᠯᠠᠭᠠᠭ᠍ᠰᠠᠨ᠎ᠢᠶᠠᠷ᠂ ᠡᠨᠡ ᠬᠣᠶᠠᠷ ᠤᠩᠱᠢᠬᠤ ᠪᠢᠴᠢᠭ ᠨᠢ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠭᠤᠤᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠍᠂ ᠬᠠᠨᠳᠤᠯᠭᠠᠴᠢᠯᠠᠬᠰᠠᠨ᠂ ᠬᠤᠪᠢᠶᠠᠷᠢᠴᠢᠯᠠᠬᠰᠠᠨ ᠣᠢᠯᠠᠭᠠᠭ᠍ᠳᠠᠬᠤᠨ᠎ᠢ ᠳᠣᠪᠣᠢᠯᠭᠠᠪᠠ᠃《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ》ᠤᠩᠰᠢᠬᠤ ᠪᠢᠴᠢᠭ᠎ᠢ ᠭᠣᠣᠯᠳᠠᠭᠤ ᠥᠷᠭᠡᠨ ᠤᠯᠠᠨ ᠵᠠᠯᠠᠭᠤᠴᠤᠳ ᠪᠣᠯᠤᠨ ᠦᠨᠳᠦᠰᠦᠨ ᠱᠠᠲᠤᠨ᠎ᠤ ᠤᠯᠠᠨ ᠲᠦᠮᠡᠨ᠎ᠳᠦ ᠬᠠᠨᠳᠤᠭᠤᠯᠵᠤ᠂ 《ᠰᠠᠬᠢᠬᠤ》— ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍ ᠭᠡᠷ ᠣᠷᠣᠨ᠎ᠢᠶᠠᠨ ᠰᠠᠬᠢᠨ᠎ᠠ᠂ 《ᠪᠠᠷᠠᠯᠠᠬᠤ》 — ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠨ᠎ᠠ᠂《ᠬᠠᠷᠢᠯᠴᠠᠨ ᠬᠠᠪᠰᠤᠷᠤᠯᠴᠠᠬᠤ》 — ᠰᠡᠳᠭᠢᠯ ᠵᠢᠷᠦᠬᠡ᠎ᠪᠡᠨ ᠬᠣᠯᠪᠣᠵᠤ ᠬᠠᠮᠲᠤ᠎ᠪᠠᠷ ᠤᠷᠤᠭ᠍ᠰᠢᠯᠠᠨ ᠳᠠᠪᠱᠢᠨᠠ ᠬᠡᠬᠦ ᠭᠤᠷᠪᠠᠨ ᠪᠦᠯᠦᠭ ᠪᠠᠢᠵᠤ᠂ ᠠᠮᠢᠳᠤ ᠪᠣᠳᠠᠲᠠᠢ ᠵᠢᠱ᠌ᠢᠢ᠎ᠡ ᠪᠣᠯᠤᠨ ᠠᠮᠢᠳᠤᠯᠢᠭ ᠦᠯᠢᠭᠡᠷ᠎ᠢᠶᠡᠷ ᠳᠠᠮᠵᠢᠨ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠢ᠋ ᠬᠡᠰᠡᠨ ᠭᠦᠨ ᠵᠤᠵᠠᠭᠠᠨ ᠬᠠᠢᠷ᠎ᠠ ᠰᠡᠳᠭᠢᠯᠭᠡ ᠪᠣᠯᠤᠨ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ ᠦᠨ ᠬᠥᠭ᠌ᠵᠢᠯᠲᠡ᠎ᠳᠦ ᠲᠠᠯᠪᠢᠭ᠍ᠰᠠᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠢᠯᠡᠷᠡᠭᠦᠯᠵᠦ᠍᠂ ᠤᠯᠠᠨ ᠬᠠᠷᠠᠭᠠᠰᠤ ᠡᠴᠡ ᠪᠦᠬᠦ᠌ ᠣᠷᠣᠨ᠎ᠤ ᠺᠠᠳ᠋ᠷ ᠤᠯᠠᠨ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭ᠌ᠰᠡᠨ ᠠᠮᠢᠳᠤᠯᠢᠭ ᠦᠢᠯᠡᠳᠦᠯᠭᠡ ᠪᠣᠯᠤᠨ ᠠᠬᠢᠴᠠ᠎ᠶ᠋ᠢᠨ ᠦᠷ᠎ᠡ ᠪᠦᠲᠦᠮᠵᠢ᠎ᠶ᠋ᠢ ᠢᠯᠡᠷᠡᠭᠦᠯᠪᠡ᠃
《ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠲᠦᠷᠢ ᠲᠥᠷᠬᠦ᠌᠎ᠶ᠋ᠢ ᠱᠤᠭᠤᠶ᠎ᠠ》ᠤᠩᠰᠢᠬᠤ ᠪᠢᠴᠢᠭ᠎ᠢ ᠭᠣᠣᠯᠳᠠᠭᠤ ᠨᠠᠮ᠎ᠤᠨ ᠭᠡᠱᠢᠭᠦᠨ᠂ ᠺᠠᠳ᠋ᠷᠴᠤᠳ᠎ᠲᠤ ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠲᠦᠷᠢ ᠲᠥᠷᠬᠦ᠌᠎ᠶ᠋ᠢ ᠤᠯᠠᠮ ᠨᠢᠭᠡ ᠠᠯᠬᠤᠮ ᠱᠤᠭᠤᠬᠤ ᠬᠣᠯᠪᠣᠭ᠍ᠳᠠᠯ ᠪᠦᠬᠦᠢ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠮᠦᠨ᠎ᠡ ᠬᠣᠢᠨᠠᠬᠢ᠎ᠶ᠋ᠢ ᠬᠠᠷᠢᠴᠠᠭᠤᠯᠬᠤ᠂ ᠬᠦᠦᠷᠨᠢᠨ ᠶᠠᠷᠢᠯᠴᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠶ᠋ᠢ ᠬᠡᠷᠡᠭ᠌ᠯᠡᠵᠦ᠍᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠂ ᠦᠨᠡᠨᠴᠢ ᠢᠲᠡᠭᠡᠮᠵᠢᠲᠡᠢ ᠪᠠᠢᠬᠤ᠎ᠶ᠋ᠢ ᠡᠷᠬᠢᠮᠯᠡᠬᠦ᠌᠂ ᠦᠨᠡᠨ ᠰᠠᠢ᠌ᠨ ᠰᠠᠢᠬᠠᠨ᠎ᠢ ᠪᠠᠷᠢᠮᠲᠠᠯᠠᠬᠤ᠂ ᠬᠣᠢᠷᠭᠣᠱᠢᠬᠤ ᠦᠭᠡᠢ᠂ ᠲᠦᠷᠢᠮ ᠲᠣᠭ᠍ᠲᠠᠭᠠᠯ᠎ᠢ ᠵᠢᠷᠤᠮᠯᠠᠬᠤ ᠲᠠᠪᠤᠨ ᠲᠠᠯ᠎ᠠ᠎ᠡᠴᠡ ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠲᠦᠷᠢ ᠲᠥᠷᠬᠦ᠌᠎ᠶ᠋ᠢ ᠠᠯᠢ ᠠᠯᠢ ᠲᠠᠯ᠎ᠠ ᠪᠠᠷ ᠢᠯᠡᠷᠡᠭᠦᠯᠬᠦ᠌᠂ ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠲᠦᠷᠢ ᠲᠥᠷᠬᠦ᠌᠎ᠶ᠋ᠢ ᠱᠤᠭᠤᠬᠤ ᠳᠤ ᠶᠠᠭᠠᠬᠢᠵᠤ ᠬᠢᠬᠦ᠌ ᠴᠢᠬᠤᠯᠠᠲᠠᠢ ᠪᠠᠢᠬᠤ ᠲᠤᠬᠠᠢ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠪᠠ᠃
《 ᠪᠢᠳᠡ〈ᠣᠨᠣᠯ + ᠦᠶ᠋ᠯᠡᠳᠦᠯᠭᠡ〉᠎ᠶ᠋ᠢᠨ ᠥᠭᠦᠯᠡᠬᠦ᠌ ᠠᠷᠭ᠎ᠠ ᠬᠡᠯᠪᠡᠷᠢ᠎ᠪᠡᠷ〈ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠶ᠎ᠠ〉 ᠭᠡᠬᠦ ᠲᠥᠬᠥᠮ ᠣᠢᠯᠠᠭᠠᠮᠵᠢᠲᠠᠶ ᠤᠩᠱᠢᠬᠤ ᠪᠢᠴᠢᠭ᠎ᠢ ᠨᠠᠢᠷᠠᠭᠤᠯᠵᠤ᠂ ᠥᠷᠭᠡᠨ ᠣᠯᠠᠨ ᠤᠩᠱᠢᠭ᠍ᠴᠢᠳ ᠲᠤ 〈ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ〉 ᠭᠦᠨ ᠭᠦᠨᠵᠡᠭᠡᠶ ᠠᠭᠤᠯᠤᠭ᠍ᠳᠠᠬᠤᠨ ᠢ ᠤᠯᠠᠮ ᠨᠢᠭᠡ ᠠᠯᠬᠤᠮ ᠣᠢᠯᠠᠭᠠᠭᠤᠯᠵᠤ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠬᠡᠷ ᠣᠷᠣᠨ᠎ᠢᠶᠠᠨ ᠰᠠᠢᠲᠤᠷ ᠰᠠᠬᠢᠨ ᠬᠠᠮᠠᠭᠠᠯᠠᠵᠤ᠂ ᠥᠨᠳᠥᠷ᠎ᠲᠦ ᠵᠣᠭ᠍ᠰᠣᠨ ᠠᠯᠤᠰ ᠢ ᠪᠡᠷᠡᠯᠡᠵᠦ᠍ ᠬᠥᠭ᠌ᠵᠢᠯᠲᠡ᠎ᠶ᠋ᠢ ᠡᠷᠢᠯᠬᠢᠯᠡᠨ᠂ ᠪᠦᠯᠬᠦᠮᠳᠡᠨ ᠬᠠᠪᠰᠤᠷᠤᠯᠴᠠᠵᠤ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠭ᠌ᠰᠡᠨ ᠠᠮᠢᠳᠤᠯᠢᠭ ᠦᠶ᠋ᠯᠡᠳᠦᠯᠭᠡ ᠶ᠋ᠢ ᠭᠦᠶ᠋ᠴᠡᠳ ᠢᠯᠡᠷᠡᠭᠦᠯᠪᠡ 》 ᠭᠡᠵᠦ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ》 ᠤᠩᠰᠢᠬᠤ ᠪᠢᠴᠢᠭ᠎ᠢ ᠨᠠᠢᠷᠠᠭᠤᠯᠤᠨ ᠪᠢᠴᠢᠬᠦ᠌ ᠳᠤᠭᠤᠢᠯᠠᠩ᠎ᠤᠨ ᠪᠦᠷᠢᠯᠳᠦᠬᠦᠨ᠂ ᠦᠢᠯᠡᠳᠦᠯᠭᠡ ᠰᠡᠳᠬᠦᠯ ᠦᠨ ᠬᠣᠷᠢᠶ᠎ᠠ ᠵᠢᠨ ᠨᠢᠭᠡᠳᠦᠭᠡᠷ ᠨᠠᠢᠷᠠᠭᠤᠯᠬᠤ ᠬᠡᠯᠲᠡᠰ᠎ᠦᠨ ᠡᠷᠬᠢᠯᠡᠭ᠌ᠴᠢ ᠯᠢᠦᠢ ᠶᠠ ᠵᠢᠤᠸᠠᠨ ᠬᠡᠯᠡᠪᠡ᠃
ᠲᠤᠰ ᠬᠣᠶᠠᠷ ᠤᠨᠭᠰᠢᠬᠤ ᠪᠢᠴᠢᠭ᠎ᠢ ᠬᠡᠪᠯᠡᠨ ᠲᠠᠷᠬᠠᠭᠠᠭ᠍ᠰᠠᠨ᠎ᠨᠢ ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠳᠦᠷᠢ ᠲᠥᠷᠬᠦ᠌᠎ᠶ᠋ᠢ ᠤᠬᠠᠭᠤᠯᠤᠨ ᠳᠡᠯᠭᠡᠨ ᠦᠵᠡᠭᠦᠯᠬᠦ᠌᠂ ᠺᠠᠳ᠋ᠷ ᠣᠯᠠᠨ ᠲᠦᠮᠡᠨ᠎ᠦ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠵᠤ ᠤᠷᠤᠬᠰᠢᠯᠠᠬᠤ᠎ᠶ᠋ᠢ ᠵᠣᠷᠢᠭ᠍ᠵᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠭᠤᠤᠯ ᠰᠢᠵᠢᠮ ᠢ ᠪᠥᠬᠥ᠌ ᠲᠠᠯ᠎ᠠ᠎ᠪᠠᠷ ᠲᠤᠭᠤᠱᠢᠯᠠᠭᠤᠯᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠠᠬᠢᠭᠤᠯᠬᠤ ᠦᠶ᠋ᠯᠡᠳᠦᠯ ᠦᠵᠡᠬᠦᠯᠬᠦ ᠶᠤᠮ᠃