ᠥᠪᠥᠷ ᠮᠣᠩᠭᠣᠯ ᠎ᠤᠨ ᠡᠨᠡ ᠲᠥᠷᠥᠯ ᠵᠦᠢᠯ ᠪᠥᠬᠥ ᠤᠯᠤᠰ᠎ᠤᠨ ᠲᠤᠷᠰᠢᠯᠲᠠ ᠵᠢᠨ ᠴᠡᠭ᠎ᠵᠢᠡᠷ ᠰᠤᠩᠭᠤᠬᠳᠠᠪᠠ
2025-10-20 16:23:24
ᠵᠣᠬᠢᠶᠠᠭ᠍ᠴᠢ᠄
ᠭᠣᠸ᠋ ᠬᠣᠶ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ ᠬᠣᠶᠠᠳᠤᠭᠠᠷ ᠪᠦᠯᠦᠭ᠎ᠦᠨ ᠵᠠᠰᠠᠮᠠᠯ ᠵᠠᠮ ᠤᠰᠤᠨ ᠵᠠᠮ᠎ᠤᠨ ᠨᠡᠢᠲᠡᠯᠢᠭ ᠲᠡᠭᠡᠭᠡᠪᠦᠷᠢ ᠪᠠ ᠲᠥᠬᠦᠭᠡᠷᠦᠮᠵᠢ᠎ᠶᠢᠨ ᠨᠡᠭᠦᠷᠡᠰᠦᠲᠥ᠋ᠷᠥᠭᠴᠢ᠎ᠦᠭᠡᠢ ᠲᠤᠷᠰᠢᠯᠲᠠ᠎ᠶᠢᠨ ᠴᠡᠭ (ᠵᠠᠮ ᠬᠠᠷᠢᠯᠴᠠᠭ᠎ᠠ ᠪᠡᠷ ᠤᠯᠤᠰ ᠵᠢᠡᠨ ᠬᠦᠴᠦᠷᠬᠡᠭᠵᠢᠬᠦᠯᠬᠦ ᠲᠤᠰᠬᠠᠢ ᠲᠦᠷᠦᠯ᠎ᠤᠨ ᠲᠤᠷᠰᠢᠯᠲᠠ᠎ᠶᠢᠨ ᠴᠡᠭ)᠎ᠤᠨ ᠲᠥᠷᠥᠯ ᠵᠦᠢᠯ᠎ᠢ ᠨᠡᠢᠲᠡᠯᠡᠵᠦ᠂ ᠥᠪᠥᠷ ᠮᠣᠩᠭᠣᠯ᠎ᠤᠨ 《ᠪᠣᠬᠢᠷᠲᠤᠯ ᠦᠭᠡᠢ ᠨᠡᠭᠦᠷᠡᠰᠦᠨ᠎ᠦ ᠲᠡᠭᠡᠭᠡᠪᠦᠷᠢ᠎ᠶᠢᠨ ᠨᠡᠭᠦᠷᠡᠰᠦᠲᠥ᠋ᠷᠥᠭᠴᠢ ᠦᠭᠡᠢ ᠵᠠᠮ᠎ᠤᠨ ᠲᠤᠷᠰᠢᠯᠲᠠ᠎ᠶᠢᠨ ᠴᠡᠭ᠎ᠤᠨ ᠲᠦᠷᠦᠯ ᠵᠦᠢᠯ》 《ᠨᠡᠭᠦᠷᠡᠰᠦᠲᠥ᠋ᠷᠥᠭᠴᠢ ᠦᠭᠡᠢ ᠵᠠᠮ ᠲᠡᠭᠡᠭᠡᠪᠦᠷᠢ᠎ᠶᠢᠨ ᠱᠤᠭᠤᠮ》᠎ᠤᠨ ᠲᠤᠷᠰᠢᠯᠲᠠ᠎ᠶᠢᠨ ᠴᠡᠭ᠎ᠵᠢᠡᠷ ᠰᠤᠩᠭᠤᠬᠳᠠᠵᠤ᠂ ᠪᠥᠬᠥ ᠤᠯᠤᠰ᠎ᠤᠨ ᠨᠡᠭᠦᠷᠡᠰᠦᠲᠥ᠋ᠷᠥᠭᠴᠢ ᠦᠭᠡᠢ ᠵᠠᠮ ᠲᠡᠭᠡᠭᠡᠪᠦᠷᠢ᠎ᠶᠢᠨ ᠱᠤᠭᠤᠮ ᠎ᠤᠨ 8 ᠲᠤᠷᠰᠢᠯᠲᠠ᠎ᠶᠢᠨ ᠴᠡᠭ᠎ᠤᠨ ᠨᠢᠭᠡ ᠪᠣᠯᠪᠠ ᠃

《ᠪᠣᠬᠢᠷᠲᠤᠯ ᠦᠭᠡᠢ ᠨᠡᠭᠦᠷᠡᠰᠦᠨ᠎ᠦ ᠲᠡᠭᠡᠭᠡᠪᠦᠷᠢ᠎ᠶᠢᠨ ᠨᠡᠭᠦᠷᠡᠰᠦᠲᠥ᠋ᠷᠥᠭᠴᠢ ᠦᠭᠡᠢ ᠵᠠᠮ᠎ᠤᠨ ᠲᠤᠷᠰᠢᠯᠲᠠ᠎ᠶᠢᠨ ᠴᠡᠭ᠎ᠤᠨ ᠲᠥᠷᠥᠯ ᠵᠦᠢᠯ》᠎ᠢ ᠦᠬᠠᠢ ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ ᠪᠣᠯᠣᠨ ᠥᠪᠥᠷ ᠮᠣᠩᠭᠣᠯ᠎ᠤᠨ ᠭᠤᠸᠠᠡᠭ ᠰᠢᠡᠭ ᠣᠶᠤᠨᠴᠢ ᠲᠡᠭᠡᠭᠡᠪᠦᠷᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠠ᠋ᠴᠠ ᠬᠠᠮᠲᠤᠪᠠᠷ ᠬᠡᠷᠡᠭᠵᠢᠭᠦᠯᠦᠨ᠎ᠡ᠃ ᠦᠬᠠᠢ ᠬᠣᠲᠠ᠎ᠶᠢᠨ ᠬᠠᠢᠨᠠᠨ ᠲᠣᠭᠣᠷᠢᠭ᠋᠎ᠤᠨ ᠥᠪᠥᠷ ᠮᠣᠩᠭᠣᠯ᠎ᠤᠨ ᠭᠤᠸᠠᠡᠭ ᠵᠢᠦᠢ ᠰᠢᠨ᠎ᠡ ᠮᠠᠲᠧᠷᠢᠶᠠᠯ᠎ᠤᠨ ᠬᠢᠵᠠᠭᠠᠷᠲᠤ ᠺᠣᠮᠫᠠᠨᠢ ᠠ᠋ᠴᠠ ᠠᠯᠠᠱᠠ ᠠᠢᠮᠠᠭ᠎ᠤᠨ ᠹᠦ ᠴᠢᠦᠸᠠᠨ ᠬᠡᠦᠷᠰᠢᠭᠦᠯᠬᠦ ᠦᠢᠯᠡᠳᠪᠦᠷᠢ᠂ ᠭᠠᠭᠴᠠᠮᠣᠳᠤ ᠪᠣᠭᠣᠮᠲᠠ ᠬᠦᠷᠲᠡᠯ᠎ᠡ ᠬᠣᠶᠠᠷ ᠵᠤᠷᠪᠤᠰ ᠨᠡᠭᠦᠷᠡᠰᠦᠲᠥ᠋ᠷᠥᠭᠴᠢ ᠦᠭᠡᠢ ᠲᠡᠭᠡᠭᠡᠪᠦᠷᠢ᠎ᠶᠢᠨ ᠱᠤᠭᠤᠮ ᠭᠠᠷᠭᠠᠬᠤ᠎ᠪᠠᠷ ᠲᠥᠯᠥᠪᠯᠡᠵᠦ ᠪᠣᠶ᠃ ᠬᠡᠷᠡᠭᠵᠢᠭᠦᠯᠬᠦ ᠬᠤᠭᠤᠴᠠᠭᠠᠨ᠎ᠳᠤ 6 ᠴᠡᠨᠡᠭᠯᠡᠵᠦ ᠰᠣᠯᠢᠬᠤ ᠴᠠᠬᠢᠯᠭᠠᠨ ᠥᠷᠲᠡᠭᠡ᠎ᠶᠢᠨ ᠪᠦᠲᠦᠭᠡᠨ ᠪᠠᠢᠭᠤᠯᠤᠯᠲᠠ᠎ᠶᠢ ᠪᠡᠶᠡᠯᠡᠭᠦᠯᠬᠦ᠎ᠪᠡᠷ ᠲᠥᠯᠥᠪᠯᠡᠵᠦ᠂ 120 ᠭᠠᠷᠤᠢ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠠᠴᠢᠶᠠᠨ᠎ᠤ ᠮᠠᠰᠢᠨ᠎ᠢ ᠣᠷᠣᠭᠤᠯᠤᠨ ᠨᠡᠭᠦᠷᠡᠰᠦᠲᠥ᠋ᠷᠥᠭᠴᠢ ᠦᠭᠡᠢ ᠮᠠᠰᠢᠨ ᠲᠡᠷᠭᠡᠨ᠎ᠦ ᠡᠨᠭᠨᠡᠭᠡ᠎ᠶᠢ ᠵᠣᠬᠢᠶᠠᠨ ᠪᠠᠢᠭᠤᠯᠵᠤ᠂ AI ᠲᠣᠬᠢᠷᠠᠭᠤᠯᠬᠤ ᠰᠢᠰᠲᠧᠮ᠎ᠢ ᠣᠷᠣᠭᠤᠯᠤᠨ ᠠᠪᠴᠢᠷᠠᠬᠤ᠂ ᠪᠠᠷᠠᠭᠠᠨ᠎ᠤ ᠲᠣᠬᠢᠷᠠᠭᠤᠯᠤᠯᠲᠠ ᠪᠠ ᠲᠡᠷᠭᠡ ᠬᠥᠰᠬᠡ᠎ᠶᠢᠨ ᠬᠠᠮᠢᠶᠠᠷᠤᠯᠲᠠ᠎ᠶᠢ ᠰᠢᠯᠢᠳᠡᠭᠵᠢᠭᠦᠯᠬᠦ᠂ ᠬᠠᠮᠵᠢᠯᠴᠠᠨ ᠠᠬᠢᠭᠤᠯᠬᠤ᠎ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠵᠠᠰᠠᠮᠠᠯ ᠵᠠᠮ᠎ᠤᠨ ᠨᠡᠢᠲᠡᠯᠢᠭ ᠲᠡᠭᠡᠭᠡᠪᠦᠷᠢ ᠪᠠ ᠲᠦᠬᠦᠭᠡᠷᠤᠮᠵᠢ᠎ᠶᠢᠨ ᠨᠡᠭᠦᠷᠡᠰᠦᠲᠥ᠋ᠷᠥᠭᠴᠢ ᠦᠭᠡᠢ ᠭᠠᠳᠠᠭᠰᠢᠯᠠᠭᠤᠯᠤᠯᠳᠠ ᠵᠢᠨ ᠬᠠᠷᠠᠯᠲᠠ᠎ᠶᠢ ᠪᠡᠶᠡᠯᠡᠭᠦᠯᠦᠨ᠎ᠡ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠬᠡᠷᠡᠭᠵᠢᠭᠦᠯᠬᠦ ᠨᠢᠭᠡᠴᠢ ᠯᠦ᠍ᠭᠡ ᠎ᠶᠢᠨ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭᠠᠳᠬᠠᠵᠤ᠂ ᠲᠥᠷᠥᠯ ᠵᠦᠢᠯ᠎ᠦᠨ ᠤᠷᠤᠭᠰᠢᠲᠠᠢ ᠬᠡᠷᠡᠭᠵᠢᠭᠦᠯᠦᠭᠳᠡᠬᠦ᠎ᠳᠦ ᠬᠦᠴᠦᠲᠡᠢ ᠪᠠᠲᠤᠯᠠᠭ᠎ᠠ ᠬᠠᠩᠭᠠᠨ᠎ᠠ᠃ ᠡᠭᠦᠨ᠎ᠦ ᠬᠠᠮᠲᠤ᠂ ᠲᠥᠷᠥᠯ ᠵᠦᠢᠯ᠎ᠢ ᠬᠡᠷᠡᠭᠵᠢᠭᠦᠯᠬᠦ ᠶᠠᠪᠤᠴᠠ᠎ᠳᠠᠬᠢ ᠲᠤᠷᠰᠢᠯᠭ᠎ᠠ ᠠᠷᠭ᠎ᠠ ᠬᠢᠳᠠᠯ᠎ᠢ ᠢᠳᠡᠪᠬᠢᠲᠡᠢ ᠳ᠋ᠦᠩᠨᠡᠵᠦ᠂ ᠪᠥᠬᠥ ᠤᠯᠤᠰ᠎ᠤᠨ ᠵᠠᠰᠠᠮᠠᠯ ᠵᠠᠮ ᠤᠰᠤᠨ ᠵᠠᠮ᠎ᠤᠨ ᠨᠡᠢᠲᠡᠯᠢᠭ ᠲᠡᠭᠡᠭᠡᠪᠦᠷᠢ ᠪᠠ ᠲᠥᠬᠦᠭᠡᠷᠦᠮᠵᠢ᠎ᠶᠢᠨ ᠨᠡᠭᠦᠷᠡᠰᠦᠲᠥ᠋ᠷᠥᠭᠴᠢ ᠦᠭᠡᠢ ᠲᠤᠷᠰᠢᠯᠲᠠ᠎ᠶᠢᠨ ᠴᠡᠭ᠎ᠤᠨ ᠠᠵᠢᠯ᠎ᠳᠤ ᠯᠠᠪᠯᠠᠵᠦ ᠪᠣᠯᠬᠤᠢᠴᠠ ᠬᠠᠭᠤᠯᠪᠤᠷᠢᠯᠠᠵᠤ ᠪᠣᠯᠬᠤᠢᠴᠠ ᠵᠠᠭᠪᠤᠷ ᠪᠠ ᠲᠥᠰᠥᠯ ᠬᠠᠩᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠢᠯ ᠲᠥᠷᠥᠯ᠎ᠦᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢ ᠲᠦᠯᠬᠢᠨ ᠠᠬᠢᠭᠤᠯᠤᠨ᠎ᠠ ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号