ᠤᠢᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠦᠶ᠋ᠯᠡᠳᠦᠯᠭᠡ᠎ᠶ᠋ᠢᠨ ᠲᠥᠪ᠎ᠡᠴᠡ ᠵᠣᠬᠢᠶᠠᠨ ᠪᠠᠢᠭᠤᠯᠵᠤ ᠥᠷᠨᠢᠭᠦᠯᠦᠭ᠌ᠰᠡᠨ《ᠤᠮᠠᠷᠠᠲᠤ ᠬᠢᠯᠢ᠎ᠶ᠋ᠢᠨ ᠠᠨᠠᠷ᠎ᠤᠨ ᠦᠷ᠎ᠡ ᠨᠠᠮ᠎ᠢᠶᠡᠨ ᠲᠠᠭᠠᠵᠤ ᠰᠡᠳᠭᠢᠯ ᠨᠢᠭᠡᠳᠦᠨ ᠨᠢᠭᠡ ᠬᠡᠷ ᠮᠠᠳᠤ ᠲᠤᠳᠤᠨᠤ》᠂ 《ᠤᠯᠠᠭᠠᠨ ᠪᠥᠴᠡᠲᠡᠨ ᠡᠬᠡ ᠤᠯᠤᠰ᠎ᠢᠶᠠᠨ ᠬᠠᠢᠷᠠᠯᠠᠨ᠎ᠠ》 ᠭᠡᠬᠦ ᠪᠡᠷ ᠭᠤᠤᠯ ᠰᠡᠳᠦᠪ ᠪᠤᠯᠭᠠᠭᠰᠠᠨ ᠥᠪᠥᠷ ᠮᠣᠩᠭᠣᠯ᠎ᠤᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠠᠮᠢ ᠠᠬᠤᠶ᠎ᠶ᠋ᠢᠨ ᠬᠦᠷᠢᠶᠡᠯᠡᠩ᠎ᠳᠦ ᠶᠠᠪᠤᠭ᠍ᠳᠠᠪᠠ᠃
ᠲᠣᠰ ᠤᠳᠠᠭᠠᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ ᠨᠢ ᠤᠯᠠᠭᠠᠨ ᠴᠡᠷᠢᠭ᠎ᠦᠨ ᠣᠷᠳᠣ ᠵᠠᠮ᠎ᠤᠨ ᠠᠶᠠᠨ ᠲᠡᠢᠨ᠎ᠦ ᠲᠡᠦᠬᠡᠨ ᠠᠬᠤᠶ ᠪᠠᠢᠳᠠᠯ᠎ᠤᠨ ᠲᠣᠭᠣᠷᠢᠨ᠎ᠳᠤ ᠣᠯᠠᠨ ᠵᠦᠶ᠋ᠯ᠎ᠦᠨ ᠭᠣᠭ᠍ᠴᠣᠭ᠎ᠠ ᠲᠤᠬᠢᠷᠠᠭᠤᠯᠵᠠᠢ᠃ 《ᠯᠦ᠍ ᠳ᠋ᠢᠩ ᠴᠢᠶᠣᠤ ᠬᠥᠭᠥᠷᠭᠡ᠎ᠶ᠋ᠢ ᠪᠤᠯᠢᠶᠠᠨ ᠠᠪᠬᠤ》ᠭᠣᠭ᠍ᠴᠣᠭ᠎ᠠ᠎ᠳᠤ᠂ ᠰᠤᠷᠤᠭ᠍ᠴᠢᠳ ᠬᠠᠮᠵᠢᠯᠴᠠᠨ ᠮᠣᠳᠣᠨ ᠬᠠᠪᠲᠠᠰᠤ ᠳᠡᠪᠢᠰᠴᠦ᠍᠂ ᠪᠠᠢᠭᠠᠯᠢ᠎ᠶ᠋ᠢᠨ ᠪᠠᠷᠲᠠᠭ᠎ᠠ᠎ᠶ᠋ᠢ ᠱᠢᠪᠲᠤᠯᠬᠤ᠂ ᠬᠥᠭᠥᠷᠭᠡ ᠪᠤᠯᠢᠶᠠᠬᠤ ᠪᠣᠭᠣᠮᠲᠠ ᠱᠢᠪᠲᠤᠯᠬᠤ ᠶᠠᠪᠤᠴᠠ᠎ᠶ᠋ᠢ ᠳᠠᠭᠤᠷᠢᠶᠠᠵᠤ᠂ ᠤᠯᠠᠭᠠᠨ ᠴᠡᠷᠢᠭ᠎ᠦᠨ ᠪᠠᠢᠯᠳᠤᠭ᠍ᠴᠢᠳ᠎ᠤᠨ ᠬᠦᠴᠢᠷ ᠪᠡᠷᠬᠡᠱᠢᠶᠡᠯ᠎ᠡᠴᠡ ᠠᠶᠤᠬᠤ ᠦᠭᠡᠢ᠂ ᠪᠦᠯᠬᠦᠮᠳᠡᠨ ᠤᠷᠤᠭ᠍ᠰᠢᠯᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠪᠡᠶᠡᠴᠢᠯᠡᠨ ᠣᠢᠯᠠᠭᠠᠪᠠ; 《ᠨᠠᠮᠤᠭ᠍ᠲᠤ ᠲᠠᠯ᠎ᠠ᠎ᠶ᠋ᠢ ᠲᠤᠭᠤᠯᠬᠤ》 ᠭᠣᠭ᠍ᠴᠣᠭ᠎ᠠ ᠨᠢ ᠰᠤᠷᠤᠭ᠍ᠴᠢᠳ᠎ᠲᠤ ᠤᠷᠳᠤ ᠵᠠᠮ᠎ᠤᠨ ᠠᠶᠠᠨ ᠲᠠᠢ᠌ᠨ᠎ᠦ ᠳᠤᠮᠳᠠᠬᠢ ᠤᠯᠠᠭᠠᠨ ᠴᠡᠷᠢᠭ᠎ᠦᠨ ᠪᠠᠢᠯᠳᠤᠭ᠍ᠴᠢᠳ᠎ᠦᠨ ᠨᠤᠭᠤᠷᠠᠰᠢ ᠦᠭᠡᠢ ᠡᠷᠡᠮᠡᠭᠡᠢᠯᠡᠨ ᠲᠡᠮᠡᠴᠡᠭᠰᠡᠨ ᠬᠠᠲᠠᠨ ᠵᠣᠷᠢᠭ᠎ᠢ ᠤᠢ᠍ᠢᠯᠠᠭᠠᠭᠤᠯᠪᠠ᠋; ᠦᠶ᠋ᠯᠡᠳᠦᠯᠭᠡ᠎ᠶ᠋ᠢᠨ ᠠᠵᠢᠯᠯᠠᠭ᠎ᠠ᠎ᠪᠠᠷ ᠳᠠᠮᠵᠢᠭᠤᠯᠤᠨ ᠵᠠᠯᠠᠭᠤᠴᠤᠳ ᠪᠠᠭᠠᠴᠤᠳ᠎ᠲᠤ ᠬᠤᠪᠢᠰᠭᠠᠯ᠎ᠤᠨ ᠥᠯᠢᠭᠡᠷ᠎ᠢ ᠳᠠᠬᠢᠨ ᠡᠷᠭᠢᠴᠡᠭᠦᠯᠵᠦ᠍᠂ ᠬᠤᠪᠢᠰᠭᠠᠯ᠎ᠤᠨ ᠤᠳᠤᠮᠱᠢᠯ᠎ᠢ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠬᠤ᠎ᠶ᠋ᠢ ᠮᠡᠳᠡᠷᠡᠭᠦᠯᠦᠭᠰᠡᠨ ᠪᠠᠢᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠦᠶ᠋ᠯᠡᠳᠦᠯᠭᠡ᠎ᠶ᠋ᠢᠨ ᠲᠥᠪ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠠᠮᠢ ᠠᠬᠤᠶ᠎ᠶ᠋ᠢᠨ ᠴᠡᠴᠡᠷᠯᠢᠭ᠎ᠦᠨ ᠲᠠᠪᠴᠠᠩ᠎ᠤᠨ ᠦᠶ᠋ᠯᠡᠳᠦᠯ᠎ᠢ ᠦᠷᠭᠦᠯᠵᠢᠯᠡᠨ ᠰᠠᠢᠲᠤᠷ ᠪᠠᠳᠠᠷᠠᠭᠤᠯᠵᠤ᠂ ᠠᠴᠢᠶᠠᠯᠠᠪᠤᠷᠢ᠎ᠶ᠋ᠢᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠡᠯ᠎ᠡ ᠲᠥᠷᠥᠯ᠎ᠦᠨ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠬᠦᠰᠡᠯᠡᠩ᠎ᠲᠡᠶ᠂ ᠴᠢᠳᠠᠪᠤᠷᠢ᠎ᠲᠠᠶ᠂ ᠬᠠᠷᠢᠭᠤᠴᠠᠯᠭ᠎ᠠ᠎ᠲᠠᠶ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠠᠭᠠᠴᠤᠳ᠎ᠢ ᠬᠥᠮᠦᠵᠢᠭᠦᠯᠬᠦ᠌᠎ᠳᠦ ᠬᠥᠳᠡᠯᠭᠡᠬᠦ᠌ ᠬᠦᠴᠦᠨ ᠨᠡᠮᠡᠷᠢᠯᠡᠨ᠎ᠡ᠃