10 ᠰᠠᠷᠠᠵᠢᠨ 1 ᠤ᠋ ᠡᠳᠦᠷ ᠪᠤᠯᠳᠠᠯᠠ᠂ ᠥᠪᠥᠷ ᠮᠣᠩᠭᠣᠯ ᠤ᠋ᠨ ᠴᠠᠬᠢᠯᠭᠠᠨ ᠲᠤᠤᠷ ᠤ᠋ᠨ ᠱᠢᠨᠡ ᠡᠨᠧᠷᠭᠢ ᠵᠢᠨ ᠵᠢᠯ ᠤ᠋ᠨ ᠴᠠᠬᠢᠯᠭᠠᠨ ᠭᠠᠷᠭᠠᠭ᠍ᠰᠠᠨ ᠬᠡᠮᠵᠢᠶᠡ ᠨᠡᠢᠲᠡ 1042.1 ᠳ᠋ᠦᠩᠱᠢᠭᠤᠷ ᠺᠢᠯᠦᠸᠠᠲ ᠴᠠᠭ ᠲᠣ᠌ ᠬᠦᠷᠴᠦ᠍᠂ 2024 ᠣᠨ ᠤ᠋ ᠪᠥᠬᠥ᠌ ᠵᠢᠯᠦᠨ ᠱᠢᠨᠡ ᠡᠨᠧᠷᠭᠢ ᠵᠢᠨ ᠴᠠᠬᠢᠯᠭᠠᠨ ᠭᠠᠷᠭᠠᠭ᠍ᠰᠠᠨ ᠬᠡᠮᠵᠢᠶᠡᠡᠴᠡ ᠳᠠᠪᠠᠵᠤ᠂ ᠲᠡᠦᠬᠡ ᠵᠢᠨ ᠱᠢᠨᠡ ᠲᠡᠮᠳᠡᠭ᠌ᠯᠡᠯ ᠢ᠋ ᠡᠭᠦᠳᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢᠡᠴᠡ 26.5% ᠪᠠᠷ ᠨᠡᠮᠡᠭ᠌ᠳᠡᠨ᠂ ᠪᠥᠬᠥ᠌ ᠴᠠᠬᠢᠯᠭᠠᠨ ᠲᠤᠤᠷ ᠤ᠋ᠨ ᠴᠠᠬᠢᠯᠭᠠᠨ ᠭᠠᠷᠭᠠᠭ᠍ᠰᠠᠨ ᠬᠡᠮᠵᠢᠶᠡ ᠳ᠋ᠡᠬᠢ ᠡᠵᠡᠯᠡᠬᠦ᠌ ᠬᠠᠷᠢᠴᠠᠯ ᠨᠢ 33.5% ᠳ᠋ᠤ ᠬᠦᠷᠪᠡ᠃
ᠤᠢᠯᠠᠭᠠᠭᠰᠠᠨᠵᠢᠡᠷ᠂ 《ᠠᠷᠪᠠᠨ ᠳᠥᠷᠪᠡᠳᠦᠭᠡᠷ ᠲᠠᠪᠤᠨ ᠵᠢᠯ 》 ᠡᠴᠡ ᠨᠠᠭᠠᠰᠢ᠂ ᠥᠪᠥᠷ ᠮᠣᠩᠭᠣᠯ ᠤ᠋ᠨ ᠴᠠᠬᠢᠯᠭᠠᠨ ᠲᠤᠤᠷ ᠤ᠋ᠨ ᠱᠢᠨᠡ ᠡᠨᠧᠷᠭᠢ ᠵᠢᠨ ᠴᠠᠬᠢᠯᠭᠠᠨ ᠬᠦᠴᠦᠨᠦ ᠬᠥᠭ᠌ᠵᠢᠯᠲᠡ ᠲᠠᠰᠤᠷᠠᠯᠲᠠ ᠥᠬᠡᠶ ᠱᠢᠨᠡ ᠦᠷᠡ ᠪᠦᠲᠦᠮᠵᠢ ᠣᠯᠵᠤ᠂ ᠱᠢᠨᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶᠡ ᠦᠷᠭᠦᠯᠵᠢᠯᠡᠨ ᠥᠷᠭᠡᠳᠴᠦ᠍᠂ 9 ᠰᠠᠷᠠ ᠵᠢᠨ ᠰᠡᠭᠦᠯᠴᠢ ᠪᠣᠯᠲᠠᠯᠠ᠂ ᠥᠪᠥᠷ ᠮᠣᠩᠭᠣᠯ ᠤ᠋ᠨ ᠴᠠᠬᠢᠯᠭᠠᠨ ᠲᠤᠤᠷ ᠤ᠋ᠨ ᠱᠢᠨᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶᠡ 8259.8 ᠲᠦᠮᠡᠨ ᠺᠢᠯᠦᠸᠠᠲ ᠲᠣ᠌ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ᠬᠢᠡᠴᠡ 51.0% ᠵᠢᠡᠷ ᠨᠡᠮᠡᠭ᠌ᠳᠡᠪᠡ᠃ ᠮᠠᠱᠢᠨ ᠴᠣᠭ᠍ᠴᠠᠯᠠᠪᠤᠷᠢ ᠵᠢᠨ ᠬᠡᠪᠴᠢᠶᠡ ᠵᠢᠨ ᠲᠦᠷᠭᠡᠨ ᠨᠡᠮᠡᠭ᠌ᠳᠡᠯ ᠡᠴᠡ ᠪᠣᠯᠤᠭ᠍ᠰᠠᠨ ᠱᠢᠨᠡ ᠡᠨᠧᠷᠭᠢ ᠵᠢᠨ ᠴᠠᠬᠢᠯᠭᠠᠨ ᠬᠦᠴᠦᠨ ᠢ᠋ ᠱᠢᠩᠭᠡᠭᠡᠨ ᠠᠪᠬᠤ ᠥᠷᠢᠰᠥᠯᠳᠦᠭᠡᠨᠦ ᠡᠮᠦᠨᠡ᠂ ᠥᠪᠥᠷ ᠮᠣᠩᠭᠣᠯ ᠤ᠋ᠨ ᠴᠠᠬᠢᠯᠭᠠᠨ ᠬᠦᠴᠦᠨᠦ ᠲᠣᠬᠢᠷᠠᠭᠤᠯᠭᠠ ᠡᠵᠡᠮᠱᠢᠯᠦᠨ ᠺᠣᠮᠫᠠᠨᠢ ᠡᠩᠦᠨ ᠴᠠᠬᠢᠯᠭᠠᠨ ᠡᠭᠦᠰᠭᠡᠭ᠌ᠴᠢ ᠵᠢᠨ ᠴᠠᠬᠢᠯᠭᠠᠨ ᠭᠡᠷᠡᠭᠯᠡᠬᠦ ᠣᠷᠭᠢᠯ ᠤ᠋ᠨ ᠬᠤᠭᠤᠴᠠᠭᠠ ᠵᠢ ᠲᠣᠬᠢᠷᠠᠭᠤᠯᠬᠤ ᠳᠠᠯᠳᠠ ᠬᠦᠴᠦᠨ ᠢ᠋ ᠭᠦᠨ ᠠᠭᠤᠳᠠᠯᠬᠤ᠂ ᠱᠢᠨᠡ ᠬᠡᠯᠪᠡᠷᠢ ᠵᠢᠨ ᠨᠥᠭᠡᠴᠡ ᠡᠨᠧᠷᠭᠢ ᠵᠢ ᠠᠱᠢᠭ᠍ᠯᠠᠬᠤ ᠶᠠᠰᠤ ᠴᠢᠨᠠᠷ ᠦᠷᠡ ᠪᠦᠲᠦᠮᠵᠢ ᠵᠢ ᠳᠡᠭᠡᠭ᠌ᠰᠢᠯᠡᠭᠦᠯᠬᠦ᠌᠂ ᠱᠢᠨᠡ ᠡᠨᠧᠷᠭᠢ ᠵᠢᠨ ᠠᠵᠢᠯᠯᠠᠭᠠᠨ ᠤ᠋ ᠬᠠᠮᠢᠶᠠᠷᠤᠯᠲᠠ ᠵᠢ ᠴᠢᠩᠭᠠᠳᠭᠠᠬᠤ ᠵᠢᠴᠢ ᠵᠠᠬᠠ ᠳᠡᠯᠭᠡᠭᠦᠷ ᠦᠨ ᠲᠣᠭ᠍ᠲᠠᠴᠠ ᠵᠢ ᠢᠳᠡᠪᠬᠢᠲᠡᠶ ᠲᠡᠭᠦᠯᠳᠡᠷᠵᠢᠭᠦᠯᠬᠦ᠌ ᠵᠡᠷᠭᠡ ᠠᠯᠢ ᠣᠯᠠᠨ ᠪᠦᠲᠦᠮᠵᠢᠲᠡᠶ ᠠᠷᠭᠠ ᠬᠡᠮᠵᠢᠶᠡ ᠠᠪᠴᠦ᠂ ᠱᠢᠨᠡ ᠡᠨᠧᠷᠭᠢ ᠵᠢᠨ ᠱᠢᠩᠭᠡᠭᠡᠨ ᠠᠪᠬᠤ ᠲᠦᠪᠱᠢᠨ ᠢ᠋ ᠪᠦᠲᠦᠮᠵᠢᠲᠡᠶ ᠳᠡᠭᠡᠭ᠌ᠰᠢᠯᠡᠭᠦᠯᠪᠡ᠃ ᠱᠢᠨᠡ ᠡᠨᠧᠷᠭᠢ ᠵᠢᠨ ᠴᠠᠬᠢᠯᠭᠠᠨ ᠬᠦᠴᠦᠨᠨᠢ ᠤᠯᠤᠰ ᠤ᠋ᠨ ᠡᠨᠧᠷᠭᠢ ᠵᠢᠨ ᠪᠣᠬᠢᠷᠲᠤᠯ ᠥᠬᠡᠶ ᠲᠤᠤᠷᠠ ᠨᠡᠭᠦᠷᠡᠰᠦᠲᠥ᠋ᠷᠥᠭ᠌ᠴᠢᠳᠤ ᠲᠡᠢᠰᠢ ᠬᠡᠯᠪᠡᠷᠢ ᠪᠡᠨ ᠬᠤᠪᠢᠷᠠᠭᠤᠯᠬᠤ ᠪᠠᠢᠯᠳᠤᠬᠤ ᠪᠣᠳᠣᠯᠭᠠ ᠵᠢᠨ ᠭᠤᠤᠯ ᠬᠦᠴᠦᠨ ᠪᠣᠯᠤᠭ᠍ᠰᠠᠨ ᠤ᠋ ᠬᠤᠪᠢ ᠳ᠋ᠦ᠂ 《ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳ᠋ᠦ ᠬᠥᠷᠬᠥ᠌᠂ ᠨᠡᠭᠦᠷᠡᠰᠦᠲᠥ᠋ᠷᠥᠭ᠌ᠴᠢ ᠵᠢ ᠰᠠᠭᠠᠷᠮᠠᠭ᠍ᠵᠢᠭᠤᠯᠬᠤ》 ᠬᠠᠷᠠᠯᠲᠠ ᠵᠢ ᠪᠡᠶᠡᠯᠡᠭᠦᠯᠬᠦ᠌ ᠪᠠᠲᠤ ᠴᠢᠩᠭᠠ ᠪᠠᠲᠤᠯᠠᠭᠠ ᠪᠣᠯᠬᠤ ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠨᠡᠢᠭᠡᠮᠦᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠤᠨᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶᠡ ᠦᠮᠴᠢᠯᠡᠯᠤᠨ ᠡᠷᠬᠡᠲᠠᠢ
ᠵᠤᠬᠢᠶᠠᠭᠴᠢᠶᠢᠨ ᠡᠷᠬᠡ ᠬᠠᠤᠯᠢᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢᠪᠠᠷ ᠬᠠᠭᠤᠯᠪᠤᠷᠢᠯᠠᠬᠤᠶᠢ ᠬᠠᠲᠠᠭᠤ ᠬᠤᠷᠢᠭᠯᠠᠨᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号