ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠣᠭ᠍ᠲᠠᠭᠠᠯ ᠢ ᠦᠨᠳᠦᠰᠦᠯᠡᠨ ᠳᠣᠣᠷᠠᠬᠢ ᠭᠠᠳᠠᠭᠠᠳᠤ ᠳᠤ ᠰᠠᠭᠤᠬᠤ ᠡᠯᠴᠢᠨ ᠰᠠᠢᠳ᠎ᠢ ᠲᠣᠮᠢᠯᠠᠵᠤ ᠪᠠᠭᠤᠯᠭᠠᠪᠠ ᠄
ᠨᠢᠭᠡ᠂ ᠯᠢ ᠴᠠᠩ ᠯᠢᠨ ᠢ ᠮᠤᠷᠤᠺᠺᠤ ᠸᠠᠩᠲᠤ ᠤᠯᠤᠰ᠎ᠲᠤ ᠰᠠᠭᠤᠭ᠎ᠠ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠠᠴᠠ ᠨᠢ ᠪᠠᠭᠤᠯᠭᠠᠪᠠ;
ᠢᠦᠢ᠎ᠶ᠋ᠢᠨ ᠰᠦᠩ (ᠡᠮᠡᠭ᠌ᠲᠡᠢ) ᠢ᠋ ᠮᠤᠷᠤᠺᠺᠤ ᠸᠠᠩᠲᠤ ᠤᠯᠤᠰ᠎ᠲᠤ ᠰᠠᠭᠤᠬᠤ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠳᠤ ᠲᠣᠮᠢᠯᠠᠨ᠎ᠠ᠃
ᠬᠣᠶᠠᠷ᠂ ᠬᠠᠨ ᠴᠦᠨ ᠯᠢᠨ ᠢ ᠷᠣᠮᠠᠨᠢᠶ᠎ᠠ᠎ᠳᠤ ᠰᠠᠭᠤᠭ᠎ᠠ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠠᠴᠠ ᠨᠢ ᠪᠠᠭᠤᠯᠭᠠᠪᠠ;
ᠴᠧᠨ ᠹᠸᠩ ᠢ ᠷᠣᠮᠠᠨᠢᠶ᠎ᠠ ᠳᠤ ᠰᠠᠭᠤᠬᠤ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠳᠤ ᠲᠣᠮᠢᠯᠠᠨ᠎ᠠ᠃
ᠭᠤᠷᠪᠠ᠂ ᠵᠠᠩ ᠽᠦᠸᠧ ᠶ᠋ᠢ ᠪᠥᠬᠥᠳᠡ ᠨᠠᠢᠷᠠᠮᠳᠠᠬᠤ ᠤᠮᠠᠷᠠᠲᠤ ᠮᠠᠺᠸᠳᠤᠨᠢᠶᠠ ᠤᠯᠤᠰ᠎ᠲᠤ ᠰᠠᠭᠤᠭ᠎ᠠ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠠᠴᠠ᠎ᠨᠢ ᠪᠠᠭᠤᠯᠭᠠᠪᠠ;
ᠵᠢᠶᠠᠩ ᠱᠢᠶᠤᠤ ᠶᠠᠨ (ᠡᠮᠡᠭ᠌ᠲᠡᠢ) ᠢ᠋ ᠪᠦᠬᠦᠳᠠ ᠨᠠᠢᠷᠠᠮᠳᠠᠬᠤ ᠤᠮᠠᠷᠠᠲᠤ ᠮᠠᠺᠸᠳᠤᠨᠢᠶᠠ ᠤᠯᠤᠰ᠎ᠲᠤ ᠰᠠᠭᠤᠬᠤ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠳᠤ ᠲᠣᠮᠢᠯᠠᠨ᠎ᠠ᠃
ᠲᠦᠷᠪᠡ᠂ ᠳ᠋ᠦᠨ ᠬᠠᠢ ᠵᠢ ᠪᠦᠬᠦᠳᠠ ᠨᠠᠢᠷᠠᠮᠳᠠᠬᠤ ᠮᠠᠯᠲ᠋ᠠ ᠤᠯᠤᠰ᠎ᠲᠤ ᠰᠠᠭᠤᠭ᠎ᠠ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ ᠡᠴᠡ ᠨᠢ ᠪᠠᠭᠤᠯᠭᠠᠪᠠ;
ᠵᠠᠩ ᠽᠦᠸᠧ ᠶ᠋ᠢ ᠪᠥᠬᠥᠳᠡ ᠨᠠᠢᠷᠠᠮᠳᠠᠬᠤ ᠮᠠᠯᠲ᠋ᠠ ᠤᠯᠤᠰ᠎ᠲᠤ ᠰᠠᠭᠤᠬᠤ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ ᠤ᠋ᠨ ᠲᠤᠰᠢᠶᠠᠯ ᠳ᠋ᠤ ᠲᠣᠮᠢᠯᠠᠨ᠎ᠠ᠃
ᠲᠠᠪᠤ᠂ ᠸᠧᠢ ᠬᠣᠩ ᠲᠢᠶᠠᠨ ᠢ ᠭᠷᠸᠨᠠᠳᠠ ᠳ᠋ᠤ ᠰᠠᠭᠤᠭ᠎ᠠ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠠᠴᠠ ᠨᠢ ᠪᠠᠭᠤᠯᠭᠠᠪᠠ;
ᠶᠠᠩ ᠱᠤ᠌ᠶ᠋ᠢ ᠭᠷᠸᠨᠠᠳᠠᠳ᠋ᠤ ᠰᠠᠭᠤᠬᠤ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ ᠤ᠋ᠨ ᠲᠤᠰᠢᠶᠠᠯ ᠳ᠋ᠤ ᠲᠤᠮᠢᠯᠠᠨ᠎ᠠ᠃
ᠵᠢᠷᠭᠤᠭ᠎ᠠ᠂ ᠴᠧᠨ ᠭᠦᠸᠧ ᠶᠢᠦ ᠵᠢ ᠪᠦᠬᠦᠳᠠ ᠨᠠᠢᠷᠠᠮᠳᠠᠬᠤ ᠡᠺᠦ᠋ᠸᠠᠳᠤᠷ ᠤᠯᠤᠰ᠎ᠲᠤ ᠰᠠᠭᠤᠭ᠎ᠠ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠠᠴᠠ ᠨᠢ ᠪᠠᠭᠤᠯᠭᠠᠪᠠ;
ᠰᠦᠨ ᠱᠢᠶᠠᠩ ᠶᠠᠩ ᠢ ᠪᠦᠬᠦᠳᠠ ᠨᠠᠢᠷᠠᠮᠳᠠᠬᠤ ᠡᠺᠦ᠋ᠸᠠᠳᠤᠷ ᠤᠯᠤᠰ᠎ᠲᠤ ᠰᠠᠭᠤᠬᠤ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ᠎ᠤᠨ ᠲᠤᠱᠢᠶᠠᠯ᠎ᠳᠤ ᠲᠣᠮᠢᠯᠠᠨ᠎ᠠ᠃
ᠲᠤᠯᠤᠭ᠎ᠠ᠂ ᠯᠢ ᠴᠧᠩ ᠭᠠᠩ ᠢ ᠳᠡᠯᠡᠬᠡᠢ᠎ᠶ᠋ᠢᠨ ᠠᠷᠠᠯᠵᠢᠶᠠᠨ ᠤ ᠵᠣᠬᠢᠶᠠᠨ ᠪᠠᠢᠭᠤᠯᠤᠯᠲᠠ᠎ᠳᠤ ᠪᠠᠢᠩᠭᠤ ᠰᠠᠭᠤᠭ᠎ᠠ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠯᠥᠭᠡᠯᠡᠭ᠌ᠴᠢ᠂ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ ᠪᠥᠭᠡᠳ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠵᠧᠨᠧᠸᠠᠳᠠᠬᠢ ᠬᠡᠷᠡᠭ ᠡᠷᠬᠢᠯᠡᠬᠦ᠌ ᠭᠠᠵᠠᠷ ᠪᠣᠯᠤᠨ ᠰᠸᠢᠰ ᠲᠡᠬᠢ ᠪᠤᠰᠤᠳ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠳᠤ ᠪᠠᠢᠩᠭᠤ ᠰᠠᠭᠤᠭ᠎ᠠ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠡᠳ᠋ ᠲᠥᠯᠥᠭᠡᠯᠡᠭ᠌ᠴᠢ᠎ᠶ᠋ᠢᠨ ᠲᠤᠱᠢᠶᠠᠯ᠎ᠠᠴᠠ ᠨᠢ ᠪᠠᠭᠤᠯᠭᠠᠪᠠ;
ᠯᠢ ᠶᠦᠩ ᠱᠠ(ᠡᠮᠡᠭ᠌ᠲᠡᠢ) ᠶ᠋ᠢ ᠳᠡᠯᠡᠬᠡᠢ ᠶ᠋ᠢᠨ ᠠᠷᠠᠯᠵᠢᠶᠠᠨ ᠤ ᠵᠣᠬᠢᠶᠠᠨ ᠪᠠᠢᠭᠤᠯᠤᠯᠲᠠ᠎ᠳᠤ ᠪᠠᠢᠩᠭᠤ ᠰᠠᠭᠤᠬᠤ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠯᠥᠭᠡᠯᠡᠭ᠌ᠴᠢ᠂ ᠣᠨᠴᠠ ᠲᠣᠮᠢᠯᠠᠭ᠍ᠰᠠᠨ ᠪᠦᠷᠢᠨ ᠡᠷᠬᠡᠲᠦ ᠡᠯᠴᠢᠨ ᠰᠠᠢᠳ ᠪᠥᠭᠡᠳ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠵᠧᠨᠧᠸᠠᠳᠠᠬᠢ ᠬᠡᠷᠡᠭ ᠡᠷᠬᠢᠯᠡᠬᠦ᠌ ᠭᠠᠵᠠᠷ ᠪᠠ ᠰᠸᠢᠰ ᠲᠡᠬᠢ ᠪᠤᠰᠤᠳ ᠤᠯᠠᠨ ᠤᠯᠤᠰ ᠤᠨ ᠵᠣᠬᠢᠶᠠᠨ ᠪᠠᠢᠭᠤᠯᠤᠯᠲᠠ᠎ᠳᠤ ᠪᠠᠢᠩᠭᠤ ᠰᠠᠭᠤᠬᠤ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠳᠡᠳ᠋ ᠲᠥᠯᠥᠭᠡᠯᠡᠭ᠌ᠴᠢ ᠵᠢᠨ ᠲᠤᠰᠢᠶᠠᠯ ᠳ᠋ᠤ ᠲᠤᠮᠢᠯᠠᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ)