ᠲᠦᠷᠤᠬᠦᠭᠡᠨ᠂ ᠬᠥᠬᠡᠬᠣᠲᠠ ᠪᠣᠭᠣᠮᠲᠠ᠎ᠶ᠋ᠢᠨ ᠬᠠᠷᠢᠶᠠᠨ᠎ᠳᠡᠬᠢ ᠰᠠᠢᠬᠠᠨ ᠪᠣᠭᠣᠮᠲᠠ《ᠪᠣᠭᠣᠮᠲᠠ᠎ᠶ᠋ᠢᠨ ᠸᠢᠳᠢᠣ᠋ ᠬᠢᠨᠠᠨ ᠡᠵᠡᠮᠳᠡᠬᠦᠷ 》 ᠤ᠋ᠨ ᠱᠢᠰᠲ᠋ᠧᠮ᠎ᠢᠶᠡᠷ ᠳᠡᠮᠵᠢᠨ᠂ 1 ᠴᠠᠭ ᠤᠨ ᠲᠤᠳᠤᠷ᠎ᠠ 24.2 ᠲᠦᠮᠡᠨ ᠲᠥᠭᠥᠷᠢᠭ᠎ᠦᠨ ᠥᠷᠲᠡᠭ ᠪᠥᠬᠥᠶ 23.1 ᠲᠣᠨ ᠭᠠᠳᠠᠭᠠᠳᠤ᠎ᠳᠤ ᠭᠠᠷᠭᠠᠬᠤ ᠮᠦᠰᠦᠮᠡᠯᠵᠢ᠎ᠶ᠋ᠢ ᠪᠠᠢᠴᠠᠭᠠᠯᠳᠠ ᠬᠢᠵᠤ ᠲᠠᠭᠤᠰᠬᠠᠬᠰᠠᠨ ᠪᠠᠢᠨ᠎ᠠ᠂ ᠡᠨᠡ ᠨᠢ ᠬᠥᠬᠡᠬᠣᠲᠠᠠᠩᠬᠠᠨ ᠤ ᠬᠠᠭᠤᠳᠠᠰᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠡᠳ᠋ ᠪᠠᠷᠠᠭ᠎ᠠ᠎ᠶ᠋ᠢ ᠠᠯᠤᠰᠡᠵᠡᠮᠰᠢᠯ ᠵᠢᠡᠷ ᠪᠠᠢᠴᠠᠭᠠᠬᠤ ᠠᠵᠢᠯ ᠵᠢᠡᠨ ᠵᠢᠩᠬᠢᠨᠢ ᠪᠡᠷ ᠡᠬᠢᠯᠡᠬᠦᠯᠦᠭᠰᠡᠨ ᠢ ᠬᠠᠷᠠᠭᠤᠯᠵᠤ ᠪᠤᠢ᠃ ᠡᠨᠡ ᠬᠦ᠌ ᠱᠢᠨ᠎ᠡ᠎ᠶ᠋ᠢ ᠡᠭᠦᠳᠦᠭᠰᠡᠨ ᠠᠷᠭ᠎ᠠ ᠬᠡᠮᠵᠢᠶ᠎ᠡ ᠨᠢ ᠭᠠᠳᠠᠭᠠᠳᠤ ᠠᠷᠠᠯᠵᠢᠶᠠᠨ ᠤ ᠠᠵᠤ ᠠᠬᠤᠢᠯᠠᠯ᠎ᠳᠤ ᠬᠥᠭ᠌ᠵᠢᠯᠲᠡ᠎ᠶ᠋ᠢᠨ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠢᠨ᠎ᠠ᠃
ᠲᠣᠰ ᠤᠳᠠᠭᠠᠨ᠎ᠤ ᠠᠯᠤᠰ ᠡᠵᠡᠮᠱᠢᠯᠲᠦ ᠪᠠᠢᠴᠠᠭᠠᠯᠲᠠ᠎ᠨᠢ 《 ᠪᠣᠭᠣᠮᠲᠠ᠎ᠶ᠋ᠢᠨ ᠸᠢᠳᠢᠣ᠋ ᠬᠢᠨᠠᠨ ᠡᠵᠡᠮᠳᠡᠬᠦᠷ》 ᠤ᠋ᠨ ᠰᠢᠰᠲᠸᠮ ᠪᠠ 《ᠭᠠᠬᠴᠠ ᠴᠣᠩᠬᠣᠪᠴᠢ 》 App ᠳ᠋ᠤ ᠲᠦᠱᠢᠭ᠌ᠯᠡᠨ᠂ ᠠᠵᠤ ᠠᠬᠤᠢᠯᠠᠯ᠎ᠤᠨ ᠪᠠᠷᠠᠭ᠎ᠠ ᠵᠢᠨ ᠲᠣᠭ᠎ᠠ ᠬᠡᠮᠵᠢᠶ᠎ᠡ ᠬᠢᠭᠡᠳ ᠭᠠᠳᠠᠷ ᠪᠣᠭᠣᠳᠠᠯ᠎ᠤᠨ ᠢᠯᠡᠳᠭᠡᠮᠵᠢ ᠲᠡᠮᠳᠡᠭ ᠵᠡᠷᠭᠡ ᠮᠡᠳᠡᠭᠡ ᠵᠠᠩᠭᠢ ᠵᠢ ᠲᠤᠳᠤᠷᠬᠠᠢ ᠪᠠᠢᠴᠠᠭᠠᠨ᠂ ᠪᠣᠭᠣᠮᠲᠠ᠎ᠶ᠋ᠢᠨ ᠠᠵᠢᠯᠲᠠᠳ ᠰᠦᠯᠵᠢᠶ᠎ᠡ᠎ᠪᠡᠷ ᠪᠠᠷᠠᠭᠠᠨ᠎ᠤ ᠬᠡᠪ ᠪᠠᠷᠢᠮᠵᠢᠶ᠎ᠠ᠂ ᠬᠢᠵᠢᠭ ᠪᠠᠢᠴᠠᠭᠠᠬᠤ ᠱᠠᠭᠠᠷᠳᠠᠯᠭ᠎ᠠ ᠵᠡᠷᠭᠡ ᠮᠡᠳᠡᠭᠡ ᠵᠠᠩᠭᠢ ᠶ᠋ᠢ ᠴᠠᠭ ᠲᠤᠬᠠᠶ ᠳᠤᠨᠢ ᠬᠠᠷᠭᠤᠭᠤᠯᠤᠨ᠂ ᠪᠠᠢᠴᠠᠭᠠᠯᠲᠠ᠎ᠶ᠋ᠢᠨ ᠲᠡᠮᠳᠡᠭ᠌ᠯᠡᠯ ᠪᠠ ᠦᠷ᠎ᠡ ᠳ᠋ᠦᠩ ᠦᠨ ᠬᠠᠷᠢᠭᠤ ᠲᠤᠰᠭᠠᠯ᠎ᠢ ᠵᠡᠷᠭᠡ᠎ᠳᠦᠨᠢ ᠪᠡᠶᠡᠯᠡᠭᠦᠯᠵᠦ᠍᠂ ᠪᠦᠬᠦᠢᠯᠡ ᠠᠵᠢᠯᠯᠠᠬᠤ ᠴᠠᠭ ᠢ 1 ᠴᠠᠭ᠎ᠤᠨ ᠳᠣᠲᠣᠷ᠎ᠠ ᠪᠣᠭᠣᠨᠢᠰᠭᠠᠨ᠂ ᠪᠠᠢᠴᠠᠭᠠᠬᠤ ᠦᠶᠡᠯᠡᠯ᠎ᠦᠨ ᠬᠤᠭᠤᠴᠠᠭ᠎ᠠ᠎ᠶ᠋ᠢ ᠬᠠᠭᠠᠰ ᠡᠳᠤᠷ ᠪᠤᠯᠭᠠᠵᠤ᠂ ᠦᠷ᠎ᠡ ᠪᠦᠲᠦᠮᠵᠢ᠎ᠶ᠋ᠢ 10 ᠳᠠᠬᠢᠨ ᠱᠢᠬᠠᠮ ᠳᠡᠭᠡᠭ᠌ᠰᠢᠯᠡᠭᠦᠯᠪᠡ᠃
ᠰᠠᠢᠬᠠᠨ ᠪᠣᠭᠣᠮᠲᠠ 《ᠤᠶᠤᠨᠴᠢ ᠪᠣᠭᠣᠮᠲᠠ 》 ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠬᠠᠢᠯᠠᠭ᠍ᠰᠠᠨ ᠠᠵᠢᠯ᠎ᠤᠨ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠠᠯᠤᠰ ᠡᠵᠡᠮᠰᠢᠯᠳᠤ ᠪᠠᠢᠴᠠᠭᠠᠯᠳᠠ ᠵᠢᠨ ᠲᠠᠸᠠᠷ᠎ᠤᠨ ᠬᠡᠪᠴᠢᠶ᠎ᠡ᠎ᠶ᠋ᠢ ᠠᠯᠬᠤᠮ ᠠᠯᠬᠤᠮ᠎ᠢᠶᠠᠷ ᠥᠷᠭᠡᠳᠭᠡᠵᠦ᠍᠂ ᠭᠠᠳᠠᠭᠠᠳᠤ ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠢᠳᠡᠭᠡᠨ᠎ᠦ ᠵᠦᠶ᠋ᠯ᠂ ᠠᠮᠢᠲᠠᠨ ᠤᠷᠭᠤᠮᠠᠯ ᠤᠨ ᠦᠶ᠋ᠯᠡᠳᠬᠦᠨ ᠵᠡᠷᠭᠡ ᠠᠯᠤᠰ ᠡᠵᠡᠮᠰᠢᠯᠳᠤ ᠪᠠᠢᠴᠠᠭᠠᠯᠳᠠ ᠵᠢᠨ ᠨᠥᠬᠥᠴᠡᠯ ᠢ ᠪᠦᠷᠢᠯᠳᠦᠭᠦᠯᠦᠭ᠌ᠰᠡᠨ ᠪᠠᠷᠠᠭ᠎ᠠ ᠳᠤ ᠴᠢᠭ᠌ᠯᠡᠭᠦᠯᠦᠨ᠂ ᠠᠯᠤᠰ ᠡᠵᠡᠮᠰᠢᠯᠳᠤ ᠪᠠᠢᠴᠠᠭᠠᠬᠤ ᠵᠠᠭ᠍ᠪᠤᠷ᠎ᠤᠨ ᠬᠡᠷᠡᠭ᠌ᠯᠡᠯᠲᠡ᠎ᠶ᠋ᠢ ᠳᠡᠯᠭᠡᠷᠡᠭᠦᠯᠵᠦ᠍᠂ ᠨᠠᠩ ᠣᠯᠠᠨ ᠭᠠᠳᠠᠭᠠᠳᠤ ᠠᠷᠠᠯᠵᠢᠶᠠᠨ ᠤ ᠠᠵᠤ ᠠᠬᠤᠢᠯᠠᠯ᠎ᠤᠨ 《ᠤᠶᠤᠨᠴᠢ ᠪᠣᠭᠣᠮᠲᠠ》 ᠶ᠋ᠢᠨ ᠠᠪᠴᠢᠷᠠᠭ᠍ᠰᠠᠨ ᠲᠥᠬᠥᠮ ᠨᠥᠬᠥᠴᠡᠯ ᠢ ᠭᠥᠷᠳᠡᠬᠦ᠌᠎ᠶ᠋ᠢ ᠠᠬᠢᠭᠤᠯᠵᠤ᠂ ᠮᠠᠨ ᠤ ᠤᠷᠤᠨ᠎ᠤ ᠭᠠᠳᠠᠭᠠᠳᠤ ᠠᠷᠠᠯᠵᠢᠶᠠᠨ ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠥᠨᠳᠥᠷ ᠪᠦᠲᠦᠮᠵᠢᠲᠡᠶ᠂ ᠨᠠᠩ ᠳᠥᠭᠥᠮ ᠳᠥᠲᠡ ᠬᠢᠨᠠᠯᠲᠠ ᠬᠠᠮᠢᠶᠠᠷᠤᠯᠲᠠ᠎ᠶ᠋ᠢᠨ ᠦᠶ᠋ᠯᠡᠴᠢᠯᠡᠭᠡ ᠬᠠᠩᠭᠠᠬᠤ ᠪᠤᠯᠤᠨ᠎ᠠ᠃