ᠦᠪᠤᠷ ᠮᠤᠨᠭᠭᠤᠯ 3652 ᠲᠦᠷᠦᠯ ᠵᠦᠢᠯ ᠳ᠋ᠤ᠌ 3745 ᠳ᠋ᠦᠩᠱᠢᠭᠤᠷ ᠲᠥᠭᠥᠷᠢᠭ ᠤ᠋ᠨ ᠪᠡᠯᠡ ᠮᠦᠨᠭᠬᠦ ᠤᠷᠤᠭᠤᠯᠤᠨ ᠠᠪᠴᠢᠷᠠᠪᠠ
2025-10-21 16:15:29
ᠵᠣᠬᠢᠶᠠᠭ᠍ᠴᠢ᠄
​ᠰᠠᠷᠭᠠᠢ
ᠣᠩᠱᠢᠭ᠍ᠰᠠᠨ ᠣᠳᠠᠭ᠎ᠠ᠄
★★★☆☆

ᠡᠨᠡ ᠵᠢᠯ᠎ᠦᠨ ᠲᠦᠷᠦᠬᠦᠦ 8 ᠰᠠᠷ᠎ᠠ᠎ᠳᠤ᠂ ᠥᠪᠥᠷ ᠮᠣᠩᠭᠣᠯ ᠤᠳᠤᠬᠠᠨ ᠳ᠋ᠤ᠌ ᠶᠠᠭ ᠬᠡᠷᠡᠭ᠌ᠵᠢᠭᠦᠯᠵᠦ᠍ ᠪᠠᠢᠭ᠎ᠠ ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ 3652 ᠲᠥᠷᠥᠯ ᠵᠦᠶ᠋ᠯ ᠳ᠋ᠤ᠌ ᠤᠯᠤᠰ᠎ᠤᠨ ᠳᠣᠲᠣᠭᠠᠳᠤ᠎ᠶ᠋ᠢᠨ ᠪᠡᠯᠡ ᠮᠦᠨᠭᠬᠦ ᠢ᠋ᠢ 3745.2 ᠳ᠋ᠦᠩᠱᠢᠭᠤᠷ ᠲᠥᠭᠥᠷᠢᠭ᠎ᠤᠷᠤᠭᠤᠯᠤᠨ ᠠᠪᠴᠢᠷᠠᠵᠤ᠂ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 16.4% ᠎ᠪᠠᠷ ᠨᠡᠮᠡᠭ᠌ᠳᠡᠪᠡ᠃

ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ ᠬᠡᠪᠴᠢᠶ᠎ᠡ ᠥᠷᠭᠡᠳᠬᠦ᠌᠎ᠶ᠋ᠢ ᠳᠠᠭᠠᠯᠳᠤᠨ᠂ ᠥᠪᠥᠷ ᠮᠣᠩᠭᠣᠯ᠎ᠤᠨ ᠠᠷᠠᠯᠵᠢᠶᠠᠴᠢᠨ ᠤᠷᠢᠵᠤ ᠪᠠᠯᠠ ᠮᠦᠨᠭᠬᠦ ᠤᠷᠤᠭᠤᠯᠤᠨ ᠠᠪᠴᠢᠷᠠᠬᠤ ᠪᠦᠲᠦᠴᠡ ᠴᠦ᠍ ᠦᠷᠭᠦᠯᠵᠢᠯᠡᠨ ᠰᠢᠯᠢᠳᠡᠭᠵᠢᠭᠰᠡᠨ ᠪᠠᠢᠨ᠎ᠠ᠃ ᠭᠤᠷᠪᠠᠳᠤᠭᠠᠷ ᠠᠵᠤ ᠦᠶ᠋ᠯᠡᠰ᠎ᠡᠴᠡ ᠦᠵᠡᠪᠡᠯ᠂ ᠲᠦᠷᠦᠬᠦᠦ 8 ᠰᠠᠷ᠎ᠠ᠎ᠳᠤ ᠪᠤᠳᠠᠳᠡᠢ ᠤᠷᠤᠭᠤᠯᠤᠨ ᠠᠪᠴᠢᠷᠠᠭᠰᠠᠨ ᠪᠠᠯᠠ ᠮᠥᠩᠭᠥ᠌ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 23.3% ᠎ᠪᠠᠷ ᠨᠡᠮᠡᠭ᠌ᠳᠡᠪᠡ᠂ ᠡᠭᠦᠨ᠎ᠳᠦ ᠮᠡᠳᠡᠭᠡ ᠵᠠᠩᠭᠢ᠎ᠶ᠋ᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠦᠶ᠋ᠯᠡᠴᠢᠯᠡᠭᠡᠨ᠎ᠦ ᠦᠶ᠋ᠯᠡᠰ 62.2% ᠎ᠢ᠋ᠢᠡᠷ ᠨᠡᠮᠡᠭ᠌ᠳᠡᠵᠦ᠍᠂ ᠲᠦᠷᠢᠶᠡᠰᠦᠯᠡᠯ ᠪᠠ ᠬᠤᠳᠠᠯᠳᠤᠭᠠᠨ᠎ᠤ ᠶᠠᠪᠤᠳᠠᠯ᠎ᠤᠨ ᠦᠶ᠋ᠯᠡᠴᠢᠯᠡᠭᠡᠨ᠎ᠦ ᠦᠶ᠋ᠯᠡᠰ 79% ᠎ᠪᠠᠷ ᠨᠡᠮᠡᠭ᠌ᠳᠡᠵᠦ᠍᠂ ᠬᠣᠨᠣᠭ ᠪᠠᠭᠤᠳᠠᠯ ᠪᠠ ᠢᠳᠡᠭᠡᠨ ᠤᠮᠳᠠᠭᠠᠨ᠎ᠤ ᠦᠶ᠋ᠯᠡᠰ 1.1 ᠳᠠᠬᠢᠨ ᠨᠡᠮᠡᠭ᠌ᠳᠡᠪᠡ᠃ ᠭᠤᠤᠯᠳᠠᠯᠭ᠎ᠠ᠎ᠲᠠᠶ ᠠᠵᠤ ᠦᠶ᠋ᠯᠡᠰ᠎ᠡᠴᠡ ᠦᠵᠡᠪᠡᠯ᠂ ᠪᠤᠳᠠᠳᠡᠢ ᠤᠷᠤᠭᠤᠯᠤᠨ ᠠᠪᠴᠢᠷᠠᠭᠰᠠᠨ ᠪᠠᠯᠠ ᠮᠥᠩᠭᠥ᠎ᠶ᠋ᠢᠨ ᠡᠵᠡᠯᠡᠬᠦ᠌ ᠬᠠᠷᠢᠴᠠᠯ 67.4% ᠎ᠳ᠋ᠤ ᠬᠦᠷᠴᠡᠶ᠂ ᠡᠭᠦᠨ᠎ᠳᠦ᠂ ᠱᠢᠨ᠎ᠡ ᠡᠨᠧᠷᠭᠢ᠂ ᠲᠣᠭᠠᠴᠢᠯᠠᠭ᠍ᠰᠠᠨ ᠠᠵᠤ ᠠᠬᠤᠶ᠂ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠠᠵᠤ ᠦᠶ᠋ᠯᠡᠰ᠎ᠦᠨ ᠪᠦᠯᠦᠭᠵᠢᠯ ᠤ᠋ᠨ ᠨᠡᠮᠡᠭ᠌ᠳᠡᠯ᠎ᠦᠨ ᠬᠤᠷᠳᠤᠴᠠ ᠲᠣᠰ ᠲᠣᠰ 52.3%᠂ 39.3%᠂ 27.3%᠂ 17.3% ᠎ᠳ᠋ᠤ ᠬᠦᠷᠴᠦ᠍᠂ ᠨᠡᠮᠡᠭ᠌ᠳᠡᠯ᠎ᠦᠨ ᠭᠤᠤᠯ ᠬᠦᠴᠦᠨ ᠪᠣᠯᠵᠠᠶ᠃ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠲᠠᠯ᠎ᠠ᠎ᠪᠠᠷ᠂ ᠪᠡᠭᠡᠵᠢᠩ ᠲᠢᠶᠠᠨᠵᠢᠨ ᠡᡁᠸᠪᠸᠢ ᠣᠷᠣᠨ ᠮᠥᠨ ᠬᠦ᠌ ᠭᠣᠣᠯ ᠪᠡᠯᠡ ᠣᠷᠣᠭᠤᠯᠤᠯᠲᠠ᠎ᠶ᠋ᠢᠨ ᠢᠷᠡᠯᠳᠡ᠎ᠶ᠋ᠢᠨ ᠭᠠᠵᠠᠷ ᠪᠤᠯᠵᠤ᠂ ᠪᠤᠳᠠᠳᠡᠢ ᠤᠷᠤᠭᠤᠯᠤᠨ ᠠᠪᠴᠢᠷᠠᠭᠰᠠᠨ ᠪᠠᠯᠠ ᠮᠥᠩᠭᠥ ᠨᠢᠳᠤᠨᠤᠨ ᠤ᠋ ᠠᠳᠠᠯᠢ ᠬᠤᠭᠤᠴᠠᠭᠠᠨ᠎ᠤ ᠬᠢ᠎ᠡᠴᠡ 30.5% ᠨᠡᠮᠡᠭᠳᠡᠵᠤ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠂ ᠬᠠᠳᠤᠨ ᠭᠣᠣᠯ ᠳᠠᠭᠠᠤ᠎ᠶ᠋ᠢᠨ ᠨᠠᠢ᠍ᠮᠠᠨ ᠮᠤᠵᠢ ᠣᠷᠣᠨ᠂ ᠵᠡᠭᠦᠨ ᠬᠣᠢᠲᠤ᠎ᠶ᠋ᠢᠨ ᠭᠤᠷᠪᠠᠨ ᠮᠤᠵᠢ ᠵᠡᠷᠭᠡ ᠣᠷᠣᠨ ᠪᠦᠰᠡ᠎ᠶ᠋ᠢᠨ ᠪᠡᠯᠡ ᠣᠷᠣᠭᠤᠯᠤᠯᠲᠠ ᠴᠤ᠌ ᠲᠣᠭ᠍ᠲᠠᠭᠤᠨ᠎ᠢᠶᠠᠷ ᠨᠡᠮᠡᠭ᠌ᠳᠡᠪᠡ᠃

ᠠᠷᠠᠯᠵᠢᠶᠠᠴᠢᠨ ᠤᠷᠢᠬᠤ ᠵᠠᠭ᠍ᠪᠤᠷ ᠤ᠋ᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠢ ᠵᠣᠬᠢᠴᠠᠭᠤᠯᠤᠨ ᠬᠥᠭ᠌ᠵᠢᠭᠦᠯᠬᠦ᠌ ᠲᠠᠯ᠎ᠠ᠎ᠪᠠᠷ᠂ ᠥᠪᠥᠷ ᠮᠣᠩᠭᠣᠯ᠎ᠤᠨ ᠡᠯ᠎ᠡ ᠠᠢᠮᠠᠭ ᠬᠣᠲᠠ ᠨᠢ ᠪᠣᠳᠠᠲᠠᠶ᠎ᠲᠠᠶ᠎ᠪᠠᠨ ᠤᠶᠠᠯᠳᠤᠭᠤᠯᠤᠨ ᠣᠨᠴᠠᠯᠢᠭ᠍ᠲᠤ ᠠᠷᠭ᠎ᠠ ᠵᠠᠮ ᠢ᠋ ᠰᠦᠪᠡᠭ᠌ᠴᠢᠯᠡᠵᠦ᠍᠂ ᠠᠷᠠᠯᠵᠢᠶᠠᠴᠢᠨ ᠤᠷᠢᠵᠤ ᠪᠡᠯᠡ ᠮᠦᠨᠭᠬᠦ ᠤᠷᠤᠭᠤᠯᠤᠨ ᠠᠪᠴᠢᠷᠠᠬᠤ ᠶᠠᠰᠤ ᠴᠢᠨᠠᠷ ᠪᠠ ᠠᠵᠤ ᠦᠢᠯᠡᠰ᠎ᠦᠨ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃ ᠬᠥᠬᠡᠬᠣᠲᠠ ᠥᠪᠥᠷ ᠮᠣᠩᠭᠣᠯ᠎ᠤᠨ ᠠᠩᠬᠠᠳᠠᠭ᠍ᠴᠢ AI ᠲᠣᠮᠣ ᠵᠠᠭ᠍ᠪᠤᠷ ᠤ᠋ᠨ ᠠᠷᠠᠯᠵᠢᠶᠠᠴᠢᠨ ᠤᠷᠢᠬᠤ ᠲᠠᠪᠴᠠᠩ ᠢ᠋ ᠪᠠᠢᠭᠤᠯᠵᠤ ᠂ ᠠᠵᠤ ᠠᠬᠤᠢᠯᠠᠯ᠎ᠲᠠᠶ 1209 ᠪᠦᠯᠦᠭ ᠤᠳᠠᠭ᠎ᠠ ᠵᠣᠯᠭᠠᠭᠤᠯᠵᠤ᠂ 《8 + 3》 ᠵᠠᠰᠠᠭ ᠤ᠋ᠨ ᠣᠷᠳᠣᠨ᠎ᠤ ᠠᠵᠤ ᠦᠢᠯᠡᠰ᠎ᠦᠨ ᠰᠠᠭᠤᠷᠢ ᠮᠥᠩᠭᠥ᠎ᠶ᠋ᠢᠨ ᠱᠢᠰᠲ᠋ᠧᠮ᠎ᠢ᠋ ᠵᠡᠷᠭᠡ ᠪᠡᠷ ᠠᠬᠢᠭᠤᠯᠪᠠ; ᠱᠢᠯᠢ᠎ᠶ᠋ᠢᠨ ᠭᠤᠤᠯ ᠠᠢᠮᠠᠭ ᠱᠢᠨ᠎ᠡ ᠮᠠᠲ᠋ᠧᠷᠢᠶᠠᠯ᠎ᠤᠨ ᠬᠡᠷᠡᠯ ᠡᠯᠧᠺᠲ᠋ᠷᠣᠨ᠎ᠤ ᠠᠵᠤ ᠦᠶ᠋ᠯᠡᠰ᠎ᠦᠨ ᠬᠦᠷᠢᠶᠡᠯᠡᠩ᠂ ᠭᠠᠨ ᠹᠸᠨᠭ ᠯᠢᠲ᠋ᠢ ᠳ᠋ᠢᠶᠠᠨ ᠤ᠋ᠤᠢ ᠢ᠋ᠢᠨ ᠠᠵᠤ ᠦᠶ᠋ᠯᠡᠰ᠎ᠦᠨ ᠲᠥᠷᠥᠯ ᠵᠦᠶ᠋ᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠯᠠ ᠮᠥᠩᠭᠥ᠎ᠶ᠋ᠢ ᠨᠢᠳᠤᠨᠤᠨ ᠤ᠋ ᠠᠳᠠᠯᠢ ᠬᠤᠭᠤᠴᠠᠭᠠᠨ᠎ᠤ᠎ᠬᠢ᠎ᠡᠴᠡ 16.9% ᠎ᠪᠠᠷ ᠨᠡᠮᠡᠭ᠌ᠳᠡᠭᠦᠯᠪᠡ;ᠤᠯᠠᠭᠠᠨᠴᠠᠪ ᠬᠣᠲᠠ᠎ᠢ᠋ᠢᠨ ᠱᠢᠨ᠎ᠡ ᠡᠨᠧᠷᠭᠢ᠂ ᠲᠣᠭᠠᠴᠢᠯᠠᠭ᠍ᠰᠠᠨ ᠠᠵᠤ ᠠᠬᠤᠶ᠂ ᠱᠢᠨ᠎ᠡ ᠮᠠᠲ᠋ᠧᠷᠢᠶᠠᠯ ᠭᠤᠷᠪᠠᠨ ᠶᠡᠬᠡ ᠠᠵᠤ ᠦᠶ᠋ᠯᠡᠰ᠎ᠦᠨ ᠪᠦᠯᠦᠭᠵᠢᠯ ᠤ᠋ᠨ ᠪᠤᠳᠠᠳᠡᠢ ᠤᠷᠤᠭᠤᠯᠤᠨ ᠠᠪᠴᠢᠷᠠᠭᠰᠠᠨ ᠪᠠᠯᠠ ᠮᠥᠩᠭᠥ᠎ᠶ᠋ᠢᠨ ᠡᠵᠡᠯᠡᠬᠦ᠌ ᠬᠠᠷᠢᠴᠠᠯ 92.4% ᠎ᠳ᠋ᠤ ᠬᠦᠷᠴᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号