ᠱᠢᠳᠠᠮ ᠪᠥᠮᠪᠥᠭᠡ ᠵᠢᠨ ᠬᠤᠯᠪᠤᠭᠠᠲᠤ ᠤᠷᠤᠯᠳᠤᠭᠠᠨ᠎ᠤ ᠤᠯᠠᠭᠠᠨᠴᠠᠪ ᠬᠣᠲᠠ᠎ᠶ᠋ᠢᠨ ᠬᠤᠪᠢᠶᠠᠷᠢ ᠥᠷᠲᠡᠭᠡᠨ᠎ᠦ ᠤᠷᠤᠯᠳᠤᠭᠠᠨ ᠶᠠᠪᠤᠭ᠍ᠳᠠᠪᠠ
2025-10-20 11:22:44
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 12᠎ᠤ᠋ᠨ ᠡᠳᠦᠷ᠂ 2025 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶ᠋ᠢᠨ ᠬᠣᠯᠪᠣᠭᠠᠲᠤ ᠤᠷᠤᠯᠳᠤᠭᠠᠨ᠎ᠤ ᠱᠢᠳᠠᠮ ᠪᠥᠮᠪᠥᠭᠡ ᠵᠢᠨ ᠤᠯᠠᠭᠠᠨᠴᠠᠪ ᠬᠣᠲᠠ᠎ᠶ᠋ᠢᠨ ᠬᠤᠪᠢᠶᠠᠷᠢ ᠥᠷᠲᠡᠭᠡ᠎ᠶ᠋ᠢᠨ ᠤᠷᠤᠯᠳᠤᠭᠠᠨ ᠤᠯᠠᠭᠠᠨᠴᠠᠪ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠬᠥᠷ ᠬᠥᠭ᠌ᠵᠢᠶᠡᠨᠲᠡᠶ ᠡᠬᠢᠯᠡᠪᠡ᠃ ᠪᠦᠬᠦ᠌ ᠬᠣᠲᠠ᠎ᠶ᠋ᠢᠨ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠤᠨ 4 ᠪᠥᠮᠪᠥᠭᠡᠨ ᠠᠩᠭᠢ᠎ᠶ᠋ᠢᠨ 60 ᠭᠠᠷᠤᠶ ᠱᠢᠳᠠᠮ ᠪᠥᠮᠪᠥᠭᠡ᠎ᠶ᠋ᠢᠨ ᠪᠠᠬᠠᠲᠠᠳ ᠤᠷᠤᠯᠳᠤᠭᠠᠨ ᠳ᠋ᠦ ᠤᠷᠤᠯᠴᠠᠪᠠ᠃

《ᠤᠷᠤᠨ ᠵᠢᠡᠨ ᠨᠦᠬᠦᠬᠦ ᠵᠢ ᠠᠩᠬᠠᠷ! ᠭᠦᠶᠦ᠍᠂ ᠬᠤᠷᠳᠤᠨ ᠭᠦᠶᠦ᠍!》ᠤᠷᠤᠯᠳᠤᠭᠠᠨ᠎ᠤ ᠲᠠᠯᠠᠪᠤᠷ᠎ᠲᠤ ᠲᠠᠮᠢᠷᠴᠢᠳ ᠪᠦᠬᠦ᠌ ᠠᠩᠬᠠᠷᠤᠯ᠎ᠢᠶᠠᠨ ᠲᠥᠪᠯᠡᠷᠡᠭᠦᠯᠵᠦ᠍᠂ ᠳᠠᠰᠭᠠᠯᠵᠢᠭᠤᠯᠤᠭ᠍ᠴᠢ ᠪᠦᠬᠦ ᠬᠦᠴᠦᠨ᠎ᠢᠶᠠᠷ ᠵᠢᠯᠣᠭᠣᠳᠴᠤ᠌᠂ ᠪᠥᠮᠪᠥᠭᠡ ᠰᠢᠳᠡᠭᠴᠢ ᠪᠦᠮᠪᠦᠭᠡ ᠪᠡᠨ ᠤᠨᠤᠪᠴᠢᠲᠠᠢ ᠮᠦᠷᠳᠡᠭᠡᠨ ᠬᠦᠴᠦᠲᠡᠢ ᠰᠢᠳᠡᠵᠦ᠂ ᠪᠦᠮᠪᠦᠭᠡᠴᠢᠳ ᠲᠠᠯᠠᠪᠠᠢ ᠳᠡᠭᠡᠷ᠎ᠡ ᠲᠦᠷᠭᠡᠨ ᠱᠢᠯᠵᠢᠨ ᠬᠦᠶᠦᠯᠴᠡᠨ᠎ᠡ᠃ ᠰᠠᠬᠢᠨ ᠬᠠᠮᠠᠭᠠᠯᠠᠬᠤ ᠲᠠᠯ᠎ᠠ᠎ᠶ᠋ᠢᠨ ᠬᠢᠨ ᠴᠦ᠍ ᠰᠡᠳᠭᠢᠯ ᠨᠢᠭᠡᠳᠦᠨ ᠬᠠᠮᠵᠢᠯᠴᠠᠵᠤ᠂ ᠲᠦᠷᠭᠡᠨ ᠭᠡᠳᠡᠷᠭᠦ᠌ ᠳᠠᠭᠠᠷᠢᠵᠤ᠂ ᠡᠰᠡᠷᠭᠦ᠌ ᠡᠲᠡᠭᠡᠳ᠎ᠦᠨ᠎ᠢᠶᠡᠨ ᠳᠠᠭᠠᠷᠢᠯᠲᠠ᠎ᠶ᠋ᠢ ᠪᠢᠲᠡᠭᠦᠮᠵᠢᠯᠡᠬᠦ᠌᠎ᠪᠡᠷ ᠤᠷᠤᠯᠳᠤᠨ᠎ᠠ᠃ ᠤᠳᠠᠭ᠎ᠠ ᠪᠦᠷᠢ᠎ᠶ᠋ᠢᠨ ᠠᠮᠵᠢᠯᠲᠠ᠎ᠲᠠᠶ  ᠪᠦᠮᠪᠦᠭᠡ ᠰᠢᠳᠡᠬᠦ ᠪᠠ ᠰᠡᠷᠭᠡᠢᠯᠡᠯᠲᠡ ᠨᠢ ᠪᠦᠷ ᠦᠵᠡᠭᠴᠢᠳ᠎ᠤᠨ ᠤᠤᠬᠠᠢᠯᠠᠯ᠎ᠢ ᠤᠯᠵᠤ᠂ ᠪᠦᠯᠬᠦᠮ᠎ᠦᠨ ᠬᠠᠮᠲᠤᠷᠠᠨ ᠠᠵᠢᠯᠯᠠᠬᠤ ᠣᠶᠤᠨ ᠤᠬᠠᠭᠠᠨ᠎ᠢ ᠢᠯᠡᠷᠡᠭᠦᠯᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠳᠠᠮ ᠪᠥᠮᠪᠥᠭᠡ᠎ᠶ᠋ᠢᠨ ᠨᠡᠢᠭᠡᠮᠯᠢᠭ᠎ᠦᠨ ᠳᠠᠷᠤᠭ᠎ᠠ ᠱᠢᠤᠢ ᠯᠢ᠄ 《ᠱᠢᠳᠠᠮ ᠪᠥᠮᠪᠥᠭᠡ ᠪᠤᠯ ᠪᠦᠯᠬᠦᠮ ᠨᠡᠢᠲᠡ᠎ᠶ᠋ᠢᠨ ᠬᠠᠮᠵᠢᠯᠴᠠᠭ᠎ᠠ ᠪᠠ ᠠᠷᠭ᠎ᠠ ᠪᠣᠳᠣᠯᠭ᠎ᠠ᠎ᠶ᠋ᠢᠨ ᠷᠢᠳᠢ ᠱᠢᠳᠢ᠎ᠪᠡᠷ ᠪᠢᠯᠬᠠᠭ᠍ᠰᠠᠨ ᠬᠥᠳᠡᠯᠭᠡᠭᠡᠨ᠎ᠪᠤᠯᠤᠨ᠎ᠠ᠃ ᠡᠨᠡ᠎ᠬᠦ ᠬᠦᠳᠡᠯᠭᠡᠭᠡᠨ ᠵᠢᠡᠷ ᠳᠠᠮᠵᠢᠭᠤᠯᠤᠨ ᠬᠣᠲᠠ᠎ᠶ᠋ᠢᠨ ᠠᠷᠠᠳ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠦ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠦ᠍᠂ ᠪᠡᠶ᠎ᠡ᠎ᠶ᠋ᠢᠨ ᠲᠠᠮᠢᠷ ᠪᠠ ᠵᠢᠭᠤᠯᠴᠢᠯᠠᠯ᠎ᠤᠨ ᠠᠭᠤᠰᠤᠯᠴᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠬᠤᠳᠠ ᠵᠢᠨ ᠠᠮᠢᠵᠢᠷᠠᠯ᠎ᠤᠨ ᠬᠦᠴᠦᠨ᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ》 ᠭᠡᠪᠡ᠃

ᠣᠢᠯᠠᠭᠠᠭ᠍ᠰᠠᠨ᠎ᠢᠶᠠᠷ᠂ ᠲᠤᠰ ᠤᠳᠠᠭ᠎ᠠ ᠵᠢᠨ ᠤᠷᠤᠯᠳᠤᠭᠠᠨ᠎ᠳᠤ ᠵᠥᠭᠡᠯᠡᠨ ᠮᠠᠶᠢᠭ᠎ᠤᠨ ᠤᠳᠠᠭᠠᠨ ᠬᠤᠷᠳᠤᠴᠠᠲᠤ ᠰᠢᠳᠠᠮ ᠪᠥᠮᠪᠥᠭᠡ᠎ᠶ᠋ᠢᠨ ᠳᠦᠷᠢᠮ᠎ᠢ ᠴᠢᠩᠭ᠎ᠠ ᠵᠢᠷᠤᠮᠯᠠᠨ᠂ ᠪᠥᠮᠪᠥᠭᠡ ᠱᠢᠳᠡᠬᠦ᠌ ᠥᠨᠳᠥᠷ᠎ᠦᠨ ᠬᠡᠮᠵᠢᠶ᠎ᠡ ᠵᠢ 1.8 — 3.6 ᠮᠧᠲ᠋ᠷ᠎ᠦᠨ ᠬᠣᠭᠣᠷᠣᠨᠳᠣ ᠬᠢᠵᠠᠭᠠᠷᠯᠠᠵᠤ᠂ 5 ᠲᠠᠯᠠᠪᠠᠢ 60 ᠮᠢᠨᠦ᠋ᠲ᠎ᠦᠨ ᠤᠷᠤᠯᠳᠤᠭᠠᠨ ᠶᠠᠪᠤᠭᠤᠯᠵᠠᠢ᠃ ᠬᠤᠪᠢᠶᠠᠷᠢ ᠥᠷᠲᠡᠭᠡᠨ᠎ᠦ ᠤᠷᠤᠯᠳᠤᠭᠠᠨ᠎ᠤ ᠡᠮᠦᠨ᠎ᠡ 2 ᠨᠡᠷᠡᠰ᠎ᠲᠦ ᠣᠷᠣᠭ᠍ᠰᠠᠨ ᠪᠥᠮᠪᠥᠭᠡᠨ ᠠᠩᠭᠢ ᠵᠢᠨ ᠬᠢᠨ ᠶᠡᠷᠦᠩᠬᠡᠶ ᠱᠢᠶ᠋ᠳᠪᠦᠷᠢᠲᠦ ᠤᠷᠤᠯᠳᠤᠭᠠᠨ᠎ᠳᠤ ᠣᠷᠣᠯᠴᠠᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号