《ᠸᠢᠰᠠ ᠡᠴᠡ ᠬᠡᠯᠳᠤᠷᠢᠬᠦᠯᠬᠦ》 ᠲᠦᠷᠤ ᠵᠢᠨ ᠪᠤᠳᠤᠯᠭ᠎ᠠ ᠵᠢ ᠬᠡᠷᠡᠭᠵᠢᠬᠦᠯᠦᠭᠰᠡᠨ ᠵᠢᠡᠷ ᠮᠠᠨᠵᠤᠤᠷ ᠬᠢᠯᠢ ᠵᠢᠨ ᠪᠤᠭᠤᠮᠳᠠ ᠪᠡᠷ ᠦᠡᠭᠭᠡᠷᠡᠬᠦ ᠠᠶᠠᠨᠴᠢᠳ ᠨᠡᠡᠭ ᠤᠯᠠᠰᠢᠷᠠᠵᠠᠢ
2025-10-21 16:12:42
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠮᠠᠨ᠎ᠤ ᠤᠯᠤᠰ ᠲᠦᠷᠦᠬᠦᠬᠡᠨ ᠣᠷᠣᠰ᠎ᠤᠨ ᠡᠩ᠎ᠦᠨ ᠫᠠᠰᠫᠣᠷᠲ ᠲᠠᠶ ᠬᠥᠮᠦᠰ᠎ᠲᠦ 《ᠸᠢᠰᠠ ᠡᠴᠡ ᠬᠡᠯᠲᠦᠷᠢᠭᠦᠯᠬᠦ᠌》 ᠲᠥᠷᠥ᠎ᠶ᠋ᠢᠨ ᠪᠣᠳᠣᠯᠭ᠎ᠠ᠎ᠶ᠋ᠢ ᠲᠤᠷᠱᠢᠨ ᠬᠡᠷᠡᠭ᠌ᠵᠢᠭᠦᠯᠦᠭ᠌ᠰᠡᠨ᠎ᠦ ᠳᠠᠷᠠᠭ᠎ᠠ᠂ ᠮᠠᠨᠵᠤᠤᠷ ᠬᠢᠯᠢ ᠵᠢᠨ ᠪᠤᠭᠤᠮᠳᠠ ᠪᠡᠷ ᠨᠡᠩ ᠤᠯᠠᠨ ᠤᠷᠤᠰ᠎ᠤᠨ ᠵᠢᠭᠤᠯᠴᠢᠯᠠᠬᠴᠢ ᠤᠷᠤᠵᠦ ᠢᠷᠡᠬᠦ ᠪᠤᠯᠪᠠ᠃

ᠠᠶᠠᠨᠴᠢᠳ᠎ᠤᠨ ᠥᠨᠳᠥᠷ ᠪᠦᠲᠦᠮᠵᠢᠲᠡᠶ᠎ᠪᠡᠷ ᠪᠣᠭᠣᠮᠲᠠ ᠪᠠᠷ ᠥᠩᠭᠡᠷᠡᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠮᠠᠨᠵᠤᠤᠷ ᠪᠣᠭᠣᠮᠲᠠ᠎ᠶ᠋ᠢᠨ ᠬᠠᠷᠢᠶᠠᠨ᠎ᠳᠠᠬᠢ ᠮᠠᠨᠵᠤᠤᠷ᠎ᠤᠨ ᠠᠷᠪᠠᠨ ᠨᠠᠶ᠋ᠮᠠᠨ ᠭᠠᠵᠠᠷ᠎ᠤᠨ ᠪᠣᠭᠣᠮᠲᠠ ᠵᠢᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠲᠤᠬᠠᠶ᠎ᠶ᠋ᠢᠨ ᠲᠠᠯᠠᠪᠤᠷ᠎ᠲᠤ ᠭᠤᠶᠤᠴᠢᠯᠠᠨ ᠮᠡᠳᠡᠭᠦᠯᠵᠦ᠍᠂ ᠵᠢᠭᠠᠨ ᠵᠢᠯᠤᠭᠤᠳᠤᠯᠭ᠎ᠠ ᠪᠡᠨ ᠴᠢᠩᠭᠠᠳᠭᠠᠬᠤ᠂ ᠡᠯᠧᠺᠲ᠋ᠷᠣᠨ ᠳᠡᠯᠭᠡᠴᠡ ᠪᠡᠷ ᠬᠠᠮᠢᠶ᠎ᠠ ᠪᠦᠬᠦᠢ ᠵᠦᠢᠯ᠎ᠳᠤ ᠲᠠᠢᠯᠪᠤᠷᠢᠯᠠᠯᠳᠠ ᠬᠢᠬᠦ᠂ ᠬᠤᠤᠰ ᠬᠡᠯᠡᠨ᠎ᠦ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠦᠶ᠋ᠯᠡᠴᠢᠯᠡᠭᠡ᠎ᠪᠠᠨ ᠱᠢᠯᠢᠳᠡᠭ᠌ᠵᠢᠭᠦᠯᠵᠦ᠍᠂ ᠣᠷᠣᠰ᠎ᠤᠨ ᠠᠶᠠᠨᠴᠢᠳ᠎ᠤᠨ ᠪᠣᠭᠣᠮᠲᠠ᠎ᠪᠠᠷ ᠲᠦᠷᠭᠡᠨ ᠥᠩᠭᠡᠷᠡᠬᠦ᠌᠎ᠶ᠋ᠢ ᠠᠬᠢᠭᠤᠯᠪᠠ᠃ ᠡᠨᠡ ᠵᠢᠯ᠎ᠤᠨ 《ᠬᠤᠤᠰ ᠪᠠᠶᠠᠷ》᠎ᠤ᠋ᠨ ᠠᠮᠠᠷᠠᠯᠳᠠ ᠵᠢᠨ ᠬᠤᠭᠤᠴᠠᠭᠠᠨ᠎ᠳᠤ ᠮᠠᠨᠵᠤᠤᠷ ᠪᠤᠭᠤᠮᠳᠡ 6364 ᠣᠷᠣᠰ᠎ᠤᠨ ᠠᠶᠠᠨᠴᠢᠨ᠎ᠢ ᠬᠦᠯᠢᠶᠠᠨ ᠠᠪᠤᠪᠠ᠃

《ᠸᠢᠰᠠ ᠡᠴᠡ ᠬᠡᠯᠳᠤᠷᠢᠬᠦᠯᠬᠦ》 ᠲᠦᠷᠤ ᠵᠢᠨ ᠪᠤᠳᠤᠯᠭ᠎ᠠ ᠵᠢ ᠬᠡᠷᠡᠭᠵᠢᠬᠦᠯᠦᠭᠰᠡᠨ ᠵᠢᠡᠷ ᠮᠠᠨᠵᠤᠤᠷ ᠬᠤᠳᠠ ᠵᠢᠨ ᠵᠡᠭᠡᠯᠢ ᠭᠤᠳᠤᠮᠵᠢ᠂ ᠬᠤᠳᠠᠯᠳᠤᠭ᠎ᠠ ᠲᠡᠯᠭᠡᠬᠦᠷ ᠵᠢᠡᠷ ᠤᠷᠤᠰ᠎ᠤᠨ ᠵᠢᠭᠤᠯᠴᠢᠯᠠᠬᠴᠢ ᠵᠢᠨ ᠪᠡᠷ᠎ᠠ ᠬᠠᠶᠠ ᠦᠬᠡᠢ ᠤᠯᠠᠨ ᠬᠠᠷᠠᠬᠳᠠᠬᠤ ᠪᠤᠯᠵᠠᠢ᠃ 《〈ᠸᠢᠰᠠ ᠡᠴᠡ ᠬᠡᠯᠳᠤᠷᠢᠬᠦᠯᠬᠦ〉 ᠲᠥᠷᠥ᠎ᠶ᠋ᠢᠨ ᠪᠣᠳᠣᠯᠭ᠎ᠠ ᠨᠢ ᠪᠣᠭᠣᠮᠲᠠ ᠪᠡᠷ ᠥᠩᠭᠡᠷᠡᠬᠦ᠌᠎ᠳᠦ ᠮᠠᠰᠢ ᠳᠥᠭᠥᠮ ᠮᠦᠷᠳᠡᠭᠡᠨ ᠬᠤᠷᠳᠤᠨ ᠪᠤᠯᠵᠤ᠂ ᠪᠢᠳᠡ ᠴᠠᠭ ᠢᠮᠠᠭ᠍ᠲᠠ ᠳᠤᠮᠳᠠᠳᠤ ᠤᠯᠤᠰ᠎ᠲᠤ ᠣᠴᠢᠵᠤ ᠬᠤᠪᠴᠠᠰᠤ ᠱᠠᠬᠠᠶ ᠵᠡᠷᠭᠡ ᠪᠠᠷᠠᠭ᠎ᠠ ᠠᠪᠴᠤ᠌ ᠪᠤᠯᠬᠤ ᠪᠤᠯᠵᠠᠢ᠃ ᠥᠴᠥᠭᠡᠳᠦᠷ ᠪᠢ ᠪᠠᠰᠠ ᠬᠠᠷᠪᠢᠨ᠎ᠳᠤ ᠬᠦᠷᠴᠦ᠂ ᠲᠤᠬᠠᠢ᠎ᠶ᠋ᠢᠨ ᠭᠠᠵᠠᠷ᠎ᠤᠨ ᠠᠮᠲᠠᠲᠤ ᠢᠳᠡᠭᠡᠨ᠎ᠢ ᠠᠮᠲᠠᠯᠠᠵᠤ᠂ ᠲᠤᠬᠠᠢ᠎ᠶ᠋ᠢᠨ ᠭᠠᠵᠠᠷ᠎ᠤᠨ ᠠᠮᠢᠳᠤᠷᠠᠯ᠎ᠢ ᠪᠡᠶᠡᠴᠢᠯᠡᠨ ᠣᠢᠯᠠᠭᠠᠵᠠᠢ》 ᠬᠡᠵᠤ ᠤᠷᠤᠰ᠎ᠤᠨ ᠨᠢᠬᠡᠨ ᠵᠢᠭᠤᠯᠴᠢᠯᠠᠬᠴᠢ ᠪᠠᠶᠠᠷᠳᠠᠢᠬᠠᠨ ᠶᠠᠷᠢᠨ᠎ᠠ᠃

ᠵᠢᠭᠤᠯᠴᠢᠯᠠᠬᠰᠠᠳ ᠤᠯᠠᠰᠢᠷᠠᠬᠰᠠᠨ ᠨᠢ ᠮᠠᠨᠵᠤᠤᠷ ᠬᠣᠲᠠ᠎ᠶ᠋ᠢᠨ ᠢᠳᠡᠭᠡᠨ ᠤᠮᠳᠠᠭᠠᠨ᠂ ᠬᠣᠨᠣᠭ ᠪᠠᠭᠤᠳᠠᠯ ᠵᠡᠷᠭᠡ ᠬᠠᠮᠢᠶ᠎ᠠ ᠪᠥᠬᠥᠶ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠠᠢᠴᠢᠯᠠᠭ᠍ᠰᠠᠨ ᠪᠠᠢᠨ᠎ᠠ᠃ ᠡᠨᠡ ᠵᠢᠯ᠎ᠦᠨ ᠲᠦᠷᠦᠭᠦᠦ 8 ᠰᠠᠷ᠎ᠠ᠎ᠳᠤ᠂ ᠮᠠᠨᠵᠤᠤᠷ ᠨᠢᠭᠡᠨᠲᠡ 656.97 ᠲᠦᠮᠡᠨ ᠬᠥᠮᠦᠨ ᠤᠳᠠᠭ᠎ᠠ᠎ᠶ᠋ᠢᠨ ᠵᠢᠭᠤᠯᠴᠢᠯᠠᠭᠴᠢ ᠵᠢ ᠭᠥᠯᠢᠶᠡᠨ ᠠᠪᠴᠤ᠂ ᠵᠢᠭᠤᠯᠴᠢᠯᠠᠯ᠎ᠤᠨ ᠶᠡᠷᠦᠩᠬᠡᠶ ᠤᠷᠤᠯᠭ᠎ᠠ110.7 ᠳ᠋ᠦᠩᠱᠢᠭᠤᠷ ᠲᠥᠭᠥᠷᠢᠭ᠎ᠲᠦ ᠬᠦᠷᠴᠡᠶ᠃ 《ᠸᠢᠰᠠ ᠡᠴᠡ ᠭᠡᠯᠳᠦᠷᠢᠭᠦᠯᠬᠦ᠌》 ᠲᠥᠷᠥ᠎ᠶ᠋ᠢᠨ ᠪᠣᠳᠣᠯᠭ᠎ᠠ ᠨᠢ ᠵᠢᠭᠤᠯᠴᠢᠯᠠᠬᠰᠠᠳ᠎ᠤᠨ ᠲᠤᠭ᠎ᠠ  ᠬᠡᠮᠵᠢᠶ᠎ᠠ ᠵᠢ ᠨᠡᠮᠡᠭᠳᠡᠬᠦᠯᠵᠤ᠂ ᠬᠡᠷᠡᠭ᠌ᠯᠡᠭᠡ ᠵᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠮᠠᠨᠵᠤᠤᠷ ᠬᠤᠳᠠ ᠵᠢ ᠳᠤᠮᠳᠠᠳᠤ ᠣᠷᠣᠰ᠎ᠤᠨ ᠠᠷᠠᠳ᠎ᠤᠨ ᠬᠣᠭᠣᠷᠣᠨᠳᠣᠬᠢ ᠰᠣᠯᠢᠯᠴᠠᠭᠠᠨ᠎ᠤ ᠲᠠᠪᠴᠠᠡᠭ ᠪᠣᠯᠭᠠᠨ ᠬᠤᠪᠢᠷᠠᠭᠤᠯᠤᠭ᠍ᠰᠠᠨ ᠪᠥᠭᠡᠳ ᠪᠠᠰᠠ ᠬᠢᠯᠢ ᠬᠢᠵᠠᠭᠠᠷ ᠣᠷᠣᠨ᠎ᠤ ᠨᠡᠭᠡᠭᠡᠯᠲᠡ ᠬᠥᠭ᠌ᠵᠢᠯᠲᠡ᠎ᠳᠦ ᠨᠠᠩ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ ᠣᠯᠭᠣᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号