ᠥᠪᠥᠷ ᠮᠣᠩᠭᠣᠯ᠎ᠤᠨ ᠨᠠᠰᠤᠲᠠᠢᠴᠤᠳ᠎ᠤᠨ ᠪᠡᠶ᠎ᠡ᠎ᠶ᠋ᠢᠨ ᠲᠠᠮᠢᠷ᠎ᠤᠨ ᠨᠡᠢᠭᠡᠮᠯᠢᠭ ᠣᠯᠠᠨ ᠤᠯᠤᠰ᠎ᠤᠨ ᠤᠷᠢᠯᠭ᠎ᠠ᠎ᠶ᠋ᠢᠨ ᠤᠷᠤᠯᠳᠤᠭᠠᠨ᠎ᠳᠤ ᠰᠢᠯᠢᠳᠡᠭ ᠬᠢᠷᠢ ᠪᠦᠲᠦᠮᠵᠢ ᠤᠯᠪᠠ
2025-10-20 11:19:19
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 10 ᠰᠠᠷ᠎ᠠ᠎ᠶ᠋ᠢᠨ 2 ᠎ᠤ᠋ᠨ ᠡᠳᠦᠷ᠎ᠡᠴᠡ 3 ᠎ᠤ᠋ ᠡᠳᠦᠷ ᠪᠣᠯᠲᠠᠯ᠎ᠠ ᠥᠪᠥᠷ ᠮᠣᠩᠭᠣᠯ᠎ᠤᠨ ᠨᠠᠰᠤᠲᠠᠢᠴᠤᠳ᠎ᠤᠨ ᠪᠡᠶ᠎ᠡ᠎ᠶ᠋ᠢᠨ ᠲᠠᠮᠢᠷ᠎ᠤᠨ ᠨᠡᠢᠭᠡᠮᠯᠢᠭ ᠮᠣᠩᠭᠣᠯ ᠤᠯᠤᠰ᠎ᠤᠨ ᠤᠷᠢᠯᠭ᠎ᠠ᠎ᠪᠠᠷ ᠮᠣᠩᠭᠣᠯ ᠤᠯᠤᠰ᠎ᠤᠨ ᠨᠡᠢᠰᠯᠡᠯ ᠤᠯᠠᠭᠠᠨᠪᠠᠭᠠᠲᠤᠷ᠎ᠲᠤ ᠶᠠᠪᠤᠭ᠍ᠳᠠᠭᠰᠠᠨ ᠠᠩᠬᠠᠳᠤᠭᠠᠷ ᠬᠤᠭᠤᠴᠠᠭᠠᠨ᠎ᠤ ᠣᠯᠠᠨ ᠤᠯᠤᠰ᠎ᠤᠨ ᠵᠥᠭᠡᠯᠡᠨ ᠠᠯᠠᠭᠠᠳᠠᠬᠤ ᠪᠥᠮᠪᠥᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ᠎ᠳᠤ ᠣᠷᠣᠯᠴᠠᠪᠠ᠃ ᠲᠤᠰ ᠤᠳᠠᠭᠠᠨ᠎ᠤ ᠤᠷᠤᠯᠳᠤᠭᠠᠨ᠎ᠳᠤ ᠨᠡᠢᠲᠡ 6 ᠳᠤᠭᠤᠢᠯᠠᠩ ᠲᠣᠬᠢᠷᠠᠭᠤᠯᠵᠤ᠂ ᠳᠤᠮᠳᠠᠳᠤ ᠤᠯᠤᠰ᠎ᠤᠨ ᠥᠪᠥᠷ ᠮᠣᠩᠭᠣᠯ᠂ ᠣᠷᠣᠰ᠂ ᠮᠣᠩᠭᠣᠯ ᠤᠯᠤᠰ᠎ᠠᠴᠠ ᠢᠷᠡᠭ᠌ᠰᠡᠨ 70 ᠭᠠᠷᠤᠶ ᠡᠩᠨᠡᠭᠡ᠎ᠶᠢᠨ 600 ᠲᠠᠮᠢᠷᠴᠢᠨ ᠤᠷᠤᠯᠴᠠᠪᠠ᠃

ᠥᠪᠥᠷ ᠮᠣᠩᠭᠣᠯ᠎ᠤᠨ ᠨᠠᠰᠤᠲᠠᠢᠴᠤᠳ᠎ᠤᠨ ᠵᠥᠭᠡᠯᠡᠨ ᠠᠯᠠᠭᠠᠳᠠᠬᠤ ᠪᠥᠮᠪᠥᠭᠡ᠎ᠶ᠋ᠢᠨ ᠲᠥᠯᠥᠭᠡᠯᠡᠭ᠌ᠴᠢᠳ᠎ᠦᠨ ᠪᠦᠯᠬᠦᠮ C ᠳᠤᠭᠤᠢᠯᠠᠩ (ᠡᠷᠡᠭ᠌ᠲᠡᠶ᠎ᠶ᠋ᠢᠨ 55 — 59 ᠨᠠᠰᠤ᠂ ᠡᠮᠡᠭ᠌ᠲᠡᠶ᠎ᠶ᠋ᠢᠨ 50 — 54 ᠨᠠᠰᠤ )᠂ D ᠳᠤᠭᠤᠢᠯᠠᠩ (ᠡᠷᠡᠭ᠌ᠲᠡᠶ᠎ᠶ᠋ᠢᠨ 60 — 64 ᠨᠠᠰᠤ᠂ ᠡᠮᠡᠭ᠌ᠲᠡᠶ᠎ᠶ᠋ᠢᠨ 55 — 59 ᠨᠠᠰᠤ) ᠪᠠ E ᠳᠤᠭᠤᠢᠯᠠᠩ (ᠡᠷᠡᠭ᠌ᠲᠡᠶ᠎ᠶ᠋ᠢᠨ 65 — 69 ᠨᠠᠰᠤ᠂ ᠡᠮᠡᠭ᠌ᠲᠡᠶ᠎ᠶ᠋ᠢᠨ 60 — 64 ᠨᠠᠰᠤ) ᠭᠤᠷᠪᠠᠨ ᠳᠤᠭᠤᠢᠯᠠᠩ᠎ᠤᠨ ᠤᠷᠤᠯᠳᠤᠭᠠᠨ᠎ᠳᠤ ᠣᠷᠣᠯᠴᠠᠪᠠ᠃ ᠬᠤᠷᠴᠠ ᠰᠢᠷᠦᠭᠦᠨ ᠦᠷᠢᠰᠦᠯᠳᠦᠭᠡᠨ᠎ᠶ᠋ᠢᠡᠷ ᠳᠠᠮᠵᠢᠨ ᠥᠪᠥᠷ ᠮᠣᠩᠭᠣᠯ᠎ᠤᠨ ᠨᠠᠰᠤᠲᠠᠢᠴᠤᠳ᠎ᠤᠨ ᠵᠥᠭᠡᠯᠡᠨ ᠠᠯᠠᠭᠠᠳᠠᠬᠤ ᠪᠥᠮᠪᠥᠭᠡ᠎ᠶ᠋ᠢᠨ ᠲᠥᠯᠥᠭᠡᠯᠡᠭ᠌ᠴᠢᠳ᠎ᠦᠨ ᠪᠦᠯᠬᠦᠮ C ᠳᠤᠭᠤᠢᠯᠠᠩ᠂ E ᠳᠤᠭᠤᠢᠯᠠᠩ᠎ᠤᠨ ᠮᠠᠩᠯᠠᠶ᠎ᠳᠦ ᠲᠤᠳᠤᠷᠠᠵᠦ᠂ D ᠳᠤᠭᠤᠢᠯᠠᠩ᠎ᠤᠨ ᠳᠥᠷᠪᠡᠳᠦᠭᠡᠷ᠎ᠲᠦ ᠣᠷᠣᠪᠠ᠃ ᠤᠷᠤᠯᠳᠤᠭᠠᠨ᠎ᠤ ᠳᠠᠷᠠᠭ᠎ᠠ ᠭᠤᠷᠪᠠᠨ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠤᠳᠤᠷᠢᠳᠤᠯᠭ᠎ᠠ 2026 ᠣᠨ᠎ᠤ ᠳᠣᠯᠣᠳᠤᠭᠠᠷ ᠬᠤᠭᠤᠴᠠᠭᠠᠨ᠎ᠤ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠨᠠᠰᠤᠲᠠᠢᠴᠤᠳ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠬᠠᠮᠢᠶ᠎ᠠ ᠪᠥᠬᠥᠶ ᠶᠠᠪᠤᠳᠠᠯ᠎ᠤᠨ ᠲᠤᠬᠠᠶ ᠵᠥᠪᠳᠡᠯᠴᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号