ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠲᠠᠯ᠎ᠡ ᠪᠡᠷ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠦᠨᠡᠨ ᠬᠦ᠌ ᠪᠠᠲᠤᠯᠠᠨ᠎ᠠ
2025-10-21 10:39:24
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠵᠤᠤ ᠴᠤᠤ ᠠᠨ ᠪᠧᠢ ᠰᠶ᠋ᠶᠸ ᠰᠢ ᠶᠣᠣ ᠸᠧᠢ ᠢᠦᠢ ᠺᠦᠨ ᠸᠠᠩ ᠢᠦᠢ ᠰᠢᠶᠣᠣ
ᠣᠩᠱᠢᠭ᠍ᠰᠠᠨ ᠣᠳᠠᠭ᠎ᠠ᠄
★★★☆☆

— ᠨᠠᠮ ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠬᠤᠷᠠᠯᠳᠤᠬᠤ ᠲᠠᠱᠢᠷᠠᠮ ᠳ᠋ᠤ


ᠲᠡᠦᠬᠡ ᠶᠠᠭ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃

10 ᠰᠠᠷ᠎ᠠ᠎ᠶ᠋ᠢᠨ 20 ᠎ᠡᠴᠡ 23 ᠎ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠪᠡᠭᠡᠵᠢᠩ᠎ᠳᠦ ᠬᠤᠷᠠᠯᠳᠤᠨ᠎ᠠ᠃ ᠬᠤᠷᠠᠯ ᠡᠴᠡ《ᠤᠯᠤᠰ ᠠᠷᠠᠳ ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠠᠨᠠᠭᠤᠯᠭ᠎ᠠ》ᠶ᠋ᠢ ᠬᠢᠨᠠᠨ ᠵᠦᠪᠯᠡᠵᠦ᠂ ᠢᠷᠡᠭᠡᠳᠦᠢ᠎ᠶ᠋ᠢᠨ ᠲᠠᠪᠤᠨ ᠵᠢᠯ ᠎ᠦᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠪᠣᠷᠣ ᠲᠥᠰᠦᠪ᠎ᠢ ᠵᠢᠷᠤᠭ᠍ᠯᠠᠬᠤ ᠪᠣᠯᠤᠨ᠎ᠠ᠃

2021 ᠣᠨ — 2025 ᠣᠨ᠂ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠬᠤᠭᠤᠴᠠᠭ᠎ᠠ ᠪᠣᠯ ᠮᠠᠨ ᠎ᠤ ᠤᠯᠤᠰ᠎ᠤᠨ ᠴᠢᠨᠡᠭᠡᠯᠢᠭ ᠨᠡᠢᠭᠡᠮ ᠎ᠢ  ᠪᠦᠬᠦ᠌ ᠲᠠᠯ᠎ᠠ᠎ᠪᠠᠷ ᠪᠡᠶᠡᠯᠡᠬᠦᠯᠬᠦ᠂ ᠨᠢᠭᠡᠳᠦᠭᠡᠷ ᠵᠠᠭᠤᠨ ᠵᠢᠯ ᠎ᠦᠨ ᠲᠡᠮᠡᠴᠡᠬᠦ᠌ ᠬᠠᠷᠠᠯᠲᠠ ᠎ᠶ᠋ᠢ ᠪᠡᠶᠡᠯᠡᠭᠦᠯᠦᠭ᠌ᠰᠡᠨ᠎ᠦ ᠳᠠᠷᠠᠭ᠎ᠠ  ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ ᠎ᠪᠠᠷ ᠪᠦᠲᠦᠭᠡᠨ ᠪᠠᠢᠭᠤᠯᠬᠤ ᠱᠢᠨ᠎ᠡ ᠠᠶᠠᠯᠠᠯ᠎ᠢᠶᠠᠨ ᠡᠬᠢᠯᠡᠭᠦᠯᠵᠦ᠍᠂ ᠬᠣᠶᠠᠳᠤᠭᠠᠷ ᠵᠠᠭᠤᠨ ᠵᠢᠯ ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠃ ᠤᠯᠤᠰ᠎ᠲᠠᠶᠠᠭᠠᠷ ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠦᠴᠢᠷ᠎ᠢ ᠲᠤᠭᠤᠯᠤᠨ ᠪᠡᠷᠬᠡ ᠎ᠶ᠋ᠢ ᠳᠠᠪᠠᠵᠤ᠂ ᠮᠠᠨ᠎ᠤ ᠤᠯᠤᠰ᠎ᠤᠨ ᠠᠵᠤ ᠠᠬᠤᠢ ᠨᠡᠢᠭᠡᠮ ᠎ᠦᠨ ᠬᠥᠭ᠌ᠵᠢᠯᠲᠡ ᠱᠢᠨ᠎ᠡ ᠡᠭᠦᠳᠦᠯᠲᠡ ᠎ᠶ᠋ᠢᠨ ᠴᠢᠨᠠᠷᠲᠠᠢ ᠠᠬᠢᠴᠠ᠂ ᠱᠢᠪᠲᠤᠯᠤᠯᠲᠠ᠎ᠶ᠋ᠢᠨ ᠴᠢᠨᠠᠷᠲᠠᠢ ᠬᠤᠪᠢᠰᠤᠯᠲᠠ᠂ ᠲᠡᠦᠬᠡᠲᠦ ᠴᠢᠨᠠᠷᠲᠠᠢ ᠠᠮᠵᠢᠯᠲᠠ ᠤᠯᠪᠠ᠃

2026 ᠣᠨ— 2030 ᠣᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ ᠎ᠶ᠋ᠢᠨ ᠠᠭᠤᠤ ᠦᠢᠯᠡᠰ ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠣᠭᠣᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮᠲᠤ ᠣᠳᠣᠬᠢᠴᠢᠯᠠᠯᠲᠠ ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃

ᠢᠮᠠᠭ᠍ᠲᠠ᠎ᠶ᠋ᠢᠨ ᠭᠣᠣᠯ ᠰᠡᠳᠦᠪ᠂ ᠢᠮᠠᠭ᠍ᠲᠠ ᠬᠤᠪᠢᠷᠠᠰᠢ ᠦᠭᠡᠢ ᠤᠭ ᠰᠠᠨᠠᠭ᠎ᠠ᠂ ᠪᠤᠤᠬᠢᠶ᠎ᠠ ᠳᠠᠮᠵᠢᠭᠤᠯᠤᠨ ᠲᠡᠮᠡᠴᠡᠭ᠌ᠰᠡᠨ ᠤᠯᠠ ᠮᠥᠷ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠠᠶᠠᠨ ᠤᠳᠠᠯ ᠦᠭᠡᠢ ᠡᠬᠢᠯᠡᠬᠦ᠌ ᠭᠡᠵᠦ᠍ ᠪᠠᠢᠨ᠎ᠠ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠂ ᠬᠣᠶᠠᠳᠤᠭᠠᠷ ᠵᠠᠭᠤᠨ ᠵᠢᠯ ᠎ᠦᠨ ᠲᠡᠮᠡᠴᠡᠬᠦ᠌ ᠬᠠᠷᠠᠯᠲᠠ ᠎ᠶ᠋ᠢ ᠪᠡᠶᠡᠯᠡᠭᠦᠯᠬᠦ᠌ ᠲᠡᠢᠰᠢ ᠡᠷᠡᠮᠡᠬᠡᠢᠯᠡᠨ ᠲᠡᠮᠡᠴᠡᠵᠦ᠂ ᠡᠷᠡᠯᠬᠡᠭᠯᠡᠨ ᠤᠷᠤᠭ᠍ᠰᠢᠯᠠᠵᠤ᠂ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠲᠠᠯ᠎ᠡ ᠪᠡᠷ ᠱᠢᠢᠳᠪᠦᠷᠢᠲᠦ ᠴᠢᠨᠠᠷᠲᠠᠢ ᠠᠬᠢᠴᠠ᠎ᠲᠠᠶ ᠪᠣᠯᠬᠤ ᠎ᠶ᠋ᠢ ᠦᠨᠡᠨ ᠬᠦ᠌ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠴᠣ ᠱᠢᠨ᠎ᠡ ᠪᠠᠢᠳᠠᠯ ᠎ᠢ ᠡᠭᠦᠳᠬᠦ᠌ ᠨᠢ ᠯᠠᠪᠲᠠᠢ ᠶᠤᠮ᠃

ᠠᠶᠠᠯᠠᠯ᠎ᠢ ᠵᠢᠯᠤᠭᠤᠳᠤᠨ ᠴᠢᠭ᠌ᠯᠡᠯ ᠎ᠢ ᠲᠤᠭᠲᠠᠭᠠᠵᠤ ᠬᠥᠭ᠌ᠵᠢᠯᠲᠡ᠎ᠶ᠋ᠢᠨ ᠪᠥᠬᠥ᠌ ᠲᠠᠯ᠎ᠠ᠎ᠶ᠋ᠢ ᠵᠢᠯᠣᠭᠣᠳᠴᠤ᠌ ᠱᠢᠨ᠎ᠡ ᠲᠡᠦᠬᠡᠨ ᠠᠸ᠋ᠭ᠎ᠠ ᠦᠶ᠋ᠯᠡᠰ ᠎ᠢ ᠴᠣᠭ᠍ᠴᠠᠯᠠᠨ᠎ᠠ

《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠲᠠᠱᠢᠷᠠᠮ᠎ᠳᠤ 《ᠬᠣᠶᠠᠷ ᠲᠤᠤᠷ》 ᠤ᠋ᠨ ᠪᠥᠲᠥᠭᠡᠨ ᠪᠠᠢᠭᠤᠯᠤᠯᠲᠠ᠎ᠨᠢ ᠬᠥᠮᠦᠰ᠎ᠦᠨ ᠠᠩᠬᠠᠷᠤᠯ ᠎ᠢ ᠶᠡᠬᠡᠳᠡ ᠲᠠᠲᠠᠨ᠎ᠠ᠄

ᠨᠢᠭᠡ ᠨᠢ ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠂ 《 6 ᠲᠡᠩᠭᠡᠯᠢᠭ 7 ᠬᠣᠩᠭᠢᠯ 8 ᠨᠡᠪᠲᠡᠷᠡᠬᠦ ᠵᠠᠮ》 ᠤ᠋ᠨ ᠭᠤᠤᠯ ᠪᠦᠲᠦᠴᠡ᠎ᠶ᠋ᠢ ᠪᠠᠢᠭᠤᠯᠤᠨ ᠪᠦᠲᠦᠭᠡᠭᠰᠡᠨ ᠨᠣᠷᠮ᠎ᠠ ᠨᠢ 90 % ᠵᠢ ᠳᠠᠪᠠᠵᠠᠶ;

ᠨᠦᠭᠦᠭᠡ᠎ᠨᠢ ᠤᠯᠤᠰ᠎ᠤᠨ ᠤᠰᠤᠨ ᠎ᠦ  ᠲᠤᠤᠷ᠂ 2025 ᠣᠨ᠎ᠤ ᠡᠴᠦᠰ᠎ᠲᠦ ᠪᠦᠷᠬᠦᠴᠡ ᠵᠢᠨ ᠨᠣᠷᠮ᠎ᠠ᠎ᠨᠢ ᠵᠢᠱ᠌ᠢᠯᠲᠡ᠎ᠪᠡᠷ 80.3% ᠎ᠳ᠋ᠤ ᠬᠥᠷᠬᠥ᠌  ᠪᠣᠯᠤᠨ᠎ᠠ᠃

ᠲᠤᠮᠤ ᠤᠯᠤᠰ ᠎ᠤᠨ ᠵᠠᠰᠠᠯᠲᠠ ᠨᠢ ᠤᠯᠤᠰ ᠬᠦᠷᠦᠨ᠎ᠢᠶᠡᠷ ᠰᠠᠭᠤᠷᠢ ᠪᠣᠯᠭᠠᠳᠠᠭ᠃ ᠤᠰᠤᠨ᠎ᠦ  ᠲᠣᠣᠷ᠂ ᠵᠠᠮ ᠬᠠᠷᠢᠯᠴᠠᠭᠠᠨ᠎ᠤ ᠲᠣᠣᠷ ᠨᠢ ᠮᠢᠩᠭᠠᠨ ᠭᠠᠵᠠᠷ᠎ᠤᠨ ᠠᠭᠤᠯᠠ ᠤᠰᠤ᠎ᠶ᠋ᠢ ᠳᠠᠪᠠᠵᠤ᠂ ᠭᠠᠵᠠᠷ ᠪᠣᠯᠭᠠᠨ᠎ᠤ ᠠᠱᠢᠭ ᠲᠤᠰᠠ ᠲᠠᠢ ᠬᠤᠯᠪᠤᠭᠳᠠᠵᠤ᠂ ᠲᠦᠮᠡᠨ ᠠᠷᠠᠳ᠎ᠤᠨ ᠬᠡᠷᠡᠭ᠌ᠴᠡᠭᠡ᠎ᠶ᠋ᠢ ᠬᠠᠩᠭᠠᠵᠤ᠂ ᠴᠥᠮ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠳᠤ ᠬᠣᠯᠪᠣᠭ᠍ᠳᠠᠬᠤ ᠶᠡᠬᠡ ᠶᠠᠪᠤᠳᠠᠯ ᠮᠥᠨ᠃

2021 ᠣᠨ᠎ᠳᠤ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ  ᠳᠤᠮᠳᠠᠳᠤ ᠤᠯᠤᠰ ᠎ᠤᠨ ᠠᠷᠠᠳ ᠲᠦᠮᠡᠨ᠎ᠢ ᠳᠠᠭᠠᠭᠤᠯᠤᠨ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠡᠷᠡᠯᠬᠡᠭ᠌ᠯᠡᠨ ᠤᠷᠤᠭ᠍ᠰᠢᠯᠠᠬᠤ᠎ᠶ᠋ᠢᠨ ᠬᠠᠮᠲᠤ ᠶᠡᠷᠦᠩᠬᠡᠶ ᠱᠦᠵᠢ ᠰᠢ ᠵᠢᠨ ᠫᠢᠩ ᠬᠠᠷᠠᠴᠠ᠎ᠪᠠᠨ ᠨᠢᠭᠡᠨᠲᠡ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ  ᠲᠥᠪᠯᠡᠷᠡᠭᠦᠯᠦᠭᠰᠡᠨ ᠪᠠᠢᠨ᠎ᠠ᠃

ᠲᠤᠰ ᠵᠢᠯ᠎ᠦᠨ 5 ᠰᠠᠷ᠎ᠠ᠎ᠳᠤ᠂ ᠡᠾᠧᠨᠠᠨ᠎ᠤ ᠨᠠᠨᠶᠠᠩ᠎ᠳᠤ᠂ ᠶᠡᠷᠦᠩᠬᠡᠢ ᠱᠦᠵᠢ ᠡᠮᠦᠨᠡᠲᠦ᠍᠎ᠶ᠋ᠢᠨ ᠤᠰᠤ᠎ᠶ᠋ᠢ ᠤᠮᠠᠷᠠᠰᠢ ᠲᠠᠲᠠᠬᠤ ᠠᠵᠢᠯ᠎ᠢ ᠲᠤᠰᠭᠠᠢ ᠰᠡᠳᠦᠪ᠎ᠢᠶᠡᠷ ᠪᠠᠢᠴᠠᠭᠠᠨ ᠰᠤᠳᠤᠯᠪᠠ᠄《ᠤᠰᠤᠨ ᠎ᠦ ᠲᠣᠣᠷ᠎ᠢ ᠪᠦᠳᠦᠭᠡᠨ ᠪᠠᠢᠭᠤᠯᠬᠤ ᠪᠣᠯ ᠳᠤᠮᠳᠠᠳᠤ᠎ᠶ᠋ᠢᠨ ᠦᠨᠳᠦᠰᠦᠲᠡᠨ ᠎ᠦ ᠤᠰᠤ ᠵᠠᠰᠠᠬᠤ ᠲᠡᠦᠬᠡᠨ ᠶᠠᠪᠤᠴᠠ᠎ᠳᠠᠬᠢ ᠪᠠᠰᠠ ᠨᠢᠭᠡᠨ ᠡᠷᠢᠨ ᠵᠠᠭᠤᠨ᠎ᠤ ᠢᠷᠠᠭᠤ ᠬᠠᠭᠤᠳᠠᠰᠤ ᠮᠥᠨ》; 7 ᠰᠠᠷ᠎ᠠ᠎ᠳᠤ᠂ ᠲᠥᠪᠡᠳ᠎ᠦᠨ ᠨᠢᠩ ᡂᠢ᠎ᠳᠦ᠂ ᠶᠡᠷᠦᠩᠬᠡᠢ ᠱᠦᠵᠢ ᠰᠸᠴᠤᠸᠠᠨ᠎ᠡᠴᠡ ᠲᠥᠪᠡᠳ ᠬᠦᠷᠬᠦ᠌ ᠳᠡᠮᠤᠷ ᠵᠠᠮ᠎ᠤᠨ ᠴᠢᠬᠤᠯᠠ ᠬᠦᠢᠰᠦ ᠦᠷᠳᠡᠭᠡ ᠪᠣᠯᠬᠤ ᠨᠢᠩ ᠎ᠤ᠋ᠤᠢ ᠭᠠᠯᠲᠤ ᠲᠡᠷᠭᠡᠨ ᠦᠷᠳᠡᠭᠡ᠎ᠳᠦ ᠬᠦᠷᠴᠦ᠍᠂ ᠰᠸᠴᠤᠸᠠᠨ᠎ᠡᠴᠡ ᠲᠥᠪᠡᠳ ᠬᠦᠷᠬᠦ᠌ ᠳᠡᠮᠤᠷ ᠵᠠᠮ᠎ᠤᠨ ᠶᠡᠷᠦᠩᠬᠡᠢ ᠲᠥᠯᠥᠪᠵᠢᠭᠦᠯᠭᠡ ᠵᠢᠴᠢ ᡀᠠᠰᠠ᠎ᠡᠴᠡ ᠨᠢᠩ ᡂᠢ ᠬᠦᠷᠬᠦ᠌ ᠬᠡᠰᠡᠭ᠎ᠦᠨ ᠪᠦᠳᠦᠬᠡᠨ ᠪᠠᠢᠭᠤᠯᠤᠯᠲᠠ ᠡᠵᠡᠩᠨᠡᠯᠲᠡ᠎ᠶ᠋ᠢᠨ ᠪᠠᠢᠳᠠᠯ ᠎ᠢ ᠣᠢᠯᠠᠭᠠᠵᠤ᠂ 《ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠶᠠᠪᠤᠴᠠ᠎ᠳᠠᠬᠢ ᠡᠨᠡ ᠬᠦ᠌  ᠪᠡᠯᠭᠡ ᠳᠡᠮᠳᠡᠭ᠎ᠦᠨ ᠴᠢᠨᠠᠷᠲᠠᠢ ᠢᠨᠵᠧᠨᠧᠷᠢᠩ ᠎ᠢ ᠰᠠᠢᠲᠤᠷ ᠪᠦᠳᠦᠬᠡᠨ ᠪᠠᠢᠭᠤᠯᠬᠤ ᠬᠡᠷᠡᠭ᠌ᠲᠡᠢ》 ᠭᠡᠵᠦ᠍ ᠱᠠᠭᠠᠷᠳᠠᠪᠠ᠃

《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠮᠠᠨ᠎ᠤ ᠤᠯᠤᠰ᠎ᠤᠨ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠦᠭᠰᠡᠨ᠎ᠦ ᠳᠠᠷᠠᠭ᠎ᠠ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠨ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠬᠦ᠌ ᠠᠩᠬᠠᠳᠤᠭᠠᠷ ᠲᠠᠪᠤᠨ ᠵᠢᠯ ᠪᠣᠯᠤᠨ᠎ᠠ᠂ ᠮᠠᠨ᠎ᠤ ᠤᠯᠤᠰ ᠣᠯᠳᠠᠰᠢ ᠦᠭᠡᠢ ᠠᠵᠠ ᠲᠣᠬᠢᠶᠠᠯ᠎ᠢ ᠠᠮᠵᠢᠵᠤ᠂ ᠡᠯ᠎ᠡ ᠵᠦᠢᠯ᠎ᠦᠨ ᠥᠷᠢᠰᠥᠯᠳᠦᠭᠡᠨ᠎ᠢ ᠲᠤᠯᠵᠤ᠂ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠥᠷᠭᠡᠳᠭᠡᠬᠦ᠌ ᠵᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃

ᠶᠡᠷᠦᠩᠬᠡᠢ ᠱᠦᠵᠢ ᠰᠢ ᠵᠢᠨ ᠫᠢᠩ᠄ 《ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠵᠢᠯ ᠎ᠤᠨ ᠰᠠᠢ᠌ᠨ ᠡᠬᠢᠯᠡᠯᠲᠡ᠎ᠲᠡᠶ ᠪᠣᠯᠬᠤ᠂ ᠰᠠᠢᠨ᠎ᠢᠶᠡᠷ ᠡᠬᠢᠯᠡᠭᠦᠯᠬᠦ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ》 ᠭᠡᠵᠦ ᠴᠢᠬᠤᠯᠠᠴᠢᠯᠠᠪᠠ᠃

ᠲᠠᠪᠤᠨ ᠵᠢᠯ᠎ᠦᠨ ᠬᠤᠭᠤᠴᠠᠭᠠᠨ᠎ᠳᠤ  ᠦᠵᠡᠰᠭᠦᠯᠡᠩᠲᠦ ᠰᠠᠢᠬᠠᠨ ᠠᠭᠤᠯᠠ ᠤᠰᠤ ᠲᠠᠢ᠂ ᠪᠡᠲᠡᠷᠡᠨ ᠮᠠᠨᠳᠤᠵᠤ ᠬᠥᠭ᠌ᠵᠢᠨ ᠴᠡᠴᠡᠭ᠌ᠯᠡᠭᠰᠡᠨ ᠠᠤᠭ᠎ᠠ ᠰᠦᠷᠯᠢᠭ ᠵᠢᠷᠤᠭ ᠠᠯᠭᠤᠷ ᠠᠭᠠᠵᠢᠮ᠎ᠢᠶᠠᠷ ᠳᠡᠯᠭᠡᠭ᠌ᠳᠡᠪᠡ᠃

ᠡᠨᠡ ᠬᠦ᠌ ᠠᠶᠠᠨ᠎ᠨᠢ ᠡᠷᠡᠮᠡᠬᠡᠢᠯᠡᠨ ᠤᠷᠤᠭᠰᠢᠯᠠᠬᠤ ᠠᠯᠬᠤᠭ᠎ᠠ ᠵᠢ ᠵᠤᠷᠢᠭᠵᠢᠭᠤᠯᠤᠨ᠎ᠠ᠄ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠶᠡᠷᠦᠩᠬᠡᠢ ᠬᠡᠮᠵᠢᠢ᠎ᠡ ᠵᠠᠯᠭᠠᠭ᠎ᠠ᠎ᠪᠠᠷ 110 ᠲᠦᠮᠡᠨ ᠳ᠋ᠦᠩᠱᠢᠭᠤᠷ ᠲᠥᠭᠥᠷᠢᠭ᠂ 120 ᠲᠦᠮᠡᠨ ᠳ᠋ᠦᠩᠱᠢᠭᠤᠷ ᠲᠥᠭᠥᠷᠢᠭ᠂ 130 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠵᠢᠱ᠌ᠢᠯᠲᠡ᠎ᠪᠡᠷ 2025 ᠣᠨ᠎ᠤ ᠰᠡᠭᠦᠯᠴᠢ᠎ᠪᠡᠷ 140 ᠲᠦᠮᠡᠨ ᠳ᠋ᠦᠩᠱᠢᠭᠤᠷ ᠲᠥᠭᠥᠷᠢᠭ ᠣᠷᠴᠢᠮ ᠎ᠳᠤ ᠬᠦᠷᠴᠦ᠍᠂ 4 ᠵᠢᠯ᠎ᠳᠦ ᠳᠤᠮᠳᠠᠴᠢ᠎ᠪᠠᠷ 5.5% ᠨᠡᠮᠡᠭ᠌ᠳᠡᠵᠦ᠍᠂ ᠬᠥᠮᠦᠨ ᠳᠤᠮᠳᠠᠴᠢ ᠎ᠶ᠋ᠢᠨ ᠤᠯᠤᠰ ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠬᠣᠶᠠᠷ ᠵᠢᠯ ᠳᠠᠷᠠᠭᠠᠯᠠᠨ 1.3 ᠲᠦᠮᠡᠨ ᠳ᠋ᠣᠯᠯᠠᠷ ᠎ᠢ ᠳᠠᠪᠠᠵᠤ᠂ ᠳᠤᠮᠳᠠᠳᠤ ᠤᠯᠤᠰ᠎ᠤᠨ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠦᠵᠡᠭᠦᠯᠬᠦ᠌ ᠵᠢᠯ ᠳᠤᠮᠳᠠᠴᠢ᠎ᠶ᠋ᠢᠨ ᠬᠤᠪᠢ ᠨᠡᠮᠡᠷᠢ᠎ᠶ᠋ᠢᠨ ᠨᠤᠷᠮ᠎ᠠ 30% ᠣᠷᠴᠢᠮ᠎ᠢ ᠪᠠᠲᠤᠯᠠᠵᠤ ᠪᠠᠢᠨ᠎ᠠ  ᠁

ᠡᠨᠡ ᠬᠦ᠌ ᠴᠠᠭ ᠦᠶ᠎ᠡ ᠱᠢᠨ᠎ᠡ ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠵᠤ ᠪᠠᠢᠨ᠎ᠠ᠄ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠲᠣᠭ᠍ᠲᠠᠭᠠᠭ᠍ᠰᠠᠨ 102 ᠲᠦᠷᠦᠯ ᠎ᠤᠨ ᠴᠢᠬᠤᠯᠠ ᠶᠡᠬᠡ ᠢᠨᠵᠧᠨᠧᠷᠢᠩ ᠎ᠦᠨ ᠠᠬᠢᠴᠠ ᠨᠢ ᠤᠷᠤᠭ᠍ᠰᠢᠲᠠᠶ ᠪᠠᠢᠵᠤ᠂ ᠳᠤᠮᠳᠠᠳᠤ ᠤᠯᠤᠰ ᠠᠯᠢ ᠣᠯᠠᠨ《ᠶᠡᠬᠡ ᠤᠯᠤᠰ ᠎ᠤᠨ ᠰᠤᠳᠤᠨ ᠲᠣᠨᠣᠭ᠍ᠯᠠᠯ》ᠤ᠋ᠨ ᠱᠢᠨ᠎ᠡ᠎ᠶ᠋ᠢ ᠡᠭᠦᠳᠬᠦ᠌ ᠥᠨᠳᠥᠷᠯᠢᠭ᠎ᠲᠦ ᠵᠣᠭ᠍ᠰᠣᠵᠤ᠂ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ ᠨᠢ 2.69% ᠪᠣᠯᠤᠨ ᠳᠡᠭᠡᠭ᠌ᠰᠢᠯᠡᠵᠦ᠍᠂ ᠳᠡᠯᠡᠬᠡᠶ ᠳᠡᠭᠡᠷᠡᠬᠢ ᠠᠩᠬᠠᠳᠠᠭ᠍ᠴᠢ ᠤᠯᠤᠰ᠎ᠤᠨ ᠳᠣᠲᠣᠭᠠᠳᠤ᠎ᠶ᠋ᠢᠨ ᠪᠦᠲᠦᠮᠵᠢᠲᠡᠶ ᠡᠭᠦᠳᠦᠨ ᠪᠦᠲᠦᠭᠡᠯᠲᠡ᠎ᠶ᠋ᠢᠨ ᠲᠤᠰᠭᠠᠶ ᠠᠱᠢᠭ᠎ᠤᠨ ᠬᠡᠮᠵᠢᠶ᠎ᠡ 400 ᠲᠦᠮᠡᠨ ᠬᠤᠪᠢ᠎ᠶ᠋ᠢ ᠳᠠᠪᠠᠭ᠍ᠰᠠᠨ ᠤᠯᠤᠰ ᠪᠣᠯᠪᠠ  ᠁

ᠡᠨᠡ ᠬᠦ᠌ ᠵᠢᠷᠤᠭ ᠳᠦᠷᠰᠦ ᠨᠢ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠎ᠢ ᠵᠢᠷᠤᠭ᠍ᠯᠠᠪᠠ᠄ 《ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠦᠭᠰᠡᠨ》 ᠬᠡᠮᠵᠢᠢ᠎ᠡ ᠪᠦᠬᠦ᠌ ᠪᠥᠮᠪᠥᠷᠴᠡᠭ᠎ᠲᠦ ᠬᠠᠮᠤᠭ᠎ᠤᠨ ᠤᠯᠠᠨ ᠪᠠᠢᠵᠤ᠂ ᠤᠢ ᠱᠢᠭᠤᠢ᠎ᠶ᠋ᠢᠨ ᠪᠦᠷᠬᠦᠴᠡ ᠎ᠶ᠋ᠢᠨ ᠨᠤᠷᠮ᠎ᠠ 25% ᠡᠴᠡ ᠳᠡᠭᠡᠭ᠌ᠰᠢ ᠪᠣᠯᠤᠨ ᠳᠡᠭᠡᠭ᠌ᠰᠢᠯᠡᠪᠡ;  ᠲᠤᠰᠭᠠᠶ ᠣᠷᠣᠨ᠎ᠤ ᠲᠠᠰ ᠵᠢᠴᠢ ᠲᠡᠭᠦᠨ᠎ᠡᠴᠡ ᠳᠡᠭᠡᠭ᠌ᠰᠢᠬᠢ ᠬᠣᠲᠠ᠎ᠶ᠋ᠢᠨ ᠠᠭᠠᠷ ᠎ᠤᠨ ᠶᠠᠰᠤ ᠴᠢᠨᠠᠷ ᠎ᠤᠨ ᠱᠢᠯᠢᠳᠡᠭ ᠰᠠᠢᠨ ᠡᠳᠦᠷ᠎ᠦᠨ ᠲᠣᠭ᠎ᠠ᠎ᠶ᠋ᠢᠨ ᠬᠠᠷᠢᠴᠠᠯ᠎ᠢ 87%ᠣᠷᠴᠢᠮ᠎ᠳᠤ ᠲᠣᠭ᠍ᠲᠠᠪᠤᠷᠢᠵᠢᠭᠤᠯᠪᠠ; ᠬᠥᠬᠡᠮᠥ᠋ᠷᠡᠨ᠂ ᠬᠠᠲᠤᠨ ᠭᠣᠣᠯ᠎ᠤᠨ ᠭᠣᠣᠯ ᠤᠷᠤᠰᠭᠠᠯ  ᠪᠦᠬᠦ᠌ ᠱᠤᠭᠤᠮ᠎ᠢᠶᠠᠷ᠎ᠢᠶᠠᠨ ᠬᠣᠶᠠᠳᠤᠭᠠᠷ ᠲᠦᠷᠦᠯ᠎ᠦᠨ ᠤᠰᠤᠨ᠎ᠤ ᠴᠢᠨᠠᠷ᠎ᠤᠨ ᠪᠠᠷᠢᠮᠵᠢᠶ᠎ᠠ ᠎ᠳᠤ ᠬᠦᠷᠪᠡ; ᠱᠢᠨ᠎ᠡ ᠡᠨᠧᠷᠭᠢ ᠎ᠶ᠋ᠢᠨ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ ᠨᠢ ᠢᠯᠴᠢ ᠵᠢᠨ ᠴᠠᠬᠢᠯᠭᠠᠨ᠎ᠡᠴᠡ ᠲᠡᠦᠬᠡᠲᠦ ᠴᠢᠨᠠᠷᠲᠠᠶ᠎ᠪᠠᠷ ᠳᠠᠪᠠᠵᠤ᠂ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ ᠴᠡᠪᠡᠷ ᠴᠠᠬᠢᠯᠭᠠᠨ ᠭᠠᠷᠭᠠᠬᠤ ᠱᠢᠰᠲ᠋ᠧᠮ᠎ᠢ ᠪᠠᠢᠭᠤᠯᠪᠠ  ᠁

ᠡᠨᠡ ᠬᠦ᠌ ᠬᠠᠷᠢᠭᠤᠯᠲᠠ᠎ᠶ᠋ᠢᠨ ᠬᠠᠭᠤᠳᠠᠰᠤᠨ᠎ᠳᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠪᠢᠯᠬᠠᠨ᠎ᠠ᠄ ᠵᠢᠯ ᠪᠦᠷᠢ ᠬᠤᠳᠠ ᠪᠠᠯᠭᠠᠰᠤᠨ᠎ᠳᠤ 1200 ᠲᠦᠮᠡ᠎ᠡᠴᠡ ᠳᠡᠭᠡᠭ᠌ᠰᠢ ᠬᠥᠮᠦᠨ᠎ᠳᠦ ᠱᠢᠨ᠎ᠡ ᠪᠡᠷ ᠠᠵᠢᠯ ᠣᠯᠭᠣᠵᠤ᠂ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠨᠠᠰᠤᠨ ᠬᠤᠲᠤᠭ᠎ᠢ 79 ᠨᠠᠰᠤ ᠬᠦᠷᠲᠡᠯ᠎ᠡ ᠳᠡᠭᠡᠭ᠌ᠰᠢᠯᠡᠭᠦᠯᠵᠦ᠍᠂ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠎ᠦᠨ ᠱᠢᠰᠲ᠋ᠧᠮ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠎ᠤᠨ ᠱᠢᠰᠲ᠋ᠧᠮ ᠎ᠢ ᠪᠠᠢᠭᠤᠯᠵᠤ᠂ ᠬᠤᠳᠠ ᠬᠥᠳᠡᠭᠡ ᠵᠢᠨ ᠣᠷᠣᠨ ᠪᠦᠰᠡ ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠠᠬᠢᠴᠠ ᠮᠡᠳᠡᠭ᠌ᠳᠡᠮ᠎ᠡ ᠪᠤᠯᠵᠤ᠂ ᠪᠦᠬᠦ᠌ ᠠᠷᠠᠳ ᠲᠦᠮᠡᠨ ᠎ᠤ ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠢ ᠠᠬᠢᠭᠤᠯᠪᠠ  ᠁

ᠲᠠᠪᠤᠨ ᠵᠢᠯ᠎ᠦᠨ ᠬᠤᠭᠤᠴᠠᠭᠠᠨ᠎ᠳᠤ ᠲᠦᠭ ᠲᠦᠮᠡᠨ ᠠᠷᠠᠳ ᠲᠦᠮᠡᠨ ᠡᠷᠡᠮᠡᠬᠡᠢᠯᠡᠨ ᠤᠷᠤᠭ᠍ᠰᠢᠯᠠᠵᠤ᠂ ᠳᠡᠯᠡᠬᠡᠢ ᠳ᠋ᠠᠬᠢᠨ᠎ᠢᠶᠠᠷ᠎ᠢᠶᠠᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠭᠡᠷᠡᠯ ᠰᠠᠴᠤᠷᠠᠩᠭᠤᠢ ᠴᠠᠭ ᠮᠥᠴᠡ ᠪᠤᠯᠭᠠᠨ᠎ᠢ ᠭᠡᠷᠡᠴᠢᠯᠡᠪᠡ ᠄

ᠳᠤᠮᠳᠠᠳᠤ ᠤᠯᠤᠰ ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠦᠪᠡᠳᠡᠭ᠌ᠰᠢ ᠶᠡᠬᠡ᠎ᠪᠡᠷ ᠪᠡᠯᠭᠡᠯᠡᠵᠦ᠍᠂ ᠴᠢᠨᠡᠭᠡᠯᠢᠭ ᠨᠡᠢᠭᠡᠮ ᠎ᠢ ᠪᠦᠬᠦ᠌ ᠲᠠᠯ᠎ᠠ᠎ᠪᠠᠷ ᠪᠡᠶᠡᠯᠡᠬᠦᠯᠦᠭᠰᠡᠨ ᠎ᠢ ᠲᠤᠩᠬᠠᠭ᠍ᠯᠠᠪᠠ; ᠨᠠᠮ ᠎ᠤᠨ ᠬᠣᠷᠢᠳᠤᠭᠠᠷ ᠶᠡᠬᠡ ᠬᠤᠷᠠᠯ᠎ᠢ ᠢᠯᠠᠯᠲᠠ᠎ᠲᠠᠶ᠎ᠪᠠᠷ ᠬᠤᠷᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠪᠠ; ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ ᠎ᠢ ᠬᠤᠷᠠᠯᠳᠤᠭᠤᠯᠵᠤ᠂ ᠥᠭᠡᠷᠡᠴᠢᠯᠡᠯᠲᠡ ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ ᠎ᠪᠠᠷ ᠭᠦᠨᠵᠡᠭᠡᠢᠷᠡᠭᠦᠯᠬᠦ᠌᠎ᠶ᠋ᠢ ᠤᠬᠠᠭᠠᠯᠠᠨ ᠲᠦᠯᠦᠪᠯᠡᠪᠡ; ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠪᠠᠶᠠᠷᠯᠠᠨ ᠪᠡᠯᠭᠡᠯᠡᠪᠡ; ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ ᠎ᠢ ᠡᠰᠡᠷᠭᠦᠴᠡᠭᠰᠡᠨ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠦᠪᠡᠳᠡᠭ᠌ᠰᠢ ᠶᠡᠬᠡ᠎ᠪᠡᠷ ᠳᠤᠷᠠᠰᠬᠠᠪᠠ  ᠁

《ᠳᠤᠮᠳᠠᠳᠤ ᠎ᠶ᠋ᠢᠨ ᠦᠨᠳᠦᠰᠦᠲᠡᠨ ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠤᠷᠢᠳᠤ ᠡᠮᠦᠨ᠎ᠡ ᠪᠠᠢᠭ᠎ᠠ ᠦᠭᠡᠢ ᠠᠭᠤᠤ ᠶᠡᠬᠡ ᠦᠢᠯᠡᠰ ᠮᠥᠨ᠃ ᠬᠦᠰᠡᠯ ᠡᠷᠡᠮᠡᠯᠵᠡᠯ ᠪᠠ ᠥᠷᠢᠰᠥᠯᠳᠦᠭᠡᠨ ᠨᠢ ᠴᠥᠮ ᠪᠢᠳᠡᠨ᠎ᠦ ᠥᠷᠯᠥᠭᠡ ᠦᠳᠡᠰᠢ᠎ᠶ᠋ᠢ ᠲᠡᠮᠡᠴᠡᠨ᠂ ᠡᠭᠦᠷᠢᠳᠡ ᠬᠣᠢᠷᠭᠣᠱᠢᠬᠤ ᠦᠭᠡᠢ ᠲᠡᠮᠡᠴᠡᠯ ᠎ᠦᠨ ᠵᠣᠷᠢᠭ ᠰᠠᠨᠠᠭ᠎ᠠ ᠎ᠶ᠋ᠢ ᠬᠥᠭ᠌ᠵᠢᠭᠡᠵᠦ᠍ ᠪᠠᠢᠳᠠᠭ》᠃ ᠶᠡᠷᠦᠩᠬᠡᠢ ᠱᠦᠵᠢ ᠰᠢ ᠵᠢᠨ ᠫᠢᠩ ᠎ᠦᠨ ᠦᠭᠡ ᠶᠠᠷᠢᠶ᠎ᠠ ᠨᠢ ᠭᠦᠨ ᠰᠡᠳᠭᠢᠯᠭᠡ᠎ᠲᠡᠶ ᠪᠦᠭᠡᠳ ᠣᠮᠣᠭ ᠲᠡᠭᠦᠯᠳᠡᠷ ᠪᠠᠢᠯ᠎ᠠ᠃

ᠡᠨᠡ ᠪᠣᠯ ᠱᠢᠨᠵᠢᠯᠡᠬᠦ᠌ ᠤᠬᠠᠭᠠᠨᠴᠢ ᠤᠨᠤᠯ᠎ᠢᠶᠠᠷ ᠤᠷᠤᠭ᠍ᠰᠢᠯᠠᠯᠲᠠ᠎ᠶ᠋ᠢᠨ ᠵᠠᠮ᠎ᠢ ᠵᠢᠭᠠᠨ ᠵᠢᠯᠤᠭᠤᠳᠤᠭᠰᠠᠨ ᠲᠠᠪᠤᠨ ᠵᠢᠯ ᠮᠥᠨ᠃

2020 ᠣᠨ᠎ᠤ 10 ᠰᠠᠷ᠎ᠠ᠎ᠶ᠋ᠢᠨ 29 ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠠᠨᠠᠭᠤᠯᠭ᠎ᠠ》 ᠵᠢ ᠬᠢᠨᠠᠨ ᠵᠥᠪᠯᠡᠵᠦ᠍ ᠪᠠᠲᠤᠯᠠᠪᠠ᠃

《ᠬᠣᠣᠰ ᠵᠠᠭᠤᠨ ᠵᠢᠯ 》 ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡᠨ ᠠᠭᠤᠯᠵᠠᠷ᠎ᠲᠤ ᠵᠣᠭ᠍ᠰᠣᠵᠤ᠂ ᠡᠨᠡ ᠤᠳᠠᠭ᠎ᠠ᠎ᠶ᠋ᠢᠨ ᠪᠥᠬᠦᠳᠡ ᠬᠤᠷᠠᠯ᠎ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠪᠣᠯᠤᠨ 2035 ᠣᠨ ᠎ᠤ ᠠᠯᠤᠰ᠎ᠤᠨ ᠬᠠᠷᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠢᠷᠡᠭᠡᠳᠦᠶ᠎ᠶ᠋ᠢᠨ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠯᠣᠭᠢᠭ᠎ᠤᠨ ᠭᠣᠣᠯ ᠱᠢᠵᠢᠮ᠎ᠢ ᠵᠢᠷᠤᠭᠯᠠᠪᠠ᠄

《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠠᠵᠤ ᠠᠬᠤᠶ ᠨᠡᠢᠭᠡᠮ᠎ᠦᠨ ᠬᠥᠭ᠌ᠵᠢᠯᠲᠡ ᠨᠢ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠬᠤ ᠬᠡᠷᠡᠭ᠌ᠲᠡᠶ》 ᠂ 《ᠱᠢᠨ᠎ᠡ ᠬᠥᠭ᠌ᠵᠢᠯᠲᠡ᠎ᠶ᠋ᠢᠨ ᠱᠠᠲᠤ᠎ᠶ᠋ᠢ ᠣᠨᠣᠪᠴᠢᠲᠠᠶ ᠡᠵᠡᠮᠳᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠎ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ ᠎ᠢ ᠲᠦᠷᠭᠡᠳᠭᠡᠨ ᠪᠠᠢᠭᠤᠯᠬᠤ ᠬᠡᠷᠡᠭ᠌ᠲᠡᠶ 》᠃

2022 ᠣᠨ ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠄ 《ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ》 ᠭᠡᠵᠦ ᠲᠤᠳᠤᠷᠬᠠᠢ ᠲᠤᠷᠠᠳᠪᠠ᠃

ᠤᠨᠤᠯ ᠪᠠ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠱᠢᠪᠲᠤᠯᠤᠯᠲᠠ ᠨᠢ ᠱᠢᠨ᠎ᠡ ᠴᠠᠭ ᠦᠶ᠎ᠡ ᠱᠢᠨ᠎ᠡ ᠠᠶᠠᠨ᠎ᠳᠤ ᠤᠷᠬᠢᠯᠤᠨ ᠪᠠᠳᠠᠷᠠᠨ᠎ᠠ᠃

ᠴᠢᠨᠠᠷ ᠰᠠᠢᠲᠠᠢ ᠬᠥᠭ᠌ᠵᠢᠯᠲᠡ ᠵᠢ ᠱᠢᠨ᠎ᠡ ᠦᠢᠯᠡᠳᠪᠦᠷᠢᠯᠡᠯ᠎ᠦᠨ ᠬᠦᠴᠦᠨ᠎ᠦ ᠤᠨᠤᠯ᠎ᠢᠶᠠᠷ ᠵᠢᠯᠤᠭᠤᠳᠤᠭᠤᠯᠬᠤ ᠬᠡᠷᠡᠭ᠌ᠲᠡᠢ᠃ 2023 ᠣᠨ᠎ᠳᠤ ᠶᠡᠷᠦᠩᠬᠡᠢ ᠱᠦᠵᠢ ᠰᠢ ᠵᠢᠨ ᠫᠢᠩ ᠣᠷᠣᠨ ᠨᠤᠲᠤᠭ᠎ᠲᠤ ᠱᠢᠨᠵᠢᠯᠡᠨ ᠪᠠᠢᠴᠠᠭᠠᠬᠤ᠎ᠳᠠᠭᠠᠨ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠠᠩᠬ᠎ᠠ ᠤᠳᠠᠭ᠎ᠠ ᠳᠤᠷᠠᠳᠴᠤ᠌᠂ ᠡᠭᠦᠨ᠎ᠡᠴᠡ ᠬᠣᠢᠰᠢ ᠤᠯᠠᠨ ᠲᠠᠯᠠᠪᠤᠷ᠎ᠲᠤ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠭ᠍ᠰᠠᠨ ᠪᠠ ᠴᠢᠬᠤᠯᠠ ᠶᠡᠬᠡ ᠪᠠᠢᠷᠢᠯᠠᠭᠤᠯᠤᠯᠲᠠ ᠬᠢᠵᠦ᠍᠂《ᠶᠠᠭᠤ᠎ᠶ᠋ᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠭᠡᠬᠦ᠌ ᠪᠤᠢ᠂ ᠶᠠᠭᠤᠨ᠎ᠳᠤ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠴᠢᠬᠤᠯᠠᠲᠠᠢ ᠪᠤᠢ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠎ᠢ ᠬᠡᠷᠬᠢᠨ ᠬᠥᠭ᠌ᠵᠢᠭᠦᠯᠬᠦ᠌ ᠪᠤᠢ》 ᠵᠡᠷᠭᠡ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭ᠌ᠴᠡᠢ᠃

ᠲᠠᠪᠤᠨ ᠵᠢᠯ᠎ᠦᠨ ᠬᠤᠭᠤᠴᠠᠭᠠᠨ᠎ᠳᠤ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠨᠳᠦᠰᠦᠨ ᠵᠢᠷᠤᠮᠯᠠᠯ ᠬᠠᠩᠭᠠᠪᠠ᠃

ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠪᠠ;

ᠰᠣᠶᠣᠯ᠎ᠢᠶᠠᠷ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠤ ᠡᠨᠧᠷᠬᠢ ᠤᠯᠭᠤᠵᠤ᠂ ᠰᠣᠶᠣᠯ ᠢᠷᠭᠡᠨᠱᠢᠯ ᠪᠠ ᠠᠵᠤ ᠠᠬᠤᠶ ᠰᠣᠯᠪᠢᠴᠠᠨ ᠭᠡᠷᠡᠯᠲᠦᠵᠦ᠍᠂ ᠥᠷᠲᠡᠭ ᠨᠢ ᠬᠠᠮᠲᠤ᠎ᠪᠠᠷ ᠣᠷᠣᠱᠢᠪᠠ;      

ᠬᠦᠭᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠯᠡᠨ᠂ ᠠᠮᠤ ᠪᠤᠳᠠᠭ᠎ᠠ᠂ ᠡᠨᠧᠷᠭᠢ᠂ ᠠᠵᠤ ᠦᠢᠯᠡᠰ᠂ ᠤᠯᠤᠰ᠎ᠤᠨ ᠪᠠᠲᠤᠯᠠᠨ ᠬᠠᠮᠠᠭᠠᠯᠠᠯᠲᠠ ᠵᠡᠷᠭᠡ᠎ᠶ᠋ᠢᠨ ᠠᠮᠤᠷ ᠲᠦᠪᠱᠢᠨ᠎ᠦ ᠰᠠᠭᠤᠷᠢ᠎ᠶ᠋ᠢ ᠤᠯᠠᠮ ᠨᠢᠭᠡ ᠠᠯᠬᠤᠮ ᠪᠠᠲᠤᠳᠬᠠᠪᠠ;

ᠪᠦᠬᠦ᠌ ᠠᠷᠠᠳ ᠲᠦᠮᠡᠨ᠎ᠦ ᠬᠠᠮᠲᠤ᠎ᠶ᠋ᠢᠨ ᠪᠠᠶᠠᠵᠢᠯ᠎ᠢ ᠠᠬᠢᠭᠤᠯᠵᠤ᠂ ᠣᠨᠣᠯ ᠢ᠋ ᠲᠡᠭᠦᠯᠳᠡᠷᠵᠢᠭᠦᠯᠬᠦ᠌᠎ᠡᠴᠡ ᠵᠢᠱ᠌ᠢᠶ᠎ᠡ ᠦᠵᠡᠭᠦᠯᠦᠨ ᠵᠠᠮ ᠰᠦᠪᠡᠭᠴᠢᠯᠡᠬᠦ ᠬᠦᠷᠲᠡᠯ᠎ᠡ᠂ ᠬᠦᠰᠡᠯ ᠵᠡᠭᠦᠳᠦ ᠵᠢ ᠶᠠᠭ ᠠᠯᠬᠤᠮ ᠠᠯᠬᠤᠮ᠎ᠢᠶᠠᠷ ᠪᠣᠳᠠᠲᠤ ᠠᠬᠤᠢ ᠪᠣᠯᠭᠠᠨ ᠬᠤᠪᠢᠷᠠᠭᠤᠯᠵᠤ ᠪᠠᠢᠨ᠎ᠠ ᠁

ᠰᠢ ᠵᠢᠨ ᠫᠢᠩ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠨᠢ ᠲᠦᠭ ᠲᠦᠮᠡᠨ ᠠᠷᠠᠳ ᠲᠦᠮᠡᠨ᠎ᠦ ᠰᠦᠷ ᠳᠠᠯᠠᠢᠴᠠᠲᠠᠢ ᠦᠢᠯᠡᠳᠦᠯᠭᠡ ᠳᠤᠮᠳᠠ ᠲᠠᠰᠤᠷᠠᠯᠲᠠ ᠦᠭᠡᠢ ᠪᠠᠶᠠᠯᠢᠭ᠍ᠵᠢᠨ ᠬᠥᠭ᠌ᠵᠢᠵᠦ᠍᠂ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠬᠤ ᠬᠠᠮᠤᠭ᠎ᠤᠨ ᠭᠦᠨ ᠴᠢᠬᠢᠮᠠᠢ᠂ ᠬᠠᠮᠤᠭ᠎ᠤᠨ ᠰᠦᠷ ᠳᠠᠯᠠᠢᠴᠠᠲᠠᠢ ᠬᠦᠴᠦᠨ ᠴᠢᠳᠠᠯ᠎ᠢ ᠬᠥᠭ᠌ᠵᠢᠭᠡᠪᠡ᠃

ᠡᠨᠡ ᠪᠣᠯ ᠠᠤᠭ᠎ᠠ ᠲᠥᠰᠦᠪ᠎ᠢᠶᠡᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠤᠭ᠍ᠰᠠᠨ ᠲᠠᠪᠤᠨ ᠵᠢᠯ ᠪᠣᠯᠤᠨ᠎ᠠ᠃

ᠡᠨᠡ ᠵᠢᠯ᠎ᠦᠨ 10 ᠰᠠᠷ᠎ᠠ᠎ᠶ᠋ᠢᠨ 9 ᠤ᠋ ᠡᠳᠦᠷ᠂ ᠳᠤᠮᠳᠠᠳᠤ ᠤᠯᠤᠰ᠎ᠤᠨ ᠬᠤᠸᠠ ᠨᠸᠩ ᠪᠦᠯᠦᠭᠯᠡᠯ᠎ᠤᠨ ᠶᠡᠷᠦᠩᠬᠡᠢ ᠬᠡᠯᠲᠡᠰ᠂ ᠳᠤᠮᠳᠠᠳᠤ ᠤᠯᠤᠰ᠎ᠤᠨ ᠵᠦᠩ ᠬᠤᠸᠠ᠎ᠪᠦᠯᠦᠭᠯᠡᠯ᠎ᠤᠨ ᠶᠡᠷᠦᠩᠬᠡᠢ ᠬᠡᠯᠲᠡᠰ ᠱᠢᠶᠦ᠋ᠩ ᠠᠨ ᠱᠢᠨ᠎ᠡ ᠲᠣᠭᠣᠷᠢᠭ᠎ᠲᠤ ᠵᠢᠩᠬᠢᠨᠢ᠎ᠪᠡᠷ ᠨᠤᠳᠤᠬᠰᠢᠪᠠ᠃

2023 ᠣᠨ᠎ᠤ 5 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠭᠤᠷᠪᠠᠳᠠᠬᠢ ᠤᠳᠠᠭ᠎ᠠ ᠾᠸᠪᠸᠢ ᠵᠢᠨ ᠱᠢᠶᠦ᠋ᠩ ᠠᠨ ᠱᠢᠨ᠎ᠡ ᠲᠣᠭᠣᠷᠢᠭ᠎ᠲᠤ ᠱᠢᠨᠵᠢᠯᠡᠨ ᠪᠠᠢᠴᠠᠭᠠᠵᠤ᠂ 《ᠶᠡᠬᠡ ᠬᠡᠪᠴᠢᠶ᠎ᠡ᠎ᠪᠡᠷ ᠪᠦᠳᠦᠭᠡᠨ ᠪᠠᠢᠭᠤᠯᠬᠤ ᠪᠠ ᠪᠡᠭᠡᠵᠢᠩ᠎ᠦᠨ ᠨᠡᠢᠰᠯᠡᠯ᠎ᠦᠨ ᠪᠤᠰᠤ ᠴᠢᠳᠠᠮᠵᠢ᠎ᠶ᠋ᠢ ᠬᠦᠯᠢᠶᠡᠨ ᠠᠪᠬᠤ ᠲᠠᠷᠬᠠᠭᠠᠨ ᠵᠣᠬᠢᠴᠠᠭᠤᠯᠬᠤ᠎ᠶ᠋ᠢ ᠵᠡᠷᠭᠡ᠎ᠪᠡᠷ ᠴᠢᠬᠤᠯᠠᠴᠢᠯᠠᠬᠤ ᠱᠠᠲᠤᠨ᠎ᠳᠤ ᠤᠷᠤᠬ᠍ᠰᠠᠨ》 ᠱᠢᠨ᠎ᠡ ᠬᠤᠳᠠ᠎ᠶ᠋ᠢᠨ ᠲᠤᠬᠠᠢ ᠴᠢᠩ ᠰᠡᠳᠭᠢᠯ᠎ᠤᠨ ᠨᠠᠢᠳᠠᠯᠭ᠎ᠠ ᠲᠠᠯᠪᠢᠪᠠ᠄《ᠰᠡᠳᠭᠢᠯ ᠰᠠᠨᠠᠭ᠎ᠠ ᠲᠣᠭ᠍ᠲᠠᠪᠤᠷᠢ ᠦᠭᠡᠢ ᠪᠠᠢᠵᠤ ᠪᠣᠯᠬᠤ ᠦᠭᠡᠢ ᠮᠦᠷᠲᠡᠭᠡᠨ ᠬᠦᠯᠢᠶᠡᠬᠦ᠌ ᠲᠦᠱᠢᠬᠦ᠌ ᠠᠪᠬᠤ ᠪᠠᠢᠳᠠᠯ ᠭᠠᠷᠭᠠᠵᠤ ᠪᠣᠯᠬᠤ ᠦᠭᠡᠢ᠂ ᠯᠠᠪᠳᠠᠭᠤᠨ ᠪᠠᠲᠤᠲᠠᠢ ᠴᠢᠷᠮᠠᠢᠵᠤ᠂ ᠤᠳᠠᠭᠠᠨ ᠳᠠᠭᠠᠭᠠᠮᠠᠭᠠᠢ᠎ᠪᠠᠷ ᠵᠢᠳᠬᠦᠨ ᠴᠢᠷᠮᠠᠢᠬᠤ ᠬᠡᠷᠡᠭ᠌ᠲᠡᠢ》᠃

《ᠨᠢᠭᠡ ᠬᠡᠰᠡᠭ ᠭᠠᠵᠠᠷ》 ᠡᠴᠡ 《ᠨᠢᠭᠡ ᠬᠠᠭᠤᠳᠠᠰᠤ ᠵᠢᠷᠤᠭ》 ᠬᠦᠷᠲᠡᠯ᠎ᠡ᠂ ᠲᠠᠬᠢᠭᠠᠳ 《ᠨᠢᠭᠡ ᠬᠤᠳᠠ》 ᠬᠦᠷᠲᠡᠯ᠎ᠡ᠂ ᠮᠢᠩᠭᠠᠨ ᠣᠨ᠎ᠤ ᠶᠡᠬᠡ ᠪᠤᠳᠤᠯᠭ᠎ᠠ᠎ᠶ᠋ᠢ ᠠᠴᠢᠶᠠᠯᠠᠭ᠍ᠰᠠᠨ ᠢᠷᠡᠭᠡᠳᠦᠢ᠎ᠶ᠋ᠢᠨ ᠬᠤᠳᠠ ᠨᠢ ᠶᠡᠬᠡ ᠠᠯᠬᠤᠮ᠎ᠢᠶᠠᠷ ᠤᠷᠤᠭ᠍ᠰᠢᠯᠠᠵᠤ ᠪᠠᠢᠨ᠎ᠠ᠃

ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠦᠷᠭᠦᠯᠵᠢᠯᠡᠨ ᠠᠵᠢᠯᠯᠠᠨ᠎ᠠ᠃

《ᠪᠢᠳᠡᠨ᠎ᠦ ᠴᠠᠭ ᠬᠤᠭᠤᠴᠠᠭᠠᠨ᠎ᠤ ᠲᠤᠬᠠᠢ ᠣᠢᠯᠠᠭᠠᠯᠲᠠ ᠪᠣᠯ ᠵᠠᠭᠤᠨ ᠵᠢᠯ᠂ ᠮᠢᠩᠭᠠᠨ ᠵᠢᠯ᠎ᠢᠶᠡᠷ ᠠᠷᠭ᠎ᠠ ᠪᠤᠳᠤᠯᠭ᠎ᠠ ᠪᠣᠯᠭᠠᠨ᠎ᠠ》᠂ 《ᠪᠠᠷᠢᠨ ᠭᠦᠢᠴᠡᠳᠭᠡᠬᠦ᠌ ᠪᠠᠴᠢᠮ ᠡᠭᠦᠷᠭᠡ ᠵᠢᠨ ᠲᠤᠬᠠᠢ ᠬᠡᠯᠡᠬᠦ ᠵᠢᠨ ᠵᠡᠷᠭᠡ ᠪᠡᠷ ᠲᠦᠷᠭᠡᠨ ᠬᠢᠵᠦ᠍᠂ ᠱᠠᠯᠠᠪᠳᠠᠨ ᠠᠳᠬᠤᠵᠤ ᠲᠦᠷᠭᠡᠨ ᠠᠵᠢᠯᠯᠠᠬᠤ ᠬᠡᠷᠡᠭ᠌ᠲᠡᠢ᠂ ᠠᠯᠭᠤᠷ ᠠᠭᠠᠵᠢᠮ᠂ ᠤᠳᠠᠭᠠᠱᠢᠷᠠᠭᠤᠯᠵᠤ ᠪᠣᠯᠬᠤ ᠦᠭᠡᠢ᠃ ᠤᠷᠳᠤ ᠬᠤᠭᠤᠴᠠᠭᠠᠨ ᠎ᠤ ᠡᠭᠦᠷᠭᠡ ᠎ᠳᠦ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠪᠣᠯᠤᠨ ᠲᠡᠰᠪᠦᠷᠢ ᠲᠡᠪᠴᠢᠶᠡᠷᠢ᠎ᠲᠡᠶ ᠪᠠᠢᠵᠤ᠂ ᠨᠢᠭᠡ ᠵᠢᠷᠤᠭ ᠲᠥᠰᠦᠪ ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ᠂ ᠲᠤᠰᠤᠯ ᠤᠰᠤ᠎ᠪᠠᠷ ᠴᠢᠯᠠᠭᠤ᠎ᠶ᠋ᠢ ᠴᠤᠭᠤᠯᠬᠤ᠂ ᠤᠳᠠᠭᠠᠨ ᠳᠠᠭᠠᠭᠠᠮᠠᠭᠠᠢ᠎ᠪᠠᠷ ᠵᠢᠳᠬᠦᠨ ᠴᠢᠷᠮᠠᠢᠬᠤ᠎ᠶ᠋ᠢ ᠪᠠᠷᠢᠮᠲᠠᠯᠠᠬᠤ ᠬᠡᠷᠡᠭ᠌ᠲᠡᠢ》᠃

ᠬᠤᠷᠳᠤᠨ ᠤᠳᠠᠭᠠᠨ᠎ᠢ ᠡᠵᠡᠮᠳᠡᠬᠦ᠌᠂ ᠴᠠᠭ ᠬᠤᠭᠤᠴᠠᠭᠠᠨ᠎ᠤ ᠲᠤᠬᠠᠢ ᠢᠲᠡᠭᠡᠯ ᠪᠢᠱᠢᠷᠡᠯ ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠡᠦᠬᠡᠲᠦ ᠬᠠᠷᠢᠭᠤᠴᠠᠯᠭ᠎ᠠ ᠪᠣᠯᠤᠨ ᠴᠠᠭ ᠦᠶ᠎ᠡ᠎ᠶ᠋ᠢᠨ ᠡᠭᠦᠷᠭᠡᠯᠡᠯ ᠎ᠢ ᠠᠴᠢᠶᠠᠯᠠᠵᠤ ᠪᠠᠢᠨ᠎ᠠ᠃

ᠲᠠᠪᠤᠨ ᠵᠢᠯ ᠎ᠦᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠣᠨ᠎ᠤ ᠲᠥᠯᠥᠪᠯᠡᠭᠡ᠎ᠳᠡᠭᠡᠨ ᠦᠷᠭᠦᠯᠵᠢᠯᠡᠨ ᠣᠷᠣᠭᠤᠯᠵᠤ᠂ ᠡᠯ᠎ᠡ ᠲᠥᠷᠥᠯ᠎ᠦᠨ ᠬᠣᠷᠸ᠎ᠠ ᠲᠥᠷᠥ᠎ᠶ᠋ᠢᠨ ᠪᠣᠳᠣᠯᠭ᠎ᠠ ᠬᠠᠮᠵᠢᠯᠴᠠᠨ ᠬᠦᠴᠦᠯᠡᠵᠦ᠍᠂ ᠬᠥᠳᠡᠯᠦᠩᠭᠦᠶ᠎ᠪᠡᠷ ᠬᠢᠨᠠᠨ ᠬᠡᠮᠵᠢᠵᠦ᠍᠂ ᠳᠤᠮᠳᠠ ᠬᠤᠭᠤᠴᠠᠭᠠᠨ᠎ᠳᠤ ᠦᠨᠡᠯᠡᠨ ᠵᠢᠱ᠌ᠢᠵᠦ᠍᠂ ᠎ᠳ᠋ᠦᠩᠨᠡᠨ ᠦᠨᠡᠯᠡᠨ ᠵᠢᠱ᠌ᠢᠨ᠎ᠠ ᠁ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠨᠢ ᠲᠠᠪᠤᠨ ᠵᠢᠯ ᠴᠢᠨᠠᠭ᠍ᠰᠢᠯᠠᠪᠠᠯ ᠠᠷᠪᠠᠨ ᠲᠠᠪᠤᠨ ᠵᠢᠯ᠎ᠦᠨ ᠤᠯᠤᠰ᠎ᠤᠨ ᠬᠥᠭ᠌ᠵᠢᠯᠲᠡ᠎ᠶ᠋ᠢᠨ ᠤᠳᠤᠷᠢᠳᠤᠮᠵᠢ᠂ ᠪᠠᠢᠯᠳᠤᠬᠤ ᠪᠣᠳᠣᠯᠭ᠎ᠠ᠎ᠶ᠋ᠢᠨ ᠭᠤᠤᠯᠳᠠᠯᠭ᠎ᠠ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠠᠴᠢᠶᠠᠯᠠᠵᠤ᠂ ᠱᠠᠲᠤᠴᠢ ᠴᠢᠨᠠᠷᠲᠠᠶ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠬᠤ ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠲᠠᠪᠤᠨ ᠵᠢᠯ ᠎ᠦᠨ ᠬᠤᠭᠤᠴᠠᠭᠠᠨ᠎ᠳᠤ᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠰᠭᠠᠢ ᠰᠡᠳᠦᠪᠲᠦ ᠶᠠᠷᠢᠯᠴᠠᠬᠤ ᠬᠤᠷᠠᠯ᠎ᠢ ᠤᠯᠠᠨ ᠤᠳᠠᠭ᠎ᠠ ᠬᠤᠷᠠᠯᠳᠤᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯ᠎ᠢ ᠢᠮᠠᠭ᠍ᠲᠠ ᠲᠤᠭᠤᠱᠢᠯᠠᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠭᠤᠯᠪᠠ;ᠱᠢᠨ᠎ᠡ᠎ᠶ᠋ᠢ ᠡᠭᠦᠳᠬᠦ᠌᠎ᠶ᠋ᠢᠨ ᠮᠠᠨ᠎ᠤ ᠤᠯᠤᠰ᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠠᠬᠢ ᠭᠣᠣᠯᠯᠠᠬᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ ᠎ᠪᠡᠨ ᠳᠠᠭᠠᠭᠠᠵᠤ ᠬᠦᠴᠦᠷᠬᠡᠭ᠌ᠵᠢᠬᠦ᠌᠎ᠳᠤ ᠠᠩᠬᠠᠷᠤᠯ᠎ᠢᠶᠡᠨ ᠲᠦᠪᠯᠡᠷᠡᠭᠦᠯᠵᠦ ᠤᠳᠠᠭᠠᠨ ᠳᠠᠭᠠᠭᠠᠮᠠᠭᠠᠢ ᠪᠡᠷ ᠬᠦᠴᠦᠯᠡᠨ ᠴᠢᠷᠮᠠᠢᠪᠠ; ᠡᠷᠡᠰ ᠭᠤᠢᠪᠢᠰᠢ ᠦᠭᠡᠢ ᠎ᠪᠡᠷ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠥᠷᠭᠡᠴᠡ ᠪᠣᠯᠤᠨ ᠭᠦᠨᠴᠡ᠎ᠶ᠋ᠢ ᠲᠠᠰᠤᠷᠠᠯᠳᠠ ᠦᠭᠡᠢ ᠥᠷᠭᠡᠳᠭᠡᠪᠡ ᠁ ᠬᠠᠷᠠᠯᠲᠠ ᠪᠡᠨ ᠴᠢᠭᠯᠡᠨ ᠡᠷᠡᠰ ᠰᠤᠯᠠᠷᠠᠭᠤᠯᠤᠯ ᠦᠭᠡᠢ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠦᠷ᠎ᠡ ᠪᠦᠲᠦᠮᠵᠢ ᠭᠠᠷᠭᠠᠨ ᠠᠳᠬᠤᠬᠤ ᠬᠡᠷᠡᠭᠲᠡᠢ᠃

ᠭᠠᠳᠠᠭᠠᠳᠤ ᠎ᠶ᠋ᠢᠨ ᠵᠠᠭᠤᠴᠢᠯᠠᠭᠤᠷ ᠎ᠤᠨ᠎ᠬᠢᠨ ᠵᠣᠬᠢᠶᠠᠯ ᠨᠡᠢᠲᠡᠯᠡᠵᠦ᠍᠂ ᠳᠤᠮᠳᠠᠳᠤ ᠤᠯᠤᠰ᠎ᠤᠨ ᠲᠠᠪᠤᠨ ᠵᠢᠯ᠎ᠦᠨ ᠡᠮᠦᠨ᠎ᠡ ᠲᠣᠭ᠍ᠲᠠᠭᠠᠭ᠍ᠰᠠᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ᠎ᠶ᠋ᠢᠨ ᠡᠯ᠎ᠡ ᠵᠦᠶ᠋ᠯ᠎ᠦᠨ ᠭᠤᠤᠯ ᠭᠦᠶ᠋ᠴᠡᠳᠭᠡᠯ ᠲᠣᠭ᠎ᠠ᠎ᠶ᠋ᠢᠨ ᠳᠣᠲᠣᠷ᠎ᠠ᠂ ᠣᠯᠠᠨ ᠵᠦᠶ᠋ᠯ᠎ᠦᠨ ᠭᠦᠶ᠋ᠴᠡᠳᠭᠡᠯ ᠲᠣᠭ᠎ᠠ᠎ᠶ᠋ᠢᠨ ᠠᠬᠢᠴᠠ᠎ᠨᠢ ᠵᠢᠱ᠌ᠢᠯᠲᠡ᠎ᠲᠡᠶ ᠨᠡᠢᠴᠡᠵᠦ᠍ ᠪᠠᠢᠬᠤ ᠪᠤᠶᠤ ᠴᠢᠨᠠᠭ᠍ᠰᠢᠯᠠᠪᠠᠯ ᠳᠠᠪᠠᠵᠤ ᠪᠠᠢᠨ᠎ᠠ ᠭᠡᠵᠦ ᠵᠢᠭᠠᠵᠤ ᠭᠠᠷᠭᠠᠪᠠ᠃

ᠡᠨᠡ ᠪᠣᠯ ᠰᠠᠯᠬᠢ ᠪᠣᠷᠣᠭᠠᠨ ᠥᠷᠢᠰᠥᠯᠳᠦᠭᠡᠨ᠎ᠤ ᠲᠤᠮᠳᠠ ᠬᠤᠪᠢᠷᠠᠯᠲᠠ ᠵᠢ ᠠᠷᠭᠠᠴᠠᠭᠠᠵᠤ ᠱᠢᠨ᠎ᠡ ᠪᠠᠢᠳᠠᠯ᠎ᠢ ᠡᠭᠦᠳᠦᠭ᠌ᠰᠡᠨ ᠲᠠᠪᠤᠨ ᠵᠢᠯ ᠪᠣᠯᠤᠨ᠎ᠠ᠃

ᠬᠣᠪᠣᠷ ᠱᠢᠷᠣᠶ᠎ᠶ᠋ᠢᠨ ᠬᠣᠯᠪᠣᠭ᠍ᠳᠠᠯ ᠪᠥᠬᠥᠶ ᠪᠣᠳᠠᠰ ᠎ᠤᠨ ᠵᠦᠶ᠋ᠯ᠎ᠦᠨ ᠭᠠᠳᠠᠭᠠᠳᠤ ᠭᠠᠷᠭᠠᠯᠲᠠ᠎ᠶ᠋ᠢᠨ ᠵᠠᠬᠢᠷᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠬᠡᠲᠦ ᠬᠠᠲᠠᠭᠤ ᠮᠠᠲ᠋ᠧᠷᠢᠶᠠᠯ ᠵᠡᠷᠭᠡ ᠬᠣᠯᠪᠣᠭ᠍ᠳᠠᠯ ᠪᠥᠬᠥᠶ ᠪᠣᠳᠠᠰ᠎ᠤᠨ ᠵᠦᠶ᠋ᠯ᠎ᠳᠦ ᠭᠠᠳᠠᠭᠠᠳᠤ ᠭᠠᠷᠭᠠᠯᠲᠠ᠎ᠶ᠋ᠢᠨ ᠵᠠᠬᠢᠷᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠠᠮᠧᠷᠢᠺᠠ᠎ᠶ᠋ᠢᠨ ᠣᠩᠭᠣᠴᠠ ᠰᠠᠯ᠎ᠡᠴᠡ ᠣᠩᠭᠣᠴᠠ ᠰᠠᠯ᠎ᠤᠨ ᠣᠨᠴᠠᠭᠠᠶ ᠭᠠᠷᠠᠮ᠎ᠤᠨ ᠶᠠᠪᠤᠳᠠᠯ᠎ᠤᠨ ᠰᠦᠶ᠋ᠳᠭᠡᠯ ᠬᠤᠷᠢᠶᠠᠪᠡ ᠁ ᠣᠢᠷ᠎ᠠ᠎ᠳᠤ᠂ ᠠᠮᠧᠷᠢᠺᠠ᠎ᠶ᠋ᠢᠨ ᠲᠠᠯ᠎ᠠ᠎ᠵᠢᠨ ᠦᠵᠡᠭᠦᠯᠦᠭᠰᠡᠨ ᠳᠠᠷᠤᠯᠲᠠ᠎ᠳᠤ ᠴᠢᠭ᠌ᠯᠡᠭᠦᠯᠦᠨ᠂ ᠳᠤᠮᠳᠠᠳᠤ ᠤᠯᠤᠰ ᠡᠴᠡ ᠠᠯᠢ ᠣᠯᠠᠨ ᠠᠷᠭ᠎ᠠ ᠬᠡᠮᠵᠢᠶ᠎ᠡ ᠨᠡᠢᠲᠡᠯᠡᠪᠡ᠃

ᠬᠡᠯᠡᠯᠴᠡᠭᠡ ᠬᠢᠬᠦ᠎ᠳᠤ ᠬᠦᠷᠪᠡᠯ᠂ ᠡᠭᠦᠳᠡ᠎ᠪᠡᠨ ᠴᠢᠯᠦᠭᠡᠲᠡᠢ ᠨᠡᠭᠡᠭᠡᠨ᠎ᠡ;ᠦᠵᠡᠯᠴᠡᠬᠦ ᠳ᠋ᠦ ᠬᠦᠷᠪᠡᠯ᠂ ᠡᠴᠦᠰ᠎ᠲᠦᠨᠢ ᠲᠤᠯᠲᠠᠯ᠎ᠠ ᠲᠡᠮᠡᠴᠡᠨ᠎ᠡ᠃ ᠵᠠᠷᠢᠮ ᠠᠵᠢᠭ᠍ᠯᠠᠭ᠍ᠴᠢ᠂ ᠳᠤᠮᠳᠠᠳᠤ ᠤᠯᠤᠰ᠎ᠤᠨ ᠨᠠᠩ ᠯᠠᠪᠳᠠᠭᠤᠨ ᠲᠣᠭ᠍ᠲᠠᠭᠤᠨ ᠨᠠᠩ ᠲᠡᠰᠪᠦᠷᠢᠲᠡᠶ ᠠᠷᠭᠠᠴᠠᠭᠠᠬᠤ ᠠᠷᠭ᠎ᠠ᠎ᠨᠢ ᠨᠠᠩ ᠪᠠᠲᠤ ᠴᠢᠩᠭ᠎ᠠ ᠢᠲᠡᠭᠡᠯ ᠵᠣᠷᠢᠭ ᠪᠠ ᠨᠠᠩ ᠬᠦᠴᠦᠷᠬᠡᠭ ᠶᠡᠬᠡ ᠬᠦᠴᠦᠨ ᠴᠢᠳᠠᠯ᠎ᠢ ᠢᠯᠡᠷᠡᠭᠦᠯᠵᠠᠢ ᠭᠡᠵᠦ ᠵᠢᠭᠠᠵᠤ ᠭᠠᠷᠭᠠᠪᠠ᠃

ᠵᠠᠩᠭᠢᠯᠠᠭ᠎ᠠ᠎ᠶ᠋ᠢᠨ ᠦᠶ᠎ᠡ᠎ᠳᠤ ᠵᠠᠪᠠᠯ ᠵᠠᠩᠭᠢᠯᠠᠭ᠎ᠠ᠎ᠶ᠋ᠢᠨ ᠰᠣᠩᠭᠣᠯᠲᠠ ᠪᠠᠢᠬᠤ ᠬᠡᠷᠡᠭᠲᠡᠢ᠃ ᠲᠠᠪᠤᠨ ᠵᠢᠯ᠎ᠦᠨ ᠬᠤᠭᠤᠴᠠᠭᠠᠨ᠎ᠳᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ ᠪᠣᠯᠤᠨ ᠲᠣᠭ᠍ᠲᠠᠭᠠᠯᠲᠤ ᠪᠤᠰᠤ ᠴᠢᠨᠠᠷ᠎ᠲᠤ ᠱᠢᠭᠤᠳ ᠬᠠᠨᠳᠤᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠡᠴᠡ ᠤᠳᠠᠭ᠎ᠠ ᠳᠠᠷᠠᠭᠠᠯᠠᠨ ᠴᠢᠬᠤᠯᠠ ᠵᠠᠩᠭᠢᠯᠠᠭ᠎ᠠ᠎ᠶ᠋ᠢᠨ ᠦᠶ᠎ᠡ᠎ᠳᠦ ᠵᠠᠯᠠᠭᠤᠷ᠎ᠢ ᠠᠳᠭᠤᠨ ᠠᠶᠠᠯᠠᠯ᠎ᠢ ᠳᠠᠭᠠᠭᠤᠯᠵᠤ᠂ ᠳᠤᠮᠳᠠᠳᠤ ᠤᠯᠤᠰ ᠨᠡᠷᠡᠮᠵᠢᠲᠦ ᠲᠤᠮᠤ ᠬᠥᠯᠭᠡ ᠣᠩᠭᠣᠴᠠ᠎ᠶ᠋ᠢ ᠳᠠᠭᠠᠭᠤᠯᠤᠨ ᠲᠤᠬ᠍ᠰᠢᠨ ᠳᠠᠪᠠᠯᠭᠠᠨ ᠱᠢᠷᠦᠭᠦᠨ ᠳᠣᠯᠭᠢᠶᠠᠨ᠎ᠢ ᠲᠤᠭᠤᠯᠪᠠ᠃

ᠭᠡᠨᠡᠳᠲᠡ᠎ᠪᠡᠷ ᠲᠠᠭᠠᠷᠢᠨ ᠢᠷᠡᠭ᠌ᠰᠡᠨ ᠵᠠᠭᠤᠨ ᠵᠢᠯ᠎ᠳᠤ ᠲᠤᠬᠢᠶᠠᠯᠳᠤᠭ᠎ᠠ ᠦᠭᠡᠢ ᠬᠢᠵᠢᠭ᠎ᠦᠨ ᠪᠠᠢᠳᠠᠯ᠎ᠤᠨ ᠡᠮᠦᠨ᠎ᠡ᠂ ᠴᠠᠭ ᠪᠠ ᠪᠠᠢᠳᠠᠯ᠎ᠳᠤ ᠲᠤᠬᠢᠷᠠᠭᠤᠯᠤᠨ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠨᠡᠢᠭᠡᠮ ᠵᠢᠷᠤᠮ᠎ᠤᠨ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ᠌ ᠪᠠᠢᠭᠤᠯᠤᠯ᠎ᠤᠨ ᠳᠠᠪᠠᠭᠤᠯᠢᠭ ᠎ᠢ ᠭᠦᠢᠴᠡᠳ ᠪᠠᠳᠠᠷᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠪᠡ;

ᠲᠠᠰᠤᠷᠠᠯᠲᠠ ᠦᠭᠡᠢ ᠲᠡᠰ ᠳᠡᠪᠱᠢᠵᠦ᠍ ᠪᠠᠢᠭ᠎ᠠ ᠭᠠᠳᠠᠭᠠᠳᠤ ᠎ᠶ᠋ᠢᠨ ᠳᠠᠷᠤᠯᠲᠠ ᠬᠣᠷᠢᠭ᠍ᠯᠠᠯ᠎ᠤᠨ ᠡᠮᠦᠨ᠎ᠡ᠂ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ ᠤᠯᠤᠰ ᠪᠠ ᠦᠨᠳᠦᠰᠦᠲᠡᠨ᠎ᠦ ᠬᠥᠭ᠌ᠵᠢᠯᠲᠡ᠎ᠶ᠋ᠢ ᠥᠪᠡᠷ᠎ᠦᠨ ᠬᠦᠴᠦᠨ᠎ᠦ᠎ᠪᠡᠨ ᠰᠠᠭᠤᠷᠢ ᠴᠡᠭ ᠳᠡᠭᠡᠷ᠎ᠡ ᠲᠠᠯᠪᠢᠬᠤ᠎ᠶ᠋ᠢ ᠪᠠᠷᠢᠮᠲᠠᠯᠠᠪᠠ;

ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠲᠤᠯᠭᠠᠷᠠᠭ᠍ᠰᠠᠨ ᠬᠦᠴᠢᠷᠳᠡᠯ ᠲᠥᠭᠡᠷᠢᠭ᠌ᠳᠡᠯ᠎ᠦᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠳᠤ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠠᠯᠢ ᠤᠯᠠᠨ ᠦᠨᠳᠦᠰᠦᠨ ᠴᠢᠨᠠᠷᠲᠠᠢ᠂ ᠴᠢᠭ᠌ᠯᠡᠯ᠎ᠦᠨ ᠴᠢᠨᠠᠷᠲᠠᠢ ᠠᠰᠠᠭᠤᠳᠠᠯ ᠎ᠢ ᠭᠦᠨᠵᠡᠭᠡᠢ ᠲᠣᠳᠣᠷᠬᠠᠢᠯᠠᠨ ᠥᠭᠦᠯᠡᠪᠡ;

ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭ᠌ᠰᠢᠭᠦᠷᠢ ᠎ᠳᠦ ᠴᠢᠭ᠌ᠯᠡᠭᠦᠯᠦᠨ᠂ ᠶᠠᠳᠠᠭᠤ᠎ᠡᠴᠡ ᠠᠩᠭᠢᠵᠢᠷᠠᠭᠤᠯᠬᠤ ᠪᠤᠭᠤᠮᠲᠠ ᠱᠢᠪᠲᠤᠯᠤᠭᠰᠠᠨ ᠦᠷ᠎ᠡ ᠪᠦᠲᠦᠭᠡᠯ᠎ᠢ ᠥᠴᠦᠬᠡᠨ ᠴᠦ᠍ ᠰᠤᠯᠠᠷᠠᠭᠤᠯᠤᠯ ᠥᠬᠡᠶ ᠪᠡᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠢᠳᠠᠯ ᠦᠯᠦ ᠭᠠᠷᠬᠤ ᠬᠣᠷᠢᠭ᠎ᠠ ᠱᠤᠭᠤᠮ᠎ᠢ ᠣᠷᠳᠣ ᠬᠤᠭᠤᠴᠠᠭ᠎ᠠ᠎ᠪᠠᠷ ᠪᠠᠲᠤ ᠰᠠᠬᠢᠪᠠ ᠁

2024 ᠣᠨ ᠎ᠤ ᠬᠣᠶᠠᠳᠤᠭᠠᠷ᠂ ᠭᠤᠷᠪᠠᠳᠤᠭᠠᠷ ᠤᠯᠠᠷᠢᠯ᠎ᠳᠤ᠂ ᠮᠠᠨ᠎ᠤ ᠤᠯᠤᠰ᠎ᠤᠨ ᠭᠣᠣᠯ ᠪᠣᠯᠬᠤ ᠠᠵᠤ ᠠᠬᠤᠢ ᠎ᠶ᠋ᠢᠨ ᠭᠦᠢᠴᠡᠳᠭᠡᠯ ᠲᠣᠭ᠎ᠠ᠎ᠶ᠋ᠢᠨ ᠨᠡᠮᠡᠭ᠌ᠳᠡᠯ ᠎ᠦᠨ ᠬᠤᠷᠳᠤᠴᠠ ᠪᠠᠭᠤᠷᠠᠵᠤ᠂ ᠵᠠᠬ᠎ᠠ ᠳᠡᠯᠭᠡᠭᠦᠷ᠎ᠦᠨ ᠵᠢᠱ᠌ᠢᠯᠲᠡ ᠪᠠᠭᠤᠷᠠᠵᠤ᠂ ᠤᠯᠤᠰ ᠎ᠤᠨ ᠳᠣᠲᠣᠭᠠᠳᠤ ᠭᠠᠳᠠᠭᠠᠳᠤ᠎ᠶ᠋ᠢᠨ ᠰᠠᠨᠠᠭᠠᠱᠢᠷᠠᠯ᠎ᠢ ᠳᠡᠭᠳᠡᠭᠡᠪᠡ᠃

ᠲᠤᠰ ᠵᠢᠯ᠎ᠦᠨ 9 ᠰᠠᠷ᠎ᠠ᠎ᠶ᠋ᠢᠨ 26 ᠤ᠋ ᠡᠳᠦᠷ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠬᠤᠷᠠᠯ᠎ᠡᠴᠡ ᠠᠯᠢ ᠤᠯᠠᠨ ᠨᠡᠮᠡᠭ᠌ᠳᠡᠯ᠎ᠦᠨ ᠲᠦᠷᠦ᠍᠎ᠶ᠋ᠢᠨ ᠪᠤᠳᠤᠯᠭ᠎ᠠ ᠎ᠶ᠋ᠢ ᠪᠠᠢᠷᠢᠯᠠᠭᠤᠯᠵᠤ᠂ 《ᠬᠣᠷᠸ᠎ᠠ ᠡᠵᠡᠮᠱᠢᠯ ᠲᠤᠬᠢᠷᠠᠭᠤᠯᠭ᠎ᠠ᠎ᠶ᠋ᠢᠨ ᠨᠢᠭᠡ ᠤᠳᠠᠭ᠎ᠠ ᠶ᠋ᠢᠨ ᠪᠡᠯᠭᠡ ᠲᠡᠮᠳᠡᠭ᠎ᠦᠨ ᠴᠢᠨᠠᠷᠲᠠᠢ ᠠᠵᠢᠯᠯᠠᠭ᠎ᠠ》 ᠬᠡᠮᠡᠭ᠌ᠳᠡᠪᠡ᠃

ᠵᠢᠯ᠎ᠤᠨ ᠡᠬᠢᠨ᠎ᠡᠴᠡ ᠨᠠᠭᠠᠰᠢ᠂ ᠬᠣᠷᠸ᠎ᠠ ᠲᠦᠷᠦ᠍᠎ᠶ᠋ᠢᠨ ᠪᠤᠳᠤᠯᠭ᠎ᠠ ᠵᠢᠨ ᠲᠠᠯ᠎ᠡ ᠪᠡᠷ ᠦᠷᠭᠦᠯᠵᠢᠯᠡᠨ ᠬᠦᠴᠦᠯᠡᠵᠦ᠍᠂ ᠴᠠᠭ᠎ᠲᠤᠨᠢ ᠲᠤᠬᠢᠷᠠᠭᠤᠯᠤᠨ ᠬᠦᠴᠦᠯᠡᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ《ᠬᠠᠮ ᠠᠷᠭ᠎ᠠ ᠬᠡᠮᠵᠢᠢ᠎ᠡ》 ᠵᠢ ᠰᠠᠢᠲᠤᠷ ᠬᠡᠷᠡᠭ᠌ᠵᠢᠭᠦᠯᠪᠡ; ᠬᠡᠷᠡᠭ᠌ᠯᠡᠭᠡ᠎ᠶ᠋ᠢ ᠶᠡᠬᠡ ᠪᠡᠷ ᠬᠦᠭᠵᠢᠭᠡᠵᠦ᠂ ᠪᠡᠯᠡ ᠣᠷᠣᠭᠤᠯᠤᠯᠲᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠤᠯᠤᠰ᠎ᠤᠨ ᠳᠣᠲᠣᠭᠠᠳᠤ ᠎ᠶ᠋ᠢᠨ ᠬᠡᠷᠡᠭ᠌ᠴᠡᠭᠡ ᠎ᠶ᠋ᠢ ᠪᠦᠬᠦ᠌ ᠲᠠᠯ᠎ᠠ᠎ᠪᠠᠷ ᠥᠷᠭᠡᠳᠭᠡᠪᠡ; ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠰᠢᠷᠦᠭᠦᠨ ᠥᠷᠢᠰᠥᠯᠳᠦᠭᠡᠨ᠎ᠢ ᠶᠡᠷᠦᠩᠬᠡᠢᠯᠡᠨ ᠴᠡᠭ᠌ᠴᠡᠯᠡᠨ ᠵᠠᠰᠠᠪᠠ ᠁ ᠳᠤᠮᠳᠠᠳᠤ ᠤᠯᠤᠰ᠎ᠤᠨ ᠠᠵᠤ ᠠᠬᠤᠢ ᠳᠡᠭᠡᠷ᠎ᠡ ᠬᠠᠭᠠᠰ ᠵᠢᠯ ᠎ᠳᠤ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 5.3% ᠪᠡᠷ ᠨᠡᠮᠡᠭ᠌ᠳᠡᠵᠦ᠍᠂ ᠲᠣᠭ᠍ᠲᠠᠭᠤᠨ᠎ᠤ ᠳᠤᠮᠳᠠ ᠰᠠᠢᠵᠢᠷᠠᠬᠤ ᠬᠠᠨᠳᠤᠰᠢ᠎ᠪᠠᠨ ᠦᠷᠭᠦᠯᠵᠢᠯᠡᠭᠦᠯᠪᠡ᠃

《ᠠᠷᠪᠠᠨ ᠳᠥᠷᠪᠡᠳᠦᠭᠡᠷ ᠲᠠᠪᠤᠨ ᠵᠢᠯ》 ᠢ᠋ ᠡᠷᠭᠢᠴᠡᠭᠦᠯᠬᠦᠶ᠎ᠡ᠂ ᠤᠳᠠᠭ᠎ᠠ ᠪᠦᠷᠢ᠎ᠶ᠋ᠢᠨ ᠴᠢᠬᠤᠯᠠ ᠶᠡᠬᠡ ᠥᠷᠢᠰᠥᠯᠳᠦᠭᠡᠨ᠎ᠦ ᠡᠮᠦᠨ᠎ᠡ᠂ ᠳᠤᠮᠳᠠᠳᠤ ᠤᠯᠤᠰ ᠳᠠᠷᠤᠯᠲᠠ᠎ᠶ᠋ᠢ ᠲᠤᠯᠵᠤ᠂ ᠱᠢᠯᠭᠠᠯᠲᠠ᠎ᠶ᠋ᠢ ᠳᠠᠭᠠᠭᠠᠵᠤ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ ᠶᠡᠬᠡ ᠠᠯᠬᠤᠮ ᠵᠢᠡᠷ ᠤᠷᠤᠭ᠍ᠰᠢᠯᠠᠪᠠ᠃

ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ 《ᠠᠷᠪᠠᠨ ᠲᠠᠪᠤᠳᠤᠭᠠᠷ ᠲᠠᠪᠤᠨ ᠵᠢᠯ》ᠤ᠋ᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠦᠯᠦᠪᠯᠡᠨ᠎ᠡ

ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠵᠢᠭᠠᠯᠲᠠ ᠲᠣᠭ᠎ᠠ᠎ᠶ᠋ᠢᠨ ᠡᠮᠦᠨ᠎ᠡ ᠠᠷᠪᠠ᠎ᠳᠤ ᠠᠩᠬ᠎ᠠ ᠤᠳᠠᠭ᠎ᠠ ᠣᠷᠣᠪᠠ!  ᠱᠧᠨᠵᠧᠨ — ᠱᠢᠶᠠᠩᠭᠠᠩ — ᠭᠤᠸᠠᠩᠵᠧᠦ ᠨᠢ ᠪᠥᠬᠥ᠌ ᠳᠡᠯᠡᠬᠡᠶ ᠎ᠶ᠋ᠢᠨ ᠱᠢᠨ᠎ᠡ᠎ᠶ᠋ᠢ ᠡᠭᠦᠳᠬᠦ᠌ ᠰᠦᠷᠦᠭᠵᠢᠯ᠎ᠦᠨ ᠲᠡᠷᠢᠭᠦᠨ᠎ᠳᠦ ᠣᠷᠣᠪᠠ!

ᠳᠡᠯᠡᠬᠡᠢ᠎ᠶ᠋ᠢᠨ ᠮᠡᠳᠡᠯᠭᠡ ᠎ᠶ᠋ᠢᠨ ᠥᠮᠴᠢᠯᠡᠯ ᠎ᠦᠨ ᠡᠷᠬᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠤᠢ᠍ᠢᠷ᠎ᠠ᠎ᠶ᠋ᠢᠨ ᠬᠤᠭᠤᠴᠠᠭᠠᠨ᠎ᠳᠤ ᠨᠡᠢᠲᠡᠯᠡᠭ᠌ᠰᠡᠨ 《2025 ᠣᠨ᠎ᠤ ᠪᠦᠬᠦ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ ᠵᠢᠭᠠᠯᠲᠠ ᠲᠣᠭ᠎ᠠ᠎ᠶ᠋ᠢᠨ ᠮᠡᠳᠡᠭᠦᠯᠦᠯᠲᠡ》 ᠳ᠋ᠤ᠌ ᠳᠤᠮᠳᠠᠳᠤ ᠤᠯᠤᠰ᠎ᠲᠤ ᠮᠠᠰᠢ ᠰᠠᠢ᠌ᠨ 《ᠬᠤᠪᠢ》 ᠥᠭ᠌ᠴᠡᠢ᠃

《ᠡᠨᠡ ᠬᠦ᠌ ᠳᠠᠪᠱᠢᠯᠲᠠ ᠨᠢ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠠᠢᠯᠳᠤᠬᠤ ᠪᠣᠳᠣᠯᠭ᠎ᠠ᠎ᠶ᠋ᠢᠨ ᠪᠠᠯᠠ ᠣᠷᠣᠭᠤᠯᠤᠯᠲᠠ᠂ ᠱᠢᠨᠵᠢᠯᠡᠬᠦ᠌ ᠤᠬᠠᠭᠠᠨ᠎ᠤ ᠰᠤᠳᠤᠯᠤᠨ ᠨᠡᠭᠡᠭᠡᠯᠲᠡ ᠪᠠ  ᠦᠶ᠋ᠯᠡᠰ ᠪᠤᠰᠬᠠᠬᠤ ᠠᠮᠢ ᠠᠬᠤᠶ᠎ᠶ᠋ᠢᠨ ᠱᠢᠰᠲ᠋ᠧᠮ᠎ᠦᠨ ᠤᠶᠠᠯᠳᠤᠯ ᠨᠢ ᠶᠠᠭ ᠡᠯ᠎ᠡ ᠬᠦᠷᠢᠶᠡᠨ᠎ᠳᠦ ᠪᠣᠳᠠᠲᠠᠶ ᠦᠷ᠎ᠡ ᠪᠦᠲᠦᠭᠡᠯ ᠣᠯᠵᠤ ᠪᠠᠢᠬᠤ᠎ᠶ᠋ᠢ ᠬᠠᠷᠠᠭᠤᠯᠵᠤ ᠪᠠᠢᠨ᠎ᠠ》 ᠭᠡᠵᠦ᠍ ᠭᠠᠳᠠᠭᠠᠳᠤ᠎ᠶ᠋ᠢᠨ ᠵᠠᠭᠤᠴᠢᠯᠠᠭᠤᠷ ᠦᠨᠡᠯᠡᠪᠡ᠃

《ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠶ᠋ᠢᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠪᠣᠯ ᠥᠨᠳᠥᠷ ᠲᠦᠪᠱᠢᠨ ᠪᠦᠬᠦᠢ ᠪᠡᠶ᠎ᠡ᠎ᠪᠡᠨ ᠳᠠᠭᠠᠭᠠᠵᠤ ᠥᠪᠡᠷ ᠎ᠢ ᠎ᠪᠡᠨ ᠬᠦᠴᠦᠷᠬᠡᠭ᠌ᠵᠢᠭᠦᠯᠬᠦ᠌᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ》᠂ 《ᠪᠢᠳᠡ ᠡᠷᠬᠡᠪᠰᠢ ᠡᠨᠡ ᠬᠦ᠌ ᠠᠰᠠᠭᠤᠳᠠᠯ᠎ᠢ ᠣᠷᠣᠱᠢᠨ ᠲᠣᠭ᠍ᠲᠠᠨᠢᠵᠤ ᠬᠥᠭ᠌ᠵᠢᠵᠦ᠍ ᠴᠢᠳᠠᠬᠤ ᠡᠰᠡᠬᠦ᠌ ᠦᠨᠳᠦᠷᠴᠡ ᠡᠴᠡ ᠲᠠᠨᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ ᠬᠡᠷᠡᠭ᠌ᠲᠡᠢ》᠃ 2021 ᠣᠨ᠎ᠤ 1 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠳᠤ ᠭᠦᠨᠵᠡᠭᠡᠢ ᠵᠢᠭᠠᠵᠤ ᠭᠠᠷᠭᠠᠪᠠ᠃

ᠲᠠᠪᠤᠨ ᠵᠢᠯ᠎ᠦᠨ ᠬᠤᠭᠤᠴᠠᠭᠠᠨ᠎ᠳᠤ᠂ ᠳᠤᠮᠳᠠᠳᠤ ᠤᠯᠤᠰ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠯ᠎ᠠ ᠪᠡᠷ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠪᠣᠯᠭᠠᠵᠤ᠂ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ᠎ᠢ ᠪᠦᠬᠦ᠌ ᠲᠠᠯ᠎ᠠ᠎ᠪᠠᠷ ᠴᠣᠭ᠍ᠴᠠᠯᠠᠪᠠ᠃

2025 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠱᠠᠩᠬᠠᠢ ᠎ᠶᠢᠨ 《ᠮᠦᠸᠸ ᠰᠤ᠌ ᠣᠷᠣᠨ ᠵᠠᠢ》 ᠲᠤᠮᠤ ᠵᠠᠭᠪᠤᠷ᠎ᠤᠨ ᠰᠢᠨ᠎ᠡ᠎ᠶᠢ ᠡᠭᠦᠳᠬᠦ ᠠᠮᠢ ᠠᠬᠤᠢ᠎ᠶᠢᠨ ᠨᠡᠢᠭᠡᠮ ᠲᠣᠭᠣᠷᠢᠭ᠋᠎ᠲᠤ ᠪᠠᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠳᠠᠬᠢᠨᠲᠠ ᠠᠩᠬᠠᠷᠤᠯ᠎ᠢᠶᠠᠨ ᠲᠥᠪᠯᠡᠷᠡᠭᠦᠯᠪᠡ᠃

ᠳᠠᠷᠠᠭ᠎ᠠ ᠨᠢ ᠬᠤᠷᠠᠯᠳᠤᠭᠤᠯᠤᠭᠰᠠᠨ ᠬᠡᠰᠡᠭ ᠮᠤᠵᠢ ᠣᠷᠣᠨ ᠬᠤᠳᠠ᠎ᠶᠢᠨ 《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠬᠤᠭᠤᠴᠠᠭᠠᠨ ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ 《ᠪᠠᠢᠳᠠᠯ᠎ᠤᠨ ᠬᠤᠪᠢᠷᠠᠯᠲᠠ᠎ᠳᠤ ᠵᠣᠬᠢᠴᠠᠭᠤᠯᠤᠨ᠂ ᠪᠠᠢᠯᠳᠤᠬᠤ ᠪᠣᠳᠣᠯᠭ᠎ᠠ᠎ᠶᠢᠨ ᠭᠣᠣᠯᠳᠠᠯᠭ᠎ᠠ᠎ᠶᠢ ᠡᠵᠡᠮᠳᠡᠵᠦ᠂ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠰᠢᠨᠵᠢᠯᠡᠬᠦ ᠤᠬᠠᠭᠠᠨᠴᠢ᠎ᠪᠠᠷ ᠰᠠᠢᠲᠤᠷ ᠲᠥᠯᠥᠪᠵᠢᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃

ᠤᠳᠤ ᠦᠶ᠎ᠡ᠎ᠶᠢᠨ ᠳᠤᠮᠳᠠᠳᠤ ᠤᠯᠤᠰ᠎ᠢ ᠯᠠᠪᠳᠠᠭᠤᠨ ᠪᠠᠲᠤᠲᠠᠢ ᠪᠠᠢᠴᠠᠭᠠᠨ ᠰᠤᠳᠤᠯᠵᠤ ᠡᠵᠡᠮᠳᠡᠨ᠂ ᠪᠠᠢᠯᠳᠤᠬᠤ ᠪᠣᠳᠣᠯᠭ᠎ᠠ᠎ᠶᠢᠨ ᠰᠡᠳᠬᠢᠴᠡ᠎ᠪᠡᠷ ᠤᠯᠤᠰ᠎ᠤᠨ ᠪᠣᠳᠠᠲᠤ ᠪᠠᠢᠳᠠᠯ᠎ᠢ ᠠᠵᠢᠭ᠍ᠯᠠᠨ᠎ᠠ᠃ ᠲᠠᠪᠤᠨ ᠵᠢᠯ᠎ᠦᠨ ᠲᠥᠯᠦᠪᠵᠢᠭᠦᠯᠭᠡ ᠥᠩᠭᠡᠷᠡᠭᠰᠡᠨ᠂ ᠤᠳᠤ ᠪᠠ ᠢᠷᠡᠭᠡᠳᠦᠢ᠎ᠶᠢ ᠬᠣᠯᠪᠣᠵᠤ᠂ ᠲᠤᠮᠤ ᠤᠯᠤᠰ᠎ᠤᠨ ᠬᠥᠭᠵᠢᠯᠲᠡ᠎ᠶᠢᠨ ᠪᠠᠢᠷᠢᠰᠢᠯ᠂ ᠭᠣᠣᠯ ᠲᠡᠩᠭᠡᠯᠢᠭ ᠪᠠ ᠴᠢᠭᠯᠡᠯ᠎ᠢ ᠲᠣᠭᠲᠠᠭᠠᠵᠤ ᠥᠭᠪᠡ᠃

2022 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠡᠭᠡᠵᠢᠩ᠎ᠳᠦ ᠬᠤᠷᠠᠯᠳᠤᠪᠠ᠃  《ᠤᠳᠤ᠎ᠡᠴᠡ ᠡᠬᠢᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠣᠣᠯ ᠡᠭᠦᠷᠭᠡ ᠪᠣᠯ ᠳᠠᠷᠤᠢ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠤᠨ ᠪᠦᠳᠦᠭᠡᠵᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠶᠠᠪᠤᠳᠠᠯ ᠪᠣᠯᠣᠨ᠎ᠠ》᠃

ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠢᠨ᠎ᠡ ᠠᠶᠠᠨ᠎ᠳᠤ᠂ ᠮᠠᠨ᠎ᠤ ᠤᠯᠤᠰ 《ᠠᠷᠪᠠᠨ ᠳᠥᠷᠪᠡᠳᠦᠭᠡᠷ ᠲᠠᠪᠤᠨ ᠵᠢᠯ》᠂ 《ᠠᠷᠪᠠᠨ ᠲᠠᠪᠤᠳᠤᠭᠠᠷ ᠲᠠᠪᠤᠨ ᠵᠢᠯ》᠂ 《ᠠᠷᠪᠠᠨ ᠵᠢᠷᠭᠤᠳᠤᠭᠠᠷ ᠲᠠᠪᠤᠨ ᠵᠢᠯ》 ᠤ᠋ᠨ ᠭᠤᠷᠪᠠᠨ ᠲᠠᠪᠤᠨ ᠵᠢᠯ᠎ᠦᠨ ᠴᠢᠷᠮᠠᠢᠯᠭ᠎ᠠ᠎ᠪᠠᠷ᠂ 2035 ᠣᠨ ᠪᠣᠯᠬᠤ᠎ᠳᠤ ᠨᠡᠢᠭᠡᠮ ᠵᠢᠷᠤᠮᠲᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠵᠦ᠂《ᠬᠣᠶᠠᠷ ᠠᠯᠬᠤᠮ᠎ᠢᠶᠠᠷ ᠶᠠᠪᠤᠬᠤ》 ᠪᠠᠢᠯᠳᠤᠬᠤ ᠪᠣᠳᠣᠯᠭ᠎ᠠ᠎ᠶᠢᠨ ᠲᠣᠬᠢᠷᠠᠭᠤᠯᠤᠯᠲᠠ᠎ᠶᠢᠨ ᠨᠢᠭᠡᠳᠦᠭᠡᠷ ᠠᠯᠬᠤᠮ᠎ᠢ ᠪᠡᠶᠡᠯᠡᠭᠦᠯᠬᠦ ᠪᠣᠯᠣᠨ᠎ᠠ᠃

《ᠠᠷᠪᠠᠨ ᠲᠠᠪᠤᠳᠤᠭᠠᠷ ᠲᠠᠪᠤᠨ ᠵᠢᠯ》ᠪᠣᠯ ᠶᠠᠭ ᠤᠷᠢᠳᠤᠬᠢ᠎ᠶᠢ ᠵᠠᠯᠭᠠᠮᠵᠢᠯᠠᠨ ᠢᠷᠡᠭᠡᠳᠦᠢ᠎ᠶᠢ ᠨᠡᠭᠡᠭᠡᠬᠦ ᠵᠠᠩᠭᠢᠯᠠᠭ᠎ᠠ᠎ᠶᠢᠨ ᠲᠠᠪᠤᠨ ᠵᠢᠯ ᠪᠤᠯᠤᠨ᠎ᠠ᠂ ᠮᠦᠨ ᠴᠤ᠌ ᠰᠢᠨ᠎ᠡ ᠠᠶᠠᠨ ᠳ᠋ᠦ ᠮᠤᠷᠳᠠᠭᠰᠠᠨ᠎ᠤ ᠳᠠᠷᠠᠭ᠎ᠠ ᠨᠠᠮ᠎ᠤᠨ ᠲᠥᠪ ᠬᠤᠷᠢᠶ᠎ᠠ᠎ᠡᠴᠡ ᠭᠠᠷᠳᠠᠨ ᠲᠣᠭᠲᠠᠭᠠᠭᠰᠠᠨ ᠠᠩᠬᠠᠳᠠᠭ᠍ᠴᠢ ᠲᠠᠪᠤᠨ ᠵᠢᠯ᠎ᠦᠨ ᠲᠥᠯᠦᠪᠵᠢᠭᠦᠯᠭᠡ ᠪᠤᠯᠤᠨ᠎ᠠ᠃

ᠰᠢᠨ᠎ᠡ ᠵᠠᠩᠭᠢᠯᠠᠭ᠎ᠠ᠎ᠶᠢᠨ ᠨᠢᠭᠡ ᠬᠤᠭᠤᠴᠠᠭᠠᠨ᠎ᠳᠤ᠂ ᠮᠠᠨ ᠎ᠤ ᠤᠯᠤᠰ᠎ᠤᠨ ᠬᠥᠭᠵᠢᠯᠲᠡ᠎ᠶᠢᠨ ᠣᠷᠴᠢᠨ ᠨᠥᠬᠥᠴᠡᠯ᠎ᠳᠦ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠲᠤᠯᠭᠠᠷᠠᠵᠤ᠂ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ᠎ᠪᠡᠷ ᠣᠷᠣᠰᠢᠵᠤ᠂ ᠲᠣᠭᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠢᠨ᠎ᠠ᠃

ᠣᠳᠣᠬᠢ ᠪᠠᠢᠳᠠᠯ᠎ᠢ ᠪᠣᠳᠣᠯᠬᠢᠯᠠᠵᠤ᠂ ᠢᠷᠡᠭᠡᠳᠦᠢ ᠵᠢ ᠲᠦᠯᠦᠪᠵᠢᠭᠦᠯᠵᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠲᠡᠦᠬᠡ᠎ᠶᠢᠨ ᠬᠥᠭᠵᠢᠯᠲᠡ᠎ᠶᠢᠨ ᠵᠢᠮ᠎ᠡ ᠶᠣᠰᠣ᠌᠎ᠶᠢ ᠭᠦᠨᠵᠡᠭᠡᠢ ᠡᠵᠡᠮᠳᠡᠵᠦ᠂ ᠬᠥᠭᠵᠢᠯᠲᠡ᠎ᠶᠢᠨ ᠵᠠᠮ ᠳᠡᠭᠡᠷᠡᠬᠢ ᠴᠠᠭ ᠪᠣᠯᠣᠨ ᠪᠠᠢᠳᠠᠯ᠂ ᠠᠶᠤᠯ ᠲᠦᠭᠰᠢᠭᠦᠷᠢ ᠪᠣᠯᠣᠨ ᠠᠵᠠ ᠲᠣᠬᠢᠶᠠᠯ ᠎ᠢ ᠰᠢᠨᠵᠢᠯᠡᠬᠦ ᠤᠬᠠᠭᠠᠨᠴᠢ᠎ᠪᠠᠷ ᠬᠢᠨᠠᠨ ᠦᠵᠡᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠳᠤᠮᠳᠠᠳᠤ ᠤᠯᠤᠰ ᠨᠡᠷᠡᠮᠵᠢᠲᠦ ᠲᠣᠮᠣ᠌ ᠬᠥᠯᠭᠡ ᠣᠩᠭᠣᠴᠠ᠎ᠶᠢᠨ ᠤᠷᠤᠭᠰᠢᠯᠠᠯᠲᠠ᠎ᠶᠢᠨ ᠱᠤᠭᠤᠮ᠎ᠢ ᠰᠦᠪᠡᠭᠴᠢᠯᠡᠪᠡ᠃

《ᠡᠷᠬᠡᠪᠰᠢ〈ᠠᠷᠪᠠᠨ ᠲᠠᠪᠤᠳᠤᠭᠠᠷ ᠲᠠᠪᠤᠨ ᠵᠢᠯ〉ᠤ᠋ᠨ ᠬᠤᠭᠤᠴᠠᠭᠠᠨ᠎ᠤ ᠱᠠᠲᠤᠴᠢ ᠴᠢᠨᠠᠷᠲᠠᠢ ᠱᠠᠭᠠᠷᠳᠠᠯᠭ᠎ᠠ᠎ᠶᠢ ᠵᠦᠪ ᠣᠨᠣᠪᠴᠢᠲᠠᠶ ᠡᠵᠡᠮᠳᠡᠵᠦ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠨᠡᠢᠭᠡᠮ ᠵᠢᠷᠤᠮᠲᠤ ᠣᠳᠣᠬᠢᠴᠢᠯᠠᠯᠲᠠ᠎ᠶᠢᠨ ᠬᠠᠷᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠲᠠᠢ ᠨᠢᠭ᠍ᠲᠠ ᠤᠶᠠᠯᠳᠤᠭᠤᠯᠤᠨ᠂ ᠨᠢᠭᠡ ᠨᠢᠭᠡ ᠬᠦᠷᠢᠶᠡᠨ᠎ᠳ᠋ᠡᠬᠢ ᠬᠠᠷᠠᠯᠲᠠ ᠡᠭᠦᠷᠭᠡ᠎ᠶᠢ ᠵᠣᠬᠢᠰᠲᠠᠢ ᠲᠣᠭᠲᠠᠭᠠᠵᠤ᠂ ᠰᠡᠳᠬᠢᠴᠡ ᠠᠷᠭ᠎ᠠ ᠬᠡᠮᠵᠢᠶ᠎ᠡ᠎ᠶᠢ ᠳᠤᠷᠠᠳᠬᠤ ᠬᠡᠷᠡᠭᠲᠡᠢ》 ᠭᠡᠵᠦ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠵᠢᠯᠤᠭᠤᠳᠴᠤ ᠥᠭᠪᠡ᠃

ᠰᠢᠨᠵᠢᠯᠡᠨ ᠪᠠᠢᠴᠠᠭᠠᠵᠤ ᠪᠠᠢᠴᠠᠭᠠᠨ ᠰᠤᠳᠤᠯᠤᠯᠲᠠ ᠬᠢᠬᠦ ᠶᠠᠪᠤᠴᠠ᠎ᠳᠠᠬᠢ ᠨᠠᠷᠢᠨ ᠠᠰᠠᠭᠤᠵᠤ ᠭᠦᠨᠵᠡᠭᠡᠢ ᠰᠡᠳᠬᠢᠬᠦ᠎ᠡᠴᠡ ᠴᠢᠬᠤᠯᠠ ᠬᠤᠷᠠᠯ ᠳᠡᠭᠡᠷᠡᠬᠢ ᠭᠦᠨᠵᠡᠭᠡᠢ ᠲᠠᠢᠯᠪᠤᠷᠢᠯᠠᠯᠲᠠ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠪᠠᠢᠯᠳᠤᠬᠤ ᠪᠣᠳᠣᠯᠭ᠎ᠠ᠎ᠶᠢᠨ ᠪᠦᠬᠦ ᠲᠠᠯ᠎ᠠ ᠪᠣᠯᠣᠨ ᠳᠡᠯᠡᠬᠡᠢ ᠳ᠋ᠠᠬᠢᠨ᠎ᠤ ᠵᠠᠭᠤᠨ ᠵᠢᠯ ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠢᠳᠠᠯ᠎ᠢ ᠪᠣᠳᠣᠯᠬᠢᠯᠠᠨ ᠠᠯᠢ ᠤᠯᠠᠨ ᠲᠣᠳᠣᠷᠬᠠᠢ ᠱᠠᠭᠠᠷᠳᠠᠯᠭ᠎ᠠ ᠳᠤᠷᠠᠳᠴᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠥᠭᠵᠢᠯᠲᠡ᠎ᠶᠢ ᠲᠥᠯᠥᠪᠵᠢᠭᠦᠯᠦᠨ ᠪᠠᠢᠷᠢᠯᠠᠭᠤᠯᠪᠠ᠃

ᠡᠨᠡ ᠵᠢᠯ᠎ᠦᠨ 7 ᠰᠠᠷ᠎ᠠ᠎ᠶᠢᠨ 30 ᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠥᠷᠥ᠎ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ᠡᠨᠡ ᠵᠢᠯ᠎ᠦᠨ 10 ᠰᠠᠷ᠎ᠠ᠎ᠳᠤ ᠪᠡᠭᠡᠵᠢᠩ᠎ᠳᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ ᠎ᠢ ᠬᠤᠷᠠᠯᠳᠤᠭᠤᠯᠬᠤ᠎ᠪᠠᠷ ᠲᠣᠭᠲᠠᠪᠠ᠃

ᠲᠡᠭᠦᠨ᠎ᠤ ᠳᠠᠷᠠᠭ᠎ᠠ ᠬᠣᠶᠠᠷ ᠰᠠᠷ᠎ᠠ ᠪᠣᠯᠣᠭ᠎ᠠ ᠦᠭᠡᠢ ᠪᠡᠷ᠂ 9 ᠰᠠᠷ᠎ᠠ᠎ᠶᠢᠨ 29 ᠤ᠋ ᠡᠳᠦᠷ ᠬᠤᠷᠠᠯᠳᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠱᠠᠭᠠᠷᠳᠠᠯᠭ᠎ᠠ᠎ᠶᠢ ᠳᠤᠷᠠᠳᠪᠠ᠄《ᠡᠷᠬᠡᠪᠰᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠬᠡᠷᠡᠭᠲᠡᠢ》᠂ 《ᠠᠷᠠᠳ ᠲᠦᠮᠡᠨ ᠎ᠢ ᠳᠡᠭᠡᠳᠦᠯᠡᠬᠦ᠎ᠶᠢ ᠪᠠᠷᠢᠮᠲᠠᠯᠠᠬᠤ ᠬᠡᠷᠡᠭᠲᠡᠢ》᠂ 《ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ ᠬᠡᠷᠡᠭᠲᠡᠢ》᠂《ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶᠢ ᠪᠠᠷᠢᠮᠲᠠᠯᠠᠬᠤ ᠬᠡᠷᠡᠭᠲᠡᠢ᠂ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠥᠷᠭᠡᠳᠬᠡᠬᠦ ᠬᠡᠷᠡᠭᠲᠡᠢ》᠂ 《ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠦᠷ᠎ᠡ ᠪᠦᠲᠦᠮᠵᠢᠲᠡᠢ ᠵᠠᠰᠠᠭ᠎ᠤᠨ ᠣᠷᠳᠣᠨ ᠎ᠢ ᠤᠶᠠᠯᠳᠤᠭᠤᠯᠬᠤ᠎ᠶᠢ ᠪᠠᠷᠢᠮᠲᠠᠯᠠᠬᠤ ᠬᠡᠷᠡᠭᠲᠡᠢ》᠂ 《ᠬᠥᠭᠵᠢᠯᠲᠡ ᠪᠣᠯᠣᠨ ᠠᠮᠤᠷ ᠲᠦᠪᠰᠢᠨ ᠎ᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠬᠤ ᠬᠡᠷᠡᠭᠲᠡᠢ》 ᠭᠡᠵᠦ ᠲᠤᠷᠠᠳᠴᠠᠢ᠃

ᠡᠨᠡ ᠪᠣᠯ ᠨᠢᠭᠡᠨᠲᠡ ᠪᠠᠢᠭ᠎ᠠ ᠦᠢᠯᠡᠳᠦᠯᠭᠡ᠎ᠶᠢ ᠳ᠋ᠦᠩᠨᠡᠨ ᠰᠢᠷᠭᠠᠭᠠᠵᠤ ᠪᠠᠢᠭ᠎ᠠ ᠶᠠᠪᠤᠳᠠᠯ ᠮᠥᠨ᠂ ᠪᠠᠰᠠ ᠴᠤ᠌ ᠢᠷᠡᠭᠡᠳᠦᠢ᠎ᠶᠢᠨ ᠬᠥᠭᠵᠢᠯᠲᠡ᠎ᠶᠢ ᠰᠡᠩᠬᠡᠷᠡᠭᠦᠯᠵᠦ ᠪᠠᠢᠭ᠎ᠠ ᠶᠠᠪᠤᠳᠠᠯ ᠮᠥᠨ᠂ ᠡᠨᠡ ᠨᠢ 《ᠠᠷᠪᠠᠨ ᠲᠠᠪᠤᠳᠤᠭᠠᠷ ᠲᠠᠪᠤᠨ ᠵᠢᠯ》 ᠴᠢᠨᠠᠭᠰᠢᠯᠠᠪᠠᠯ ᠨᠡᠩ ᠤᠷᠲᠤ ᠬᠤᠭᠤᠴᠠᠭᠠᠨ᠎ᠳᠠᠬᠢ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠦᠨᠳᠦᠰᠦᠨ ᠵᠢᠷᠤᠮᠯᠠᠯ᠎ᠢ ᠲᠣᠳᠣᠷᠬᠠᠢ ᠵᠢᠭᠠᠭᠰᠠᠨ ᠪᠠᠢᠨ᠎ᠠ᠃

ᠪᠠᠢᠳᠠᠯ᠎ᠢ ᠠᠵᠢᠭ᠍ᠴᠢ ᠮᠡᠷᠭᠡᠨ᠂ ᠪᠠᠢᠳᠠᠯ᠎ᠢ ᠡᠵᠡᠮᠳᠡᠭᠴᠢ ᠢᠯᠠᠨ᠎ᠠ᠃

ᠭᠠᠳᠠᠭᠠᠳᠤ ᠣᠷᠴᠢᠨ᠎ᠤ ᠨᠠᠷᠢᠨ ᠪᠤᠳᠤᠯᠢᠶᠠᠨᠲᠠᠢ ᠬᠤᠪᠢᠷᠠᠯᠲᠠ᠎ᠶᠢ ᠠᠷᠭᠠᠴᠡᠭᠠᠬᠤ᠎ᠳᠤ᠂《ᠪᠠᠷᠠᠯᠠᠯᠲᠤ ᠴᠢᠨᠠᠷᠲᠠᠢ᠎ᠪᠠᠷ ᠳᠡᠯᠡᠬᠡᠢ᠎ᠶᠢᠨ ᠪᠠᠢᠳᠠᠯ᠎ᠤᠨ ᠬᠥᠭᠵᠢᠯᠲᠡ ᠬᠤᠪᠢᠷᠠᠯᠲᠠ᠎ᠶᠢᠨ ᠮᠠᠨ᠎ᠤ ᠤᠯᠤᠰ᠎ᠲᠤ ᠦᠵᠡᠭᠦᠯᠦᠭᠰᠡᠨ ᠨᠥᠯᠥᠭᠡ᠎ᠶᠢ ᠡᠵᠡᠮᠳᠡᠵᠦ᠂ ᠬᠠᠨᠳᠤᠰᠢ ᠳ᠋ᠤᠨᠢ ᠲᠣᠬᠢᠷᠠᠭᠤᠯᠤᠨ ᠬᠥᠲᠥᠯᠥᠨ ᠵᠢᠯᠤᠭᠣᠳᠴᠤ ᠪᠠᠢᠭᠠᠳ ᠠᠵᠤ ᠠᠬᠤᠢ᠎ᠶᠢᠨ ᠪᠠᠢᠷᠢᠰᠢᠯ᠎ᠳᠤ ᠲᠣᠬᠢᠷᠠᠭᠤᠯᠤᠯᠲᠠ ᠬᠢᠵᠦ ᠰᠢᠯᠢᠳᠡᠭᠵᠢᠭᠦᠯᠬᠦ ᠬᠡᠷᠡᠭᠲᠡᠢ》;

ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠡᠮᠦᠨ᠎ᠡ᠂ 《ᠡᠷᠬᠡᠪᠰᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ ᠎ᠦᠨ ᠬᠦᠴᠦᠨ᠎ᠢ ᠬᠥᠭᠵᠢᠭᠦᠯᠬᠦ᠎ᠶᠢ ᠨᠡᠩ ᠲᠣᠪᠣᠢᠮ᠎ᠠ ᠪᠠᠢᠯᠳᠤᠬᠤ ᠪᠣᠳᠣᠯᠭ᠎ᠠ᠎ᠶᠢᠨ ᠪᠠᠢᠷᠢᠨ ᠎ᠳᠤ ᠲᠠᠯᠪᠢᠬᠤ ᠬᠡᠷᠡᠭᠲᠡᠢ》;

ᠠᠷᠠᠳ ᠤᠯᠠᠨ᠎ᠤ ᠰᠢᠨ᠎ᠡ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠴᠦ᠂ 《ᠠᠷᠠᠳ ᠲᠦᠮᠡᠨ᠎ᠳᠦ ᠪᠤᠶᠠᠨ ᠦᠢᠯᠡᠳᠬᠦ᠎ᠪᠡᠷ ᠦᠨᠳᠦᠰᠦᠨ ᠦᠷᠳᠡᠭ᠎ᠦᠨ ᠬᠠᠨᠳᠤᠰᠢ ᠪᠣᠯᠭᠠᠵᠤ᠂ ᠬᠥᠭᠵᠢᠯᠲᠡ᠎ᠶᠢᠨ ᠳᠤᠮᠳᠠ ᠠᠷᠠᠳ ᠎ᠤᠨ ᠠᠮᠢᠳᠤᠷᠠᠯ ᠎ᠢ ᠪᠠᠲᠤᠯᠠᠨ ᠰᠠᠢᠵᠢᠷᠠᠭᠤᠯᠬᠤ᠎ᠶᠢ ᠪᠠᠷᠢᠮᠲᠠᠯᠠᠵᠤ᠂ ᠬᠠᠮᠲᠤ᠎ᠪᠠᠷ ᠪᠠᠶᠠᠵᠢᠬᠤ᠎ᠵᠢ ᠯᠠᠪᠳᠠᠭᠤᠨ᠎ᠢᠶᠠᠷ ᠠᠬᠢᠭᠤᠯᠬᠤ ᠬᠡᠷᠡᠭᠲᠡᠢ》 ;

ᠪᠦᠬᠦ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠪᠣᠯᠬᠤ᠎ᠶᠢ ᠲᠥᠯᠥᠪᠵᠢᠭᠦᠯᠵᠦ᠂ ᠡᠯ᠎ᠡ ᠭᠠᠵᠠᠷ ᠣᠷᠣᠨ 《ᠪᠦᠬᠦ ᠤᠯᠤᠰ᠎ᠤᠨ ᠶᠡᠬᠡ ᠲᠠᠯ᠎ᠠ᠎ᠳᠤ ᠣᠨᠣᠴᠠᠲᠠᠢ ᠪᠠᠢᠷᠢ ᠲᠣᠭᠲᠠᠭᠠᠯᠲᠠ ᠬᠢᠵᠦ᠂ ᠲᠥᠯᠦᠪᠵᠢᠭᠦᠯᠭᠡ᠎ᠶᠢ ᠵᠣᠯᠭᠠᠭᠤᠯᠬᠤ᠎ᠶᠢ ᠴᠢᠩᠭᠠᠳᠬᠠᠬᠤ ᠬᠡᠷᠡᠭᠲᠡᠢ》;

᠁᠁

ᠠᠯᠢ ᠣᠯᠠᠨ ᠪᠠᠢᠯᠳᠤᠬᠤ ᠪᠣᠳᠣᠯᠭ᠎ᠠ ᠎ᠶᠢᠨ ᠵᠢᠯᠣᠭᠣᠳᠤᠯᠭ᠎ᠠ ᠨᠢ ᠴᠠᠭ ᠦᠶ᠎ᠡ᠎ᠶᠢᠨ ᠣᠨᠴᠠᠯᠢᠭ᠋ ᠪᠠ ᠬᠥᠭᠵᠢᠯᠲᠡ᠎ᠶᠢᠨ ᠵᠢᠮ᠎ᠡ ᠶᠣᠰᠣ᠌᠎ᠶᠢ ᠭᠦᠨᠵᠡᠭᠡᠢ ᠡᠵᠡᠮᠳᠡᠵᠦ᠂ ᠠᠯᠤᠰ ᠬᠡᠲᠦ᠎ᠶᠢ ᠲᠥᠯᠥᠪᠵᠢᠭᠦᠯᠬᠦ ᠳᠤᠮᠳᠠ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠠᠭᠤᠷᠢ ᠎ᠶᠢ ᠪᠡᠬᠢᠵᠢᠭᠦᠯᠦᠨ ᠬᠠᠨᠳᠤᠰᠢ᠎ᠶᠢ ᠨᠢᠭ᠍ᠲᠠᠷᠠᠭᠤᠯᠪᠠ᠃

ᠠᠷᠠᠳ ᠲᠦᠮᠡᠨ ᠪᠣᠯ ᠲᠡᠦᠬᠡ᠎ᠶᠢᠨ ᠡᠭᠦᠳᠦᠨ ᠪᠦᠲᠦᠭᠡᠭᠴᠢ ᠮᠥᠨ᠃

ᠶᠡᠷᠦᠩᠬᠡᠢ ᠱᠦᠵᠢ ᠰᠢ ᠵᠢᠨ ᠫᠢᠩ᠄ 《ᠰᠠᠢᠨ ᠴᠢᠭᠯᠡᠯᠲᠡ ᠲᠥᠷᠥ᠎ᠶᠢᠨ ᠪᠣᠳᠣᠯᠭ᠎ᠠ ᠪᠠ ᠬᠥᠭᠵᠢᠯᠲᠡ᠎ᠶᠢᠨ ᠲᠥᠯᠦᠪᠵᠢᠭᠦᠯᠭᠡ ᠨᠢ ᠴᠥᠮ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠵᠦ᠂ ᠠᠷᠠᠳ ᠲᠦᠮᠡᠨ᠎ᠦ ᠪᠣᠳᠣᠯ ᠬᠦᠰᠡᠯ᠎ᠳᠦ ᠨᠡᠢᠴᠡᠵᠦ᠂ ᠣᠯᠠᠨ ᠲᠦᠮᠡᠨ᠎ᠦ ᠳᠤᠮᠳᠠ᠎ᠡᠴᠡ ᠢᠷᠡᠵᠦ᠂ ᠣᠯᠠᠨ ᠲᠦᠮᠡᠨ᠎ᠦ ᠳᠤᠮᠳᠠ ᠣᠴᠢᠬᠤ ᠬᠡᠷᠡᠭᠲᠡᠢ》 ᠭᠡᠵᠦ ᠵᠢᠭᠠᠵᠤ ᠭᠠᠷᠭᠠᠪᠠ᠃

《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ ᠳᠤᠮᠳᠠ᠂ ᠶᠡᠷᠦᠩᠬᠡᠢ ᠱᠦᠵᠢ ᠰᠢ ᠵᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ 《ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠶᠢ ᠪᠠᠷᠢᠮᠲᠠᠯᠠᠵᠤ᠂ ᠦᠵᠦ ᠲᠥᠯᠥᠪᠯᠡᠭᠡ ᠪᠣᠯᠣᠨ ᠠᠷᠭ᠎ᠠ ᠪᠣᠳᠣᠯᠭ᠎ᠠ᠎ᠶᠢ ᠠᠷᠠᠳ᠎ᠡᠴᠡ ᠠᠰᠠᠭᠤᠬᠤ᠎ᠶᠢ ᠨᠢᠭᠡᠳᠬᠡᠬᠦ ᠬᠡᠷᠡᠭᠲᠡᠢ》᠂ 《ᠠᠷᠠᠳ᠎ᠤᠨ ᠪᠠᠢᠳᠠᠯ ᠎ᠢ ᠥᠷᠭᠡᠨ ᠭᠦᠨᠵᠡᠭᠡᠢ ᠪᠠᠢᠴᠠᠭᠠᠵᠤ᠂ ᠠᠷᠠᠳ᠎ᠤᠨ ᠰᠠᠨᠠᠭ᠎ᠠ᠎ᠶᠢ ᠰᠣᠨᠣᠰᠴᠤ᠂ ᠠᠷᠠᠳ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃

《ᠵᠣᠬᠢᠶᠠᠮᠠᠯ ᠣᠶᠤᠨ ᠴᠢᠳᠠᠪᠤᠷᠢ᠎ᠶᠢᠨ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ᠎ᠤ ᠭᠠᠳᠠᠭᠠᠳᠤ ᠰᠣᠯᠢᠯᠴᠠᠭᠠᠨ᠎ᠤ ᠲᠠᠪᠴᠠᠩ᠎ᠢ ᠪᠠᠶ᠋ᠢᠭᠤᠯᠬᠤ》᠂《ᠡᠴᠢᠭᠡ ᠡᠬᠡ ᠪᠠᠨ ᠳᠠᠭᠠᠵᠤ ᠨᠡᠭᠦᠭᠰᠡᠨ ᠦᠷ᠎ᠡ ᠬᠡᠦᠬᠡᠳ᠎ᠦᠨ ᠣᠢᠷ᠎ᠠ ᠬᠠᠪᠢ᠎ᠳᠠᠭᠠᠨ ᠰᠤᠷᠭᠠᠭᠤᠯᠢ᠎ᠳᠤ ᠣᠷᠣᠬᠤ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠬᠦ》᠂ 《ᠤᠯᠠᠮᠵᠢᠯᠠᠯᠲᠤ ᠰᠣᠶᠣᠯ ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠎ᠶᠢ ᠠᠬᠢᠭᠤᠯᠬᠤ》᠁ ᠡᠨᠡ ᠵᠢᠯ᠎ᠦᠨ 5 ᠰᠠᠷ᠎ᠠ᠎ᠶᠢᠨ 20 ᠎ᠤ᠋ ᠡᠳᠦᠷ᠎ᠡᠴᠡ 6 ᠰᠠᠷ᠎ᠠ᠎ᠶᠢᠨ 20 ᠎ᠤ᠋ ᠡᠳᠦᠷ ᠪᠣᠯᠲᠠᠯ᠎ᠠ ᠥᠷᠨᠢᠭᠦᠯᠦᠭᠰᠡᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠤᠨ ᠰᠦᠯᠵᠢᠶᠡᠨ ᠳᠡᠭᠡᠷ᠎ᠡ ᠰᠠᠨᠠᠯ ᠬᠤᠷᠢᠶᠠᠬᠤ ᠠᠵᠢᠯᠯᠠᠭ᠎ᠠ᠎ᠳᠤ ᠥᠷᠭᠡᠨ ᠣᠯᠠᠨ ᠰᠦᠯᠵᠢᠶᠡᠨ ᠠᠨᠳᠠ ᠢᠳᠡᠪᠬᠢᠲᠡᠢ ᠣᠷᠣᠯᠴᠠᠵᠤ᠂ ᠨᠡᠶ᠋ᠢᠲᠡ 311 ᠲᠦᠮᠡ ᠭᠠᠷᠤᠢ ᠵᠤᠷᠪᠤᠰ ᠰᠠᠨᠠᠯ ᠵᠥᠪᠯᠡᠯᠭᠡ ᠬᠤᠷᠢᠶᠠᠨ ᠣᠯᠵᠤ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠳᠤ ᠦᠨ᠎ᠡ ᠥᠷᠲᠡᠭ᠎ᠲᠠᠢ ᠯᠠᠪᠯᠠᠯᠲᠠ ᠬᠠᠩᠭᠠᠭᠰᠠᠨ ᠪᠠᠢᠨ᠎ᠠ᠃

ᠳᠤᠮᠳᠠᠳᠤ ᠤᠯᠤᠰ ᠎ᠤᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠤᠨ ᠳᠤᠮᠳᠠ ᠠᠷᠠᠳ᠎ᠤᠨ ᠰᠠᠨᠠᠭ᠎ᠠ᠎ᠶᠢ ᠦᠷᠭᠡᠨ ᠵᠢᠠᠷ ᠰᠣᠨᠣᠰᠴᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠣᠨ ᠠᠷᠠᠳ ᠣᠯᠠᠨ ᠎ᠤ ᠬᠦᠰᠡᠯ ᠱᠠᠭᠠᠷᠳᠠᠯᠭ᠎ᠠ ᠎ᠶᠢ ᠢᠳᠡᠪᠬᠢᠲᠡᠢ᠎ᠪᠡᠷ ᠰᠣᠨᠣᠰᠬᠤ᠎ᠶᠢ ᠤᠶᠠᠯᠳᠤᠭᠤᠯᠤᠭᠰᠠᠨ ᠨᠢ ᠳᠤᠮᠳᠠᠳᠤ ᠤᠯᠤᠰ᠎ᠤᠨ ᠤᠯᠤᠰ ᠲᠦᠷᠦ ᠎ᠶᠢᠨ ᠪᠠᠢᠭᠤᠯᠤᠯ᠎ᠤᠨ ᠨᠢᠭᠡᠨ ᠶᠡᠬᠡ ᠳᠠᠪᠠᠭᠤᠯᠢᠭ᠋᠎ᠢ ᠭᠡᠷᠡᠴᠢᠯᠡᠵᠡᠢ》 ᠭᠡᠵᠦ ᠭᠠᠳᠠᠭᠠᠳᠤ᠎ᠶᠢᠨ ᠵᠠᠷᠢᠮ ᠵᠠᠭᠤᠴᠢᠯᠠᠭᠤᠷ ᠰᠡᠳᠬᠦᠯ᠎ᠤᠨ ᠬᠢᠨ ᠦᠵᠡᠵᠦ ᠪᠠᠢᠨ᠎ᠠ᠃

ᠳᠡᠭᠡᠲᠦ ᠳᠤᠤᠷᠠᠳᠤ ᠱᠠᠲᠤ ᠪᠡᠷ᠎ᠵᠢᠡᠨ ᠰᠠᠨᠠᠭ᠎ᠠ ᠨᠢᠭᠡᠳᠪᠡᠯ ᠢᠯᠠᠯᠲᠠ ᠤᠯᠤᠨ᠎ᠠ᠃ ᠰᠢᠨ᠎ᠡ ᠠᠶᠠᠨ᠎ᠳᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠎ᠢ ᠭᠦᠢᠴᠡᠳ ᠬᠥᠭᠵᠢᠭᠡᠨ ᠨᠢᠭ᠍ᠲᠠᠷᠠᠭᠤᠯᠪᠠᠯ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠳᠠᠷᠤᠢ ᠬᠠᠮᠤᠭ᠎ᠤᠨ ᠨᠠᠢᠳᠠᠪᠤᠷᠢᠲᠠᠢ᠂ ᠬᠠᠮᠤᠭ᠎ᠤᠨ ᠭᠦᠨ ᠵᠤᠵᠠᠭᠠᠨ᠂ ᠬᠠᠮᠤᠭ᠎ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ᠎ᠤᠨ ᠡᠬᠢ ᠰᠤᠷᠪᠤᠯᠵᠢ᠎ᠲᠠᠢ ᠪᠣᠯᠬᠤ ᠶᠤᠮ᠃

ᠪᠠᠢᠳᠠᠯ᠎ᠳᠤ ᠲᠣᠬᠢᠷᠠᠭᠤᠯᠤᠨ ᠠᠷᠭ᠎ᠠ ᠰᠦᠪᠡᠭᠴᠢᠯᠡᠵᠦ᠂ ᠠᠰᠢᠭ᠍ᠲᠠᠢ ᠪᠠᠢᠳᠠᠯ᠎ᠢ ᠠᠮᠵᠢᠨ ᠤᠷᠤᠭᠰᠢᠯᠠᠨ᠎ᠠ᠃

《 ᠪᠢᠳᠠ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠭᠣᠣᠯ ᠡᠭᠦᠷᠭᠡ᠎ᠶᠢᠨ ᠲᠣᠭᠣᠷᠢᠨ᠎ᠳᠤ᠂ 〈ᠠᠷᠪᠠᠨ ᠲᠠᠪᠤᠳᠤᠭᠠᠷ ᠲᠠᠪᠤᠨ ᠵᠢᠯ〉  ᠤ᠋ᠨ ᠬᠥᠭᠵᠢᠯᠲᠡ᠎ᠶᠢᠨ ᠬᠠᠷᠠᠯᠲᠠ ᠡᠭᠦᠷᠭᠡ ᠪᠣᠯᠣᠨ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ ᠵᠢ  ᠰᠠᠢᠲᠤᠷ ᠲᠥᠯᠥᠪᠵᠢᠭᠦᠯᠦᠨ ᠰᠠᠢᠲᠤᠷ ᠬᠡᠷᠡᠭᠵᠢᠭᠦᠯᠵᠦ᠂ ᠨᠡᠢᠭᠡᠮ ᠵᠢᠷᠤᠮᠲᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠠᠬᠢᠴᠠ᠎ᠲᠠᠢ ᠪᠣᠯᠬᠤ᠎ᠶᠢ ᠪᠠᠲᠤᠯᠠᠬᠤ ᠬᠡᠷᠡᠭᠲᠡᠢ》 ᠶᠡᠷᠦᠩᠬᠡᠢ ᠱᠦᠵᠢ ᠰᠢ ᠵᠢᠨ ᠫᠢᠩ ᠢᠲᠡᠭᠡᠯ ᠲᠡᠭᠦᠯᠳᠡᠷ ᠪᠠᠢᠪᠠ᠃

ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠤᠨ᠎ᠠ

ᠡᠮᠦᠨᠡᠲᠦ ᠲᠠᠩᠭᠢᠰ ᠎ᠤᠨ ᠬᠥᠪᠡᠭᠡᠨ᠎ᠡ᠂ ᠰᠠᠯᠬᠢ ᠰᠠᠯᠬᠢᠯᠠᠵᠤ ᠳᠣᠯᠭᠢᠶᠠᠨ ᠳᠠᠪᠠᠯᠭᠠᠯᠠᠨ᠎ᠠ᠃

2025 ᠣᠨ᠎ᠤ 12 ᠰᠠᠷ᠎ᠠ᠎ᠶᠢᠨ 18 ᠎ᠤ᠋ ᠡᠳᠦᠷ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ ᠨᠢᠭᠡᠨ ᠴᠢᠬᠤᠯᠠ ᠲᠡᠦᠬᠡᠨ ᠴᠠᠭ ᠮᠥᠴᠡ ᠎ᠶᠢ ᠤᠭᠲᠤᠨ ᠠᠪᠴᠢᠷᠠᠪᠠ — ᠪᠦᠬᠦ ᠭᠠᠷᠠᠮ᠎ᠵᠢᠡᠷ᠎ᠵᠢᠡᠨ ᠪᠤᠭᠤᠮᠳᠠ ᠵᠢ ᠪᠢᠲᠡᠭᠦᠮᠵᠢᠯᠡᠵᠦ ᠠᠵᠢᠯᠯᠠᠨ᠎ᠠ᠃

1978 ᠣᠨ᠎ᠤ 12 ᠰᠠᠷ᠎ᠠ᠎ᠶᠢᠨ 18 ᠎ᠤ᠋ ᠡᠳᠦᠷ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠤᠷᠢᠶ᠎ᠠ᠎ᠵᠢᠨ ᠭᠤᠷᠪᠠᠳᠤᠭᠠᠷ ᠪᠦᠭᠦᠳᠡ ᠬᠤᠷᠠᠯ᠎ᠡᠴᠡ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠲᠤ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢᠨ ᠲᠡᠦᠬᠡᠨ ᠰᠢᠨ᠎ᠡ ᠴᠠᠭ ᠦᠶ᠎ᠡ᠎ᠶᠢ ᠨᠡᠭᠡᠭᠡᠪᠡ᠃ ᠡᠨᠡ ᠡᠳᠦᠷ ᠎ᠢ ᠰᠣᠩᠭᠣᠵᠤ ᠪᠣᠭᠣᠮᠲᠠ ᠬᠠᠭᠠᠬᠤ ᠠᠵᠢᠯᠯᠠᠭᠠᠨ ᠎ᠢ ᠡᠬᠢᠯᠡᠭᠦᠯᠵᠦ᠂ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ᠎ᠶᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠬᠦ ᠡᠷᠡᠰ ᠵᠣᠷᠢᠭ᠋ ᠪᠠ ᠢᠲᠡᠭᠡᠯ ᠵᠣᠷᠢᠭ᠋᠎ᠢ ᠳᠡᠯᠡᠬᠡᠢ ᠳ᠋ᠠᠬᠢᠨ᠎ᠳᠤ ᠤᠯᠠᠮ ᠨᠢᠭᠡ ᠠᠯᠬᠤᠮ ᠲᠤᠩᠬᠠᠭᠯᠠᠪᠠ᠃

ᠪᠠᠢᠳᠠᠯ᠎ᠢ ᠦᠵᠡᠨ ᠴᠢᠭᠯᠡᠯ ᠲᠣᠭᠲᠠᠭᠠᠵᠤ᠂ ᠰᠠᠯᠬᠢᠨ᠎ᠢ ᠰᠥᠷᠦᠨ ᠤᠷᠤᠭᠰᠢᠯᠠᠨ᠎ᠠ᠃  《ᠠᠷᠪᠠᠨ ᠲᠠᠪᠤᠳᠤᠭᠠᠷ ᠲᠠᠪᠤᠨ ᠵᠢᠯ》᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ ᠳᠤᠮᠳᠠ᠂ ᠳᠡᠯᠡᠬᠡᠢ ᠳ᠋ᠠᠬᠢᠨ᠎ᠳᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠴᠦ ᠪᠠᠢᠭ᠎ᠠ ᠴᠠᠭ ᠦᠶ᠎ᠡ᠎ᠶᠢᠨ ᠵᠢᠷᠤᠭ ᠲᠥᠰᠥᠪ ᠲᠦ᠍᠂ ᠶᠠᠮᠠᠷᠰᠢᠤ ᠲᠠᠪᠤᠨ ᠵᠢᠯ ᠪᠣᠯᠬᠤ ᠪᠤᠯ?

ᠰᠢᠨ᠎ᠡ ᠲᠠᠪᠤᠨ ᠵᠢᠯ᠎ᠳᠦ᠂ ᠥᠭᠡᠷᠡᠴᠢᠯᠡᠯᠲᠡ᠎ᠶᠢᠨ ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠣᠯᠣᠨ᠎ᠠ᠃

2024 ᠣᠨ᠎ᠤ 7 ᠰᠠᠷ᠎ᠠ᠎ᠶᠢᠨ 18 ᠎ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ  ᠭᠤᠷᠪᠠᠳᠤᠭᠠᠷ ᠪᠥᠬᠥᠳᠡ ᠬᠤᠷᠠᠯ᠎ᠡᠴᠡ 《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠲᠣᠭᠲᠠᠭᠠᠯ》 ᠢ᠋ ᠬᠢᠨᠠᠨ ᠵᠦᠪᠯᠡᠵᠦ ᠪᠠᠲᠤᠯᠠᠭᠠᠳ᠂ ᠰᠢᠨ᠎ᠡ ᠴᠠᠭ ᠦᠶ᠎ᠡ ᠰᠢᠨ᠎ᠡ ᠠᠶᠠᠨ ᠳ᠋ᠡᠬᠢ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠳᠠᠭᠠᠷᠢᠯᠲᠠ᠎ᠶᠢᠨ ᠪᠦᠷᠢᠶ᠎ᠡ ᠬᠤᠪᠢᠯᠭᠠᠨ ᠣᠷᠣᠨ᠎ᠤ ᠡᠬᠡ ᠭᠠᠵᠠᠷ ᠲᠤ᠌ ᠬᠠᠩᠭᠢᠨᠠᠪᠠ᠃

《2029 ᠣᠨ᠎ᠳᠤ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 80 ᠵᠢᠯ᠎ᠦᠨ ᠣᠶ ᠪᠣᠯᠬᠤ ᠦᠶ᠎ᠡ᠎ᠳᠦ᠂ ᠲᠣᠰ ᠲᠣᠭᠲᠠᠭᠠᠯ᠎ᠳᠤ ᠳᠤᠷᠠᠳᠤᠭᠰᠠᠨ ᠥᠭᠡᠷᠡᠴᠢᠯᠡᠯᠲᠡ᠎ᠶᠢᠨ ᠡᠭᠦᠷᠭᠡ᠎ᠶᠢ ᠪᠡᠶᠡᠯᠡᠭᠦᠯᠦᠨ᠎ᠡ》 — 300 ᠭᠠᠷᠤᠢ ᠵᠦᠢᠯ᠎ᠦᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ ᠎ᠶᠢ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠪᠦᠬᠦᠨ᠎ᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠵᠢᠨ ᠪᠦᠲᠦᠭᠡᠨ ᠪᠠᠢᠭᠤᠯᠤᠯᠲᠠ᠎ᠳᠤ ᠬᠥᠭᠵᠢᠯᠲᠡ᠎ᠶᠢᠨ ᠬᠥᠳᠡᠯᠭᠡᠬᠦ ᠬᠦᠴᠦᠨ ᠪᠠ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠨᠡᠮᠡᠭᠳᠡᠭᠦᠯᠬᠦ ᠪᠣᠯᠣᠨ᠎ᠠ᠃

ᠳᠤᠮᠳᠠᠳᠤ ᠤᠯᠤᠰ᠎ᠤᠨ ᠮᠠᠶᠢᠭ᠋ ᠎ᠤᠨ ᠣᠳᠣᠬᠢᠴᠢᠯᠠᠯᠲᠠ ᠪᠣᠯ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠ ᠲᠠᠰᠤᠷᠠᠯᠲᠠ ᠦᠭᠡᠢ ᠠᠬᠢᠭᠰᠠᠨ ᠶᠤᠮ᠂ ᠮᠥᠨ ᠴᠦ᠍ ᠥᠭᠡᠷᠡᠴᠢᠯᠡᠯᠲᠡ ᠨᠡᠭᠡᠭᠡᠯᠲᠡ᠎ᠶᠢᠨ ᠳᠤᠮᠳᠠ ᠥᠷᠭᠡᠨ ᠠᠭᠤᠳᠠᠮ ᠠᠯᠤᠰ ᠢᠷᠡᠭᠡᠳᠦᠢ᠎ᠶᠢ ᠨᠡᠭᠡᠭᠡᠬᠦ ᠨᠢ ᠯᠠᠪᠲᠠᠢ ᠶᠤᠮ᠃

2025 ᠣᠨ᠎ᠤ 7 ᠰᠠᠷ᠎ᠠ᠎ᠶᠢᠨ 1 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠦᠨ ᠡᠳ᠋᠎ᠦᠨ ᠵᠠᠰᠠᠭ ᠠᠵᠤ ᠠᠬᠤᠢ᠎ᠶᠢᠨ ᠵᠥᠪᠯᠡᠯ᠎ᠦᠨ ᠵᠢᠷᠭᠤᠳᠤᠭᠠᠷ ᠤᠳᠠᠭ᠎ᠠ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠭᠦᠨᠵᠡᠭᠡᠢ ᠠᠬᠢᠭᠤᠯᠬᠤ᠎ᠶᠢ ᠰᠤᠳᠤᠯᠵᠤ᠂《ᠲᠠᠪᠤ ᠎ᠶᠢ ᠨᠢᠭᠡᠳᠬᠡᠵᠦ᠂ ᠨᠢᠭᠡ᠎ᠶᠢ ᠴᠢᠯᠦᠭᠡᠲᠡᠢ ᠪᠣᠯᠭᠠᠬᠤ》 ᠦᠨᠳᠦᠰᠦᠨ ᠱᠠᠭᠠᠷᠳᠠᠯᠭ᠎ᠠ᠎ᠶᠢ ᠳᠤᠷᠠᠳᠪᠠ᠄

ᠵᠠᠬ᠎ᠠ ᠳᠡᠯᠭᠡᠭᠦᠷ᠎ᠦᠨ ᠰᠠᠭᠤᠷᠢ ᠳᠦᠷᠢᠮ᠎ᠢ ᠨᠢᠭᠡᠳᠬᠡᠵᠦ᠂ ᠵᠠᠬ᠎ᠠ ᠳᠡᠯᠭᠡᠭᠦᠷ᠎ᠦᠨ ᠰᠠᠭᠤᠷᠢ ᠲᠥᠬᠦᠭᠡᠷᠦᠮᠵᠢ ᠎ᠶᠢ ᠨᠢᠭᠡᠳᠬᠡᠵᠦ᠂ ᠵᠠᠰᠠᠭ ᠎ᠤᠨ ᠣᠷᠳᠣᠨ᠎ᠤ ᠠᠵᠢᠯᠯᠠᠭᠠᠨ᠎ᠤ ᠪᠠᠷᠢᠮᠵᠢᠶ᠎ᠠ᠎ᠶᠢ ᠨᠢᠭᠡᠳᠬᠡᠵᠦ᠂ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠎ᠶᠢ ᠨᠢᠭᠡᠳᠬᠡᠵᠦ᠂ ᠴᠢᠬᠤᠯᠠ ᠡᠯᠧᠮᠧᠨ᠋ᠲ᠎ᠦᠨ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠢ ᠨᠢᠭᠡᠳᠬᠡᠵᠦ᠂ ᠳᠣᠲᠣᠭᠠᠳᠤ ᠭᠠᠳᠠᠭᠠᠳᠤ ᠨᠡᠭᠡᠭᠡᠯᠲᠡ ᠎ᠶᠢ ᠦᠷᠭᠦᠯᠵᠢᠯᠡᠨ ᠥᠷᠭᠡᠳᠬᠡᠨ᠎ᠡ᠃

ᠦᠨᠳᠦᠰᠦᠨ ᠱᠠᠭᠠᠷᠳᠠᠯᠭ᠎ᠠ ᠨᠢᠭᠡ ᠪᠦᠷᠢ ᠨᠢ ᠴᠥᠮ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠦᠨ ᠬᠠᠷᠢᠴᠠᠭ᠎ᠠ᠎ᠶᠢ ᠨᠡᠩ ᠰᠠᠢᠨ ᠰᠢᠢᠳᠪᠦᠷᠢᠯᠡᠬᠦ᠎ᠳᠦ ᠬᠠᠨᠳᠤᠭᠤᠯᠵᠤ᠂ ᠴᠥᠮ ᠨᠡᠩ ᠭᠦᠨ ᠳᠠᠪᠬᠤᠷᠭ᠎ᠠ ᠎ᠶᠢᠨ ᠥᠭᠡᠷᠡᠴᠢᠯᠡᠯᠲᠡ ᠎ᠶᠢ ᠬᠥᠳᠡᠯᠭᠡᠵᠦ᠂ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋ ᠪᠠ ᠲᠠᠯᠳᠠ ᠬᠦᠴᠦᠨ ᠎ᠢ ᠦᠷᠭᠦᠯᠵᠢᠯᠡᠨ ᠪᠣᠢᠵᠢᠭᠤᠯᠤᠨ ᠬᠥᠭᠵᠢᠭᠡᠵᠦ᠂ ᠰᠢᠨ᠎ᠡ ᠠᠶᠠᠨ ᠳ᠋ᠠᠬᠢ ᠬᠤᠪᠢᠷᠠᠯᠲᠠ᠎ᠶᠢ ᠠᠷᠭᠠᠴᠠᠭᠠᠬᠤ᠂ ᠰᠢᠨ᠎ᠡ ᠪᠠᠢᠳᠠᠯ᠎ᠢ ᠨᠡᠭᠡᠭᠡᠬᠦ ᠪᠠᠲᠤ ᠴᠢᠩᠭ᠎ᠠ ᠲᠦᠰᠢᠭ᠎ᠢ ᠪᠤᠢ ᠪᠣᠯᠭᠠᠬᠤ ᠪᠣᠯᠣᠨ᠎ᠠ᠃

《ᠳᠤᠮᠳᠠ ᠣᠷᠳᠣ᠌ ᠬᠤᠭᠤᠴᠠᠭᠠᠨ᠎ᠤ ᠬᠥᠭᠵᠢᠯᠲᠡ᠎ᠶᠢᠨ ᠲᠥᠯᠦᠪᠵᠢᠭᠦᠯᠭᠡ ᠨᠢ ᠡᠬᠢ ᠪᠠᠶᠠᠯᠢᠭ᠋᠎ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ ᠴᠢᠳᠠᠬᠤ ᠮᠥᠷᠲᠡᠭᠡᠨ ᠪᠠᠰᠠ ᠵᠠᠰᠠᠭ᠎ᠤᠨ ᠣᠷᠳᠣᠨ᠎ᠤ ᠦᠢᠯᠡᠳᠦᠯ ᠎ᠢ ᠨᠠᠩ ᠰᠠᠢᠲᠤᠷ ᠪᠠᠳᠠᠷᠠᠭᠤᠯᠵᠤ ᠴᠢᠳᠠᠨ᠎ᠠ》᠃ ᠶᠡᠷᠦᠩᠬᠡᠢ ᠱᠦᠵᠢ ᠰᠢ ᠵᠢᠨ ᠫᠢᠩ ᠲᠠᠪᠤᠨ ᠵᠢᠯ᠎ᠦᠨ ᠲᠥᠯᠦᠪᠵᠢᠭᠦᠯᠭᠡ᠎ᠶᠢᠨ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠦᠨ ᠬᠠᠷᠢᠴᠠᠭ᠎ᠠ᠎ᠶᠢ ᠨᠡᠩ ᠰᠠᠢᠲᠤᠷ ᠰᠢᠢᠳᠪᠦᠷᠢᠯᠡᠬᠦ ᠳᠤᠮᠳᠠᠬᠢ ᠦᠢᠯᠡᠳᠦᠯ ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠵᠤ ᠬᠡᠷᠡᠭᠵᠢᠭᠦᠯᠬᠦ᠎ᠪᠡᠷ ᠳᠠᠮᠵᠢᠭᠤᠯᠤᠨ᠂ ᠮᠠᠨ᠎ᠤ ᠤᠯᠤᠰ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠠ ᠦᠷ᠎ᠡ ᠪᠦᠲᠦᠮᠵᠢᠲᠡᠢ ᠵᠠᠰᠠᠭ᠎ᠤᠨ ᠣᠷᠳᠣᠨ᠎ᠤ ᠦᠢᠯᠡᠳᠦᠯ᠎ᠢᠶᠡᠨ ᠨᠡᠩ ᠰᠠᠢᠨ ᠪᠠᠳᠠᠷᠠᠭᠤᠯᠵᠤ᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ᠎ᠢᠶᠡᠷ ᠡᠬᠢ ᠪᠠᠶᠠᠯᠢᠭ᠋᠎ᠢ ᠲᠣᠬᠢᠷᠠᠭᠤᠯᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠦᠷ᠎ᠡ ᠪᠦᠲᠦᠮᠵᠢᠲᠡᠢ ᠵᠠᠰᠠᠭ᠎ᠤᠨ ᠤᠷᠳᠤᠨ᠎ᠢᠶᠡᠷ ᠵᠠᠬ᠎ᠠ ᠳᠡᠯᠭᠡᠭᠦᠷ᠎ᠦᠨ ᠦᠢᠯᠡᠳᠦᠯ᠎ᠢᠶᠡᠨ ᠠᠯᠳᠠᠬᠤ᠎ᠶᠢ ᠨᠥᠬᠥᠪᠦᠷᠢᠯᠡᠬᠦ ᠪᠤᠯᠤᠨ᠎ᠠ᠃

ᠰᠢᠨ᠎ᠡ ᠲᠠᠪᠤᠨ ᠵᠢᠯ᠎ᠳᠦ᠂ ᠰᠢᠨ᠎ᠡ᠎ᠶᠢ ᠡᠭᠦᠳᠬᠦ ᠬᠦᠴᠦᠨ ᠬᠣᠷᠢᠭ᠍ᠯᠠᠭᠳᠠᠰᠢ ᠦᠭᠡᠢ ᠶᠤᠮ᠃

ᠰᠢᠨ᠎ᠡ ᠬᠥᠭᠵᠢᠯᠲᠡ᠎ᠶᠢᠨ ᠱᠠᠲᠤ᠎ᠶᠢ ᠵᠦᠪ ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠤᠨ᠎ᠠ — ᠨᠢᠭᠡ ᠭᠣᠣᠯ ᠰᠢᠵᠢᠮ ᠨᠢ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠶᠠᠪᠤᠴᠠ᠂ ᠡᠯ᠎ᠡ ᠬᠦᠷᠢᠶ᠎ᠡ᠎ᠶᠢ ᠭᠦᠨᠵᠡᠭᠡᠢ ᠴᠣᠭᠴᠠᠯᠠᠨ᠎ᠠ᠃

ᠡᠨᠡ ᠵᠢᠯ᠎ᠦᠨ 7 ᠰᠠᠷ᠎ᠠ᠎ᠶᠢᠨ 7 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠨ ᠰᠢ᠎ᠶᠢᠨ ᠶᠠᠩ ᠴᠢᠤᠸᠠᠨ ᠨᠡᠭᠡᠯᠡᠭᠡᠢ᠎ᠶᠢᠨ ᠬᠤᠪᠢᠴᠠᠭᠠᠲᠤ ᠬᠢᠵᠠᠭᠠᠷᠲᠤ ᠺᠣᠮᠫᠠᠨᠢ᠎ᠳᠤ ᠰᠢᠨᠵᠢᠯᠡᠨ ᠪᠠᠢᠴᠠᠭᠠᠪᠠ᠃

ᠦᠢᠯᠡᠳᠪᠦᠷᠢᠯᠡᠯ᠎ᠦᠨ ᠲᠠᠰᠤᠭ᠎ᠲᠤ᠂ ᠶᠡᠷᠦᠩᠬᠡᠢ ᠱᠦᠵᠢ ᠪᠠᠢᠨ ᠪᠠᠢᠨ ᠵᠣᠭᠰᠣᠵᠤ ᠪᠠᠢᠴᠠᠭᠠᠨ ᠦᠵᠡᠵᠦ᠂ ᠦᠢᠯᠡᠳᠬᠦᠨ᠎ᠦ ᠦᠢᠯᠡᠳᠪᠦᠷᠢᠯᠡᠯ ᠪᠠ ᠪᠣᠷᠤᠯᠠᠭᠤᠯᠭ᠎ᠠ᠎ᠶᠢᠨ ᠪᠠᠢᠳᠠᠯ᠎ᠢ ᠨᠠᠷᠢᠨ ᠣᠢᠯᠠᠭᠠᠬᠤ᠎ᠶᠢᠨ ᠬᠠᠮᠲᠤ᠄ 《ᠪᠣᠳᠠᠲᠤ ᠴᠣᠭᠴᠠ᠎ᠶᠢᠨ ᠠᠵᠤ ᠠᠬᠤᠢ᠎ᠶᠢ ᠬᠠᠶᠠᠵᠤ ᠪᠣᠯᠬᠤ ᠦᠭᠡᠢ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠳᠣᠲᠣᠷᠠᠬᠢ ᠤᠯᠠᠮᠵᠢᠯᠠᠯᠲᠤ ᠠᠵᠤ ᠦᠢᠯᠡᠰ᠎ᠢ ᠬᠠᠶᠠᠵᠤ ᠪᠣᠯᠬᠤ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠳᠡᠮᠵᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠎ᠶᠢ ᠪᠡᠶᠡᠯᠡᠭᠦᠯᠬᠦ ᠬᠡᠷᠡᠭᠲᠡᠢ》 ᠭᠡᠵᠦ ᠵᠢᠭᠠᠵᠤ ᠭᠠᠷᠭᠠᠪᠠ᠃

《ᠨᠡᠩ ᠲᠣᠪᠣᠢᠮ᠎ᠠ ᠪᠠᠢᠯᠳᠤᠬᠤ ᠪᠣᠳᠣᠯᠭ᠎ᠠ᠎ᠶᠢᠨ ᠪᠠᠢᠷᠢᠨ᠎ᠳᠤ ᠲᠠᠯᠪᠢᠬᠤ ᠬᠡᠷᠡᠭᠲᠡᠢ》᠂ ᠶᠡᠷᠦᠩᠬᠡᠢ ᠱᠦᠵᠢ ᠰᠢ ᠵᠢᠨ ᠫᠢᠩ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠰᠢᠨ᠎ᠡ ᠴᠠᠭ ᠦᠶ᠎ᠡ᠎ᠶᠢᠨ ᠵᠠᠮᠴᠢᠯᠠᠭ᠍ᠴᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠲᠤᠬᠠᠢ ᠭᠦᠨᠵᠡᠭᠡᠢ ᠪᠣᠳᠣᠯᠬᠢᠯᠠᠯ᠂ ᠬᠥᠭᠵᠢᠯᠲᠡ᠎ᠶᠢᠨ ᠶᠡᠬᠡ ᠬᠠᠨᠳᠤᠰᠢ ᠪᠣᠯᠣᠨ ᠴᠠᠭ ᠦᠶ᠎ᠡ᠎ᠶᠢᠨ ᠤᠷᠤᠰᠬᠠᠯ᠎ᠤᠨ ᠲᠤᠬᠠᠢ ᠣᠨᠣᠪᠴᠢᠲᠠᠢ ᠡᠵᠡᠮᠰᠢᠯ᠎ᠢ ᠢᠯᠡᠷᠡᠭᠦᠯᠪᠡ᠃

ᠲᠠᠪᠤᠨ ᠵᠢᠯ ᠡᠷᠡᠮᠡᠬᠡᠢᠯᠡᠨ ᠤᠷᠤᠭᠰᠢᠯᠠᠬᠤ ᠪᠡᠷ ᠳᠠᠮᠵᠢᠨ᠂ ᠳᠤᠮᠳᠠᠳᠤ ᠤᠯᠤᠰ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠥᠨᠳᠥᠷ ᠴᠢᠳᠠᠪᠬᠢᠲᠤ ᠴᠠᠬᠢᠮ ᠪᠣᠯᠣᠨ ᠠᠵᠢᠯᠯᠠᠬᠤ ᠰᠢᠰᠲᠧᠮ᠎ᠲᠠᠢ ᠪᠣᠯᠵᠤ᠂ ᠤᠯᠠᠨ ᠠᠵᠢᠯ ᠲᠦᠷᠦᠯ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠲᠤᠮᠤ ᠵᠠᠭᠪᠤᠷ᠂ ᠦᠢᠯᠡᠳᠪᠦᠷᠢᠯᠡᠯ᠎ᠦᠨ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠬᠦ ᠮᠠᠰᠢᠨ ᠬᠥᠮᠥᠨ ᠳ᠋ᠤ ᠡᠨ᠋ᠸᠷᠬᠢ ᠤᠯᠭᠤᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠵᠢᠯ᠎ᠦᠨ ᠦᠢᠯᠡᠳᠪᠦᠷᠢᠯᠡᠯ᠎ᠦᠨ ᠬᠡᠮᠵᠢᠶ᠎ᠡ 1000 ᠲᠦᠮᠡ᠎ᠶᠢ ᠳᠠᠪᠠᠵᠤ᠂ ᠵᠢᠯᠣᠭᠣᠴᠢ ᠦᠭᠡᠢ ᠨᠢᠰᠬᠡᠯ᠂ ᠲᠦᠷᠭᠡᠨ᠎ᠦ ᠲᠡᠮᠦᠷ ᠵᠠᠮ᠂ ᠺᠸᠠᠨ᠋ᠲ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠨᠢ ᠪᠦᠬᠦ ᠪᠥᠮᠪᠥᠷᠴᠡᠭ ᠲᠤ᠌ ᠲᠡᠷᠢᠭᠦᠯᠡᠨ᠎ᠠ ᠁

《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠤᠳᠤᠷᠢᠳᠤᠮᠵᠢ ᠪᠣᠯᠭᠠᠵᠤ᠂ ᠪᠣᠳᠠᠲᠤ ᠴᠣᠭᠴᠠ᠎ᠶᠢᠨ ᠠᠵᠤ ᠠᠬᠤᠢ᠎ᠪᠠᠷ ᠦᠨᠳᠦᠰᠦ ᠰᠠᠭᠤᠷᠢ ᠪᠣᠯᠭᠠᠨ᠎ᠠ》᠂ 《ᠳᠡᠯᠡᠬᠡᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠣᠰᠢᠭᠤᠷᠠᠯ ᠳ᠋ᠤ ᠠᠨᠭᠬᠠᠷᠤᠯ᠎ᠵᠢᠡᠨ ᠲᠦᠪᠯᠡᠷᠡᠭᠦᠯᠵᠦ᠂ ᠰᠠᠭᠤᠷᠢ ᠰᠤᠳᠤᠯᠭᠠᠨ᠎ᠢ ᠴᠢᠩᠭᠠᠳᠬᠠᠬᠤ᠂ ᠠᠩᠬᠠᠨ᠎ᠤ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠂ ᠬᠣᠰᠢᠭᠤᠷᠠᠯ ᠮᠡᠷᠭᠡᠵᠢᠯ᠎ᠦᠨ ᠲᠠᠯ᠎ᠠ᠎ᠪᠠᠷ ᠱᠠᠯᠠᠪᠳᠠᠨ ᠪᠣᠭᠣᠮᠲᠠ ᠰᠢᠪᠲᠤᠯᠤᠨ᠎ᠠ》᠂《ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ》 ᠁

ᠬᠦᠴᠦᠨ ᠴᠢᠳᠠᠯ᠎ᠢᠶᠡᠨ ᠬᠤᠷᠠᠮᠳᠤᠭᠤᠯᠵᠤ᠂ ᠠᠷᠭ᠎ᠠ ᠵᠠᠮ ᠰᠦᠪᠡᠭᠴᠢᠯᠡᠨ᠎ᠠ᠂ 《ᠠᠷᠪᠠᠨ ᠲᠠᠪᠤᠳᠤᠭᠠᠷ ᠲᠠᠪᠤᠨ ᠵᠢᠯ》 ᠳ᠋ᠤ᠌ ᠬᠠᠨᠳᠤᠬᠤᠶ᠎ᠠ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ ᠎ᠦᠨ ᠬᠦᠴᠦᠨ ᠎ᠢ ᠬᠥᠭᠵᠢᠭᠦᠯᠬᠦ ᠎ᠪᠡᠷ ᠭᠠᠷᠳᠡᠴᠡ ᠪᠣᠯᠭᠠᠵᠤ᠂ ᠠᠵᠤ ᠦᠢᠯᠡᠰ᠎ᠦᠨ ᠲᠡᠰ ᠳᠡᠪᠰᠢᠬᠦ ᠪᠠ ᠪᠠᠢᠭᠤᠯᠤᠯ᠎ᠤᠨ ᠥᠭᠡᠷᠡᠴᠢᠯᠡᠯᠲᠡ᠎ᠶᠢ ᠬᠥᠲᠥᠯᠥᠨ ᠳᠠᠭᠠᠭᠤᠯᠵᠤ᠂ ᠴᠢᠨᠠᠷ ᠰᠠᠢᠲᠠᠢ ᠬᠥᠭᠵᠢᠯᠲᠡ᠎ᠳᠦ ᠰᠦᠷ ᠳᠠᠯᠠᠢᠴᠠᠲᠠᠢ ᠬᠥᠳᠡᠯᠭᠡᠬᠦ ᠡᠨᠧᠷᠭᠢ ᠨᠡᠮᠡᠷᠢᠯᠡᠨ᠎ᠡ᠃

ᠰᠢᠨ᠎ᠡ ᠲᠠᠪᠤᠨ ᠵᠢᠯ᠎ᠳᠦ᠂ ᠠᠷᠠᠳ᠎ᠤᠨ ᠠᠮᠢᠳᠤᠷᠠᠯ᠎ᠤᠨ ᠦᠨᠳᠦᠰᠦ᠎ᠶᠢ ᠦᠷᠭᠦᠯᠵᠢᠯᠡᠨ ᠪᠡᠬᠢᠵᠢᠭᠦᠯᠦᠨ᠎ᠠ᠃

2025 ᠣᠨ᠎ᠤ 1 ᠰᠠᠷ᠎ᠠ᠎ᠶᠢᠨ 1 ᠎ᠤ᠋ ᠡᠳᠦᠷ᠎ᠡᠴᠡ ᠡᠬᠢᠯᠡᠨ᠂ ᠮᠠᠨ᠎ᠤ ᠤᠯᠤᠰ ᠬᠠᠤᠯᠢ ᠴᠠᠭᠠᠵᠠ ᠬᠠᠤᠯᠢ ᠲᠣᠭᠲᠠᠭᠠᠯ᠎ᠤᠨ ᠲᠣᠭᠲᠠᠭᠠᠯ ᠶᠣᠰᠣᠭᠠᠷ ᠲᠦᠷᠦᠭᠰᠡᠨ ᠪᠦᠬᠦᠯᠢ 3 ᠨᠠᠰᠤᠨ᠎ᠡᠴᠡ ᠳᠣᠷᠣᠭ᠍ᠰᠢᠬᠢ ᠨᠢᠯᠬ᠎ᠠ ᠬᠡᠦᠬᠡᠳ᠎ᠲᠦ ᠨᠥᠬᠥᠪᠦᠷᠢ ᠣᠯᠭᠣᠵᠤ᠂ ᠬᠡᠦᠬᠡᠳ ᠪᠣᠢᠵᠢᠭᠤᠯᠬᠤ ᠨᠥᠬᠥᠪᠦᠷᠢ᠎ᠶᠢ ᠪᠦᠬᠦᠯᠢ 3 ᠨᠠᠰᠤ ᠬᠦᠷᠲᠡᠯ᠎ᠡ ᠵᠢᠯ᠎ᠢᠶᠡᠷ ᠣᠯᠭᠣᠨ᠎ᠠ᠃

ᠡᠨᠡ ᠪᠣᠯ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ᠎ᠡᠴᠡ ᠨᠠᠭᠠᠰᠢᠬᠢ ᠠᠩᠬ᠎ᠠ ᠤᠳᠠᠭ᠎ᠠ ᠶᠡᠬᠡ ᠬᠡᠪᠴᠢᠶᠡᠨ᠎ᠦ᠂ ᠲᠦᠭᠡᠮᠡᠯ ᠬᠠᠷᠠᠭᠠᠯᠵᠠᠯ᠎ᠤᠨ ᠮᠠᠶᠢᠭ᠋᠎ᠤᠨ᠂ ᠰᠢᠭᠤᠳ ᠴᠢᠨᠠᠷᠲᠠᠢ᠎ᠪᠠᠷ ᠣᠯᠠᠨ ᠲᠦᠮᠡᠨ᠎ᠳᠦ ᠣᠯᠭᠣᠵᠤ ᠪᠠᠢᠭ᠎ᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠪᠡᠯᠡᠨ ᠮᠥᠩᠭᠥᠨ᠎ᠦ ᠨᠥᠬᠥᠪᠦᠷᠢ ᠮᠥᠨ᠂ ᠡᠭᠦᠨ ᠎ᠦ ᠠᠷᠤ᠎ᠳᠤ 《ᠪᠡᠯᠡ ᠣᠷᠣᠭᠤᠯᠬᠤ ᠨᠢ ᠬᠥᠮᠥᠨ᠎ᠳᠦ ᠪᠣᠶ》 ᠭᠡᠬᠦ ᠭᠦᠨ ᠳᠠᠪᠬᠤᠷᠭ᠎ᠠ᠎ᠶᠢᠨ ᠪᠣᠳᠣᠯᠬᠢᠯᠠᠯ ᠪᠣᠶ᠂ 《ᠠᠷᠠᠳ ᠲᠦᠮᠡᠨ᠎ᠢ ᠳᠡᠭᠡᠳᠦᠯᠡᠬᠦ》  ᠥᠷᠲᠡᠭ᠎ᠦᠨ ᠵᠣᠷᠢᠯᠲᠠ ᠪᠣᠶ᠃

ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠡᠳ᠋ ᠪᠠᠶᠠᠯᠢᠭ᠋ ᠡᠯᠪᠡᠭ ᠠᠷᠠᠳ ᠲᠦᠮᠡᠨ ᠪᠠᠶᠠᠨ᠂ ᠪᠦᠭᠦᠳᠡ ᠤᠯᠠᠨ᠎ᠤ ᠪᠠᠶᠠᠷ ᠵᠢᠷᠭᠠᠯ ᠲᠠᠢ ᠪᠠᠢᠭ᠎ᠠ ᠠᠮᠢᠳᠤᠷᠠᠯ ᠳ᠋ᠤ ᠪᠢᠴᠢᠭᠯᠡᠵᠦ ᠪᠠᠢᠨ᠎ᠠ᠃

ᠲᠠᠪᠤᠨ ᠵᠢᠯ᠎ᠦᠨ ᠡᠮᠦᠨ᠎ᠡ᠂ ᠨᠠᠮ ᠎ᠤᠨ ᠪᠥᠬᠥᠳᠡ ᠬᠤᠷᠠᠯ᠎ᠤᠨ ᠪᠢᠴᠢᠭ ᠮᠠᠲᠧᠷᠢᠶᠠᠯ᠎ᠳᠤ 《ᠪᠦᠬᠦ ᠠᠷᠠᠳ ᠲᠦᠮᠡᠨ ᠬᠠᠮᠲᠤ᠎ᠪᠠᠷ ᠪᠠᠶᠠᠵᠢᠬᠤ》ᠲᠤᠬᠠᠢ ᠠᠩᠬ᠎ᠠ ᠤᠳᠠᠭ᠎ᠠ ᠴᠢᠬᠤᠯᠠ ᠱᠠᠭᠠᠷᠳᠠᠯᠭ᠎ᠠ ᠳᠤᠷᠠᠳᠴᠠᠢ; 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠦᠪᠵᠢᠭᠦᠯᠭᠡ᠎ᠶᠢᠨ ᠭᠣᠣᠯ ᠵᠢᠭᠠᠯᠲᠠ ᠲᠣᠭ᠎ᠠ᠎ᠶᠢᠨ ᠳᠣᠲᠣᠷ᠎ᠠ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠲᠥᠷᠥᠯ ᠭᠤᠷᠪᠠᠨ᠎ᠤ ᠨᠢᠭᠡ ᠬᠤᠪᠢ᠎ᠶᠢ ᠳᠠᠪᠠᠪᠠ ᠁

ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠤᠲᠠᠭᠤᠳᠠᠯ᠎ᠢ ᠬᠡᠷᠬᠢᠨ ᠪᠦᠲᠦᠮᠵᠢᠲᠡᠶ ᠨᠥᠬᠥᠪᠦᠷᠢᠯᠡᠬᠦ ᠪᠣᠶ? ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠬᠡᠷᠬᠢᠨ ᠪᠣᠳᠠᠲᠠᠢ ᠎ᠳᠤ ᠨᠠᠢᠳᠠᠪᠤᠷᠢᠵᠢᠭᠤᠯᠬᠤ ᠪᠣᠶ? ᠬᠠᠮᠲᠤ᠎ᠪᠠᠷ ᠪᠠᠶᠠᠵᠢᠬᠤ᠎ᠶᠢ ᠬᠡᠷᠬᠢᠨ ᠯᠠᠪᠳᠠᠭᠤᠨ᠎ᠢᠶᠠᠷ ᠠᠬᠢᠭᠤᠯᠬᠤ ᠪᠤᠢ?

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭᠵᠢᠯᠲᠡ᠎ᠶᠢ ᠰᠦᠪᠡᠭᠴᠢᠯᠡᠵᠦ᠂ ᠣᠳᠣᠬᠢᠴᠢᠯᠠᠯᠲᠠ᠎ᠵᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠬᠦᠷᠲᠡᠭᠡᠨ᠎ᠡ᠃

ᠰᠢᠨ᠎ᠡ ᠲᠠᠪᠤᠨ ᠵᠢᠯ ᠎ᠳᠦ᠂ ᠢᠲᠡᠭᠡᠯ ᠵᠣᠷᠢᠭ᠋᠎ᠤᠨ ᠰᠠᠭᠤᠷᠢ ᠤᠯᠠᠮ ᠪᠠᠲᠤᠵᠢᠬᠤ ᠪᠣᠯᠣᠨ᠎ᠠ᠃

ᠵᠠᠭᠤᠨ ᠵᠢᠯ᠎ᠦᠨ ᠬᠤᠪᠢᠰᠤᠯᠲᠠ ᠲᠦᠷᠭᠡᠰᠴᠦ᠂ ᠠᠵᠠ ᠲᠣᠬᠢᠶᠠᠯ ᠪᠣᠯᠣᠨ ᠥᠷᠢᠰᠦᠯᠳᠦᠭᠡᠨ᠎ᠪᠠᠰᠠ ᠤᠷᠢᠳ ᠡᠮᠦᠨ᠎ᠡ ᠪᠠᠢᠭ᠎ᠠ ᠦᠭᠡᠢ ᠤᠯᠠᠨ ᠪᠤᠯᠪᠠ᠃ ᠥᠪᠡᠷ᠎ᠦᠨ ᠶᠠᠪᠤᠳᠠᠯ᠎ᠢᠶᠠᠨ ᠭᠤᠢᠪᠢᠰᠢ ᠦᠭᠡᠢ ᠰᠠᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠭᠤᠢᠪᠢᠰᠢ ᠦᠭᠡᠢ ᠥᠷᠭᠡᠳᠬᠡᠨ᠎ᠡ; ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠠᠵᠢᠯ ᠣᠯᠭᠣᠯᠲᠠ᠎ᠶᠢ ᠲᠣᠭᠲᠠᠪᠤᠷᠢᠵᠢᠭᠤᠯᠵᠤ᠂ ᠠᠵᠤ ᠠᠬᠤᠢᠯᠠᠯ᠎ᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠎ᠢ ᠲᠣᠭᠲᠠᠪᠤᠷᠢᠵᠢᠭᠤᠯᠵᠤ᠂ ᠵᠢᠱ᠌ᠢᠯᠲᠡ᠎ᠶᠢ ᠲᠣᠭᠲᠠᠪᠤᠷᠢᠵᠢᠭᠤᠯᠵᠤ᠂ ᠠᠵᠤ ᠠᠬᠤᠢ ᠎ᠶᠢᠨ ᠦᠨᠳᠦᠰᠦᠨ ᠪᠠᠢᠳᠠᠯ ᠎ᠢ ᠪᠦᠲᠦᠮᠵᠢᠲᠡᠶ ᠲᠣᠭᠲᠠᠪᠤᠷᠢᠵᠢᠭᠤᠯᠤᠨ᠎ᠠ; ᠬᠥᠭᠵᠢᠯᠲᠡ ᠪᠠ ᠠᠮᠤᠷ ᠲᠦᠪᠰᠢᠨ ᠎ᠢ ᠨᠢᠭᠡᠳᠦᠯᠲᠡᠢ ᠲᠥᠯᠥᠪᠵᠢᠭᠦᠯᠬᠦ᠎ᠶᠢ ᠨᠡᠩ ᠴᠢᠬᠤᠯᠠᠴᠢᠯᠠᠵᠤ᠂ ᠰᠢᠨ᠎ᠡ ᠠᠮᠤᠷ ᠲᠦᠪᠰᠢᠨ ᠎ᠦ ᠪᠠᠢᠷᠢᠰᠢᠯ᠎ᠢᠶᠠᠷ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠲᠤᠯᠠᠨ᠎ᠠ ᠁

ᠮᠠᠨ᠎ᠤ ᠤᠯᠤᠰ᠎ᠤᠨ ᠠᠵᠤ ᠠᠬᠤᠢ᠎ᠶᠢᠨ ᠰᠠᠭᠤᠷᠢ ᠲᠣᠭᠲᠠᠭᠤᠨ᠂ ᠳᠠᠪᠠᠭᠤᠯᠢᠭ᠋ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠳᠠ ᠬᠦᠴᠦᠨ ᠶᠡᠬᠡ᠂ ᠤᠷᠳᠤ ᠬᠤᠭᠤᠴᠠᠭ᠎ᠠ᠎ᠪᠠᠷ ᠰᠠᠢᠵᠢᠷᠠᠬᠤ᠎ᠳᠤ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ ᠪᠠᠢᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠋᠂ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠂ ᠪᠦᠷᠢᠨ ᠪᠦᠲᠦᠨ ᠠᠵᠤ ᠦᠢᠯᠡᠰ᠎ᠦᠨ ᠰᠢᠰᠲᠧᠮ᠎ᠦᠨ ᠳᠠᠪᠠᠭᠤᠯᠢᠭ᠋᠂ ᠴᠢᠳᠠᠪᠤᠷᠢᠲᠠᠨ᠎ᠤ ᠡᠬᠢ ᠪᠠᠶᠠᠯᠢᠭ᠋᠎ᠢ ᠪᠠᠶᠠᠯᠢᠭ᠍ᠵᠢᠭᠤᠯᠬᠤ ᠳᠠᠪᠠᠭᠤᠯᠢᠭ᠋ ᠎ᠢ ᠨᠡᠩ ᠭᠦᠢᠴᠡᠳ ᠢᠯᠡᠷᠡᠭᠦᠯᠪᠡ᠃

ᠳᠤᠮᠳᠠᠳᠤ ᠤᠯᠤᠰ ᠎ᠤᠨ ᠮᠠᠶᠢᠭ᠋᠎ᠤᠨ ᠣᠳᠣᠬᠢᠴᠢᠯᠠᠯᠲᠠ ᠨᠢ ᠬᠠᠷᠠᠯᠲᠠ᠎ᠲᠠᠢ᠂ ᠲᠥᠯᠦᠪᠵᠢᠭᠦᠯᠭᠡ᠎ᠲᠠᠢ᠂ ᠪᠠᠢᠯᠳᠤᠬᠤ ᠪᠣᠳᠣᠯᠭ᠎ᠠ᠎ᠲᠠᠢ ᠪᠠᠢᠪᠠᠯ ᠯᠠᠪᠲᠠᠢ ᠪᠡᠶᠡᠯᠡᠭᠳᠡᠨ᠎ᠡ᠃

ᠲᠦᠮᠡᠨ ᠭᠠᠵᠠᠷ ᠠᠶᠠᠯᠠᠬᠤᠶ᠎ᠠ᠂ ᠵᠢᠷᠤᠭ ᠲᠥᠰᠥᠪ ᠳᠠᠬᠢᠨᠲᠠ ᠳᠡᠯᠭᠡᠭᠳᠡᠨ᠎ᠡ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠠᠷᠠᠳ ᠲᠦᠮᠡᠨ ᠤᠷᠢᠳ ᠡᠮᠦᠨ᠎ᠡ ᠪᠠᠢᠭ᠎ᠠ ᠦᠭᠡᠢ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠂ ᠲᠡᠦᠬᠡ᠎ᠶᠢᠨ ᠪᠦᠲᠦᠭᠡᠯᠴᠢ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠪᠦᠯᠬᠦᠮᠳᠡᠨ ᠲᠡᠮᠡᠴᠡᠪᠡᠯ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠨᠡᠩ ᠭᠣᠢᠳᠠ ᠰᠠᠢᠬᠠᠨ ᠬᠠᠭᠤᠳᠠᠰᠤ᠎ᠶᠢ ᠪᠢᠴᠢᠭᠯᠡᠬᠦ ᠨᠢ ᠯᠠᠪᠲᠠᠢ ᠶᠤᠮ᠃


  (ᠱᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 19 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号