ᠠᠷᠠᠳ ᠤᠯᠠᠨ ᠪᠠ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠡᠷᠡᠭᠦᠦ ᠰᠢᠢᠳᠬᠡᠯᠢ ᠭᠦᠢᠴᠡᠳᠬᠡᠬᠦ᠎ᠳᠦ ᠬᠢᠨᠠᠯᠲᠠ ᠲᠠᠯᠪᠢᠬᠤ ᠠᠵᠢᠯ᠎ᠤᠨ ᠲᠤᠬᠠᠢ ᠲᠠᠨᠢᠯᠲᠠ᠎ᠶᠢ ᠲᠡᠭᠡᠭᠰᠢᠯᠡᠬᠦᠯᠬᠦ᠎ᠶᠢᠨ ᠲᠥᠯᠥᠭᠡ᠂ 10 ᠰᠠᠷ᠎ᠠ᠎ᠶᠢᠨ 11 ᠤ᠋ ᠡᠳᠦᠷ᠂ ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠬᠢᠬᠡᠳ ᠪᠠᠭ᠎ᠠ ᠲᠦᠷᠭᠡᠨ ᠭᠣᠣᠯ᠎ᠤᠨ ᠭᠠᠵᠠᠷ ᠣᠷᠣᠨ᠎ᠤ ᠪᠠᠢᠴᠠᠭᠠᠬᠤ ᠬᠣᠷᠢᠶ᠎ᠠ ᠬᠠᠮᠲᠤᠷᠠᠨ 《ᠡᠷᠡᠭᠦᠦ ᠰᠢᠢᠳᠬᠡᠯᠢ ᠭᠦᠢᠴᠡᠳᠬᠡᠬᠦ᠎ᠳᠦ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠥᠪ ᠭᠣᠣᠯᠴᠢ ᠰᠢᠳᠤᠷᠭᠤ ᠶᠣᠰᠣ᠌᠎ᠶᠢ ᠬᠦᠴᠦᠯᠡᠨ ᠬᠠᠮᠠᠭᠠᠯᠠᠬᠤ》 ᠪᠠᠢᠴᠠᠭᠠᠬᠤ ᠠᠵᠢᠯ ᠤᠨ ᠨᠡᠬᠡᠬᠡᠯᠳᠡ ᠵᠢᠨ ᠡᠳᠦᠷ᠎ᠦᠨ ᠠᠵᠢᠯᠯᠠᠭᠠᠦᠷᠨᠢᠬᠦᠯᠪᠡ᠃ 6 ᠠᠷᠠᠳ᠎ᠤᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠦᠯᠦᠬᠡᠯᠡᠭᠴᠢ᠂ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠠᠷᠠᠳ ᠲᠦᠮᠡᠨ ᠤ᠋ ᠬᠢᠨᠠᠯᠲᠠ ᠲᠠᠯᠪᠢᠭ᠍ᠴᠢ ᠪᠠ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ 24 ᠪᠠᠭ᠍ᠰᠢ ᠰᠣᠷᠣᠭ᠍ᠴᠢ᠎ᠶᠢᠨ ᠲᠥᠯᠥᠭᠡᠯᠡᠭᠴᠢ ᠤᠷᠢᠯᠭ᠎ᠠ᠎ᠪᠠᠷ ᠬᠢᠨᠠᠨ ᠬᠠᠮᠢᠶᠠᠷᠬᠤ ᠲᠠᠯᠠᠪᠤᠷ᠎ᠲᠤ ᠬᠦᠷᠴᠦ᠂ ᠭᠢᠨᠳᠠᠨ᠎ᠤ ᠪᠠᠢᠴᠠᠭᠠᠬᠤ ᠠᠵᠢᠯ᠎ᠢ ᠤᠢᠯᠠᠭᠠᠪᠠ᠃
ᠠᠵᠢᠯᠯᠠᠭ᠎ᠠ᠎ᠳᠤ ᠣᠷᠣᠯᠴᠠᠭᠰᠠᠨ ᠲᠥᠯᠥᠭᠡᠯᠡᠭᠴᠢᠳ ᠪᠠᠢᠴᠠᠭᠠᠬᠤ ᠲᠤᠰᠢᠶᠠᠯᠲᠠᠨ᠎ᠤ ᠳᠠᠭᠠᠭᠤᠯᠭ᠎ᠠ ᠳᠣᠣᠷ᠎ᠠ᠂ ᠪᠠᠭ᠎ᠠ ᠲᠦᠷᠭᠡᠨ ᠭᠣᠣᠯ ᠤᠨ ᠭᠠᠵᠠᠷ ᠣᠷᠣᠨ᠎ᠤ ᠪᠠᠢᠴᠠᠭᠠᠬᠤ ᠬᠣᠷᠢᠶ᠎ᠠ᠎ᠶᠢᠨ ᠬᠥᠬᠡᠬᠣᠲᠠ᠎ᠶᠢᠨ ᠭᠤᠷᠪᠠᠳᠤᠭᠠᠷ ᠭᠢᠨᠳᠠᠨ ᠳ᠋ᠸ᠋ ᠲᠤᠮᠢᠯᠠᠨ ᠰᠠᠭᠤᠯᠭᠠᠬᠰᠠᠨ ᠪᠠᠢᠴᠠᠭᠠᠬᠤ ᠲᠠᠰᠤᠭ᠎ᠲᠤ ᠬᠦᠷᠴᠦ᠂ ᠪᠠᠢᠴᠠᠭᠠᠬᠤ ᠲᠤᠰᠢᠶᠠᠯᠲᠠᠨ ᠤ ᠠᠯᠪᠠᠨ ᠭᠠᠵᠠᠷ᠎ᠢ ᠲᠤᠬᠠᠢ᠎ᠶᠢᠨ ᠭᠠᠵᠠᠷ ᠲᠤᠨᠢ ᠲᠤᠭᠤᠷᠢᠨ ᠦᠵᠡᠵᠦ᠂ ᠪᠠᠢᠴᠠᠭᠠᠬᠤ ᠵᠠᠬᠢᠳᠠᠯ ᠤᠨ ᠬᠠᠢᠷᠴᠠᠭ᠎ᠤᠨ ᠬᠠᠮᠢᠶᠠᠷᠤᠯᠲᠠ᠎ᠶᠢᠨ ᠲᠣᠭᠲᠠᠴᠠ᠎ᠶᠢ ᠨᠠᠷᠢᠨ ᠣᠢᠯᠠᠭᠠᠵᠤ᠂ ᠪᠠᠢᠴᠠᠭᠠᠬᠤ ᠲᠤᠰᠢᠶᠠᠯᠲᠠᠨ᠎ᠤ ᠡᠳᠦᠷ ᠲᠤᠲᠤᠮ᠎ᠤᠨ ᠬᠡᠷᠡᠭ ᠰᠢᠢᠳᠪᠦᠷᠢᠯᠡᠬᠦ ᠨᠠᠷᠢᠨ ᠳᠠᠩᠰᠠ ᠪᠠ ᠸᠢᠳᠢᠤ᠋ ᠵᠢᠨ ᠬᠢᠨᠠᠨ ᠡᠵᠡᠮᠳᠡᠬᠦ ᠰᠢᠰᠲᠧᠮ᠎ᠢ ᠲᠣᠭᠣᠷᠢᠨ ᠦᠵᠡᠪᠡ; ᠭᠢᠨᠳᠠᠨ᠎ᠤ ᠪᠠᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ᠎ᠶᠢᠨ ᠬᠤᠷᠠᠯ ᠳᠡᠭᠡᠷ᠎ᠡ᠂ ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ᠎ᠶᠢᠨ ᠡᠷᠡᠭᠦᠦ᠎ᠶᠢᠨ ᠬᠡᠷᠡᠭ᠎ᠦᠨ ᠭᠦᠢᠴᠡᠳᠬᠡᠬᠦ᠎ᠶᠢ ᠪᠠᠢᠴᠠᠭᠠᠬᠤ ᠰᠠᠯᠠᠭ᠎ᠠ ᠮᠥᠴᠢᠷ᠎ᠦᠨ ᠠᠵᠢᠯᠲᠠᠳ ᠬᠤᠷᠠᠯ᠎ᠳᠤ ᠣᠷᠣᠯᠴᠠᠭᠰᠠᠨ ᠪᠥᠬᠥ ᠲᠥᠯᠥᠭᠡᠯᠡᠭᠴᠢᠳ ᠲᠦ᠍ 《ᠭᠢᠨᠳᠠᠨ᠎ᠤ ᠪᠠᠢᠴᠠᠭᠠᠬᠤ ᠠᠵᠢᠯ ᠤᠨ ᠪᠠᠢᠷᠢ ᠲᠣᠭᠲᠠᠭᠠᠯᠲᠠ ᠬᠢᠭᠡᠳ ᠡᠭᠦᠷᠭᠡ ᠬᠠᠷᠢᠭᠤᠴᠠᠯᠭ᠎ᠠ》᠂ 《ᠠᠵᠢᠯ᠎ᠤᠨ ᠦᠢᠯᠡᠳᠦᠯᠭᠡ ᠬᠢᠭᠡᠳ ᠰᠦᠪᠡᠭᠴᠢᠯᠡᠯ》 ᠂ 《ᠢᠷᠡᠭᠡᠳᠦᠢ ᠶᠢᠨ ᠪᠠᠷᠠᠯᠠᠯ ᠬᠢᠭᠡᠳ ᠠᠮᠠᠯᠠᠯᠲᠠ》 ᠭᠡᠬᠦ ᠭᠤᠷᠪᠠᠨ ᠶᠡᠬᠡ ᠬᠡᠰᠡᠭ ᠤ᠋ᠨ ᠲᠣᠭᠣᠷᠢᠨ᠎ᠳᠤ᠂ ᠪᠠᠢᠴᠠᠭᠠᠬᠤ ᠪᠠᠢᠭᠤᠯᠭ᠎ᠠ᠎ᠶᠢᠨ ᠡᠷᠡᠭᠦᠦ ᠰᠢᠢᠳᠬᠡᠯ ᠢ ᠭᠦᠢᠴᠡᠳᠬᠡᠬᠦ᠂ ᠬᠢᠨᠠᠯᠲᠠ ᠬᠠᠮᠢᠶᠠᠷᠤᠯᠲᠠ᠎ᠶᠢᠨ ᠠᠮᠤᠷ ᠲᠦᠪᠰᠢᠨ᠂ ᠡᠷᠬᠡ ᠠᠰᠢᠭ᠋᠎ᠤᠨ ᠪᠠᠲᠤᠯᠠᠭ᠎ᠠ᠂ ᠰᠤᠷᠭᠠᠨ ᠬᠥᠮᠥᠵᠢᠭᠦᠯᠵᠦ ᠥᠭᠡᠷᠡᠴᠢᠯᠡᠬᠦ ᠵᠡᠷᠭᠡ ᠭᠣᠭᠴᠣᠭ᠎ᠠ᠎ᠳᠤ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠠᠵᠢᠯ ᠢ ᠬᠦᠢᠴᠡᠳᠭᠡᠭᠰᠡᠨ ᠡᠭᠦᠷᠭᠡ ᠴᠢᠳᠠᠪᠬᠢ ᠬᠢᠭᠡᠳ ᠦᠷ᠎ᠡ ᠪᠦᠲᠦᠮᠵᠢ᠎ᠶᠢ ᠨᠠᠷᠢᠨ ᠲᠣᠳᠣᠷᠬᠠᠢᠯᠠᠨ ᠥᠭᠦᠯᠡᠪᠡ᠃
ᠬᠠᠷᠢᠭᠤ ᠮᠡᠳᠡᠭᠦᠯᠦᠯᠲᠡ ᠳᠠᠭᠤᠰᠤᠭᠰᠠᠨ᠎ᠤ ᠳᠠᠷᠠᠭ᠎ᠠ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠪᠠᠭ᠎ᠠ ᠲᠦᠷᠭᠡᠨ ᠭᠣᠣᠯ᠎ᠤᠨ ᠭᠠᠵᠠᠷ ᠤᠷᠤᠨ ᠤ᠋ ᠪᠠᠢᠴᠠᠭᠠᠬᠤ ᠬᠣᠷᠢᠶ᠎ᠠ᠎ᠶᠢᠨ ᠬᠥᠬᠡᠬᠣᠲᠠ᠎ᠶᠢᠨ ᠭᠤᠷᠪᠠᠳᠤᠭᠠᠷ ᠭᠢᠨᠳᠠᠨ ᠳ᠋ᠡᠬᠢ ᠠᠯᠤᠰ ᠡᠵᠡᠮᠰᠢᠯᠲᠦ ᠸᠢᠳᠢᠣ᠋ ᠵᠢᠨ ᠰᠤᠷᠪᠤᠯᠵᠢᠯᠠᠯ ᠬᠦᠯᠢᠶᠡᠬᠦ ᠲᠠᠰᠤᠭ ᠢ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠵᠦ᠂ ᠶᠠᠭ ᠶᠠᠪᠤᠭᠳᠠᠵᠤ ᠪᠠᠢᠭ᠎ᠠ ᠠᠯᠤᠰ ᠡᠵᠡᠮᠰᠢᠯᠲᠦ ᠸᠢᠳᠢᠣ᠋ ᠵᠢᠨ ᠰᠢᠭᠦᠯᠲᠡ᠎ᠶᠢ ᠤᠢᠯᠠᠭᠠᠪᠠ᠃