ᠪᠥᠬᠥ ᠤᠯᠤᠰ᠎ᠤᠨ ᠭᠠᠳᠠᠭᠠᠳᠤ ᠲᠠᠢ ᠬᠣᠯᠪᠣᠭᠳᠠᠬᠰᠠᠨ ᠪᠠᠢᠴᠠᠭᠠᠬᠤ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠢᠯᠢ ᠳᠠᠭᠠᠤ ᠪᠣᠭᠣᠮᠲᠠ᠎ᠶᠢᠨ ᠪᠠᠢᠴᠠᠭᠠᠬᠤ ᠠᠵᠢᠯ ᠤ᠋ᠨ ᠨᠢᠭᠡᠳᠦᠯᠲᠡᠢ ᠠᠵᠢᠯᠯᠠᠭ᠎ᠠ》ᠵᠢᠨ ᠠᠵᠢᠯ᠎ᠤᠨ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳ᠋ᠦᠩᠨᠡᠬᠦ ᠵᠢᠨ ᠲᠤᠯᠠᠳᠠ᠂ 10 ᠰᠠᠷ᠎ᠠ᠎ᠶᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ 《ᠬᠢᠯᠢ ᠳᠠᠭᠠᠤ ᠪᠣᠭᠣᠮᠲᠠ᠎ᠶᠢᠨ ᠪᠠᠢᠴᠠᠭᠠᠬᠤ ᠠᠵᠢᠯ᠎ᠢ ᠴᠢᠨᠠᠷ ᠰᠠᠢᠲᠠᠢ ᠪᠥᠭᠡᠳ ᠥᠨᠳᠥᠷ ᠪᠦᠲᠦᠮᠵᠢᠲᠡᠶ ᠠᠬᠢᠭᠤᠯᠵᠤ᠂ ᠭᠠᠳᠠᠭᠠᠳᠤ᠎ᠲᠠᠢ ᠬᠣᠯᠪᠣᠭᠳᠠᠬᠰᠠᠨ ᠬᠠᠤᠯᠢ ᠪᠡᠷ ᠵᠠᠰᠠᠬᠤ ᠶᠡᠬᠡ ᠪᠠᠢᠷᠢᠰᠢᠯ᠎ᠳᠤ ᠢᠳᠡᠪᠬᠢᠲᠡᠢ ᠠᠭᠤᠰᠤᠯᠴᠠᠬᠤ》 ᠪᠠᠷ ᠭᠣᠣᠯ ᠰᠡᠳᠦᠪ ᠪᠣᠯᠭᠠᠵᠤ᠂ ᠦᠪᠦᠷ ᠮᠤᠩᠭᠤᠯ ᠤ᠋ᠨ ᠭᠠᠳᠠᠭᠠᠳᠤ᠎ᠲᠠᠢ ᠬᠤᠯᠪᠤᠬᠳᠠᠬᠰᠠᠨ ᠪᠠᠢᠴᠠᠭᠠᠬᠤ ᠠᠵᠢᠯ ᠵᠢᠴᠢ ᠭᠤᠷᠪᠠᠳᠤᠭᠠᠷ ᠬᠤᠭᠤᠴᠠᠭᠠᠨ᠎ᠤ ᠬᠢᠯᠢ ᠳᠠᠭᠠᠤ ᠪᠣᠭᠣᠮᠲᠠ᠎ᠶᠢᠨ ᠪᠠᠢᠴᠠᠭᠠᠬᠤ ᠠᠵᠢᠯ᠎ᠤᠨ ᠬᠤᠷᠠᠯ᠎ᠢ ᠬᠤᠷᠠᠯᠳᠤᠭᠤᠯᠪᠠ᠃
ᠤᠢᠯᠠᠭᠠᠬᠰᠠᠨ ᠵᠢᠡᠷ᠂ ᠭᠤᠷᠪᠠᠨ ᠵᠢᠯ᠎ᠦᠨ ᠲᠤᠷᠰᠢ ᠦᠪᠤᠷ ᠮᠤᠩᠭᠤᠯ᠎ᠤᠨ ᠬᠢᠯᠢ ᠳᠠᠭᠠᠤ ᠪᠣᠭᠣᠮᠲᠠ᠎ᠶᠢᠨ ᠭᠠᠵᠠᠷ ᠣᠷᠣᠨ᠎ᠤ ᠪᠠᠢᠴᠠᠭᠠᠬᠤ ᠬᠣᠷᠢᠶ᠎ᠠ ᠨᠤᠲᠤᠭ ᠳᠡᠪᠢᠰᠬᠡᠷ᠎ᠢᠶᠡᠨ ᠰᠠᠬᠢᠨ ᠬᠠᠮᠠᠭᠠᠯᠠᠵᠦ ᠬᠢᠯᠢ ᠬᠢᠵᠠᠭᠠᠷ᠎ᠢᠶᠠᠨ ᠪᠡᠬᠢᠵᠢᠭᠦᠯᠬᠦ ᠴᠢᠬᠤᠯᠠ ᠶᠡᠬᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠢᠯᠢ ᠠᠯᠤᠰᠯᠠᠭᠰᠠᠨ ᠪᠠ ᠬᠢᠯᠢ ᠳᠠᠭᠠᠤ ᠪᠣᠭᠣᠮᠲᠠ᠎ᠶᠢᠨ ᠭᠠᠵᠠᠷ ᠣᠷᠣᠨ᠎ᠤ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠢᠭᠡᠮ᠎ᠦᠨ ᠵᠠᠰᠠᠯᠲᠠ᠎ᠶᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠵᠢᠯᠴᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠴᠢᠩᠭᠠᠳᠬᠠᠵᠤ᠂ ᠮᠠᠨᠵᠤᠤᠷ᠂ ᠡᠷᠢᠶᠡᠨ ᠬᠤᠳᠠ᠎ᠶᠢᠨ ᠤᠯᠤᠰ᠎ᠤᠨ ᠭᠣᠣᠯᠳᠠᠯᠭ᠎ᠠ᠎ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠰᠠᠨᠠᠭᠠᠴᠢᠯᠠᠭ᠎ᠠ᠎ᠡᠴᠨ ᠪᠠᠨ ᠦᠢᠯᠡᠴᠢᠯᠡᠵᠡᠢ᠃ ᠬᠤᠢᠰᠢᠳᠠ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠴᠢᠨᠠᠷ ᠰᠠᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠳᠦ ᠦᠢᠯᠡᠴᠢᠯᠡᠬᠦ᠎ᠪᠡᠷ ᠭᠣᠣᠯᠳᠠᠯᠭ᠎ᠠ ᠪᠣᠯᠭᠠᠵᠤ᠂ ᠭᠠᠳᠠᠭᠠᠳᠤ᠎ᠲᠠᠢ ᠬᠤᠯᠪᠤᠬᠳᠠᠬᠰᠠᠨ ᠪᠠᠢᠴᠠᠭᠠᠬᠤ ᠠᠵᠢᠯ᠎ᠤᠨ ᠬᠦᠴᠢᠷ ᠠᠰᠠᠭᠤᠳᠠᠯ᠎ᠢ ᠴᠢᠨᠠᠭᠰᠢᠳᠠ ᠰᠢᠢᠳᠪᠦᠷᠢᠯᠡᠵᠦ᠂ ᠭᠠᠳᠠᠭᠠᠳᠤ᠎ᠲᠠᠢ ᠬᠤᠯᠪᠤᠬᠳᠠᠬᠰᠠᠨ ᠪᠠ ᠬᠢᠯᠢ ᠳᠠᠭᠠᠤ ᠪᠣᠭᠣᠮᠲᠠ᠎ᠶᠢᠨ ᠪᠠᠢᠴᠠᠭᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠤᠯᠤᠨ᠎ᠠ᠃
ᠬᠤᠷᠠᠯ ᠳᠡᠭᠡᠷ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠭᠠᠳᠠᠭᠠᠳᠤ᠎ᠲᠠᠢ ᠬᠣᠯᠪᠣᠭᠳᠠᠭᠰᠠᠨ ᠪᠠᠢᠴᠠᠭᠠᠬᠤ ᠠᠵᠢᠯ᠎ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ》᠎ᠢ᠋ ᠨᠡᠢᠲᠡᠯᠡᠵᠦ᠂ ᠣᠢᠷ᠎ᠠ᠎ᠶᠢᠨ ᠭᠤᠷᠪᠠᠨ ᠵᠢᠯ᠎ᠦᠨ ᠪᠥᠬᠥ ᠣᠷᠣᠨ᠎ᠤ ᠭᠠᠳᠠᠭᠠᠳᠤ᠎ᠲᠠᠢ ᠬᠣᠯᠪᠣᠭᠳᠠᠭᠰᠠᠨ ᠪᠠ ᠬᠢᠯᠢ ᠳᠠᠭᠠᠤ ᠪᠣᠭᠣᠮᠲᠠ᠎ᠶᠢᠨ ᠪᠠᠢᠴᠠᠭᠠᠬᠤ ᠠᠵᠢᠯ᠎ᠤᠨ ᠪᠠᠢᠳᠠᠯ᠂ ᠨᠡᠢᠲᠡᠯᠢᠭ ᠬᠡᠷᠡᠭ᠎ᠦᠨ ᠵᠢᠱ᠌ᠢᠶ᠎ᠡ ᠵᠢ ᠨᠡᠢᠲᠡᠯᠡᠪᠡ᠃