ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠲᠦᠷᠦᠬᠦᠬᠡᠨ 4 ᠲᠠᠯ᠎ᠠ ᠶ᠋ᠢᠨ 16 ᠵᠦᠢᠯ ᠤ᠋ᠨ ᠪᠤᠳᠠᠳᠠᠢ ᠠᠷᠭ᠎ᠠ ᠬᠡᠮᠵᠢᠶ᠎ᠠ ᠪᠦᠬᠦᠢ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠡᠮ ᠤ᠋ᠨ ᠵᠦᠢᠯ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠢᠨᠠᠯᠳᠠ ᠬᠠᠮᠢᠶᠠᠷᠤᠯᠳᠠ ᠶ᠋ᠢᠨ ᠦᠭᠡᠷᠡᠴᠢᠯᠡᠯᠳᠡ ᠶ᠋ᠢ ᠭᠦᠨᠵᠡᠭᠡᠢᠷᠡᠭᠦᠯᠤᠨ ᠡᠮ ᠡᠮᠨᠡᠯᠭᠡ ᠶ᠋ᠢᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠬᠤ ᠠᠷᠭ᠎ᠠ ᠬᠡᠮᠵᠢᠶ᠎ᠠ ᠨᠤᠭᠦᠳ》 (ᠲᠤᠤᠷ᠎ᠠ 《ᠠᠷᠭ᠎ᠠ ᠬᠡᠮᠵᠢᠶ᠎ᠠ ᠨᠤᠬᠦᠳ》 ᠬᠡᠵᠤ ᠲᠦᠬᠦᠮᠴᠢᠯᠡᠪᠡ) ᠢ᠋ ᠢᠯᠡ ᠨᠡᠢᠳᠡᠯᠡᠪᠠ᠃
《ᠠᠷᠭ᠎ᠠ ᠬᠡᠮᠵᠢᠶ᠎ᠠ ᠨᠤᠬᠦᠳ》ᠲᠦ᠍᠂ ᠡᠮ ᠤ᠋ᠨ ᠵᠦᠢᠯ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠰᠢᠨ᠎ᠠ ᠶ᠋ᠢ ᠡᠭᠦᠳᠦᠭᠰᠡᠨ ᠬᠦᠭᠵᠢᠯᠳᠡ ᠶ᠋ᠢ ᠠᠬᠢᠭᠤᠯᠬᠤ ᠲᠠᠯ᠎ᠠ ᠪᠡᠷ᠂ ᠪᠦᠭᠡᠮ ᠬᠦᠴᠢᠯ ᠤ᠋ᠨ ᠡᠮ᠂ ᠡᠰ ᠪᠠ ᠭᠧᠨ ᠤ᠋ ᠵᠠᠰᠠᠯ ᠵᠡᠷᠭᠡ ᠠᠮᠢᠳᠤ ᠪᠤᠳᠠᠰ ᠤ᠋ᠨ ᠡᠮ ᠡᠮᠨᠡᠯᠭᠡ ᠳᠡᠭᠡᠷ᠎ᠠ ᠰᠢᠨ᠎ᠠ ᠪᠠᠢᠷᠢᠰᠢᠭᠤᠯᠤᠯᠳᠠ ᠬᠢᠬᠦ ᠶ᠋ᠢ ᠳᠡᠮᠵᠢᠬᠦ; ᠬᠢᠲᠠᠳ ᠡᠮ (ᠮᠤᠩᠭᠤᠯ ᠡᠮ) ᠤ᠋ᠨ ᠲᠦᠪ ᠶᠤᠰᠤ ᠶ᠋ᠢ ᠪᠠᠷᠢᠮᠳᠠᠯᠠᠨ ᠰᠢᠨ᠎ᠠ ᠶ᠋ᠢ ᠡᠭᠦᠳᠬᠦ ᠶ᠋ᠢ ᠳᠡᠮᠵᠢᠬᠦ; ᠬᠢᠲᠠᠳ ᠡᠮ (ᠮᠤᠩᠭᠤᠯ ᠡᠮ) ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠶ᠋ᠢ ᠯᠠᠪᠳᠠᠭᠤᠨ ᠶ᠋ᠢᠡᠷ ᠠᠬᠢᠭᠤᠯᠬᠤ ; ᠡᠮᠴᠢᠯᠡᠭᠡᠨ ᠤ᠋ ᠲᠤᠷᠰᠢᠯᠳᠠ ᠶ᠋ᠢ ᠳᠤᠯᠭᠠᠭᠤᠷᠢᠯᠠᠬᠤ ᠴᠢᠳᠠᠪᠤᠷᠢ ᠶ᠋ᠢ ᠳᠡᠭᠡᠭᠰᠢᠯᠡᠭᠦᠯᠵᠦ᠂ ᠬᠠᠪᠤᠳᠠᠷ ᠡᠪᠡᠳᠴᠢᠨ ᠵᠢᠴᠢ ᠬᠤᠪᠤᠷ ᠳᠤᠬᠢᠶᠠᠯᠳᠤᠬᠤ ᠡᠪᠡᠳᠴᠢᠨ ᠤ᠋Ⅰᠬᠤᠭᠤᠴᠠᠭᠠᠨ ᠤ᠋ ᠡᠮᠴᠢᠯᠡᠭᠡᠨ ᠤ᠋ ᠲᠤᠷᠰᠢᠯᠳᠠ ᠶ᠋ᠢ ᠭᠤᠤᠯᠳᠠᠯᠭ᠎ᠠ ᠲᠠᠢ ᠳᠡᠮᠵᠢᠬᠦ ᠪᠡᠷ ᠳᠤᠭᠳᠠᠵᠠᠢ᠃ ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠦᠷᠭᠦᠯᠵᠢᠯᠡᠨ ᠪᠤᠢ ᠪᠤᠯᠭᠠᠬᠤ ᠲᠠᠯ᠎ᠠ ᠪᠡᠷ᠂ ᠡᠮ ᠤ᠋ᠨ ᠵᠦᠢᠯ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠳᠠᠩᠰᠠᠯᠠᠭᠤᠯᠬᠤ ᠶ᠋ᠢ ᠵᠦᠪᠰᠢᠶᠡᠷᠡᠬᠦ ᠦᠢᠯᠡᠴᠢᠯᠡᠭᠡᠨ ᠤ᠋ ᠳᠤᠭᠳᠠᠴᠠ ᠶ᠋ᠢ ᠰᠢᠯᠢᠳᠡᠭᠵᠢᠭᠦᠯᠬᠦ; ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠴᠢᠳᠠᠪᠤᠷᠢ ᠪᠠ ᠲᠦᠪᠰᠢᠨ ᠢ᠋ ᠳᠡᠭᠡᠭᠰᠢᠯᠡᠭᠦᠯᠬᠦ; ᠡᠮ ᠤ᠋ᠨ ᠵᠦᠢᠯ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠳᠠᠩᠰᠠᠯᠠᠭᠤᠯᠬᠤ ᠰᠢᠯᠭᠠᠨ ᠪᠠᠢᠴᠠᠭᠠᠯᠳᠠ ᠶ᠋ᠢᠨ ᠵᠢᠷᠦᠮ ᠢ᠋ ᠰᠢᠯᠢᠳᠡᠭᠵᠢᠭᠦᠯᠬᠦ; ᠠᠵᠤ ᠠᠬᠤᠢᠯᠠᠯ ᠤ᠋ᠨ ᠬᠦᠭᠵᠢᠯᠳᠡ ᠳ᠋ᠤ ᠰᠠᠨᠠᠭᠠᠴᠢᠯᠠᠭ᠎ᠠ ᠲᠠᠢ ᠳᠡᠮᠵᠢᠯᠭᠡ ᠦᠵᠡᠭᠦᠯᠬᠦ; ᠴᠢᠨᠠᠷ ᠰᠠᠢᠳᠠᠢ ᠬᠦᠭᠵᠢᠯᠳᠡ ᠳ᠋ᠤ ᠦᠢᠯᠡᠴᠢᠯᠡᠬᠦ ᠴᠢᠳᠠᠪᠤᠷᠢ ᠶ᠋ᠢᠨ ᠪᠠᠢᠭᠤᠯᠤᠯᠳᠠ ᠶ᠋ᠢ ᠴᠢᠩᠭᠠᠳᠬᠠᠬᠤ ᠵᠡᠷᠭᠡ ᠶ᠋ᠢ ᠳᠤᠷᠠᠳᠴᠠᠢ᠃
《ᠠᠷᠭ᠎ᠠ ᠬᠡᠮᠵᠢᠶ᠎ᠠ ᠨᠤᠬᠦᠳ》 ᠲᠦ᠍᠂ ᠬᠢᠨᠠᠯᠳᠠ ᠬᠠᠮᠢᠶᠠᠷᠤᠯᠳᠠ ᠶ᠋ᠢᠨ ᠬᠡᠪ ᠵᠠᠭᠪᠤᠷ ᠢ᠋ ᠦᠭᠡᠷᠡᠴᠢᠯᠡᠨ ᠰᠠᠢᠵᠢᠷᠠᠭᠤᠯᠬᠤ ᠲᠠᠯ᠎ᠠ ᠪᠡᠷ᠂ ᠬᠢᠨᠠᠨ ᠪᠠᠢᠴᠠᠭᠠᠬᠤ ᠦᠷ᠎ᠠ ᠪᠦᠲᠦᠮᠵᠢ ᠶ᠋ᠢ ᠳᠡᠭᠡᠭᠰᠢᠯᠡᠭᠦᠯᠤᠨ᠂《ᠶᠡᠷᠦᠩᠬᠡᠢᠯᠡᠭᠡᠳ ᠨᠢᠭᠡ ᠯᠡ ᠤᠳᠠᠭ᠎ᠠ ᠪᠠᠢᠴᠠᠭᠠᠬᠤ》ᠶ᠋ᠢ ᠨᠠᠢᠳᠠᠪᠤᠷᠢᠵᠢᠭᠤᠯᠬᠤ; ᠤᠶᠤᠨᠴᠢ ᠬᠢᠨᠠᠯᠳᠠ ᠬᠠᠮᠢᠶᠠᠷᠤᠯᠳᠠ ᠶ᠋ᠢᠨ ᠪᠠᠢᠭᠤᠯᠤᠯᠳᠠ ᠶ᠋ᠢ ᠱᠠᠯᠠᠪᠳᠠᠨ ᠠᠬᠢᠭᠤᠯᠬᠤ; ᠬᠡᠷᠡᠭ ᠤ᠋ᠨ ᠳᠤᠮᠳᠠ ᠪᠠ ᠬᠡᠷᠡᠭ ᠤ᠋ᠨ ᠳᠠᠷᠠᠭᠠᠬᠢ ᠬᠢᠨᠠᠯᠳᠠ ᠬᠠᠮᠢᠶᠠᠷᠤᠯᠳᠠ ᠶ᠋ᠢ ᠲᠡᠭᠦᠯᠳᠡᠷᠵᠢᠭᠦᠯᠬᠦ ᠵᠡᠷᠭᠡ ᠶ᠋ᠢ ᠲᠤᠷᠠᠳᠤᠭᠰᠠᠨ ᠪᠦᠬᠡᠳ ᠤᠷᠤᠨ ᠨᠤᠳᠤᠭ ᠤᠷᠤᠨ ᠪᠦᠰᠡ ᠶ᠋ᠢᠨ ᠬᠠᠮᠳᠤᠷᠠᠯᠴᠠᠭ᠎ᠠ ᠪᠠ ᠭᠠᠳᠠᠭᠰᠢ ᠪᠡᠨ ᠨᠡᠭᠡᠭᠡᠯᠳᠡ ᠬᠢᠬᠦ ᠶ᠋ᠢ ᠴᠢᠩᠭᠠᠳᠬᠠᠬᠤ ᠲᠠᠯ᠎ᠠ ᠪᠡᠷ᠂ ᠦᠪᠡᠷᠳᠡᠭᠡᠨ ᠵᠠᠰᠠᠬᠤ ᠤᠷᠤᠨ ᠪᠠ ᠡᠯ᠎ᠠ ᠠᠢᠮᠠᠭ ᠬᠤᠳᠠ ᠶ᠋ᠢᠨ ᠱᠠᠳᠤ ᠳᠠᠪᠬᠤᠷᠭ᠎ᠠ ᠠᠯᠤᠰᠯᠠᠭᠰᠠᠨ ᠬᠠᠮᠵᠢᠯᠴᠠᠬᠤ ᠳᠤᠭᠳᠠᠴᠠ ᠶ᠋ᠢ ᠲᠡᠭᠦᠯᠳᠡᠷᠵᠢᠭᠦᠯᠬᠦ;《ᠡᠮ᠂ ᠡᠮᠴᠢᠯᠡᠭᠡᠨ᠂ ᠡᠮᠨᠡᠯᠭᠡ ᠶ᠋ᠢᠨ ᠳᠠᠭᠠᠳᠬᠠᠯ》 ᠤ᠋ᠨ ᠬᠠᠮᠵᠢᠯᠴᠠᠭᠰᠠᠨ ᠬᠦᠭᠵᠢᠯᠳᠡ ᠪᠠ ᠵᠠᠰᠠᠯᠳᠠ ᠶ᠋ᠢ ᠠᠬᠢᠭᠤᠯᠬᠤ; ᠵᠡᠭᠦᠨ ᠬᠤᠢᠳᠤ ᠶ᠋ᠢᠨ ᠭᠤᠷᠪᠠᠨ ᠮᠤᠵᠢ ᠨᠢᠭᠡ ᠤᠷᠤᠨ᠂ ᠪᠠᠷᠠᠭᠤᠨ ᠬᠤᠢᠳᠤ ᠶ᠋ᠢᠨ ᠳᠠᠪᠤᠨ ᠮᠤᠵᠢ ᠤᠷᠤᠨ᠂ 《6+1》 ᠵᠡᠷᠭᠡ ᠤᠷᠤᠨ ᠪᠦᠰᠡ ᠶ᠋ᠢᠨ ᠬᠠᠮᠵᠢᠯᠴᠠᠭᠰᠠᠨ ᠬᠢᠨᠠᠯᠳᠠ ᠬᠠᠮᠢᠶᠠᠷᠤᠯᠳᠠ ᠶ᠋ᠢ ᠭᠦᠨᠵᠡᠭᠡᠢᠷᠡᠭᠦᠯᠬᠦ ; ᠡᠮ ᠤ᠋ᠨ ᠵᠦᠢᠯ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠭᠠᠳᠠᠭᠠᠳᠦ ᠳ᠋ᠤ ᠭᠠᠷᠭᠠᠬᠤ ᠶ᠋ᠢ ᠳᠡᠮᠵᠢᠬᠦ ᠵᠡᠷᠭᠡ ᠶ᠋ᠢ ᠳᠤᠷᠠᠳᠤᠭᠰᠠᠨ ᠪᠠᠢᠨ᠎ᠠ᠃