ᠪᠠᠶᠠᠨᠨᠠᠭᠤᠷ ᠬᠣᠲᠠ ᠎ᠶ᠋ᠢᠨ ᠡᠷᠳᠡᠨᠢ ᠰᠢᠰᠢ ᠎ᠶ᠋ᠢᠨ ᠮᠦ᠍ ᠨᠢᠭᠡᠴᠢ ᠎ᠶ᠋ᠢᠨ ᠤᠨᠠᠯᠲᠠ ᠥᠪᠡᠷᠲᠡᠭᠡᠨ ᠵᠠᠰᠠᠬᠤ ᠣᠷᠣᠨ᠎ᠤ᠋ ᠲᠡᠮᠳᠡᠭᠯᠡᠯ᠎ᠢ᠋ ᠰᠢᠨᠡᠳᠬᠡᠯ᠎ᠡ
2025-10-21 10:16:51
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

 10 ᠰᠠᠷ᠎ᠠ᠎ᠶ᠋ᠢᠨ 11 ᠦ᠌ ᠡᠳᠦᠷ᠂ ᠪᠠᠶᠠᠨᠨᠠᠭᠤᠷ ᠬᠣᠲᠠ᠎ᠶ᠋ᠢᠨ ᠵᠠᠭᠤᠨ ᠲᠦᠮᠡᠨ ᠮᠦ᠍᠎ᠶ᠋ᠢᠨ ᠲᠤᠨ ᠎ᠤ ᠤᠨᠠᠯᠲᠠ ᠲᠠᠢ ᠠᠮᠤ ᠪᠤᠳᠠᠭᠠᠨ ᠎ᠤ᠋ ᠲᠠᠷᠢᠶᠠᠨ ᠭᠠᠵᠠᠷ᠎ᠤ᠋ᠨ ᠤᠨᠠᠯᠲᠠ᠎ᠵᠢ ᠬᠢᠨᠠᠨ ᠬᠡᠮᠵᠢᠵᠦ ᠰᠢᠯᠭᠠᠨ ᠠᠪᠬᠤ ᠬᠤᠷᠠᠯ ᠬᠤᠷᠠᠯᠳᠤᠵᠤ᠂ ᠬᠢᠨᠠᠨ ᠬᠡᠮᠵᠢᠬᠦ ᠪᠡᠷ ᠲᠠᠮᠵᠢᠨ᠂ ᠲᠤᠰ ᠬᠣᠲᠠ ᠎ᠶ᠋ᠢᠨ ᠵᠠᠭᠤᠨ ᠮᠦ᠍ ᠎ᠶᠢᠨ ᠡᠷᠳᠡᠨᠢ ᠰᠢᠰᠢ᠎ᠶ᠋ᠢᠨ ᠥᠨᠳᠥᠷ ᠤᠨᠠᠯᠲᠠ᠎ᠲᠠᠢ ᠲᠠᠷᠢᠶᠠᠨ ᠭᠠᠵᠠᠷ᠎ᠤ᠋ᠨ ᠮᠦ᠍ ᠪᠦᠷᠢ᠎ᠶ᠋ᠢᠨ ᠤᠨᠠᠯᠲᠠ ᠨᠢ 1480.34 ᠺᠢᠯᠣᠭ᠌ᠷᠠᠮ᠂ ᠮᠢᠩᠭᠠᠨ ᠮᠦ᠍᠎ᠶᠢᠨ ᠡᠷᠳᠡᠨᠢ ᠰᠢᠰᠢ᠎ᠶ᠋ᠢᠨ ᠥᠨᠳᠥᠷ ᠤᠨᠠᠯᠲᠠ᠎ᠲᠠᠢ ᠲᠠᠷᠢᠶᠠᠨ ᠭᠠᠵᠠᠷ᠎ᠤ᠋ᠨ ᠮᠦ᠍ ᠪᠦᠷᠢ᠎ᠶ᠋ᠢᠨ ᠤᠨᠠᠯᠲᠠ ᠨᠢ 1421.77 ᠺᠢᠯᠣᠭ᠌ᠷᠠᠮ ᠪᠠᠢᠵᠤ᠂ ᠴᠥᠮ ᠥᠪᠡᠷᠲᠡᠭᠡᠨ ᠵᠠᠰᠠᠬᠤ ᠣᠷᠣᠨ᠎ᠤ᠋ ᠡᠷᠳᠡᠨᠢ ᠰᠢᠰᠢ᠎ᠶ᠋ᠢᠨ ᠮᠦ᠍ ᠨᠢᠭᠡᠴᠢ᠎ᠶ᠋ᠢᠨ ᠤᠨᠠᠯᠲᠠ᠎ᠶ᠋ᠢᠨ ᠲᠡᠮᠳᠡᠭᠯᠡᠯ᠎ᠢ᠋ ᠰᠢᠨᠡᠳᠬᠡᠵᠡᠢ᠃

ᠲᠡᠦᠬᠡᠨ ᠲᠡᠮᠳᠡᠭᠯᠡᠯ᠎ᠢ᠋ ᠡᠭᠦᠳᠦᠭᠰᠡᠨ ᠥᠨᠳᠥᠷ ᠤᠨᠠᠯᠲᠠ᠎ᠲᠠᠢ ᠲᠠᠷᠢᠶᠠᠨ ᠭᠠᠵᠠᠷ ᠨᠢ ᠪᠦᠷ ᠤᠷᠠᠳ᠎ᠤ᠋ᠨ ᠡᠮᠦᠨᠡᠲᠦ ᠬᠤᠰᠢᠭᠤᠨ᠎ᠳᠤ ᠪᠠᠢᠵᠤ᠂ ᠡᠭᠦᠨ᠎ᠳ᠋ᠦ᠍ ᠵᠠᠭᠤᠨ ᠮᠦ᠍᠎ᠶᠢᠨ ᠥᠨᠳᠥᠷ ᠤᠨᠠᠯᠲᠠ᠎ᠲᠠᠢ ᠲᠠᠷᠢᠶᠠᠨ ᠭᠠᠵᠠᠷ ᠨᠢ ᠰᠤᠳᠠᠯ᠎ᠤᠨ ᠬᠤᠳᠳᠤᠭ ᠪᠠᠯᠭᠠᠰᠤᠨ᠎ᠤ᠋ ᠬᠦᠷᠢᠶ᠎ᠡ ᠪᠤᠯᠤᠩ ᠲᠣᠰᠬᠣᠨ᠎ᠳ᠋ᠤ᠌ ᠪᠠᠢᠷᠢᠯᠠᠵᠤ᠂ ᠮᠢᠩᠭᠠᠨ ᠮᠦ᠍᠎ᠶᠢᠨ ᠥᠨᠳᠥᠷ ᠤᠨᠠᠯᠲᠠ᠎ᠲᠠᠢ ᠲᠠᠷᠢᠶᠠᠨ ᠭᠠᠵᠠᠷ ᠨᠢ ᠡᠷᠳᠡᠨᠢᠪᠤᠯᠠᠭ ᠰᠤᠮᠤᠨ᠎ᠤ᠋ ᠠᠷᠴᠠ ᠭᠠᠴᠠᠭ᠎ᠠ᠎ᠳ᠋ᠤ᠌ ᠪᠣᠢ᠃ ᠬᠣᠶᠠᠷ ᠭᠠᠵᠠᠷ ᠨᠢ ᠪᠦᠭᠦᠳᠡ ᠡᠷᠳᠡᠨᠢ ᠰᠢᠰᠢ᠎ᠶ᠋ᠢ ᠨᠢᠭᠲᠠ ᠲᠠᠷᠢᠵᠤ ᠦᠨᠳᠦᠷ ᠤᠨᠠᠯᠲᠠ ᠤᠯᠬᠤ ᠨᠠᠷᠢᠯᠢᠭ ᠣᠨᠣᠪᠴᠢᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ᠂ ᠬᠠᠮᠲᠤᠷᠠᠭᠰᠠᠨ ᠮᠠᠰᠢᠨ᠎ᠢ᠋ᠶ᠋ᠠᠷ ᠭᠠᠵᠠᠷ ᠲᠡᠭᠰᠢᠯᠡᠬᠦ᠂ ᠤᠰᠤ ᠳᠤᠰᠤᠯᠭᠠᠨ ᠴᠢᠬᠢ ᠵᠢᠭᠳᠡᠷᠡᠭᠦᠯᠬᠦ᠂ ᠠᠶᠠᠯᠠᠯ ᠵᠠᠯᠠᠬᠤ ᠰᠢᠰᠲ᠋ᠧᠮ᠎ᠢᠶᠡᠷ ᠨᠠᠷᠢᠯᠢᠭ ᠬᠡᠮᠵᠢᠨ ᠲᠠᠷᠢᠬᠤ᠂ ᠮᠠᠰᠢᠨ᠎ᠢ᠋ᠶ᠋ᠠᠷ ᠠᠷᠴᠢᠬᠤ᠂ ᠬᠢᠮᠢ᠎ᠶ᠋ᠢᠨ ᠠᠷᠭ᠎ᠠ᠎ᠪᠠᠷ ᠡᠪᠡᠰᠦ ᠠᠷᠢᠯᠭᠠᠬᠤ᠂ ᠬᠢᠮᠢ᠎ᠶ᠋ᠢᠨ ᠠᠷᠭ᠎ᠠ᠎ᠪᠠᠷ ᠨᠠᠯᠠᠨ ᠤᠨᠠᠬᠤ᠎ᠶ᠋ᠢ ᠰᠡᠷᠭᠡᠢᠯᠡᠬᠦ᠂ ᠪᠣᠬᠢᠷᠲᠤᠯ ᠦᠭᠡᠢ᠎ᠪᠡᠷ ᠰᠡᠷᠭᠡᠢᠯᠡᠨ ᠡᠵᠡᠮᠳᠡᠬᠦ᠂ ᠤᠰᠤ ᠪᠣᠷᠳᠣᠭᠤᠷ᠎ᠢ᠋ ᠨᠠᠷᠢᠯᠢᠭ ᠣᠨᠣᠪᠴᠢᠲᠠᠢ ᠲᠣᠬᠢᠷᠠᠭᠤᠯᠤᠨ ᠡᠵᠡᠮᠳᠡᠬᠦ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠢ᠋ ᠬᠡᠷᠡᠭᠯᠡᠨ᠂ ᠮᠦ᠍ ᠪᠦᠷᠢ ᠎ᠶ᠋ᠢᠨ ᠲᠠᠷᠢᠮᠠᠯ ᠎ᠤᠨ ᠨᠢᠭᠲᠠᠴᠠ᠎ᠶ᠋ᠢ 7000 ᠰᠢᠷᠭᠡᠭ ᠡᠴᠡ ᠳᠡᠭᠡᠭᠰᠢ᠎ᠳ᠋ᠦ᠍ ᠬᠦᠷᠭᠡᠵᠦ᠂ ᠤᠯᠠᠮᠵᠢᠯᠠᠯᠲᠤ ᠲᠠᠷᠢᠮᠠᠯ ᠎ᠤᠨ ᠨᠢᠭᠲᠠᠴᠠ᠎ᠶ᠋ᠢ 2000 ᠰᠢᠷᠭᠡᠭ ᠣᠷᠴᠢᠮ ᠳᠡᠭᠡᠭᠰᠢᠯᠡᠭᠦᠯᠦᠭᠰᠡᠨ ᠪᠠᠢᠨ᠎ᠠ᠃

《ᠣᠳᠣᠬᠠᠨ᠎ᠳ᠋ᠤ᠌᠂ ᠡᠷᠳᠡᠨᠢ ᠰᠢᠰᠢ᠎ᠶ᠋ᠢ ᠨᠢᠭᠲᠠ ᠲᠠᠷᠢᠵᠤ ᠦᠨᠳᠦᠷ ᠤᠨᠠᠯᠲᠠ ᠤᠯᠬᠤ ᠨᠠᠷᠢᠯᠢᠭ ᠣᠨᠣᠪᠴᠢᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠪᠣᠯ ᠪᠦᠬᠦ ᠤᠯᠤᠰ᠎ᠤ᠋ᠨ ᠡᠷᠳᠡᠨᠢ ᠰᠢᠰᠢ᠎ᠶ᠋ᠢᠨ ᠮᠦ᠍ ᠨᠢᠭᠡᠴᠡ᠎ᠶ᠋ᠢᠨ ᠤᠨᠠᠯᠲᠠ᠎ᠶ᠋ᠢ ᠳᠡᠭᠡᠭᠰᠢᠯᠡᠭᠦᠯᠬᠦ ᠢᠨᠵᠧᠨᠧᠷᠢᠩ᠎ᠦ᠋ᠨ ᠭᠣᠣᠯᠯᠠᠬᠤ ᠮᠡᠷᠭᠡᠵᠢᠯ ᠪᠣᠯᠤᠨ᠎ᠠ᠂ ᠡᠭᠦᠨ᠎ᠳ᠋ᠦ᠍ ᠨᠢᠭᠲᠠ᠎ᠳ᠋ᠤ᠌ ᠳᠠᠭᠠᠭᠠᠮᠠᠭᠠᠢ ᠲᠥᠷᠥᠯ ᠵᠦᠢᠯ᠂ ᠵᠣᠬᠢᠰᠲᠠᠢ ᠨᠢᠭᠲᠠ ᠲᠠᠷᠢᠬᠤ᠂ ᠤᠰᠤ ᠳᠤᠰᠤᠯᠭᠠᠨ ᠴᠢᠬᠢ ᠵᠢᠭᠳᠡᠷᠡᠭᠦᠯᠬᠦ᠂ ᠨᠠᠷᠢᠯᠢᠭ ᠤᠨᠤᠴᠠᠲᠠᠢ ᠡᠵᠡᠮᠳᠡᠬᠦ᠂ ᠵᠣᠬᠢᠰᠲᠠᠢ ᠤᠰᠤᠯᠠᠬᠤ ᠪᠠ ᠪᠣᠷᠳᠣᠭᠤᠷ ᠣᠷᠣᠭᠤᠯᠬᠤ᠂ ᠨᠢᠭᠡ ᠎ᠵᠢ ᠰᠦᠷᠴᠢᠨ ᠣᠯᠠᠨ᠎ᠢ᠋ ᠠᠬᠢᠭᠤᠯᠬᠤ ᠵᠡᠷᠭᠡ 6 ᠶᠡᠬᠡ ᠨᠠᠷᠢᠯᠢᠭ ᠣᠨᠣᠪᠴᠢᠲᠠᠢ ᠮᠡᠷᠭᠡᠵᠢᠯ ᠎ᠦ᠋ᠨ ᠴᠤᠭᠯᠠᠷᠠᠯ ᠪᠠᠭᠲᠠᠨ᠎ᠠ᠃ ᠡᠷᠳᠡᠨᠢ ᠰᠢᠰᠢ᠎ᠶ᠋ᠢᠨ ᠤᠨᠠᠯᠲᠠ᠎ᠶ᠋ᠢ ᠬᠡᠮᠵᠢᠬᠦ ᠠᠵᠢᠯᠯᠠᠭ᠎ᠠ ᠥᠷᠨᠢᠭᠦᠯᠬᠦ᠎ᠪᠡᠷ ᠳᠠᠮᠵᠢᠨ᠂ ᠨᠢᠭᠡ ᠪᠦᠯᠦᠭ ᠥᠨᠳᠥᠷ ᠤᠨᠠᠯᠲᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠠᠭᠤᠳᠠᠯᠵᠤ᠂ ᠨᠢᠭᠡ ᠪᠦᠯᠦᠭ ᠵᠢᠱ᠌ᠢᠶ᠎ᠡ ᠦᠵᠡᠭᠦᠯᠬᠦ ᠦᠯᠢᠭᠡᠷ ᠵᠢᠱ᠌ᠢᠶ᠎ᠡ᠎ᠶ᠋ᠢ ᠪᠣᠢ ᠪᠣᠯᠭᠠᠵᠤ᠂ ᠪᠦᠬᠦ ᠤᠯᠤᠰ᠎ᠤ᠋ᠨ ᠡᠷᠳᠡᠨᠢ ᠰᠢᠰᠢ᠎ᠶ᠋ᠢᠨ ᠶᠡᠬᠡ ᠲᠠᠯᠠᠪᠠᠢ ᠎ᠪᠠᠷ ᠲᠡᠩᠴᠡᠭᠦᠷᠢᠲᠡᠢ ᠤᠨᠠᠯᠲᠠ ᠎ᠶ᠋ᠢ ᠨᠡᠮᠡᠭᠳᠡᠭᠦᠯᠬᠦ᠎ᠶ᠋ᠢ ᠳᠠᠢᠴᠢᠯᠠᠬᠤ᠎ᠵᠢ ᠬᠦᠰᠡᠵᠦ ᠪᠠᠢᠨ᠎ᠠ》 ᠭᠡᠮᠡᠨ ᠳᠤᠮᠳᠠᠳᠤ ᠤᠯᠤᠰ᠎ᠤ᠋ᠨ ᠲᠠᠷᠢᠶᠠᠯᠠᠩ ᠎ᠤ᠋ᠨ ᠰᠢᠨᠵᠢᠯᠡᠬᠦ ᠤᠬᠠᠭᠠᠨ᠎ᠤ᠋ ᠬᠦᠷᠢᠶᠡᠯᠡᠩ᠎ᠦ᠋ᠨ ᠰᠤᠳᠤᠯᠤᠭᠴᠢ᠂ ᠬᠦᠳᠡᠬᠡ ᠠᠵᠤ ᠠᠬᠤᠢ  ᠬᠥᠳᠡᠭᠡ ᠲᠣᠰᠬᠣᠨ᠎ᠤ᠋ ᠶᠠᠮᠤᠨ᠎ᠤ᠋ ᠡᠷᠳᠡᠨᠢ ᠰᠢᠰᠢ᠎ᠶ᠋ᠢᠨ ᠮᠦ᠍ ᠨᠢᠭᠡᠴᠢ᠎ᠶ᠋ᠢᠨ ᠤᠨᠠᠯᠲᠠ᠎ᠶ᠋ᠢ ᠳᠡᠭᠡᠭᠰᠢᠯᠡᠭᠦᠯᠬᠦ ᠢᠨᠵᠧᠨᠧᠷᠢᠩ᠎ᠦ᠋ᠨ ᠲᠤᠰᠬᠠᠢ ᠮᠡᠷᠭᠡᠵᠢᠯᠲᠡᠨ᠎ᠦ᠌ ᠵᠢᠭᠠᠨ ᠵᠢᠯᠣᠭᠣᠳᠬᠤ ᠳᠤᠭᠤᠢᠯᠠᠩ᠎ᠤ᠋ᠨ ᠳᠠᠷᠤᠭ᠎ᠠ ᠯᠢ ᠱᠣᠣ ᠺᠦᠨ ᠲᠠᠨᠢᠯᠴᠠᠭᠤᠯᠤᠨ᠎ᠠ᠃

ᠣᠢᠯᠠᠭᠠᠭᠰᠠᠨ᠎ᠢ᠋ᠶ᠋ᠠᠷ᠂ ᠲᠤᠰ ᠤᠳᠠᠭ᠎ᠠ᠎ᠶ᠋ᠢᠨ ᠤᠨᠠᠯᠲᠠ᠎ᠶ᠋ᠢ ᠬᠡᠮᠵᠢᠬᠦ ᠲᠤᠰᠬᠠᠢ ᠮᠡᠷᠭᠡᠵᠢᠯᠲᠡᠨ᠎ᠦ᠌ ᠳᠤᠭᠤᠢᠯᠠᠩ ᠨᠢ ᠥᠪᠡᠷᠲᠡᠭᠡᠨ ᠵᠠᠰᠠᠬᠤ ᠣᠷᠣᠨ᠎ᠤ᠋ ᠳᠣᠲᠣᠷ᠎ᠠ ᠭᠠᠳᠠᠨᠠᠬᠢ 9 ᠨᠢᠭᠡᠴᠢ᠎ᠶ᠋ᠢᠨ 14 ᠲᠤᠰᠬᠠᠢ ᠮᠡᠷᠭᠡᠵᠢᠯᠲᠡᠨ᠎ᠢ᠋ᠶ᠋ᠡᠷ ᠪᠦᠷᠢᠯᠳᠦᠵᠦ᠂ ︽ᠲᠠᠰᠢᠷᠠᠮ᠎ᠢ᠋ᠶ᠋ᠠᠷ ᠬᠡᠪ ᠠᠪᠬᠤ᠂ ᠳᠡᠰ ᠬᠤᠪᠢᠶᠠᠨ ᠰᠤᠭᠤᠴᠢᠨ ᠬᠡᠮᠵᠢᠬᠦ᠂ ᠲᠤᠬᠠᠢ᠎ᠶ᠋ᠢᠨ ᠭᠠᠵᠠᠷ ᠲᠤᠨᠢ ᠲᠡᠭᠡᠰᠦᠯᠡᠨ ᠬᠡᠮᠵᠢᠬᠦ᠂ ᠲᠤᠬᠠᠢ᠎ᠶ᠋ᠢᠨ ᠲᠠᠯᠠᠪᠠᠢ ᠎ᠳ᠋ᠤ᠌ ᠬᠦᠨᠳᠦ᠎ᠶ᠋ᠢ ᠨᠢ ᠬᠡᠮᠵᠢᠬᠦ᠂ ᠲᠣᠭ᠎ᠠ ᠪᠠᠷᠢᠮᠲᠠ᠎ᠶ᠋ᠢ ᠨᠢ ᠳᠠᠬᠢᠨᠲᠠ ᠬᠢᠨᠠᠬᠤ︾ᠠᠷᠭ᠎ᠠ ᠬᠡᠯᠪᠡᠷᠢ ᠎ᠶ᠋ᠢ ᠠᠪᠴᠤ᠂ ᠪᠦᠬᠦ ᠬᠣᠲᠠ᠎ᠶ᠋ᠢᠨ 121.65 ᠲᠦᠮᠡᠨ ᠮᠦ᠍ ᠡᠷᠳᠡᠨᠢ ᠰᠢᠰᠢ᠎ᠶ᠋ᠢᠨ ᠲᠠᠷᠢᠶᠠᠨ᠎ᠳᠤ᠎ᠨᠠᠷᠢᠯᠢᠭ ᠣᠨᠣᠪᠴᠢᠲᠠᠢ ᠬᠡᠮᠵᠢᠯᠲᠡ ᠬᠢᠪᠡ᠃ ᠣᠳᠣᠬᠠᠨ ᠪᠣᠯᠲᠠᠯ᠎ᠠ᠂ 4674 ᠦᠯᠢᠭᠡᠷ᠎ᠤᠨ ᠴᠡᠭ᠎ᠤᠨ ᠲᠤᠭ᠎ᠠ ᠪᠠᠷᠢᠮᠲᠠ᠎ᠵᠢ ᠬᠦᠯᠢᠶᠡᠨ ᠠᠪᠴᠤ᠂ 184 ᠬᠡᠰᠡᠭ ᠲᠠᠷᠢᠶᠠᠨ ᠭᠠᠵᠠᠷ᠎ᠤ᠋ᠨ ᠪᠤᠲᠠᠲᠠᠢ ᠤᠨᠠᠯᠲᠠ᠎ᠶᠢᠨ ᠬᠡᠮᠵᠢᠯᠲᠡ᠎ᠵᠢ ᠪᠡᠶᠡᠯᠡᠭᠦᠯᠪᠡ᠃

ᠡᠨᠡ ᠵᠢᠯ᠂ ᠪᠠᠶᠠᠨᠨᠠᠭᠤᠷ ᠬᠣᠲᠠ 5 ᠤᠯᠤᠰ᠎ᠤ᠋ᠨ ᠳᠡᠰ᠎ᠦ᠋ᠨ ᠪᠠ 2 ᠥᠪᠡᠷᠲᠡᠭᠡᠨ ᠵᠠᠰᠠᠬᠤ ᠣᠷᠣᠨ᠎ᠤ᠋ ᠳᠡᠰ ᠎ᠦ᠋ᠨ ᠡᠷᠳᠡᠨᠢ ᠰᠢᠰᠢ ᠎ᠶ᠋ᠢᠨ ᠮᠦ᠍ ᠨᠢᠭᠡᠴᠢ᠎ᠶ᠋ᠢᠨ ᠤᠨᠠᠯᠲᠠ᠎ᠶ᠋ᠢ ᠳᠡᠭᠡᠭᠰᠢᠯᠡᠭᠦᠯᠵᠦ ᠪᠦᠬᠦᠯᠢ ᠪᠠᠢᠭᠤᠯᠤᠮᠵᠢ ᠪᠡᠷ ᠠᠬᠢᠭᠤᠯᠬᠤ ᠰᠢᠶᠠᠨ᠎ᠤ᠋ ᠪᠦᠲᠦᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠡᠭᠦᠷᠭᠡᠯᠡᠵᠦ᠂ ᠶᠡᠬᠡ ᠲᠠᠯᠠᠪᠠᠢ᠎ᠪᠠᠷ ᠮᠦ᠍ ᠨᠢᠭᠡᠴᠢ᠎ᠶ᠋ᠢᠨ ᠤᠨᠠᠯᠲᠠ᠎ᠶ᠋ᠢ ᠳᠡᠭᠡᠭᠰᠢᠯᠡᠭᠦᠯᠬᠦ ᠠᠵᠢᠯᠯᠠᠭ᠎ᠠ᠎ᠳ᠋ᠤ᠌ ᠲᠦᠰᠢᠭᠯᠡᠨ᠂ ᠵᠠᠭᠤᠨ ᠲᠦᠮᠡᠨ ᠮᠦ᠍ ᠡᠷᠳᠡᠨᠢ ᠰᠢᠰᠢ᠎ᠶ᠋ᠢᠨ ᠲᠤᠨ᠎ᠤ ᠤᠨᠠᠯᠲᠠ ᠲᠠᠢ ᠠᠮᠤ ᠪᠤᠳᠠᠭᠠᠨ᠎ᠤ᠋ ᠲᠠᠷᠢᠶ᠎ᠠ᠎ᠶ᠋ᠢᠨ ᠵᠢᠱ᠌ᠢᠶ᠎ᠡ ᠦᠵᠡᠭᠦᠯᠬᠦ ᠣᠷᠣᠨ᠎ᠤ᠋ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠤᠯᠤᠰ᠎ᠤ᠋ᠨ ᠠᠮᠤ ᠪᠤᠳᠠᠭᠠᠨ᠎ᠤ᠋ ᠠᠮᠤᠷ ᠲᠦᠪᠰᠢᠨ᠎ᠢ᠋ ᠪᠠᠲᠤᠯᠠᠬᠤ᠎ᠳ᠋ᠤ᠌ ᠬᠤᠪᠢ ᠨᠡᠮᠡᠷᠢ ᠦᠵᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号