— 《ᠨᠡᠢᠭᠡᠮ ᠵᠢᠷᠤᠮ ᠢ ᠠᠵᠢᠯᠯᠠᠵᠤ ᠪᠠᠢᠭᠠᠳ ᠪᠦᠲᠦᠭᠡᠭ᠌ᠰᠡᠨ ᠶᠤᠮ》 ᠭᠡᠬᠦ᠌ ᠱᠢᠷᠢᠰ ᠬᠦᠦᠷᠨᠢᠯ ᠱᠢᠭᠦᠮᠵᠢ (ᠬᠣᠶᠠᠷ)
《2024 ᠣᠨ᠎ᠤ ᠪᠡᠭᠡᠵᠢᠩ᠎ᠦᠨ ᠠᠭᠠᠷ᠎ᠤᠨ PM 2.5 ᠶ᠋ᠢᠨ ᠳᠤᠮᠳᠠᠴᠢ ᠥᠳᠭᠡᠴᠡ᠎ᠨᠢ ᠪᠣᠰᠣᠭ᠎ᠠ ᠳᠥᠷᠪᠡᠯᠵᠢᠨ ᠮᠧᠲ᠋ᠷ ᠪᠦᠷᠢᠳᠦ 30.5 ᠮᠢᠺᠷᠥᠭ᠌ᠷᠠᠮ ᠪᠠᠢᠵᠤ᠂ 2013 ᠣᠨ᠎ᠤ᠎ᠬᠢ᠎ᠡᠴᠡ 65.9 % ᠪᠠᠷ ᠪᠠᠭᠤᠷᠠᠵᠤ᠂ ᠬᠥᠬᠡ ᠣᠭ᠍ᠲᠠᠷᠭᠤᠶ ᠲᠤᠩᠭᠠᠯᠠᠭ ᠡᠳᠦᠷ ᠨᠢ ᠬᠡᠪ᠎ᠦᠨ ᠪᠠᠢᠳᠠᠯ ᠪᠣᠯᠪᠠ》᠂ ᠡᠨᠡ ᠵᠢᠯ᠎ᠦᠨ 7 ᠰᠠᠷ᠎ᠠ᠎ᠳᠤ ᠲᠥᠪ᠎ᠦᠨ ᠬᠣᠲᠠ᠎ᠶ᠋ᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠲᠣᠭ᠎ᠠ ᠪᠠᠷᠢᠮᠲᠠ᠎ᠡᠴᠡ ᠡᠰᠢ ᠲᠠᠲᠠᠵᠤ᠂ ᠡᠲᠡᠭᠡᠷ ᠵᠢᠯ᠎ᠦᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠠᠬᠢᠭᠤᠯᠤᠭ᠍ᠰᠠᠨ ᠦᠨᠡᠨ ᠪᠣᠳᠠᠲᠠᠶ ᠦᠷ᠎ᠡ ᠪᠦᠲᠦᠮᠵᠢ᠎ᠶ᠋ᠢ ᠲᠣᠳᠣᠷᠬᠠᠢᠯᠠᠪᠠ᠂ 《ᠪᠡᠭᠡᠵᠢᠩ᠎ᠦᠨ APEC ᠤ᠋ᠨ ᠬᠤᠷᠠᠯ ᠳᠡᠭᠡᠷ᠎ᠡ ᠪᠥᠬᠥ᠌ ᠳᠡᠯᠡᠬᠡᠶ᠎ᠳᠦ ᠨᠡᠢᠲᠡᠯᠡᠭ᠌ᠰᠡᠨ 〈APEC ᠬᠥᠬᠡ〉 ᠭᠡᠬᠦ ᠠᠮᠠᠯᠠᠯᠲᠠ ᠮᠢᠨᠢ ᠬᠦᠰᠡᠷᠳᠡᠭᠰᠡᠨ ᠦᠭᠡᠢ᠂ ᠪᠡᠶᠡᠯᠡᠭᠳᠡᠯ᠎ᠡ》᠃
《ᠵᠣᠷᠢᠭ᠍ᠲᠠᠢ ᠪᠡᠷ ᠠᠵᠢᠯᠯᠠᠵᠤ ᠵᠣᠷᠢᠭ᠍ᠲᠠᠢ ᠪᠡᠷ ᠵᠢᠳᠭᠦᠵᠦ᠂ ᠴᠢᠳᠠᠮᠠᠭᠠᠢ ᠬᠢᠵᠦ ᠠᠮᠵᠢᠯᠳᠠ ᠭᠠᠷᠭᠠᠬᠤ》 ᠪᠣᠯ ᠠᠷᠭ᠎ᠠ᠎ᠶ᠋ᠢᠨ ᠣᠨᠣᠯ ᠮᠥᠨ᠂ ᠨᠠᠩ ᠴᠤ᠌ ᠠᠵᠢᠯ᠎ᠤᠨ ᠪᠦᠲᠦᠮᠵᠢ᠎ᠶ᠋ᠢᠨ ᠦᠵᠡᠯᠲᠡ ᠮᠥᠨ᠃ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠵᠢᠯ ᠬᠢᠵᠦ᠍ ᠦᠢᠯᠡᠰ ᠪᠤᠰᠭᠠᠬᠤ ᠨᠢ ᠶᠡᠷᠦ᠍᠎ᠡᠴᠡ ᠬᠣᠭᠣᠰᠣᠨ ᠨᠡᠷ᠎ᠡ ᠤᠯᠬᠤ᠎ᠶ᠋ᠢᠨ ᠲᠥᠯᠥᠭᠡ ᠪᠢᠰᠢ᠂ ᠬᠠᠷᠢᠨ 《ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ᠎ᠦ ᠲᠡᠮᠡᠴᠡᠬᠦ᠌ ᠬᠠᠷᠠᠯᠲᠠ ᠮᠦᠨ》 ᠭᠡᠬᠦ᠌ ᠲᠥᠪ ᠴᠢᠩᠭ᠎ᠠ ᠠᠮᠠᠯᠠᠯᠲᠠ᠎ᠪᠡᠨ ᠪᠡᠶᠡᠯᠡᠭᠦᠯᠬᠦ᠌᠎ᠶ᠋ᠢᠨ ᠲᠥᠯᠥᠭᠡ ᠶᠤᠮ᠃ ᠡᠢᠮᠦᠷᠬᠦᠥ 《ᠬᠡᠯᠡᠭ᠌ᠰᠡᠨ᠎ᠳᠡᠭᠡᠨ ᠬᠦᠷᠬᠦ᠌》 ᠠᠵᠢᠯᠯᠠᠭᠠᠨ᠎ᠤ ᠬᠡᠪ ᠨᠠᠮᠪᠠ ᠪᠣᠯ ᠶᠠᠭ ᠪᠢᠳᠡᠨ᠎ᠤ ᠨᠠᠮ᠎ᠤᠨ ᠠᠷᠠᠳ᠎ᠤᠨ ᠰᠡᠳᠭᠢᠯ᠎ᠢ ᠭᠦᠨ ᠣᠯᠤᠭ᠍ᠰᠠᠨ᠎ᠤ ᠵᠠᠩᠭᠢᠯᠠᠭ᠎ᠠ ᠮᠥᠨ᠃
ᠬᠠᠷᠢᠴᠠᠯᠠᠱᠢᠭᠦᠢ ᠶᠠᠳᠠᠭᠤ ᠬᠦᠴᠢᠷᠳᠡᠯ᠎ᠢ ᠠᠷᠢᠯᠭᠠᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭᠰᠡᠨ ᠶᠠᠪᠤᠳᠠᠯ ᠨᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠶᠠᠪᠤᠴᠠ᠎ᠳᠠᠬᠢ ᠵᠠᠩᠭᠢᠯᠠᠭ᠎ᠠ᠎ᠶ᠋ᠢᠨ ᠨᠢᠭᠡ ᠦᠰᠦᠷᠦᠯᠲᠡ ᠮᠦᠨ᠃
《ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ ᠪᠣᠯᠬᠤ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ ᠬᠠᠷᠠᠯᠲᠠ ᠯᠠᠪᠲᠠᠢ ᠪᠡᠶᠡᠯᠡᠭ᠌ᠳᠡᠬᠦ᠌᠎ᠶ᠋ᠢ ᠪᠢ ᠪᠠᠲᠤ ᠢᠲᠡᠭᠡᠵᠦ᠍ ᠪᠠᠢᠨ᠎ᠠ》᠃ 2012 ᠣᠨ᠎ᠤ 11 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠲᠤᠱᠢᠶᠠᠯ᠎ᠳᠤ ᠭᠠᠷᠤᠮᠠᠭ᠍ᠴᠠᠪᠠᠨ ᠲᠥᠪ ᠴᠢᠩᠭ᠎ᠠ᠎ᠪᠠᠷ ᠲᠤᠩᠬᠠᠭ᠍ᠯᠠᠵᠠᠶ᠃
ᠨᠢᠭᠡ ᠰᠠᠷ᠎ᠠ᠎ᠶ᠋ᠢᠨ ᠳᠠᠷᠠᠭ᠎ᠠ᠂ ᠶᠡᠷᠦᠩᠬᠡᠢ ᠱᠦᠵᠢᠲᠠᠷᠤᠢ ᠲᠠᠢᠬᠠᠩᠱᠠᠨ ᠠᠭᠤᠯᠠ᠎ᠶ᠋ᠢᠨ ᠭᠦᠨ᠎ᠳᠦ ᠬᠦᠷᠴᠡᠢ᠃ ᠮᠠᠱᠢᠨ ᠲᠡᠷᠭᠡ᠎ᠪᠡᠷ 300 ᠭᠠᠷᠤᠢ ᠺᠢᠯᠤᠮᠸᠲᠷ ᠠᠶᠠᠯᠠᠵᠤ᠂ ᠲᠡᠭ᠎ᠡᠴᠡ ᠳᠣᠷᠣᠭ᠍ᠰᠢ ᠠᠷᠪᠠᠨ ᠬᠡᠳᠦᠨ ᠭᠷᠠᠳᠦ᠋ᠰ᠎ᠦᠨ ᠬᠠᠬᠢᠷ ᠬᠦᠢᠳᠡᠨ ᠢ ᠬᠠᠢᠬᠤᠷᠤᠯ ᠦᠭᠡᠢ᠎ᠪᠡᠷ᠂ ᠲᠥᠪᠯᠡᠷᠡᠨ ᠵᠠᠯᠭᠠᠯᠳᠤᠭ᠍ᠰᠠᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨᠪᠠᠢᠭᠰᠠᠨ ᠾᠸᠪᠸᠢ ᠵᠢᠨ ᠹᠦ᠍ᠫᠢᠩ ᠳ᠋ᠤ ᠬᠦᠷᠴᠦ᠍᠂ ᠨᠤᠲᠤᠭ᠎ᠤᠨ ᠬᠥᠮᠦᠰ᠎ᠦᠨ ᠭᠡᠷ᠎ᠲᠦ ᠬᠦᠷᠴᠦ᠍ ᠠᠮᠢᠳᠤᠷᠠᠯ᠎ᠤᠨ ᠪᠠᠢᠳᠠᠯ᠎ᠢ ᠨᠢ ᠠᠰᠠᠭᠤᠵᠤ᠂ ᠶᠠᠳᠠᠭᠤ ᠬᠦᠴᠢᠷᠳᠡᠯᠲᠡᠢ ᠪᠠᠢᠳᠠᠯ᠎ᠢ ᠨᠢ ᠤᠢᠯᠠᠭᠠᠪᠠ᠃
ᠲᠡᠷᠡ ᠤᠳᠠᠭ᠎ᠠ ᠱᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠄ 《ᠪᠢᠳᠡ ᠣᠮᠣᠭ ᠲᠡᠭᠦᠯᠳᠡᠷ ᠦᠭᠡ ᠶᠠᠷᠢᠶ᠎ᠠ᠎ᠪᠠᠷ ᠳᠤᠲᠠᠬᠤ ᠦᠬᠡᠢ᠂ ᠬᠥᠳᠡᠯᠭᠡᠭᠡᠨ ᠮᠠᠶᠢᠭ᠎ᠤᠨ ᠶᠠᠭᠤᠮ᠎ᠠ᠎ᠪᠠᠷ ᠴᠤ᠌ ᠳᠤᠲᠠᠬᠤ ᠦᠬᠡᠢ᠂ ᠵᠠᠩᠭᠢᠯᠠᠭ᠎ᠠ ᠨᠢ ᠵᠥᠪ ᠵᠠᠮ ᠡᠷᠢᠵᠦ᠍ ᠣᠯᠤᠭ᠍ᠰᠠᠨ ᠡᠰᠡᠬᠦ᠌᠂ ᠴᠥᠬᠥᠷᠡᠰᠢ ᠦᠬᠡᠢ ᠴᠢᠷᠮᠠᠢᠨ ᠠᠵᠢᠯᠯᠠᠭ᠍ᠰᠠᠨ ᠡᠰᠡᠬᠦ᠌᠎ᠶ᠋ᠢ ᠦᠵᠡᠨ᠎ᠡ》 ᠭᠡᠵᠡᠢ᠃
ᠡᠷᠡᠰ ᠪᠠᠲᠤ ᠵᠣᠷᠢᠭ ᠨᠢ ᠡᠷᠡᠰ ᠪᠠᠲᠤ ᠠᠵᠢᠯᠯᠠᠭ᠎ᠠ ᠪᠣᠯᠤᠨ ᠬᠤᠪᠢᠷᠠᠪᠠ᠃
8 ᠵᠢᠯ ᠭᠠᠷᠤᠢ᠎ᠶ᠋ᠢᠨ ᠬᠤᠭᠤᠴᠠᠭᠠᠨ᠎ᠳᠤ᠂ ᠤᠷᠢᠳ ᠬᠣᠵᠢᠳ 7 ᠤᠳᠠᠭ᠎ᠠ ᠲᠥᠪ ᠦᠨ ᠶᠠᠳᠠᠭᠤ᠎ᠶ᠋ᠢ ᠲᠡᠳᠬᠦᠬᠦ᠌ ᠠᠵᠢᠯ᠎ᠤᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ 50 ᠭᠠᠷᠤᠢ ᠤᠳᠠᠭ᠎ᠠ ᠶᠠᠳᠠᠭᠤ᠎ᠶ᠋ᠢ ᠲᠡᠳᠬᠦᠬᠦ᠌ ᠠᠵᠢᠯ᠎ᠢ ᠪᠠᠢᠴᠠᠭᠠᠨ ᠰᠤᠳᠤᠯᠵᠤ᠂ ᠲᠥᠪᠯᠡᠷᠡᠨ ᠵᠠᠯᠭᠠᠯᠳᠤᠭ᠍ᠰᠠᠨ ᠣᠨᠴᠠ ᠶᠠᠳᠠᠭᠤ ᠬᠦᠴᠢᠷᠳᠡᠯᠲᠡᠢ 14 ᠭᠠᠵᠠᠷ ᠣᠷᠣᠨ᠎ᠢᠶᠠᠷ ᠬᠦᠷᠴᠦ᠍᠂ ᠲᠠᠪᠤᠨ ᠱᠠᠲᠤᠨ᠎ᠤ ᠱᠦᠵᠢ᠎ᠶ᠋ᠢ ᠳᠠᠭᠠᠭᠤᠯᠤᠨ ᠶᠠᠳᠠᠭᠤ᠎ᠶ᠋ᠢ ᠲᠡᠳᠬᠦᠬᠦ᠌ ᠠᠵᠢᠯ᠎ᠢ ᠠᠳᠭᠤᠪᠠ᠂ 《ᠨᠢᠭᠡ ᠭᠡᠷ ᠨᠢᠭᠡ ᠡᠷᠦᠬᠡ ᠴᠢᠨᠠᠭ᠍ᠰᠢᠯᠠᠪᠠᠯ ᠨᠢᠭᠡ ᠬᠥᠮᠦᠨ᠎ᠤ ᠦᠨᠳᠦᠰᠦᠨ ᠠᠮᠢᠳᠤᠷᠠᠯ᠎ᠤᠨ ᠠᠰᠠᠭᠤᠳᠠᠯ᠎ᠢᠶᠠᠨ ᠱᠢᠢᠳᠪᠦᠷᠢᠯᠡᠵᠦ᠍ ᠳᠡᠢᠯᠬᠦ᠌ ᠦᠭᠡᠢ ᠪᠠᠢᠪᠠᠯ ᠪᠢᠳᠡ ᠰᠠᠨᠠᠭ᠎ᠠ ᠠᠮᠤᠷ ᠰᠠᠭᠤᠵᠤ ᠪᠣᠯᠬᠤ ᠦᠭᠡᠢ》᠃
ᠤᠳᠠᠭ᠎ᠠ ᠲᠠᠷᠠᠭᠠᠯᠠᠨ ᠪᠤᠯᠵᠤᠭ᠎ᠠ ᠶᠤᠰᠤᠭᠠᠷ ᠬᠦᠷᠦᠯᠴᠡᠨ ᠢᠷᠡᠵᠥ᠍᠂ ᠪᠣᠭᠣᠮᠲᠠ᠎ᠶ᠋ᠢᠨ ᠭᠠᠳᠠᠨᠠᠬᠢ ᠥᠨᠳᠥᠷᠯᠢᠭ᠎ᠡᠴᠡ ᠡᠸ᠋ ᠮᠸᠩ ᠱᠠᠨ ᠠᠭᠤᠯᠠᠷᠬᠠᠭ ᠣᠷᠣᠨ ᠬᠦᠷᠲᠡᠯ᠎ᠡ᠂ ᠴᠢᠨᠯᠢᠩ᠎ᠤᠨ ᠥᠷᠥᠴᠡ᠎ᠡᠴᠡ ᠬᠤᠨᠠᠨ᠎ᠤ ᠪᠠᠷᠠᠭᠤᠨ ᠬᠡᠰᠡᠭ᠎ᠦᠨ ᠶᠡᠬᠡ ᠠᠭᠤᠯᠠ ᠬᠦᠷᠲᠡᠯ᠎ᠡ ᠁ ᠬᠠᠬᠢᠷ ᠬᠦᠢᠳᠡᠨ ᠠᠭᠠᠭᠢᠮ᠎ᠠ ᠬᠠᠯᠠᠭᠤᠨ᠎ᠡᠴᠡ ᠠᠶᠤᠬᠤ ᠦᠬᠡᠢ᠂ ᠶᠠᠳᠠᠷᠠᠯ ᠵᠦᠳᠡᠷᠡᠯ᠎ᠡᠴᠡ ᠬᠠᠯᠠᠱᠢᠷᠠᠬᠤ ᠦᠬᠡᠢ ᠪᠠᠢᠯ᠎ᠠ; ᠤᠳᠠᠭ᠎ᠠ ᠳᠠᠷᠠᠭᠠᠯᠠᠨ ᠪᠣᠭᠣᠮᠲᠠ ᠱᠢᠪᠲᠤᠯᠤᠨ᠂ 《ᠵᠢᠷᠭᠤᠭᠠᠨ ᠨᠠᠷᠢᠯᠢᠭ ᠣᠨᠣᠪᠴᠢᠲᠠᠢ ᠪᠠᠢᠬᠤ》 ᠵᠢ ᠪᠡᠶᠡᠯᠡᠭᠦᠯᠬᠦ᠌ ᠡᠴᠡ 《ᠲᠠᠪᠤᠨ ᠨᠢᠭᠡ ᠪᠦᠯᠦᠭ》 ᠢ᠋ ᠬᠡᠷᠡᠭ᠌ᠵᠢᠭᠦᠯᠬᠦ᠌ ᠬᠦᠷᠲᠡᠯ᠎ᠡ᠂ ᠬᠦᠴᠢᠷ ᠠᠰᠠᠭᠤᠳᠠᠯ ᠢ ᠡᠷᠡᠰ ᠱᠢᠢᠳᠪᠦᠷᠢᠯᠡᠵᠦ᠍᠂ ᠶᠠᠳᠠᠭᠤ᠎ᠡᠴᠡ ᠠᠩᠭᠢᠵᠢᠷᠠᠭᠤᠯᠤᠭ᠍ᠰᠠᠨ ᠦᠷ᠎ᠡ ᠪᠦᠲᠦᠭᠡᠯ ᠲᠡᠦᠬᠡ ᠪᠠ ᠠᠷᠠᠳ ᠲᠦᠮᠡᠨ᠎ᠦ ᠱᠢᠯᠭᠠᠯᠲᠠ᠎ᠶ᠋ᠢ ᠳᠠᠭᠠᠭᠠᠵᠤ ᠳᠡᠢᠯᠬᠦ᠌᠎ᠶ᠋ᠢ ᠦᠨᠡᠨ ᠬᠦ᠌ ᠪᠠᠲᠤᠯᠠᠪᠠ᠃
ᠬᠠᠷᠠᠯᠲᠠ᠎ᠪᠠᠨ ᠲᠣᠭ᠍ᠲᠠᠭᠠᠵᠤ᠂ ᠪᠦᠷᠢᠨ ᠢᠯᠠᠯᠲᠠ ᠣᠯᠬᠤ ᠦᠭᠡᠢ ᠪᠣᠯ ᠶᠠᠭᠠᠬᠢᠭ᠍ᠰᠠᠨ ᠴᠤ᠌ ᠤᠬᠤᠷᠢᠬᠤ ᠦᠭᠡᠢ᠃
2020 ᠣᠨ᠎ᠳᠤ᠂ ᠭᠡᠨᠡᠳᠲᠡ ᠡᠭᠦᠰᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠨᠢ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠱᠢᠢᠳᠪᠦᠷᠢᠲᠦ ᠳᠠᠢᠯᠠᠯᠳᠤᠭᠠᠨ ᠳ᠋ᠦ ᠰᠠᠨᠠᠭᠠᠨ᠎ᠡᠴᠡ ᠭᠠᠳᠠᠭᠤᠷ ᠲᠠᠭᠠᠷᠢᠯᠳᠠ ᠪᠣᠯᠪᠠ᠃ ᠶᠡᠷᠦᠩᠬᠡᠢ ᠱᠦᠵᠢ ᠰᠢ ᠵᠢᠨ ᠫᠢᠩ ᠡᠷᠡᠰ ᠪᠠᠲᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠷ ᠲᠠᠭᠠᠷᠢᠯᠳᠠ᠎ᠶ᠋ᠢᠨ ᠪᠦᠷᠢᠢᠡᠶ᠋ᠢ ᠬᠠᠩᠭᠢᠨᠠᠭᠤᠯᠪᠠ᠄ 《ᠨᠠᠮ᠎ᠤᠨ ᠲᠥᠪ ᠬᠣᠷᠢᠢ᠎ᠠ᠎ᠡᠴᠡ ᠪᠦᠬᠦ᠌ ᠤᠯᠤᠰ᠎ᠤᠨ ᠠᠷᠠᠳ ᠲᠦᠮᠡᠨ᠎ᠳᠦ ᠬᠢᠭ᠌ᠰᠡᠨ ᠲᠥᠪ ᠴᠢᠩᠭ᠎ᠠ ᠠᠮᠠᠯᠠᠯᠲᠠ᠎ᠶ᠋ᠢ ᠡᠷᠬᠡᠪᠰᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌ ᠬᠡᠷᠡᠭ᠌ᠲᠡᠢ᠂ ᠶᠠᠮᠠᠷ ᠴᠤ᠌ ᠤᠬᠤᠷᠢᠬᠤ ᠵᠠᠮ ᠪᠠ ᠤᠶᠠᠨ ᠬᠠᠳᠠᠨ ᠴᠢᠨᠠᠷ ᠭᠡᠵᠦ ᠪᠠᠢᠬᠤ ᠦᠭᠡᠢ》᠃
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠵᠠᠭᠤᠨ ᠵᠢᠯ᠎ᠦᠨ ᠣᠶ ᠪᠣᠯᠬᠤ᠎ᠳᠦ᠂ ᠳᠤᠮᠳᠠᠳᠤ᠎ᠶᠢᠨ ᠦᠨᠳᠦᠰᠦᠲᠡᠨ᠎ᠦ ᠶᠠᠳᠠᠭᠤ᠎ᠡᠴᠡ ᠠᠩᠭᠢᠵᠢᠷᠠᠬᠤ ᠮᠢᠩᠭᠠᠨ ᠵᠢᠯ᠎ᠦᠨ ᠬᠦᠰᠡᠯ ᠵᠡᠭᠦᠳᠦ ᠲᠣᠭᠲᠠᠭᠰᠠᠨ ᠬᠤᠭᠤᠴᠠᠭᠠᠨ᠎ᠳᠠᠭᠠᠨ ᠪᠣᠳᠠᠲᠤ ᠠᠬᠤᠢ ᠪᠤᠯᠵᠤ᠂ 《ᠳᠤᠮᠳᠠᠳᠤ ᠤᠯᠤᠰ᠎ᠤᠨ ᠬᠥᠮᠥᠨ ᠬᠡᠯᠡᠭᠰᠡᠨ ᠦᠭᠡᠨ ᠳ᠋ᠡᠭᠡᠨ ᠰᠠᠭᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠬᠡᠯᠡᠭᠰᠡᠨ ᠦᠭᠡ ᠳ᠋ᠡᠭᠡᠨ ᠰᠠᠭᠤᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠬᠡᠯᠡᠭᠰᠡᠨ ᠦᠭᠡᠨ᠎ᠳᠡᠭᠡᠨ ᠰᠠᠭᠤᠨ᠎ᠠ!》 ᠭᠡᠳᠡᠭ ᠲᠤ᠌ ᠬᠦᠮᠦᠰ ᠨᠡᠨᠭ ᠭᠦᠨᠵᠡᠭᠡᠢ ᠲᠦᠷᠦᠭᠳᠡᠯ ᠲᠠᠢ ᠪᠤᠯᠵᠠᠢ᠃
ᠱᠠᠨᠰᠢ᠎ᠶᠢᠨ ᠬᠣᠢᠲᠤ ᠬᠡᠰᠡᠭ᠎ᠦᠨ ᠠᠷᠠᠳ ᠲᠦᠮᠡᠨ ᠤᠳᠤ ᠪᠣᠯᠲᠠᠯ᠎ᠠ《ᠨᠠᠮᠤᠭ᠎ᠤᠨ ᠬᠡᠢ ᠴᠢᠨᠯᠢᠩ ᠳᠠᠪᠠᠭ᠎ᠠ᠎ᠶᠢ ᠭᠡᠲᠦᠯᠦᠭᠰᠡᠨ》 ᠦᠯᠢᠭᠡᠷ᠎ᠢ ᠴᠡᠭᠡᠵᠢᠯᠡᠭᠰᠡᠭᠡᠷ ᠪᠠᠢᠨ᠎ᠠ᠃
1974 ᠣᠨ᠎ᠤ ᠡᠬᠢ᠎ᠪᠡᠷ᠂ ᠰᠠᠶᠢᠬᠠᠨ ᠯᠢᠶᠠᠩ ᠵᠢᠶᠠ ᠾᠧ ᠶᠡᠬᠡ ᠪᠠᠷᠢᠭᠠᠳᠠ᠎ᠶᠢᠨ ᠨᠠᠮ᠎ᠤᠨ ᠡᠭᠦᠷ᠎ᠦᠨ ᠱᠦᠵᠢ᠎ᠵᠢᠨ ᠲᠤᠰᠢᠶᠠᠯ ᠢ ᠡᠭᠦᠷᠭᠡᠯᠡᠭᠰᠡᠨ ᠰᠢ ᠵᠢᠨ ᠫᠢᠩ ᠰᠣᠨᠢᠨ ᠳᠡᠭᠡᠷ᠎ᠡ ᠡᠴᠡ ᠰᠸᠴᠤᠸᠠᠨ᠎ᠤ ᠨᠠᠮᠤᠭ᠎ᠤᠨ ᠬᠡᠢ ᠬᠡᠷᠡᠭᠯᠡᠭᠰᠡᠨ ᠮᠡᠳᠡᠭᠡᠯᠡᠯ᠎ᠢ ᠤᠩᠰᠢᠪᠠ᠃ ᠲᠣᠰᠬᠣᠨ᠎ᠤ ᠲᠦᠯᠡᠰᠢ ᠳᠤᠲᠠᠭᠳᠠᠵᠤ ᠪᠠᠢᠭ᠎ᠠ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠰᠢ ᠵᠢᠨ ᠫᠢᠩ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠵᠦ 《ᠲᠤᠷᠰᠢᠯᠭ᠎ᠠ ᠬᠤᠷᠠᠮᠳᠤᠭᠤᠯᠵᠤ》᠂ ᠬᠠᠷᠢᠵᠤ ᠢᠷᠡᠭᠰᠡᠨ᠎ᠦ᠎ᠪᠡᠨ ᠳᠠᠷᠠᠭ᠎ᠠ ᠨᠠᠮᠤᠭ᠎ᠤᠨ ᠬᠡᠢ᠎ᠶᠢᠨ ᠴᠥᠭᠥᠷᠥᠮ᠎ᠢ ᠭᠠᠷᠳᠠᠨ ᠪᠠᠢᠭᠤᠯᠪᠠ᠃
ᠴᠥᠭᠥᠷᠥᠮ ᠪᠠᠶ᠋ᠢᠭᠤᠯᠬᠤ ᠡᠯᠡᠰᠦ ᠪᠠᠢᠬᠤ ᠦᠭᠡᠢ ᠪᠣᠯ ᠣᠯᠠᠨ᠎ᠢ ᠳᠠᠭᠠᠭᠤᠯᠵᠤ ᠠᠷᠪᠠᠨ ᠲᠠᠪᠤᠨ ᠭᠠᠵᠠᠷ᠎ᠤᠨ ᠴᠠᠭᠠᠨᠠᠬᠢ ᠴᠢᠶᠠᠨ ᠮᠠ ᠭᠸᠦ᠎ᠳᠤ ᠣᠴᠢᠵᠤ ᠮᠡᠯᠲᠡᠨᠠ; ᠱᠦᠢᠨᠢ ᠵᠢ ᠲᠡᠭᠡᠭᠡᠪᠦᠷᠢᠯᠡᠨ ᠣᠷᠣᠵᠤ ᠢᠷᠡᠵᠦ ᠳᠡᠢᠯᠬᠦ ᠦᠭᠡᠢ ᠪᠤᠯ ᠪᠠᠰᠠ ᠪᠡᠶ᠎ᠡ ᠪᠡᠷ᠎ᠵᠢᠡᠨ ᠲᠡᠷᠢᠭᠦᠯᠡᠨ ᠠᠷᠪᠠᠨ ᠲᠠᠪᠤᠨ ᠭᠠᠵᠠᠷ᠎ᠤᠨ ᠴᠠᠭᠠᠨᠠᠬᠢ ᠨᠢᠭᠡᠳᠦᠯ᠎ᠡᠴᠡ ᠡᠭᠦᠷᠴᠦ ᠢᠷᠡᠨ᠎ᠡ; ᠴᠣᠬᠣᠢ ᠳᠤᠲᠠᠪᠠᠯ ᠥᠪᠡᠷ᠎ᠢᠶᠡᠨ ᠴᠣᠬᠣᠢ ᠰᠢᠲᠠᠭᠠᠬᠤ ᠲᠠᠯᠠᠪᠠᠢ ᠡᠷᠬᠢᠯᠡᠨ᠎ᠡ ᠁
ᠲᠤᠬᠠᠢ᠎ᠶᠢᠨ ᠦᠶ᠎ᠡ᠎ᠳᠤ᠂ ᠵᠠᠷᠢᠮ ᠬᠥᠮᠥᠨ ᠲᠡᠭᠦᠨ᠎ᠢ᠄ 《ᠰᠠᠢᠨ ᠵᠠᠯᠠᠭᠤ ᠮᠢᠨᠢ᠂ ᠴᠢᠳᠠᠯ᠎ᠢᠶᠠᠨ ᠪᠠᠷᠠᠭᠰᠠᠨ᠎ᠤ ᠬᠡᠷᠡᠭ ᠦᠭᠡᠢ᠂ ᠰᠸᠴᠤᠸᠠᠨ ᠳᠤᠯᠠᠭᠠᠨ᠂ ᠶᠠᠨ ᠴᠤᠸᠠᠨ ᠬᠦᠢᠲᠡᠨ᠂ ᠨᠠᠮᠤᠭ᠎ᠤᠨ ᠬᠡᠢ᠎ᠶᠢ ᠮᠠᠨ᠎ᠤ ᠡᠨᠳᠡ ᠬᠢᠵᠦ ᠳᠡᠢᠯᠬᠦ ᠦᠭᠡᠢ!》 ᠭᠡᠵᠦ ᠢᠤᠬᠠᠠᠵᠦ ᠬᠡᠯᠡᠪᠡ᠃ ᠰᠢ ᠵᠢᠨ ᠫᠢᠩ᠄ 《ᠬᠦᠴᠢᠷ ᠪᠡᠷᠬᠡᠰᠢᠶᠡᠯ᠎ᠦᠨ ᠡᠮᠦᠨ᠎ᠡ ᠪᠢᠳᠡ ᠪᠠᠢᠨ᠎ᠠ᠂ ᠪᠢᠳᠡᠨ᠎ᠦ ᠡᠮᠦᠨ᠎ᠡ ᠬᠦᠴᠢᠷ ᠪᠡᠷᠬᠡᠰᠢᠶᠡᠯ ᠪᠠᠢᠬᠤ ᠦᠭᠡᠢ!》 ᠭᠡᠵᠦ ᠡᠷᠡᠰ ᠰᠢᠭᠤᠷᠬᠠᠢ ᠬᠡᠯᠡᠪᠡ᠃
ᠬᠠᠭᠠᠰ ᠵᠢᠯ᠎ᠦᠨ ᠳᠠᠷᠠᠭ᠎ᠠ᠂ ᠯᠢᠶᠠᠩ ᠵᠢᠶᠠ ᠾᠧ ᠳ᠋ᠤ ᠱᠠᠨᠪᠧᠢ᠎ᠶᠢᠨ ᠥᠨᠳᠥᠷᠯᠢᠭ᠎ᠦᠨ ᠠᠩᠬᠠᠳᠠᠭ᠍ᠴᠢ ᠨᠠᠮᠤᠭ᠎ᠤᠨ ᠬᠡᠢ᠎ᠶᠢᠨ ᠳ᠋ᠧᠩ᠎ᠢ ᠠᠰᠠᠭᠠᠵᠤ᠂ ᠠᠷᠠᠳ ᠤᠯᠠᠨ ᠪᠠᠶᠠᠷᠯᠠᠯᠳᠤᠨ ᠬᠦᠭᠡᠷᠦᠯᠳᠦᠪᠡ᠃
ᠵᠣᠷᠢᠭ᠍ᠲᠠᠢ ᠪᠡᠷ ᠬᠢᠵᠦ᠂ ᠴᠢᠳᠠᠮᠠᠭᠠᠢ᠎ᠪᠠᠷ ᠪᠦᠲᠦᠭᠡᠨ᠎ᠡ᠂ 《ᠦᠷ᠎ᠡ ᠪᠦᠲᠦᠮᠵᠢ ᠭᠠᠷᠭᠠᠬᠤ ᠦᠭᠡᠢ ᠪᠣᠯ ᠵᠣᠭᠰᠣᠬᠤ ᠦᠭᠡᠢ᠂ ᠪᠢᠳᠡ ᠳᠠᠷᠤᠢ ᠡᠢᠮᠦ ᠰᠦᠰᠦ ᠵᠣᠷᠢᠭ᠋ ᠪᠠ ᠡᠷᠴᠢ ᠬᠦᠴᠦᠨ ᠲᠠᠢ ᠪᠠᠢᠬᠤ ᠬᠡᠷᠡᠭᠲᠡᠢ》᠃
2014 ᠣᠨ᠎ᠤ 11 ᠰᠠᠷ᠎ᠠ ᠳ᠋ᠤ᠂ ᠠ᠋ᠠᠽᠢᠶᠡ ᠲᠢᠪ ᠨᠣᠮᠣᠬᠠᠨ ᠳᠠᠯᠠᠶ᠎ᠶᠢᠨ ᠡᠣᠷᠣᠠ ᠪ ᠠ᠋ᠠᠵᠤ ᠠ᠋ᠠᠬᠣᠢ ᠵᠢᠠ ᠬᠠᠮᠲᠤᠷᠠᠯᠴᠠᠭᠠᠨᠦ ᠵᠣᠬᠢᠶᠠᠨ ᠪᠠᠢᠭᠤᠯᠤᠯᠲᠠ (APEC) ᠵᠢᠨ ᠡᠣᠳᠣᠷᠢᠣᠠᠬ᠍ᠤ ᠬᠥᠮᠦᠰ᠎ᠦᠨ ᠬᠣᠷᠢᠨ ᠬᠣᠶᠠᠳᠤᠭᠠᠷ ᠤᠳᠠᠭᠠᠨ ᠤ᠋ ᠠ᠋ᠠᠯᠪᠠᠠ ᠶᠣᠰᠣᠨᠦ ᠪᠤᠰᠤ ᠬᠤᠷᠠᠯ᠎ᠤᠨ ᠬᠤᠭᠤᠴᠠᠭᠠᠨ᠎ᠳᠤ᠂ ᠲᠤᠬᠠᠢ᠎ᠶᠢᠨ ᠦᠶ᠎ᠡ᠎ᠳᠦ ᠨᠠᠮᠤᠷ ᠡᠪᠦᠯ᠎ᠦᠨ ᠤᠯᠠᠷᠢᠯ᠎ᠳᠤ ᠳᠠᠨᠭᠳᠠ ᠤᠨᠢᠶᠠᠷ ᠪᠤᠳᠠᠩ ᠪᠦᠷᠬᠦᠳᠡᠭ ᠪᠠᠢᠭᠰᠠᠨ ᠪᠡᠭᠡᠵᠢᠩ᠎ᠳᠦ ᠬᠤᠪᠤᠷᠬᠠᠨ ᠲᠤᠬᠢᠶᠠᠯᠳᠤᠳᠠᠭ ᠴᠡᠯᠮᠡᠭ ᠲᠤᠨᠭᠭᠠᠯᠠᠭ ᠠᠭᠤᠷ ᠠᠮᠢᠰᠬᠤᠯ ᠢᠯᠡᠷᠡᠪᠡ᠃
《ᠲᠡᠷᠡ ᠬᠡᠳᠦᠨ ᠡᠳᠦᠷ᠎ᠦᠨ ᠠᠭᠤᠷ ᠠᠮᠢᠰᠬᠤᠯ ᠮᠠᠰᠢ ᠰᠠᠢᠨ᠂ ᠲᠤᠬᠠᠢ᠎ᠶᠢᠨ ᠦᠶ᠎ᠡ᠎ᠳᠦ ᠵᠠᠷᠢᠮ ᠬᠥᠮᠥᠨ ᠡᠨᠡ ᠪᠣᠯ 〈APEC ᠤ᠋ᠨ ᠬᠥᠬᠡ ᠤᠭᠲᠠᠷᠭᠤᠢ〉 ᠮᠥᠨ᠂ ᠤᠳᠠᠭᠠᠨ ᠦᠷᠭᠦᠯᠵᠢᠯᠡᠵᠦ ᠲᠠᠶ᠋ᠢᠯᠤᠨ᠎ᠠ ᠦᠦ? ᠭᠡᠵᠦ ᠠᠰᠠᠭᠤᠬᠤ ᠳ᠋ᠤ ᠪᠢ ᠲᠡᠳᠡᠨ᠎ᠳᠦ᠂ ᠡᠨᠡ ᠪᠤᠯ ᠣᠬᠣᠷᠬᠠᠨ ᠬᠤᠭᠤᠴᠠᠭᠠᠨ᠎ᠤ ᠬᠥᠬᠡ ᠣᠭᠲᠠᠷᠭᠤᠢ ᠪᠢᠰᠢ᠂ ᠬᠡᠳᠦᠨ ᠵᠢᠯ᠎ᠦᠨ ᠳᠠᠷᠠᠭ᠎ᠠ ᠲᠡᠷᠡ ᠨᠢ ᠡᠭᠦᠷᠢᠳᠡ᠎ᠶᠢᠨ ᠬᠥᠬᠡ ᠣᠭᠲᠠᠷᠭᠤᠢ ᠪᠣᠯᠣᠨ᠎ᠠ ᠭᠡᠵᠦ ᠬᠠᠷᠢᠭᠤᠯᠤᠭᠰᠠᠨ ᠶᠤᠮ》᠃
ᠬᠡᠯᠡᠭᠰᠡᠨ ᠳ᠋ᠡᠭᠡᠨ ᠵᠠᠪᠠᠯ ᠬᠦᠷᠦᠨ᠎ᠡ᠂ ᠬᠥᠬᠡ ᠣᠭᠲᠠᠷᠭᠤᠢ᠎ᠶᠢ ᠬᠠᠮᠠᠭᠠᠯᠠᠬᠤ ᠳᠠᠢᠯᠠᠯᠳᠤᠭᠠᠨ᠎ᠢ ᠪᠠᠭᠲᠠᠭᠠᠭᠰᠠᠨ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ ᠨᠢ ᠴᠢᠨᠡᠭᠡᠯᠢᠭ ᠨᠡᠢᠭᠡᠮ ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ᠎ᠶᠢ ᠣᠯᠬᠤ ᠭᠤᠷᠪᠠᠨ ᠶᠡᠬᠡ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠨᠢᠭᠡ ᠪᠣᠯᠵᠠᠢ᠃
ᠨᠢᠳᠤᠨᠤᠨ᠎ᠤ ᠳᠤᠮᠳᠠᠳᠤ ᠠᠹᠷᠢᠺᠠ᠎ᠶᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠤᠨ ᠲᠦᠷᠦᠭᠦᠴᠦᠳ᠎ᠦᠨ ᠬᠤᠷᠠᠯ᠎ᠤᠨ ᠬᠤᠭᠤᠴᠠᠭᠠᠨ᠎ᠳᠤ᠂ ᠠᠹᠷᠢᠺᠠ ᠲᠢᠪ᠎ᠦᠨ ᠨᠢᠭᠡ ᠤᠯᠤᠰ᠎ᠤᠨ ᠤᠳᠤᠷᠢᠳᠬᠤ ᠬᠥᠮᠥᠨ ᠶᠡᠷᠦᠩᠬᠡᠢ ᠱᠦᠵᠢ ᠰᠢ ᠵᠢᠨ ᠫᠢᠩ᠎ᠳᠦ᠄ 《ᠵᠠᠯᠠᠭᠤ ᠳᠠᠭᠠᠨ ᠪᠡᠭᠡᠵᠢᠩ᠎ᠳᠦ ᠢᠷᠡᠵᠦ ᠥᠩᠭᠡᠷᠡᠵᠡᠢ᠂ ᠲᠤᠬᠠᠢ᠎ᠶᠢᠨ ᠦᠶ᠎ᠡ᠎ᠳᠦ ᠳᠡᠮᠡᠢ ᠤᠯᠠᠨ ᠮᠣᠳᠣ᠌ ᠪᠠᠢᠬᠤ ᠦᠭᠡᠢ ᠪᠠᠢᠪᠠ᠂ ᠤᠳᠤ ᠡᠢᠮᠦ ᠰᠠᠢᠨ ᠪᠣᠯᠵᠠᠢ!》 ᠭᠡᠪᠡ᠃
ᠬᠥᠬᠡᠮᠥ᠋ᠷᠡᠨᠳ᠋ᠤ 《ᠶᠡᠬᠡ ᠬᠠᠮᠠᠭᠠᠯᠠᠯᠲᠠ᠎ᠶᠢ ᠬᠠᠮᠲᠤ᠎ᠪᠠᠷ ᠠᠳᠬᠤᠵᠤ᠂ ᠶᠡᠬᠡ ᠨᠡᠭᠡᠭᠡᠨ ᠬᠥᠭᠵᠢᠭᠦᠯᠦᠯᠲᠡ ᠬᠢᠬᠦ ᠦᠭᠡᠢ》 ᠭᠡᠵᠦ ᠳᠤᠷᠠᠳᠤᠭᠰᠠᠨ; ᠳᠠ ᠯᠢᠵᠢᠨ ᠡᠯ ᠬᠠᠢ ᠨᠠᠭᠤᠷ ᠢ ᠬᠠᠮᠠᠭᠠᠯᠠᠵᠤ᠂ 《ᠪᠠᠷᠢᠮᠳᠠ ᠦᠯᠡᠳᠡᠭᠡᠵᠦ ᠬᠠᠳᠠᠭᠠᠯᠠᠭᠰᠠᠨ》; ᠴᠢᠨᠯᠢᠩ ᠳᠠᠪᠠᠭᠠᠨ᠎ᠤ ᠠᠷᠤ ᠬᠣᠷᠮᠣᠢ᠎ᠳᠤ ᠲᠣᠭᠲᠠᠭᠠᠯ᠎ᠢ ᠵᠥᠷᠢᠴᠡᠨ ᠵᠤᠰᠠᠯᠠᠩ ᠪᠠᠢᠭᠤᠯᠤᠭᠰᠠᠨ ᠶᠠᠪᠤᠳᠠᠯ᠎ᠢ ᠴᠢᠨᠭᠭ᠎ᠠ ᠪᠠᠢᠴᠠᠭᠠᠵᠤ᠂ ᠲᠤᠭᠤᠱᠢᠲᠠᠢ ᠠᠳᠬᠤᠭᠰᠠᠨ; ᠴᠢ ᠯᠢᠶᠠᠨ ᠱᠠᠨ ᠠᠭᠤᠯᠠᠨ᠎ᠤ ᠠᠮᠢ ᠠᠬᠤᠢ᠎ᠶᠢᠨ ᠬᠠᠮᠠᠭᠠᠯᠠᠯᠲᠠ ᠰᠡᠷᠭᠦᠭᠡᠯᠲᠡ᠎ᠶᠢ ᠬᠠᠯᠠᠮᠵᠢᠯᠠᠵᠤ᠂ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ ᠰᠢᠯᠭᠠᠨ ᠬᠤᠷᠢᠶᠠᠭᠰᠠᠨ ᠁ ᠪᠠᠢᠴᠠᠭᠠᠨ ᠰᠤᠳᠤᠯᠤᠯᠲᠠ ᠬᠢᠵᠦ ᠰᠡᠳᠬᠢᠨ ᠪᠣᠳᠣᠯᠬᠢᠯᠠᠵᠤ᠂ ᠰᠡᠳᠦᠪ᠎ᠢ ᠰᠢᠢᠳᠪᠦᠷᠢᠯᠡᠨ ᠬᠥᠭ ᠠᠶᠠᠰ ᠢ ᠲᠣᠭᠲᠠᠭᠠᠵᠤ᠂ ᠰᠤᠳᠠᠯ ᠪᠠᠷᠢᠵᠤ ᠵᠣᠷ ᠭᠠᠷᠭᠠᠵᠤ᠂ ᠱᠠᠯᠠᠪᠳᠠᠨ ᠠᠬᠢᠭᠤᠯᠪᠠ᠃
ᠶᠡᠷᠦᠩᠬᠡᠢ ᠱᠦᠵᠢ ᠰᠢ ᠵᠢᠨ ᠫᠢᠩ ᠠᠮᠢ ᠠᠬᠤᠢ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ ᠢ ᠰᠢᠢᠳᠪᠦᠷᠢᠯᠡᠬᠦ᠎ᠶᠢ ᠠᠬᠢᠭᠤᠯᠵᠤ᠂ ᠵᠣᠷᠢᠭ᠋᠎ᠤᠨ ᠶᠡᠬᠡ᠂ ᠬᠦᠴᠦᠯᠡᠴᠡ᠎ᠶᠢᠨ ᠶᠡᠬᠡ᠂ ᠦᠷ᠎ᠡ ᠪᠦᠲᠦᠮᠵᠢ᠎ᠶᠢᠨ ᠶᠡᠬᠡ ᠨᠢ ᠤᠷᠢᠳ ᠡᠮᠦᠨ᠎ᠡ ᠪᠠᠢᠭ᠎ᠠ ᠦᠭᠡᠢ ᠪᠠᠢᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ᠎ᠤ ᠢᠯᠡᠷᠬᠡᠢ ᠪᠡᠯᠭᠡ ᠲᠡᠮᠳᠡᠭ ᠪᠠ ᠠᠮᠢᠳᠤᠯᠢᠭ᠋ ᠵᠢᠱ᠌ᠢᠶ᠎ᠡ ᠪᠣᠯᠵᠠᠢ᠃
《ᠵᠣᠷᠢᠭ᠍ᠲᠠᠢ ᠪᠡᠷ ᠬᠢᠬᠦ ᠵᠤᠷᠢᠬᠳᠠᠢ ᠪᠡᠷ ᠵᠢᠳᠬᠦᠬᠦ》 ᠡᠷᠴᠢ ᠵᠤᠷᠢᠭᠵᠢᠡᠷ ᠪᠣᠭᠣᠮᠲᠠ ᠰᠢᠪᠲᠤᠯᠵᠤ᠂ 《ᠴᠢᠳᠠᠮᠠᠭᠠᠢ᠎ᠪᠠᠷ ᠬᠢᠵᠦ ᠠᠮᠵᠢᠯᠳᠠ ᠭᠠᠷᠭᠠᠬᠤ》 ᠬᠠᠷᠢᠭᠤᠴᠠᠯᠭ᠎ᠠ ᠡᠭᠦᠷᠭᠡᠯᠡᠯ ᠵᠢᠡᠷ ᠬᠦᠴᠢᠷ ᠢ ᠲᠤᠭᠤᠯᠤᠨ ᠪᠡᠷᠬᠡ᠎ᠶᠢ ᠳᠠᠪᠠᠵᠤ᠂ ᠠᠯᠢ ᠤᠯᠠᠨ ᠪᠠᠢᠷᠢᠯᠠᠭᠤᠯᠤᠯᠲᠠ᠂ ᠠᠯᠢ ᠤᠯᠠᠨ ᠠᠮᠠᠯᠠᠯᠲᠠ᠎ᠶᠢ ᠵᠢᠷᠤᠭ ᠲᠥᠰᠥᠪ᠎ᠡᠴᠡ ᠰᠠᠢᠨ ᠰᠠᠢᠬᠠᠨ ᠪᠣᠳᠠᠲᠤ ᠦᠵᠡᠮᠵᠢ ᠪᠣᠯᠭᠠᠨ ᠬᠤᠪᠢᠷᠠᠭᠤᠯᠪᠠ᠃
《ᠪᠢᠳᠡ ᠬᠠᠷᠠᠯᠲᠠ ᠪᠤᠯᠭᠠᠭᠰᠠᠨ᠂ ᠬᠢᠵᠦ ᠪᠦᠲᠦᠭᠡᠬᠦ ᠪᠡᠷ ᠲᠤᠭᠲᠠᠭᠰᠠᠨ ᠶᠠᠪᠤᠳᠠᠯᠵᠢᠡᠨ ᠢᠲᠡᠭᠡᠯ ᠵᠣᠷᠢᠭ᠋᠎ᠢᠶᠠᠨ ᠪᠠᠲᠤᠳᠬᠠᠵᠤ᠂ ᠵᠣᠷᠢᠭ᠋ ᠰᠢᠭᠤᠳᠤᠨ ᠬᠢᠳᠡᠭ ᠯᠡ ᠶᠤᠮ ᠪᠣᠯ ᠬᠢᠵᠦ ᠳᠡᠶ᠋ᠢᠯᠬᠦ ᠦᠭᠡᠢ ᠶᠠᠪᠤᠳᠠᠯ ᠭᠡᠵᠦ ᠦᠭᠡᠢ ᠶᠤᠮ》᠃ ᠶᠠᠳᠠᠭᠤ ᠬᠦᠴᠢᠷᠳᠡᠯ᠎ᠢ ᠢᠯᠠᠨ ᠳᠠᠪᠠᠵᠤ᠂ ᠴᠢᠨᠡᠭᠡᠯᠢᠭ ᠨᠡᠢᠭᠡᠮ᠎ᠢ ᠪᠦᠲᠦᠭᠡᠨ ᠪᠠᠢᠭᠤᠯᠵᠤ᠂ ᠬᠢᠵᠢᠭ᠎ᠦᠨ ᠪᠠᠢᠳᠠᠯ ᠢ ᠡᠵᠡᠮᠳᠡᠵᠦ᠂ ᠪᠣᠬᠢᠷ ᠮᠠᠨᠠᠨ ᠢ ᠵᠠᠰᠠᠵᠤ᠂ ᠱᠠᠮᠰᠢᠯ ᠢᠯᠵᠢᠷᠡᠯ᠎ᠢ ᠠᠷᠢᠯᠭᠠᠵᠤ᠂ ᠥᠭᠡᠷᠡᠴᠢᠯᠡᠯᠲᠡ᠎ᠶᠢ ᠠᠳᠬᠤᠵᠤ᠂ ᠴᠡᠷᠢᠭ ᠠᠩᠭᠢ᠎ᠪᠠᠨ ᠬᠦᠴᠦᠷᠬᠡᠭᠵᠢᠭᠦᠯᠪᠠ ᠁ ᠰᠦᠷᠯᠢᠭ ᠵᠢᠪᠬᠤᠯᠠᠨᠭ᠌ᠲᠤ᠂ ᠰᠦᠷ ᠲᠠᠯᠠᠢᠴᠠᠲᠠᠢ ᠯᠤᠲᠤ ᠶᠡᠬᠡ ᠬᠤᠪᠢᠷᠠᠯᠲᠠ᠎ᠳᠤ᠂ 《ᠬᠡᠯᠡᠪᠡᠯ ᠢᠲᠡᠭᠡᠮᠵᠢᠲᠡᠢ᠂ ᠬᠢᠪᠡᠯ ᠪᠦᠲᠦᠮᠵᠢᠲᠡᠢ》 ᠪᠠᠢᠬᠤ ᠵᠠᠰᠠᠭ ᠪᠠᠷᠢᠬᠤ ᠲᠠᠩᠭᠠᠷᠢᠭ᠋᠎ᠢᠶᠠᠨ ᠰᠡᠢᠯᠪᠡ᠃
ᠴᠠᠭ ᠦᠶ᠎ᠡ ᠰᠡᠳᠦᠪ ᠭᠠᠷᠭᠠᠵᠤ᠂ ᠪᠣᠳᠠᠲᠠᠢ ᠠᠵᠢᠯᠯᠠᠵᠤ ᠬᠠᠷᠢᠭᠤᠯᠲᠠ ᠥᠭᠭᠦᠨ᠎ᠡ᠃ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠯᠠᠪᠲᠠᠢ ᠲᠡᠦᠬᠡ ᠪᠠ ᠠᠷᠠᠳ ᠲᠦᠮᠡᠨ ᠦ ᠰᠢᠯᠭᠠᠯᠲᠠ ᠶᠢ ᠳᠠᠭᠠᠭᠠᠵᠤ ᠳᠡᠶ᠋ᠢᠯᠬᠦ ᠨᠡᠩ ᠤᠯᠠᠨ ᠪᠣᠳᠠᠲᠤ ᠠᠮᠵᠢᠯᠲᠠ ᠪᠠᠷ ᠵᠢᠡᠨ《ᠬᠡᠯᠡᠭᠰᠡᠨ᠎ᠳᠡᠭᠡᠨ ᠬᠦᠷᠬᠦ》 ᠴᠠᠭ ᠦᠶ᠎ᠡ᠎ᠶᠢᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ ᠪᠣᠯᠣᠨ᠎ᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 19 ᠤ᠋ ᠴᠠᠬᠢᠯᠭᠠᠨ ᠮᠡᠳᠡᠭᠡ)