ᠡᠨᠡ ᠵᠢᠯ᠎ᠦᠨ 8 ᠰᠠᠷ᠎ᠠ᠎ᠶ᠋ᠢᠨ 8 ᠤ᠋ ᠡᠳᠦᠷ ᠪᠣᠯ ᠮᠠᠨ᠎ᠤ ᠤᠯᠤᠰ᠎ᠤᠨ ᠠᠷᠪᠠᠨ ᠲᠤᠯᠤᠳᠠᠬᠢ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠡᠳᠦᠷ ᠪᠣᠯᠤᠨ᠎ᠠ᠃ 2009 ᠣᠨ᠎ᠳᠤ ᠵᠢᠯ ᠪᠦᠷᠢ ᠵᠢᠨ 8 ᠰᠠᠷ᠎ᠠ ᠵᠢᠨ 8᠎ᠤ᠋ ᠡᠳᠦᠷ᠎ᠢ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠡᠳᠦᠷᠬᠡᠵᠦ ᠲᠤᠬᠳᠠᠭᠠᠬᠰᠠᠨ᠎ᠠᠴᠠ ᠨᠠᠭᠠᠰᠢ ᠥᠷᠭᠡᠨ ᠣᠯᠠᠨ ᠪᠡᠶ᠎ᠡ ᠴᠢᠭᠢᠷᠠᠭ᠍ᠵᠢᠭᠤᠯᠬᠤ ᠪᠠᠬᠠᠲᠠᠳ ᠪᠡᠶ᠎ᠡ᠎ᠶ᠋ᠢᠨ ᠲᠠᠮᠢᠷ᠎ᠤᠨ ᠬᠠᠪᠤ ᠴᠡᠩᠭᠡᠯ᠎ᠢ ᠡᠳ᠋ᠯᠡᠵᠦ᠍᠂ ᠡᠷᠡᠭᠦᠯ ᠮᠡᠨᠳᠦ᠍᠎ᠪᠡᠨ ᠪᠠᠲᠤᠯᠠᠬᠤ ᠪᠠᠰᠠ ᠨᠢᠭᠡᠨ ᠦᠪᠡᠳᠡᠭ᠌ᠰᠢ ᠪᠠᠶᠠᠷ ᠲᠠᠢ ᠪᠣᠯᠤᠭ᠍ᠰᠠᠨ ᠪᠠᠢᠨ᠎ᠠ᠃ 2023 ᠣᠨ᠎ᠤ 1 ᠰᠠᠷ᠎ᠠ᠎ᠶ᠋ᠢᠨ 1 ᠤ᠋ ᠡᠳᠦᠷ ᠡᠴᠡ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ᠎ᠶ᠋ᠢᠨ ᠲᠠᠮᠢᠷ᠎ᠤᠨ ᠬᠠᠤᠯᠢ》 ᠶ᠋ᠢ ᠬᠡᠷᠡᠭ᠌ᠵᠢᠭᠦᠯᠵᠦ᠍᠂ 《ᠵᠢᠯ ᠪᠦᠷᠢ᠎ᠶ᠋ᠢᠨ 8 ᠰᠠᠷ᠎ᠠ᠎ᠶ᠋ᠢᠨ 8᠎ᠤ᠋ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠡᠳᠦᠷ ᠪᠤᠯ ᠪᠡᠶ᠎ᠡ᠎ᠶ᠋ᠢᠨ ᠲᠠᠮᠢᠷ᠎ᠤᠨ ᠤᠬᠠᠭᠤᠯᠭ᠎ᠠ᠎ᠶ᠋ᠢᠨ ᠡᠳᠦᠷ ᠪᠣᠯᠤᠨ᠎ᠠ》 ᠭᠡᠵᠦ᠍ ᠲᠣᠳᠣᠷᠬᠠᠢᠯᠠᠵᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠢᠯᠠᠭᠠᠬᠳᠠᠬᠤᠨ᠎ᠢ ᠤᠯᠠᠮ ᠨᠢᠭᠡ ᠠᠯᠬᠤᠮ ᠲᠦᠭᠡᠮᠡᠯᠵᠢᠭᠦᠯᠪᠡ᠃ ᠡᠬᠦᠨ᠎ᠢ ᠲᠤᠬᠢᠶᠠᠯᠳᠤᠭᠤᠯᠤᠨ ᠥᠪᠥᠷ ᠮᠣᠩᠭᠣᠯ᠎ᠤᠨ ᠡᠯ᠎ᠡ ᠭᠠᠵᠠᠷ ᠤᠨ ᠬᠢᠨ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠭᠣᠣᠯ ᠰᠡᠳᠦᠪᠲᠦ ᠠᠵᠢᠯᠯᠠᠭ᠎ᠠ ᠵᠢ ᠭᠣᠢᠳᠠ ᠰᠠᠢᠬᠠᠨ ᠦᠷᠨᠢᠬᠦᠯᠵᠦ᠂ ᠪᠡᠶ᠎ᠡ᠎ᠶ᠋ᠢᠨ ᠲᠠᠮᠢᠷ᠎ᠤᠨ ᠲᠠᠯᠠᠪᠠᠢ ᠣᠷᠳᠣᠨ ᠡᠴᠡ ᠪᠡᠶ᠎ᠡ ᠴᠢᠭᠢᠷᠠᠭ᠍ᠵᠢᠭᠤᠯᠬᠤ ᠠᠰᠠᠷᠠᠮᠵᠢ ᠬᠦᠷᠲᠡᠭᠡᠵᠦ᠍᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠠᠯᠠᠭᠤᠨ ᠥᠷᠨᠢᠯᠲᠡ ᠵᠢ ᠪᠤᠢ ᠪᠤᠯᠭᠠᠵᠤ ᠪᠤᠢ᠃
ᠤᠷᠤᠯᠳᠤᠭᠠᠨ᠎ᠤ ᠠᠵᠢᠯᠯᠠᠭ᠎ᠠ ᠲᠦᠷᠦᠯ ᠲᠡᠮᠳᠡᠭᠵᠢᠪᠡ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠡᠳᠦᠷ》 ᠤ᠋ᠨ ᠭᠤᠤᠯ ᠰᠡᠳᠦᠪᠲᠦ ᠠᠵᠢᠯᠯᠠᠭ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ 8 ᠰᠠᠷ᠎ᠠ᠎ᠶ᠋ᠢᠨ 8᠎ᠤ᠋ ᠡᠳᠦᠷ ᠬᠥᠬᠡᠬᠣᠲᠠ᠎ᠳᠤ ᠶᠠᠪᠤᠭ᠍ᠳᠠᠵᠤ᠂ 3000 ᠱᠢᠬᠠᠮ ᠦᠨᠳᠦᠰᠦᠲᠡᠨ᠎ᠨᠦᠭᠦᠳ᠎ᠦᠨ ᠪᠡᠶ᠎ᠡ ᠴᠢᠭᠢᠷᠠᠭ᠍ᠵᠢᠭᠤᠯᠬᠤ ᠪᠠᠬᠠᠲᠠᠳ ᠣᠷᠣᠯᠴᠠᠵᠠᠶ᠃ ᠡᠬᠢᠯᠡᠯᠲᠡ᠎ᠶ᠋ᠢᠨ ᠶᠣᠰᠣᠯᠠᠯ᠎ᠠᠴᠠ ᠡᠮᠦᠨ᠎ᠡ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠴᠡᠴᠡᠭ᠌ᠲᠦ ᠲᠡᠷᠭᠡ᠎ᠪᠡᠷ ᠲᠣᠭᠣᠷᠢᠨ ᠤᠬᠠᠭᠤᠯᠬᠤ ᠠᠵᠢᠯᠯᠠᠭ᠎ᠠ ᠥᠪᠥᠷ ᠮᠣᠩᠭᠣᠯ᠎ᠤᠨ ᠮᠣᠷᠢᠨ ᠤᠷᠤᠯᠳᠤᠭᠠᠨ᠎ᠤ ᠲᠠᠯᠠᠪᠠᠶ᠎ᠠᠴᠠ ᠮᠣᠷᠳᠠᠵᠤ᠂ ᠡᠯ᠎ᠡ ᠵᠡᠭᠡᠯᠢ ᠭᠤᠳᠤᠮᠵᠢ᠎ᠪᠠᠷ ᠲᠣᠭᠣᠷᠢᠨ ᠶᠠᠪᠤᠵᠤ᠂ ᠪᠥᠬᠥ᠌ ᠬᠣᠲᠠ᠎ᠪᠡᠷ ᠵᠢᠡᠨ ᠣᠷᠣᠯᠴᠠᠬᠤ ᠠᠭᠤᠷ ᠠᠮᠢᠰᠭᠤᠯ᠎ᠢ ᠬᠥᠭ᠌ᠵᠢᠭᠡᠪᠡ᠃ ᠲᠤᠰ ᠠᠵᠢᠯᠯᠠᠭ᠎ᠠ 7 ᠰᠠᠷ᠎ᠠ᠎ᠶ᠋ᠢᠨ1᠎ᠤ᠋ ᠡᠳᠦᠷ ᠡᠬᠢᠯᠡᠭ᠌ᠰᠡᠨ᠎ᠡᠴᠡ ᠨᠠᠭᠠᠰᠢ᠂ ᠪᠦᠬᠦ᠌ ᠣᠷᠣᠨ᠎ᠤ 12 ᠠᠢᠮᠠᠭ ᠬᠤᠳᠠ ᠵᠢ ᠬᠠᠮᠤᠷᠴᠤ᠂ 10 ᠲᠦᠮᠡ ᠭᠠᠷᠤᠢ ᠺᠠᠳ᠋ᠷ ᠤᠯᠠᠨ ᠲᠦᠮᠡᠨ ᠣᠷᠣᠯᠴᠠᠵᠤ᠂ ᠠᠵᠢᠯᠯᠠᠭ᠎ᠠ᠎ᠶ᠋ᠢᠨ ᠬᠤᠭᠤᠴᠠᠭᠠᠨ᠎ᠳᠤ ᠬᠥᠬᠡᠬᠣᠲᠠ ᠣᠯᠠᠨ ᠬᠤᠪᠢᠶᠠᠷᠢ ᠬᠤᠷᠠᠯ᠎ᠤᠨ ᠲᠠᠯᠠᠪᠠᠶ ᠭᠠᠷᠭᠠᠵᠤ᠂ ᠪᠡᠶ᠎ᠡ ᠮᠠᠬᠠᠪᠣᠳ᠎ᠤᠨ ᠬᠢᠨᠠᠨ ᠬᠡᠮᠵᠢᠯᠲᠡ᠂ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢᠨ ᠤᠬᠠᠭᠤᠯᠭ᠎ᠠ ᠵᠡᠷᠭᠡ ᠰᠢᠷᠢᠰ ᠠᠵᠢᠯᠯᠠᠭ᠎ᠠ᠎ᠶ᠋ᠢ ᠥᠷᠨᠢᠭᠦᠯᠵᠦ᠍᠂ ᠬᠣᠲᠠ᠎ᠶ᠋ᠢᠨ ᠠᠷᠠᠳ᠎ᠲᠤ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ ᠪᠠ ᠨᠡᠢᠲᠡ᠎ᠶ᠋ᠢᠨ ᠠᠰᠠᠷᠠᠮᠵᠢ᠎ᠶ᠋ᠢᠨ ᠪᠡᠶᠡᠴᠢᠯᠡᠨ ᠣᠢᠯᠠᠭᠠᠬᠤ ᠲᠠᠪᠴᠠᠩ ᠬᠠᠩᠭᠠᠪᠠ᠃

ᠣᠢᠷ᠎ᠠ᠎ᠶ᠋ᠢᠨ ᠵᠢᠯ᠎ᠦᠨ ᠲᠤᠷᠰᠢ᠂ 《ᠲᠠᠯ᠎ᠠ ᠨᠤᠲᠤᠭ᠎ᠤᠨ ᠰᠡᠯᠡᠭᠦᠴᠡᠯ ᠪᠡᠶ᠎ᠡ᠎ᠶ᠋ᠢᠨ ᠲᠠᠮᠢᠷ᠎ᠤᠨ ᠶᠡᠬᠡ ᠬᠤᠷᠠᠯ》᠂ 《ᠦᠭᠡᠷ ᠲᠤᠬᠤᠢ ᠵᠢᠨ ᠬᠠᠲᠤᠨ ᠭᠣᠣᠯ᠎ᠤᠨ ᠶᠡᠬᠡ ᠬᠠᠪᠴᠢᠯ᠎ᠤᠨ ᠬᠡᠭᠡᠷᠡᠯᠡᠨ ᠬᠦᠶᠦᠬᠦ ᠤᠷᠤᠯᠳᠤᠭᠠᠨ》᠂ 《ᠬᠥᠬᠡᠬᠣᠲᠠ᠎ᠶ᠋ᠢᠨ 〈ᠲᠠᠪᠤᠨ ᠨᠢᠭᠡ ᠲᠦᠮᠡ〉 ᠵᠢᠨ ᠱᠢᠷᠢᠰ ᠠᠵᠢᠯᠯᠠᠭ᠎ᠠ》 ᠵᠡᠷᠭᠡ ᠨᠠᠷᠠᠲᠤ ᠲᠥᠷᠥᠯ ᠲᠡᠮᠳᠡᠭ᠌ᠲᠦ ᠤᠷᠤᠯᠳᠤᠭᠠᠨ᠎ᠤ ᠠᠵᠢᠯᠯᠠᠭ᠎ᠠ᠎ᠶ᠋ᠢᠨ ᠨᠥᠯᠥᠭᠡᠯᠡᠬᠦ᠌ ᠬᠦᠴᠦᠨ ᠦᠷᠭᠦᠯᠵᠢᠯᠡᠨ ᠥᠷᠭᠡᠳᠴᠦ᠍᠂ ᠬᠣᠲᠠ᠎ᠶ᠋ᠢᠨ ᠬᠥᠭ᠌ᠵᠢᠯᠲᠡ ᠪᠠ ᠰᠣᠶᠣᠯ᠎ᠤᠨ ᠴᠡᠴᠡᠭ᠌ᠯᠡᠯ ᠬᠥᠭ᠌ᠵᠢᠯ᠎ᠢ ᠪᠦᠲᠦᠮᠵᠢᠲᠡᠶ ᠠᠬᠢᠭᠤᠯᠪᠠ᠃
6 ᠰᠠᠷ᠎ᠠ᠎ᠶ᠋ᠢᠨ 24᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 16 ᠳ᠋ᠤᠭᠠᠷ ᠬᠤᠭᠤᠴᠠᠭᠠᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠪᠠᠶᠠᠨᠨᠠᠭᠤᠷ ᠬᠣᠲᠠ᠎ᠳᠤ ᠡᠬᠢᠯᠡᠵᠦ᠍᠂ 800 ᠭᠠᠷᠤᠶ ᠲᠠᠮᠢᠷᠴᠢᠳ ᠤᠷᠤᠯᠳᠤᠭᠠᠨ᠎ᠳᠤ ᠣᠷᠣᠯᠴᠠᠪᠠ᠃ ᠲᠠᠮᠢᠷ᠎ᠤᠨ ᠴᠤᠭ᠍ᠯᠠᠭᠠᠨ᠎ᠳᠤ ᠣᠯᠠᠨ ᠪᠦᠯᠬᠦᠮ᠂ ᠳᠠᠩ ᠤᠷᠤᠯᠳᠤᠭᠠᠨ᠎ᠤ ᠵᠦᠢᠯ ᠪᠠ ᠰᠦᠯᠵᠢᠶᠡᠨ ᠳᠡᠭᠡᠷᠡᠬᠢ ᠤᠷᠤᠯᠳᠤᠭᠠᠨ᠎ᠤ ᠵᠦᠢᠯ ᠲᠣᠬᠢᠷᠠᠭᠤᠯᠵᠤ᠂ ᠤᠷᠤᠯᠳᠤᠭᠠᠨ᠎ᠳᠤ ᠣᠷᠣᠯᠴᠠᠭ᠍ᠰᠠᠳ᠎ᠤᠨ ᠨᠠᠰᠤ ᠵᠢᠯ᠎ᠦᠨ ᠠᠯᠭᠠᠰᠠᠯ ᠨᠢ ᠶᠡᠬᠡ᠂ ᠠᠬᠠᠮᠠᠳ ᠢᠳᠡᠷ ᠵᠠᠯᠠᠭᠤ ᠭᠤᠷᠪᠠᠨ ᠦᠶ᠎ᠡ᠎ᠪᠡᠷ᠎ᠢᠶᠡᠨ ᠨᠢᠭᠡ ᠲᠠᠯᠠᠪᠤᠷ᠎ᠲᠤ ᠤᠷᠤᠯᠳᠤᠪᠠ᠃ ᠪᠠᠶᠠᠨᠨᠠᠭᠤᠷ ᠬᠣᠲᠠ ᠣᠢᠷ᠎ᠠ᠎ᠶ᠋ᠢᠨ ᠵᠢᠯ᠎ᠳᠦ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠦᠷᠢᠶᠡᠨ᠎ᠳᠦ ᠢᠯᠡᠳᠲᠡ ᠦᠷ᠎ᠡ ᠪᠦᠲᠦᠮᠵᠢ ᠣᠯᠵᠤ᠂ ᠤᠷᠤᠯᠳᠤᠭᠠᠨ ᠡᠷᠭᠢᠯᠡᠬᠦ᠌᠂ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ ᠬᠠᠩᠭᠠᠬᠤ᠂ ᠪᠡᠶ᠎ᠡ᠎ᠶ᠋ᠢᠨ ᠲᠠᠮᠢᠷ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠢᠭᠡᠳ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠣᠷᠣᠨ ᠨᠤᠲᠤᠭ᠎ᠤᠨ ᠣᠨᠴᠠᠯᠢᠭ᠎ᠪᠦᠬᠦᠢ ᠨᠠᠷᠠᠲᠤ ᠲᠥᠷᠥᠯ ᠲᠡᠮᠳᠡᠭ᠌ᠲᠦ ᠤᠷᠤᠯᠳᠤᠭᠠᠨ᠎ᠢ ᠪᠣᠶ ᠪᠣᠯᠭᠠᠵᠤ᠂ ᠣᠷᠣᠨ ᠨᠤᠲᠤᠭ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
ᠤᠨᠴᠠᠯᠢᠬ᠍ᠳᠤ ᠴᠤᠭ᠍ᠯᠠᠭᠠᠨ ᠠᠭᠤᠰᠤᠯᠴᠠᠨ ᠬᠦᠭᠵᠢᠪᠡ
9 ᠰᠠᠷ᠎ᠠ᠎ᠶ᠋ᠢᠨ 20 ᠤ᠋ ᠡᠳᠦᠷ᠂ ᠣᠷᠳᠣᠰ ᠬᠣᠲᠠ᠎ᠶ᠋ᠢᠨ ᠵᠢᠷᠭᠤᠳᠤᠭᠠᠷ ᠬᠤᠭᠤᠴᠠᠭᠠᠨ᠎ᠤ ᠮᠠᠯᠴᠢᠨ ᠲᠠᠷᠢᠶᠠᠴᠢᠨ᠎ᠤ ᠪᠡᠶ᠎ᠡ ᠴᠢᠭᠢᠷᠠᠭ᠍ᠵᠢᠭᠤᠯᠬᠤ ᠲᠠᠮᠢᠷ᠎ᠤᠨ ᠴᠤᠭ᠍ᠯᠠᠭᠠᠨ ᠵᠡᠭᠦᠨᠭᠠᠷ ᠬᠣᠱᠢᠭᠤᠨ᠎ᠤ ᠳ᠋ᠠ ᠯᠦ᠍ ᠱᠢᠨ᠎ᠡ ᠲᠣᠭᠣᠷᠢᠭ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠡᠬᠢᠯᠡᠪᠡ᠃ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ ᠨᠢ ᠤᠯᠠᠮᠵᠢᠯᠠᠯᠲᠤ ᠦᠨᠳᠦᠰᠦᠲᠡᠨ᠎ᠦ ᠪᠡᠶ᠎ᠡ᠎ᠶ᠋ᠢᠨ ᠲᠠᠮᠢᠷ᠂ ᠲᠠᠷᠢᠶᠠᠯᠠᠬᠤ ᠰᠣᠶᠣᠯ᠎ᠤᠨ ᠤᠬᠢ ᠱᠦᠯᠳᠦ ᠪᠣᠯᠤᠨ ᠤᠳᠤ ᠦᠶ᠎ᠡ᠎ᠶ᠋ᠢᠨ ᠳᠤᠷ᠎ᠠ ᠰᠣᠨᠢᠷᠬᠠᠯᠲᠦ ᠤᠷᠤᠯᠳᠤᠭᠠᠨ᠎ᠢ ᠠᠭᠤᠰᠤᠯᠴᠠᠭᠤᠯᠵᠤ᠂ ᠪᠦᠬᠡ ᠪᠠᠷᠢᠯᠳᠤᠬᠤ᠂ ᠪᠠᠶᠠᠰᠭᠤᠯᠠᠩᠲᠤ ᠤᠷᠤᠭ᠍ᠰᠢᠯᠠᠯᠲᠠ ᠵᠡᠷᠭᠡ 10 ᠭᠠᠷᠤᠢ ᠤᠨᠴᠠᠯᠢᠬ᠍ᠳᠤ ᠲᠦᠷᠦᠯ ᠵᠦᠢᠯ᠎ᠢ ᠪᠠᠢᠭᠤᠯᠵᠤ᠂ 350 ᠮᠠᠯᠴᠢᠨ ᠲᠠᠷᠢᠶᠠᠴᠢᠨ᠎ᠳᠤ ᠳᠡᠯᠭᠡᠨ ᠦᠵᠡᠭᠦᠯᠬᠦ᠌ ᠲᠠᠪᠴᠠᠩ ᠬᠠᠩᠭᠠᠵᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠵᠤ᠂ ᠲᠠᠷᠢᠶᠠᠯᠠᠬᠤ ᠰᠣᠶᠣᠯ᠎ᠤᠨ ᠪᠣᠯᠪᠠᠰᠤᠨ᠎ᠢ ᠪᠠᠳᠠᠷᠠᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠃ ᠵᠡᠭᠦᠨᠭᠠᠷ ᠬᠣᠱᠢᠭᠤᠨ᠎ᠤ ᠲᠥᠯᠥᠭᠡᠯᠡᠭ᠌ᠴᠢᠳ᠎ᠦᠨ ᠠᠩᠭᠢ᠎ᠶ᠋ᠢᠨ ᠭᠡᠱᠢᠭᠦᠨ ᠮᠠ ᠱᠢᠨ ᠶᠤᠸᠠᠢ᠄ 《ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠵᠦᠶ᠋ᠯᠡᠰ ᠨᠢ ᠤᠷᠤᠯᠳᠤᠭᠠᠨ᠎ᠤ ᠴᠢᠨᠠᠷ᠂ ᠰᠣᠨᠢᠷᠬᠠᠯᠲᠤ ᠴᠢᠨᠠᠷ ᠪᠠ ᠣᠷᠣᠯᠴᠠᠬᠤ ᠴᠢᠨᠠᠷ᠎ᠢ ᠬᠠᠮᠲᠤᠳᠤᠨᠢ ᠬᠠᠷᠠᠭᠠᠯᠵᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠣᠭᠣᠷᠣᠨᠳᠣᠬᠢ ᠬᠠᠢᠷ᠎ᠠ ᠰᠡᠳᠭᠢᠯᠭᠡ᠎ᠶ᠋ᠢ ᠣᠢᠷᠠᠲᠤᠭᠤᠯᠪᠠ》 ᠬᠡᠪᠡ᠃

ᠬᠥᠯᠥᠨ ᠪᠣᠢᠷ ᠬᠣᠲᠠ 《ᠪᠡᠶ᠎ᠡ ᠴᠢᠭᠢᠷᠠᠭ᠍ᠵᠢᠭᠤᠯᠬᠤ 〈ᠳᠤᠷ᠎ᠠ ᠰᠣᠨᠢᠷᠬᠠᠯ〉 ᠵᠢᠡᠷ ᠱᠢᠨ᠎ᠡ 〈ᠡᠷᠡᠭᠦᠯ〉 ᠠᠮᠢᠳᠤᠷᠠᠯ᠎ᠢ ᠪᠡᠶᠡᠴᠢᠯᠡᠨ ᠣᠢᠯᠠᠭᠠᠬᠤ》 2025 ᠣᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠡᠳᠦᠷ᠎ᠦᠨ ᠭᠤᠤᠯ ᠰᠡᠳᠦᠪᠲᠦ ᠳᠡᠯᠭᠡᠨ ᠦᠵᠡᠭᠦᠯᠵᠦ᠍ ᠪᠡᠶᠡᠴᠢᠯᠡᠨ ᠣᠢᠯᠠᠭᠠᠬᠤ ᠠᠵᠢᠯᠯᠠᠭ᠎ᠠ᠎ᠶ᠋ᠢ ᠡᠷᠭᠢᠯᠡᠵᠦ᠍᠂ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢᠨ ᠤᠬᠠᠭᠤᠯᠭ᠎ᠠ᠎ᠶ᠋ᠢᠨ ᠲᠣᠭᠣᠷᠢᠭ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠮᠡᠳᠡᠯᠭᠡ᠎ᠵᠢ ᠲᠦᠭᠡᠮᠡᠯᠵᠢᠭᠦᠯᠬᠦ᠌ ᠦᠵᠡᠭᠦᠯᠭᠡ᠎ᠶ᠋ᠢᠨ ᠰᠠᠮᠪᠠᠷ᠎ᠠ ᠪᠠ ᠪᠡᠶᠡᠴᠢᠯᠡᠨ ᠣᠢᠯᠠᠭᠠᠬᠤ ᠲᠥᠷᠥᠯ ᠵᠦᠶ᠋ᠯ ᠵᠢᠴᠢ ᠰᠣᠨᠢᠷᠬᠠᠯᠲᠤ ᠲᠥᠷᠥᠯ ᠵᠦᠶ᠋ᠯ᠎ᠢ ᠲᠣᠬᠢᠷᠠᠭᠤᠯᠪᠠ᠃ ᠬᠠᠢᠯᠠᠷ ᠲᠣᠭᠣᠷᠢᠭ᠎ᠤᠨ ᠠᠵᠢᠯ᠎ᠤᠨ ᠴᠢᠯᠥᠭᠡᠨ᠎ᠦ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ ᠵᠢᠨ ᠬᠢᠨ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠂ ᠬᠡᠦᠬᠡᠳ ᠵᠠᠯᠠᠭᠤᠴᠤᠳ ᠪᠠᠭᠠᠴᠤᠳ᠎ᠲᠤ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠢᠯᠣᠭᠣᠳᠣᠯᠭ᠎ᠠ ᠬᠠᠩᠭᠠᠪᠠ᠃
8 ᠰᠠᠷ᠎ᠠ᠎ᠶ᠋ᠢᠨ 8 ᠤ᠋ ᠡᠳᠦᠷ᠂ ᠲᠦᠩᠯᠢᠶᠣᠤ ᠬᠣᠲᠠ᠎ᠶ᠋ᠢᠨ ᠨᠠᠶ᠋ᠮᠠᠳᠤᠭᠠᠷ ᠬᠤᠭᠤᠴᠠᠭᠠᠨ᠎ᠤ ᠬᠣᠷᠴᠢᠨ᠎ᠤ ᠪᠡᠶ᠎ᠡ᠎ᠶ᠋ᠢᠨ ᠲᠠᠮᠢᠷ᠎ᠤᠨ ᠴᠤᠭᠯᠠᠭᠠᠨ᠎ᠤ ᠵᠡᠮᠳᠡᠭ᠌ᠴᠤᠳ᠎ᠤᠨ ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠶᠠᠪᠤᠭ᠍ᠳᠠᠵᠤ᠂ 150 ᠭᠠᠷᠤᠶ ᠬᠥᠮᠦᠨ ᠣᠷᠣᠯᠴᠠᠵᠠᠶ᠃ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠨᠢ ᠵᠡᠮᠳᠡᠭ ᠬᠦᠮᠦᠰ ᠪᠠ ᠡᠷᠡᠭᠦᠯ ᠬᠦᠮᠦᠰ ᠢ᠋ ᠬᠣᠯᠢᠯᠳᠤᠭᠤᠯᠤᠨ ᠲᠤᠭᠤᠢᠯᠠᠩ ᠪᠠᠢᠭᠤᠯᠬᠤ ᠵᠠᠭ᠍ᠪᠤᠷ᠎ᠢ ᠬᠡᠷᠡᠭ᠌ᠯᠡᠨ᠂ ᠰᠣᠨᠢᠷᠬᠠᠯᠲᠠᠶ ᠤᠷᠤᠯᠳᠤᠭᠠᠨ ᠨᠤᠭᠤᠳ᠎ᠢ ᠳᠣᠭᠢᠷᠠᠭᠤᠯᠵᠤ᠂ ᠨᠠᠩ ᠣᠯᠠᠨ ᠵᠡᠮᠳᠡᠭ᠌ ᠬᠦᠮᠦᠰ᠎ᠦᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ᠂ 《ᠡᠷᠬᠡ ᠲᠡᠭ᠌ᠰᠢ ᠠᠭᠤᠰᠤᠯᠴᠠᠬᠤ ᠬᠠᠮᠲᠤ᠎ᠪᠠᠷ ᠡᠳ᠋ᠯᠡᠬᠦ᠌》 ᠤᠢᠯᠠᠭᠠᠬᠳᠠᠬᠤᠨ᠎ᠢ ᠨᠡᠩ ᠰᠠᠢᠲᠤᠷ ᠲᠣᠳᠣᠷᠬᠠᠢᠯᠠᠪᠠ᠃ ᠤᠷᠤᠯᠳᠤᠭᠠᠨ᠎ᠤ ᠲᠥᠷᠥᠯ ᠵᠦᠶ᠋ᠯ᠎ᠨᠢ ᠰᠣᠨᠢᠷᠬᠠᠯᠲᠤ ᠴᠢᠨᠠᠷ᠂ ᠵᠤᠭ᠎ᠠ ᠴᠡᠩᠭᠡᠯ᠎ᠦᠨ ᠴᠢᠨᠠᠷ᠂ ᠬᠠᠮᠵᠢᠯᠴᠠᠬᠤ ᠴᠢᠨᠠᠷ ᠪᠠ ᠥᠷᠢᠰᠦᠯᠳᠦᠬᠦ᠌ ᠴᠢᠨᠠᠷ᠎ᠢ ᠨᠢᠭᠡ ᠴᠣᠭ᠍ᠴᠠᠵᠢᠭᠤᠯᠵᠤ᠂ ᠵᠡᠮᠳᠡᠭ᠌ ᠬᠦᠮᠦᠰ ᠪᠣᠯᠤᠨ ᠵᠡᠮᠳᠡᠭ᠌ᠴᠦᠳ᠎ᠦᠨ ᠠᠵᠢᠯ᠎ᠤᠨ ᠠᠵᠢᠯᠲᠠᠨ ᠠᠵᠢᠯᠴᠢᠨ᠎ᠤ ᠪᠦᠯᠬᠦᠮᠳᠡᠨ ᠲᠡᠮᠡᠴᠡᠵᠦ᠍᠂ ᠡᠷᠡᠯᠬᠡᠭ᠌ᠯᠡᠨ ᠲᠡᠮᠡᠴᠡᠵᠦ᠍᠂ ᠢᠳᠡᠪᠬᠢᠲᠡᠶ᠎ᠪᠡᠷ ᠥᠭᠡᠳᠡᠯᠡᠨ ᠳᠠᠪᠱᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠦ᠍᠂ ᠵᠡᠮᠳᠡᠭ᠌ᠴᠦᠳ᠎ᠦᠨ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃
ᠦᠶ᠋ᠯᠡᠴᠢᠯᠡᠭᠡᠨ᠎ᠦ ᠱᠢᠰᠲ᠋ᠧᠮ ᠳᠡᠭᠦᠯᠳᠡᠷᠵᠢᠪᠡ
ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ 5 ᠵᠢᠯ᠎ᠦᠨ ᠲᠤᠷᠰᠢ᠂ ᠥᠪᠥᠷ ᠮᠣᠩᠭᠣᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ ᠨᠠᠩ ᠲᠡᠭᠦᠯᠳᠡᠷᠵᠢᠪᠡ᠃ ᠪᠥᠬᠥ᠌ ᠣᠷᠣᠨ᠎ᠤ ᠭᠤᠷᠪᠠᠨ ᠱᠠᠲᠤᠨ᠎ᠤ ᠣᠯᠠᠨ ᠨᠡᠢᠲᠡ᠎ᠶ᠋ᠢᠨ ᠪᠡᠶ᠎ᠡ ᠴᠢᠭᠢᠷᠠᠭ᠍ᠵᠢᠭᠤᠯᠬᠤ ᠲᠦᠬᠦᠭᠡᠷᠦᠮᠵᠢ ᠪᠠ ᠨᠡᠢᠭᠡᠮ ᠲᠣᠭᠣᠷᠢᠭ᠎ᠤᠨ 《15 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》᠂ ᠬᠣᠱᠢᠭᠤ ᠱᠢᠶᠠᠨ᠎ᠤ ᠱᠠᠲᠤᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ᠂ 11 ᠬᠥᠮᠦᠨ᠎ᠦ ᠳᠦᠷᠢᠮᠲᠦ ᠬᠥᠯ ᠪᠥᠮᠪᠥᠭᠡ᠎ᠶ᠋ᠢᠨ ᠲᠠᠯᠠᠪᠠᠢ᠂ 5 ᠬᠥᠮᠦᠨ᠎ᠦ ᠳᠦᠷᠢᠮᠲᠦ ᠬᠥᠯ ᠪᠥᠮᠪᠥᠭᠡ᠎ᠶ᠋ᠢᠨ ᠲᠠᠯᠠᠪᠠᠢ᠎ᠶ᠋ᠢ ᠪᠦᠷᠢᠨ ᠪᠦᠷᠬᠦᠭᠦᠯᠬᠦ᠌᠎ᠶ᠋ᠢ ᠪᠡᠶᠡᠯᠡᠭᠦᠯᠪᠡ᠃ 5 ᠵᠢᠯ᠎ᠤᠨ ᠲᠤᠷᠰᠢ᠂ ᠵᠢᠯ ᠳᠤᠮᠳᠠᠴᠢ᠎ᠪᠠᠷ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠎ᠢ 2000 ᠭᠠᠷᠤᠶ ᠤᠳᠠᠭ᠎ᠠ ᠥᠷᠨᠢᠭᠦᠯᠵᠦ᠍᠂ ᠵᠢᠯ ᠳᠤᠮᠳᠠᠴᠢ᠎ᠪᠠᠷ 500 ᠲᠦᠮᠡ ᠭᠠᠷᠤᠶ ᠬᠥᠮᠦᠨ ᠤᠳᠠᠭ᠎ᠠ᠎ᠶ᠋ᠢ ᠳᠠᠢᠴᠢᠯᠠᠨ ᠣᠷᠣᠯᠴᠠᠭᠤᠯᠪᠠ᠃ 《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠴᠠᠭᠠᠨ ᠰᠠᠷ᠎ᠠ ᠵᠢᠨ ᠵᠣᠯᠭᠠᠯᠲᠠ》᠂ 《ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠡᠳᠦᠷ》᠂ 《ᠣᠯᠠᠨ ᠲᠦᠮᠡᠨᠴᠢ ᠮᠥᠰᠥ᠍ ᠴᠠᠰᠤᠨ᠎ᠤ ᠤᠯᠠᠷᠢᠯ》 ᠵᠡᠷᠭᠡ ᠭᠤᠤᠯ ᠰᠡᠳᠦᠪᠲᠦ ᠵᠢᠱ᠌ᠢᠶ᠎ᠡ ᠦᠵᠡᠭᠦᠯᠬᠦ᠌ ᠠᠵᠢᠯᠯᠠᠭ᠎ᠠ ᠭᠣᠢᠳᠠ ᠰᠠᠢᠬᠠᠨ ᠶᠠᠪᠤᠭ᠍ᠳᠠᠪᠠ;ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠨᠢ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ᠎ᠶ᠋ᠢᠨ ᠦᠨᠳᠦᠰᠦᠨ ᠱᠠᠲᠤᠨ᠎ᠳᠤ ᠭᠦᠨᠵᠡᠭᠡᠢᠷᠡᠬᠦ᠌᠎ᠶ᠋ᠢ ᠦᠷᠭᠦᠯᠵᠢᠯᠡᠨ ᠬᠥᠲᠥᠯᠥᠨ ᠵᠢᠯᠣᠭᠣᠳᠪᠠ; 《ᠥᠪᠥᠷ ᠮᠣᠩᠭᠣᠯ᠎ᠤᠨ ᠲᠠᠯ᠎ᠠ ᠨᠤᠲᠤᠭ᠎ᠤᠨ ᠵᠤᠭ᠎ᠠ ᠰᠡᠯᠡᠭᠦᠴᠡᠯ᠎ᠤᠨ ᠪᠡᠶ᠎ᠡ᠎ᠶ᠋ᠢᠨ ᠲᠠᠮᠢᠷ᠎ᠤᠨ ᠴᠤᠭᠯᠠᠭᠠᠨ》 ᠵᠡᠷᠭᠡ ᠨᠠᠷᠠᠲᠤ ᠲᠥᠷᠥᠯ ᠲᠡᠮᠳᠡᠭ᠌ᠲᠦ ᠤᠷᠤᠯᠳᠤᠭᠠᠨ᠎ᠤ ᠠᠵᠢᠯᠯᠠᠭ᠎ᠠ᠎ᠶ᠋ᠢᠨ ᠵᠢᠭ᠍ᠰᠠᠭᠠᠯ᠎ᠢ ᠪᠦᠷᠢᠯᠳᠦᠭᠦᠯᠵᠦ᠍᠂ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠪᠠ᠃

ᠪᠠᠶᠠᠯᠢᠭ ᠰᠠᠢᠬᠠᠨ ᠤᠷᠤᠯᠳᠤᠭᠠᠨ᠎ᠤ ᠠᠵᠢᠯᠯᠠᠭ᠎ᠠ ᠨᠤᠭᠤᠳ᠎ᠨᠢ ᠪᠦᠬᠦ ᠠᠷᠠᠳ᠎ᠤᠨ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠬᠤ ᠬᠦᠴᠦᠷᠬᠡᠭ ᠶᠡᠬᠡ ᠣᠶᠤᠨ ᠰᠠᠨᠠᠭᠠᠨ᠎ᠤ ᠲᠦᠷᠰᠦ ᠪᠠᠢᠳᠠᠯ᠎ᠢ ᠱᠤᠭᠤᠵᠤ᠂ ᠥᠪᠥᠷ ᠮᠣᠩᠭᠣᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ ᠬᠢᠭᠡᠳ ᠪᠥᠬᠥ᠌ ᠠᠷᠠᠳ᠎ᠤᠨ ᠡᠷᠡᠭᠦᠯ ᠮᠡᠨᠳᠦ ᠵᠢᠨ ᠬᠦᠨᠵᠡᠭᠡᠢ ᠠᠭᠤᠰᠤᠯᠴᠠᠯ᠎ᠢ ᠢᠯᠡᠷᠡᠬᠦᠯᠪᠡ᠃
(ᠬᠡᠷᠡᠯ ᠵᠢᠷᠤᠭ᠎ᠤᠳ᠎ᠢ ᠰᠦᠯᠵᠢᠶ᠎ᠠ ᠡᠴᠨ ᠠᠪᠤᠪᠠ)