10 ᠰᠠᠷ᠎ᠠ᠎ᠶ᠋ᠢᠨ 20 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ ᠤ ᠬᠦᠷᠢᠶᠡᠯᠡᠩ᠎ᠡᠴᠡ ᠭᠣᠣᠯᠯᠠᠨ ᠡᠷᠬᠢᠯᠡᠭ᠌ᠰᠡᠨ 《ᠰᠢ ᠵᠢᠨ ᠫᠢᠩ ᠲᠦᠷᠦ᠍ ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠰᠤᠷᠤᠯᠴᠠᠯᠭ᠎ᠠ ᠵᠢᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃
ᠲᠥᠪ ᠦᠨ ᠨᠠᠮ᠎ᠤᠨ ᠰᠤᠷᠭᠠᠭᠤᠯᠢ᠂ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠠᠷᠠᠳ ᠤᠨ ᠶᠡᠬᠡ ᠰᠤᠷᠭᠠᠭᠤᠯᠢ᠎ᠶ᠋ᠢᠨ ᠬᠣᠯᠪᠣᠭ᠍ᠳᠠᠯ ᠪᠦᠬᠦᠢ ᠲᠤᠰᠭᠠᠢ ᠮᠡᠷᠭᠡᠵᠢᠯᠲᠡᠨ ᠡᠷᠳᠡᠮᠲᠡᠨ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ ᠤᠨ ᠲᠠᠪᠤᠳᠤᠭᠠᠷ ᠪᠤᠳᠢ᠎ᠶ᠋ᠢᠨ ᠮᠠᠷᠺᠰ ᠤᠨ ᠦᠵᠡᠯ ᠦᠨ ᠶᠢᠷᠲᠢᠨᠴᠦ᠍ ᠶ᠋ᠢᠨ ᠦᠵᠡᠯᠲᠡ ᠪᠠ ᠠᠷᠭ᠎ᠠ ᠶ᠋ᠢᠨ ᠤᠨᠤᠯ ᠤᠨ ᠲᠣᠭᠣᠷᠢᠨ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ ᠲᠠᠯ᠎ᠠ ᠪᠡᠷ ᠭᠦᠨᠵᠡᠭᠡᠢᠷᠡᠭᠦᠯᠬᠦ᠌ ᠪᠠ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠮ᠎ᠡ ᠶᠣᠰᠣ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠬᠦ᠌᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠵᠡᠷᠭᠡ ᠭᠣᠣᠯ ᠰᠡᠳᠦᠪ᠎ᠢᠶᠡᠷ ᠶᠠᠷᠢᠯᠴᠠᠵᠤ ᠰᠣᠯᠢᠯᠴᠠᠵᠠᠢ᠃ ᠣᠷᠣᠨ᠎ᠤ ᠳᠣᠲᠣᠨ᠎ᠠ ᠭᠠᠳᠠᠨᠠᠬᠢ ᠶᠡᠬᠡ ᠳᠡᠭᠡᠳᠦ ᠰᠤᠷᠭᠠᠭᠤᠯᠢ᠂ ᠨᠠᠮ᠎ᠤᠨ ᠰᠤᠷᠭᠠᠭᠤᠯᠢ᠂ ᠱᠢᠨᠵᠢᠯᠡᠬᠦ᠌ ᠤᠬᠠᠭᠠᠨ ᠤ ᠰᠤᠳᠤᠯᠭᠠᠨ ᠤ ᠪᠠᠢᠭᠤᠯᠤᠮᠵᠢ᠂ ᠨᠠᠮ᠎ᠤᠨ ᠰᠣᠨᠢᠨ ᠨᠠᠮ᠎ᠤᠨ ᠰᠡᠳᠬᠦᠯ᠎ᠦᠨ ᠬᠣᠯᠪᠣᠭ᠍ᠳᠠᠯ ᠪᠦᠬᠦᠢ ᠲᠤᠰᠭᠠᠢ ᠮᠡᠷᠭᠡᠵᠢᠯᠲᠡᠨ ᠡᠷᠳᠡᠮᠲᠡᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
ᠲᠥᠪ᠎ᠦᠨ ᠨᠠᠮ᠎ᠤᠨ ᠰᠤᠷᠭᠠᠭᠤᠯᠢ᠎ᠶ᠋ᠢᠨ ᠫᠷᠤᠹᠸᠰᠰᠤᠷ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠶᠠᠩ ᠢᠦᠢ ᠴᠧᠩ᠄ 《〈ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ〉 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠠᠭᠤᠯᠭ᠎ᠠ ᠨᠢ ᠡᠯᠪᠡᠭ ᠪᠠᠶᠠᠯᠢᠭ᠂ ᠪᠢᠳᠡ ᠰᠤᠷᠤᠯᠴᠠᠬᠤ ᠶᠠᠪᠤᠴᠠ᠎ᠳᠠᠭᠠᠨ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢᠨ ᠲᠣᠭᠣᠷᠢᠨ᠎ᠳᠤ ᠠᠰᠠᠭᠤᠳᠠᠯ ᠢ ᠱᠢᠢᠳᠪᠦᠷᠢᠯᠡᠬᠦ᠌ ᠰᠡᠳᠭᠢᠮᠵᠢ᠂ ᠠᠷᠭ᠎ᠠ ᠪᠤᠳᠤᠯᠭ᠎ᠠ ᠪᠣᠯᠤᠨ ᠠᠷᠭᠠᠭᠡᠮᠵᠢᠶᠠ ᠵᠢ ᠳᠤᠷᠠᠳᠭᠤ ᠬᠡᠷᠡᠭ᠌ᠲᠡᠢ》 ᠭᠡᠵᠦ᠍ ᠢᠯᠡᠳᠭᠡᠪᠡ᠃
ᠬᠤᠷᠠᠯ᠎ᠡᠴᠡ《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ ᠶ᠋ᠢ ᠬᠡᠪᠯᠡᠭᠦᠯᠦᠭ᠌ᠰᠡᠨ ᠴᠠᠭ ᠦᠶ᠎ᠡ᠎ᠶ᠋ᠢᠨ ᠠᠬᠤᠢ ᠪᠠᠢᠳᠠᠯ᠎ᠢ ᠣᠨᠣᠪᠴᠢᠲᠠᠢ ᠡᠵᠡᠮᠳᠡᠵᠦ᠍᠂ ᠤᠷᠳᠤ ᠬᠤᠭᠤᠴᠠᠭ᠎ᠠ᠎ᠪᠠᠷ ᠤᠭ ᠪᠦᠳᠦᠭᠡᠯ ᠢ᠋ ᠤᠩᠱᠢᠵᠤ᠂ ᠤᠭ ᠵᠣᠬᠢᠶᠠᠯ ᠢ ᠰᠤᠷᠤᠯᠴᠠᠵᠤ᠂ ᠤᠭ ᠶᠣᠰᠣ ᠶ᠋ᠢ ᠤᠬᠠᠪᠤᠷᠢᠯᠠᠵᠤ᠂ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ᠎ᠶ᠋ᠢ ᠠᠬᠢᠭᠤᠯᠬᠤ ᠤᠬᠠᠮᠰᠠᠷᠲᠤ ᠰᠠᠨᠠᠭᠠᠴᠢᠯᠠᠭᠠᠲᠤ ᠴᠢᠨᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠬᠤ ᠬᠡᠷᠡᠭ᠌ᠲᠡᠢ᠃ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ ᠶ᠋ᠢᠨ ᠭᠣᠣᠯ ᠠᠭᠤᠯᠭ᠎ᠠ᠎ᠶ᠋ᠢ ᠭᠦᠨᠵᠡᠭᠡᠢ ᠰᠤᠷᠤᠯᠴᠠᠵᠦ᠍᠂ ᠭᠣᠣᠯ ᠴᠢᠬᠤᠯᠠ ᠠᠭᠤᠯᠭ᠎ᠠ᠎ᠶ᠋ᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠣᠢᠯᠠᠭᠠᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠲᠠᠶ ᠨᠢᠭ᠍ᠲᠠ ᠤᠶᠠᠯᠳᠤᠭᠤᠯᠵᠤ᠂ ᠲᠠᠪᠤᠳᠤᠭᠠᠷ ᠪᠤᠳᠢ ᠶ᠋ᠢᠨ ᠰᠤᠳᠤᠯᠭᠠᠨ ᠲᠠᠢᠯᠪᠤᠷᠢᠯᠠᠯᠲᠠ᠎ᠶ᠋ᠢ ᠭᠦᠨᠵᠡᠭᠡᠢᠷᠡᠭᠦᠯᠵᠦ᠍᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ ᠦᠨᠡᠨ ᠬᠦ᠌ ᠶᠡᠬᠡ ᠲᠠᠯ᠎ᠠ᠎ᠳᠤ ᠦᠢᠯᠡᠴᠢᠯᠡᠬᠦ᠌᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠢᠳᠡᠪᠬᠢᠲᠡᠢ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠣᠷᠣᠨ᠎ᠤ ᠳᠣᠲᠣᠨ᠎ᠠ ᠭᠠᠳᠠᠨᠠᠬᠢ 80 ᠭᠠᠷᠤᠢ ᠲᠤᠰᠭᠠᠢ ᠮᠡᠷᠭᠡᠵᠢᠯᠲᠡᠨ ᠡᠷᠳᠡᠮᠲᠡᠨ ᠶᠠᠷᠢᠯᠴᠠᠬᠤ ᠬᠤᠷᠠᠯ᠎ᠳᠤ ᠣᠷᠣᠯᠴᠠᠵᠠᠢ᠃