ᠥᠪᠥᠷ ᠮᠣᠩᠭᠣᠯ ᠨᠠᠮᠤᠷ ᠤ᠋ᠨ ᠬᠤᠷᠢᠶᠠᠯᠲᠠ ᠶ᠋ᠢᠨ ᠴᠠᠬᠢᠯᠭᠠᠨ ᠬᠠᠩᠭᠠᠯᠭ᠎ᠠ ᠶ᠋ᠢ ᠡᠷᠴᠢᠮᠳᠠᠢ ᠪᠠᠳᠤᠯᠠᠵᠤ ᠪᠠᠢᠨ᠎ᠠ
2025-10-21 16:19:01
ᠵᠣᠬᠢᠶᠠᠭ᠍ᠴᠢ᠄
​ᠤᠷᠭᠤᠮᠠᠯ
ᠣᠩᠱᠢᠭ᠍ᠰᠠᠨ ᠣᠳᠠᠭ᠎ᠠ᠄
★★★☆☆

ᠨᠠᠮᠤᠷ ᠡᠴᠡ ᠨᠠᠭᠠᠰᠢ᠂ ᠦᠪᠦᠷ ᠮᠤᠩᠭᠤᠯ ᠤ᠋ᠨ ᠡᠯ᠎ᠡ ᠭᠠᠵᠠᠷ᠎ᠤᠨ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤ᠋ᠨ ᠬᠢᠨ ᠮᠠᠯᠴᠢᠨ ᠲᠠᠷᠢᠶᠠᠴᠢᠨ ᠤ᠋ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠳ᠋ᠤ ᠠᠩᠬᠠᠷᠤᠯ ᠵᠢᠡᠨ ᠬᠠᠨᠳᠤᠭᠤᠯᠵᠤ᠂《ᠠᠮᠤᠷ ᠲᠦᠪᠱᠢᠨ ᠢ᠋ ᠪᠠᠲᠤᠯᠠᠬᠤ᠂ ᠦᠶ᠋ᠯᠡᠴᠢᠯᠡᠭᠡ ᠪᠡᠨ ᠴᠢᠩᠭᠠᠳᠭᠠᠬᠤ᠂ ᠳᠠᠷᠤᠢ ᠲᠦᠷᠭᠡᠨ ᠬᠦᠯᠢᠶᠡᠨ ᠠᠪᠴᠤ ᠰᠢᠢᠳᠪᠤᠷᠢᠯᠡᠬᠦ》 ᠪᠠᠷ ᠭᠤᠤᠯ ᠵᠠᠷᠴᠢᠮ ᠪᠣᠯᠭᠠᠨ᠂ ᠤᠯᠠᠨ ᠠᠷᠭ᠎ᠠ ᠬᠡᠮᠵᠢᠶ᠎ᠠ ᠶ᠋ᠢ ᠵᠡᠷᠭᠡ ᠪᠡᠷ ᠬᠡᠷᠡᠭᠵᠢᠭᠦᠯᠦᠨ ᠨᠠᠮᠤᠷ ᠤ᠋ᠨ ᠬᠤᠷᠢᠶᠠᠯᠲᠠ ᠵᠢᠨ ᠴᠠᠬᠢᠯᠭᠠᠨ ᠬᠠᠩᠭᠠᠯᠭ᠎ᠠ ᠶ᠋ᠢ ᠡᠷᠴᠢᠮᠳᠠᠢ ᠪᠠᠳᠤᠯᠠᠵᠤ ᠪᠠᠢᠨ᠎ᠠ᠃

ᠨᠠᠮᠤᠷ ᠡᠴᠡ ᠨᠠᠭᠠᠰᠢ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ ᠺᠤᠮᠫᠠᠨᠢ ᠵᠢᠴᠢ ᠤᠯᠤᠰ ᠤ᠋ᠨ ᠴᠠᠬᠢᠯᠭᠠᠨ ᠲᠤᠤᠷ ᠤ᠋ᠨ ᠥᠪᠥᠷ ᠮᠣᠩᠭᠣᠯ ᠤ᠋ᠨ ᠵᠡᠭᠦᠨ ᠪᠡᠶ᠎ᠠ ᠶ᠋ᠢᠨ ᠴᠠᠬᠢᠯᠭᠠᠨ ᠬᠦᠴᠦᠨ ᠤ᠋ ᠬᠢᠵᠠᠭᠠᠷᠳᠦ ᠺᠣᠮᠫᠠᠨᠢ ᠡᠷᠳᠡ ᠡᠴᠡ ᠲᠦᠯᠦᠪᠯᠡᠨ ᠡᠷᠳᠡ ᠡᠴᠡ ᠪᠠᠢᠷᠢᠯᠠᠭᠤᠯᠵᠤ᠂ ᠦᠪᠦᠷ ᠮᠤᠩᠭᠤᠯ ᠤ᠋ᠨ ᠠᠳᠠᠯᠢ ᠪᠤᠰᠤ ᠭᠠᠵᠠᠷ ᠣᠷᠣᠨ ᠤ᠋ ᠳᠠᠷᠢᠮᠠᠯ ᠤ᠋ᠨ ᠣᠨᠴᠠᠯᠢᠭ ᠲᠣ᠌ ᠵᠤᠬᠢᠴᠠᠭᠤᠯᠤᠨ ᠵᠦᠷᠢᠶᠡᠴᠢᠯᠡᠭ᠌ᠰᠡᠨ ᠴᠠᠬᠢᠯᠭᠠᠨ ᠬᠠᠩᠭᠠᠯᠭ᠎ᠠ ᠶ᠋ᠢ ᠪᠠᠲᠤᠯᠠᠬᠤ ᠲᠥᠰᠦᠯ ᠢ᠋ ᠲᠣᠭ᠍ᠲᠠᠭᠠᠨ ᠬᠡᠷᠡᠭᠵᠢᠭᠦᠯᠵᠠᠢ᠃ ᠪᠠᠷᠠᠭᠤᠨ ᠪᠡᠶ᠎ᠠ ᠶ᠋ᠢᠨ ᠪᠣᠷᠣᠲᠣᠬᠣᠶ ᠵᠢᠨ ᠲᠠᠯ᠎ᠠ ᠭᠠᠵᠠᠷ ᠲᠣ᠌᠂ ᠪᠠᠶᠠᠨᠨᠠᠭᠤᠷ ᠤ᠋ᠨ ᠴᠠᠬᠢᠯᠭᠠᠨ ᠬᠠᠩᠭᠠᠬᠤ ᠺᠣᠮᠫᠠᠨᠢ ᠨᠠᠮᠤᠷ ᠤ᠋ᠨ ᠬᠤᠷᠢᠶᠠᠯᠲᠠ ᠵᠢᠨ ᠴᠠᠬᠢᠯᠭᠠᠨ ᠬᠠᠩᠭᠠᠯᠭ᠎ᠠ ᠵᠢ ᠪᠠᠲᠤᠯᠠᠬᠤ 28 ᠦᠶ᠋ᠯᠡᠴᠢᠯᠡᠭᠡᠨ ᠤ᠋ ᠠᠩᠭᠢ ᠵᠣᠬᠢᠶᠠᠨ ᠪᠠᠢᠭᠤᠯᠵᠤ᠂ ᠯᠠᠵᠤᠤ ᠵᠢᠴᠢ ᠨᠡᠷᠡᠨ ᠬᠤᠸᠠᠷ ᠳᠠᠷᠢᠬᠤ ᠣᠷᠣᠨ ᠳ᠋ᠤ ᠭᠦᠨᠵᠡᠭᠡᠢᠷᠡᠨ᠂ ᠲᠠᠷᠢᠶᠠᠯᠠᠩ ᠤ᠋ᠨ ᠤᠰᠤᠯᠠᠯᠲᠠ ᠵᠢᠨ ᠵᠠᠮ ᠱᠤᠭᠤᠮ ᠢ᠋ ᠨᠢᠭᠡᠳ ᠨᠢᠭᠡ ᠪᠡᠷ ᠵᠢᠭ᠍ᠰᠠᠭᠠᠨ ᠪᠠᠢᠴᠠᠭᠠᠵᠤ᠂ 《24 ᠴᠠᠭ ᠤ᠋ᠨ ᠪᠠᠴᠢᠮ ᠪᠠᠢᠳᠠᠯ ᠢ᠋ ᠠᠷᠭᠠᠴᠠᠭᠠᠬᠤ ᠵᠠᠮ ᠱᠤᠭᠤᠮ》ᠢ᠋ ᠨᠡᠪᠲᠡᠷᠡᠭᠦᠯᠤᠨ᠂ ᠲᠡᠭᠦᠵᠦ᠍ ᠬᠤᠷᠢᠶᠠᠬᠤ ᠵᠢᠴᠢ ᠬᠠᠳᠠᠭᠠᠬᠤ ᠵᠡᠷᠭᠡ ᠮᠠᠰᠢᠨ ᠲᠥᠬᠥᠭᠡᠷᠦᠮᠵᠢ ᠶ᠋ᠢᠨ ᠠᠮᠦᠷ ᠲᠦᠪᠰᠢᠨ ᠶ᠋ᠢᠡᠷ ᠴᠠᠬᠢᠯᠭᠠᠨ ᠬᠡᠷᠡᠭ᠌ᠯᠡᠬᠦ ᠵᠢ ᠦᠨᠡᠨ ᠬᠦ᠌ ᠪᠠᠲᠤᠯᠠᠪᠠ; ᠵᠡᠭᠦᠨ ᠪᠡᠶ᠎ᠠ ᠶ᠋ᠢᠨ ᠠᠮᠤ ᠪᠤᠳᠠᠭᠠᠨ ᠤ᠋ ᠭᠤᠤᠯ ᠭᠠᠷᠤᠯᠲᠠ ᠵᠢᠨ ᠣᠷᠣᠨ ᠪᠤᠯᠬᠤ ᠤᠯᠠᠭᠠᠨᠴᠠᠪ ᠬᠤᠳᠠ᠂ ᠲᠦᠩᠯᠢᠶᠣᠤ ᠬᠤᠳᠠ ᠵᠡᠷᠭᠡ ᠭᠠᠵᠠᠷ᠎ᠤᠨ ᠴᠠᠬᠢᠯᠭᠠᠨ ᠬᠠᠩᠭᠠᠬᠤ ᠰᠠᠯᠠᠭ᠎ᠠ ᠮᠥᠴᠢᠷ 《ᠲᠣᠰᠭᠣᠨ ᠤ᠋ ᠲᠤᠤᠷ ᠢ᠋ ᠬᠠᠮᠲᠤ ᠪᠠᠷ ᠪᠠᠢᠭᠤᠯᠬᠤ + ᠴᠠᠬᠢᠯᠭᠠᠨ ᠬᠠᠩᠭᠠᠯᠭ᠎ᠠ ᠶ᠋ᠢ ᠪᠠᠲᠤᠯᠠᠬᠤ ᠱᠢᠭᠤᠳ ᠨᠡᠪᠲᠡᠷᠡᠬᠦ᠌ ᠲᠡᠷᠭᠡ》 ᠵᠢᠨ ᠦᠶ᠋ᠯᠡᠴᠢᠯᠡᠭᠡ ᠭᠠᠷᠭᠠᠵᠤ᠂ ᠲᠤᠤᠷᠵᠢᠭᠤᠯᠤᠭ᠍ᠰᠠᠨ ᠬᠠᠮᠢᠶᠠᠷᠤᠯᠲᠠ ᠵᠢᠨ ᠠᠵᠢᠯᠲᠠᠳ ᠠᠮᠤ ᠪᠤᠳᠠᠭ᠎ᠠ ᠳᠠᠷᠢᠬᠤ ᠲᠣᠮᠣ ᠡᠷᠦᠬᠡ ᠲᠠᠢ ᠬᠣᠯᠪᠣᠭᠠᠯᠠᠨ᠂ ᠮᠠᠯᠴᠢᠨ ᠲᠠᠷᠢᠶᠠᠴᠢᠳ ᠤ᠋ᠨ ᠭᠡᠷ ᠲᠤᠨᠢ ᠬᠦᠷᠴᠤ ᠮᠥᠯᠢᠬᠦ᠌ ᠮᠠᠱᠢᠨ᠂ ᠤᠰᠤᠨ ᠬᠥᠭᠡᠷᠭᠡ ᠵᠡᠷᠭᠡ ᠮᠠᠰᠢᠨ ᠲᠥᠬᠥᠭᠡᠷᠦᠮᠵᠢ ᠵᠢ ᠨᠢ ᠪᠠᠢᠴᠠᠭᠠᠨ ᠰᠡᠯᠪᠢᠵᠤ᠂ ᠴᠠᠬᠢᠯᠭᠠᠨ ᠬᠡᠷᠡᠭ᠌ᠯᠡᠬᠦ᠌ ᠬᠡᠮ ᠰᠣᠭᠣᠭ ᠢ᠋ ᠨᠡᠢᠲᠡ 320 ᠭᠠᠷᠤᠶ ᠤᠳᠠᠭ᠎ᠠ ᠠᠷᠢᠯᠭᠠᠪᠠ᠃ ᠡᠭᠦᠨ ᠡᠴᠡ ᠭᠠᠳᠠᠨ᠎ᠠ᠂ ᠦᠪᠡᠷᠳᠡᠭᠡᠨ ᠵᠠᠰᠠᠬᠤ ᠣᠷᠣᠨ ᠤ᠋ ᠴᠠᠬᠢᠯᠭᠠᠨ ᠬᠠᠩᠭᠠᠬᠤ ᠱᠢᠰᠲ᠋ᠧᠮ ᠤ᠋ᠨ ᠬᠢᠨ ᠪᠠᠰᠠ《ᠬᠦᠮᠦᠨ ᠤ᠋ ᠬᠦᠴᠦᠨ ᠤ᠋ ᠰᠡᠷᠭᠡᠢᠯᠡᠯᠲᠡ + ᠮᠡᠷᠭᠡᠵᠢᠯ ᠤ᠋ᠨ ᠰᠡᠷᠭᠡᠢᠯᠡᠯᠲᠡ》 ᠵᠢᠨ ᠵᠠᠭ᠍ᠪᠤᠷ ᠢ᠋ ᠡᠭᠦᠳᠴᠤ᠂ ᠵᠢᠯᠣᠭᠣᠴᠢ ᠥᠬᠡᠶ ᠨᠢᠰᠭᠡᠯ ᠵᠢᠡᠷ ᠭᠤᠤᠯᠳᠠᠯᠭ᠎ᠠ ᠲᠠᠶ ᠴᠠᠬᠢᠯᠭᠠᠨ ᠬᠦᠷᠭᠡᠬᠦ᠌ ᠱᠤᠭᠤᠮ ᠢ᠋ ᠲᠣᠭᠣᠷᠢᠨ ᠪᠠᠢᠴᠠᠭᠠᠵᠤ᠂ ᠬᠥᠳᠡᠭᠡ ᠲᠣᠰᠭᠣᠨ ᠤ᠋ ᠴᠠᠬᠢᠯᠭᠠᠨ ᠲᠤᠤᠷ ᠤ᠋ᠨ ᠳᠠᠭᠠᠭᠠᠴᠠ ᠵᠢᠨ ᠬᠤᠪᠢᠷᠠᠯᠲᠠ ᠵᠢ ᠣᠶᠤᠨᠴᠢ ᠪᠠᠷ ᠬᠢᠨᠠᠵᠤ ᠡᠵᠡᠮᠰᠢᠨ᠂ ᠴᠠᠬᠢᠯᠭᠠᠨ ᠬᠡᠷᠡᠭ᠌ᠯᠡᠬᠦ᠌ ᠣᠷᠭᠢᠯ ᠤ᠋ᠨ ᠦᠶ᠎ᠡ ᠪᠡᠷ ᠭᠠᠷᠴᠤ᠌ ᠮᠡᠳᠡᠬᠦ᠌ ᠡᠷᠡᠰᠳᠡᠯ ᠰᠠᠭᠠᠳ ᠢ᠋ ᠴᠠᠭ ᠲᠤᠬᠠᠢ ᠳ᠋ᠤᠨᠢ ᠠᠷᠢᠯᠭᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号