ᠦᠪᠦᠷ ᠮᠤᠨᠭᠭᠤᠯ ᠴᠢᠨᠠᠷ ᠰᠠᠢᠲᠠᠢ ᠬᠦᠭᠵᠢᠯᠲᠡ ᠶ᠋ᠢᠨ ᠪᠠᠷᠢᠮᠵᠢᠶ᠎ᠠ ᠶ᠋ᠢᠨ ᠰᠢᠰᠲᠸᠮ ᠤ᠋ᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ᠋ ᠨᠡᠢᠲᠡᠯᠡᠪᠡ
2025-10-21 16:07:08
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

10 ᠰᠠᠷ᠎ᠠ ᠶ᠋ᠢᠨ 14 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ᠋ ᠤᠢ ᠱᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠡᠴᠡ ᠭᠣᠣᠯᠯᠠᠨ ᠡᠷᠬᠢᠯᠡᠭ᠌ᠰᠡᠨ 《ᠪᠠᠷᠢᠮᠵᠢᠶ᠎ᠠ ᠪᠡᠷ ᠬᠦᠳᠦᠯᠦᠨ ᠳᠠᠭᠠᠭᠤᠯᠵᠤ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢ ᠦᠷᠬᠦᠯᠵᠢᠯᠡᠨ ᠬᠡᠷᠡᠭᠵᠢᠭᠦᠯᠬᠦ ᠳ᠋ᠤ ᠬᠦᠴᠦᠨ ᠨᠡᠮᠡᠷᠢᠯᠡᠶ᠎ᠠ》 ᠭᠡᠬᠦ ᠪᠡᠷ ᠭᠤᠤᠯ ᠰᠡᠳᠦᠪ ᠪᠤᠯᠭᠠᠬᠰᠠᠨ 56 ᠳ᠋ᠤᠭᠠᠷ ᠬᠤᠭᠤᠴᠠᠭᠠᠨ ᠤ᠋ 《ᠳᠡᠯᠡᠬᠡᠢ ᠶ᠋ᠢᠨ ᠪᠠᠷᠢᠮᠵᠢᠶ᠎ᠠ ᠶ᠋ᠢᠨ ᠡᠳᠦᠷ》 ᠤ᠋ᠨ ᠥᠪᠥᠷ ᠮᠣᠩᠭᠣᠯ ᠤ᠋ᠨ ᠭᠣᠣᠯ ᠰᠡᠳᠦᠪᠲᠦ ᠤᠬᠠᠭᠤᠯᠭ᠎ᠠ ᠶ᠋ᠢᠨ ᠠᠵᠢᠯᠯᠠᠭ᠎ᠠ ᠬᠥᠬᠡᠬᠣᠲᠠ ᠳ᠋ᠤ ᠶᠠᠪᠤᠭ᠍ᠳᠠᠪᠠ᠃ ᠠᠵᠢᠯᠯᠠᠭ᠎ᠠ ᠶ᠋ᠢᠨ ᠲᠤᠬᠠᠶ ᠶ᠋ᠢᠨ ᠲᠠᠯᠠᠪᠠᠶ ᠳ᠋ᠤ ᠦᠪᠦᠷ ᠮᠤᠨᠭᠭᠤᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ ᠪᠠᠷᠢᠮᠵᠢᠶ᠎ᠠ ᠶ᠋ᠢᠨ ᠱᠢᠰᠲ᠋ᠧᠮ ᠤ᠋ᠨ ᠪᠠᠢᠭᠤᠯᠤᠯᠲᠠ ᠶ᠋ᠢᠨ ᠲᠥᠷᠥᠯ ᠵᠦᠶ᠋ᠯ ᠪᠤᠯᠬᠤ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ ᠶ᠋ᠢᠨ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠬᠤ ᠪᠠᠷᠢᠮᠵᠢᠶ᠎ᠠ ᠶ᠋ᠢᠨ ᠱᠢᠰᠲ᠋ᠧᠮ ᠤ᠋ᠨ ᠱᠠᠲᠤᠴᠢ ᠴᠢᠨᠠᠷᠲᠠᠶ ᠦᠷ᠎ᠡ ᠪᠦᠲᠦᠭᠡᠯ ᠪᠣᠯᠤᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠠᠷᠢᠮᠵᠢᠶ᠎ᠠ ᠶ᠋ᠢᠨ ᠱᠢᠰᠲ᠋ᠧᠮ ᠤ᠋ᠨ ᠱᠠᠲᠤᠴᠢ ᠴᠢᠨᠠᠷᠲᠠᠶ ᠦᠷ᠎ᠡ ᠪᠦᠲᠦᠭᠡᠯ ᠢ᠋ ᠨᠡᠢᠲᠡᠯᠡᠪᠡ᠃

2022 ᠣᠨ ᠡᠴᠡ ᠨᠠᠭᠠᠰᠢ᠂ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠶ᠋ᠢᠨ ᠪᠥᠲᠥᠭᠡᠨ ᠪᠠᠢᠭᠤᠯᠤᠯᠲᠠ ᠶ᠋ᠢᠨ ᠬᠠᠷᠠᠯᠲᠠ ᠳ᠋ᠤ ᠴᠢᠭ᠌ᠯᠡᠭᠦᠯᠦᠨ᠂ ᠥᠪᠥᠷ ᠮᠣᠩᠭᠣᠯ ᠪᠠᠷᠢᠮᠵᠢᠶ᠎ᠠ ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠠᠮᠢ ᠠᠬᠤᠶ ᠶ᠋ᠢᠨ ᠬᠠᠮᠠᠭᠠᠯᠠᠯᠲᠠ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ᠂ ᠡᠬᠢ ᠪᠠᠶᠠᠯᠢᠭ ᠢ᠋ ᠠᠷᠪᠢᠯᠠᠬᠤ ᠪᠠᠷᠢᠮᠵᠢᠶ᠎ᠠ ᠶ᠋ᠢᠨ ᠱᠢᠰᠲ᠋ᠧᠮ ᠢ᠋ ᠱᠢᠰᠲ᠋ᠧᠮ ᠲᠠᠢ ᠪᠠᠢᠭᠤᠯᠵᠤ᠂ ᠨᠢᠭᠡᠨᠲᠡ 23 ᠵᠦᠶ᠋ᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ ᠪᠠᠷᠢᠮᠵᠢᠶ᠎ᠠ ᠶ᠋ᠢᠨ ᠱᠢᠰᠲ᠋ᠧᠮ ᠢ᠋ ᠪᠦᠷᠢᠯᠳᠦᠭᠦᠯᠵᠦ᠍᠂ 298 ᠵᠦᠶ᠋ᠯ ᠤ᠋ᠨ ᠬᠠᠮᠢᠶ᠎ᠠ ᠪᠥᠬᠥᠶ ᠪᠠᠷᠢᠮᠵᠢᠶ᠎ᠠ ᠵᠢ ᠵᠥᠪᠱᠢᠶᠡᠷᠡᠨ ᠨᠡᠢᠲᠡᠯᠡᠵᠦ᠍᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ᠂ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠰᠠᠢᠲᠤᠷ ᠬᠢᠬᠦ᠌ ᠳ᠋ᠤ ᠴᠢᠬᠤᠯᠠ ᠲᠤᠯᠭᠠᠭᠤᠷᠢᠯᠠᠯ ᠪᠠ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠪᠡ᠃ ᠡᠭᠦᠨ ᠤ᠋ ᠬᠠᠮᠲᠤ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠵᠢᠨ ᠬᠢᠨ ᠤᠷᠢᠳ ᠬᠣᠵᠢᠳ ᠬᠠᠮᠢᠶ᠎ᠠ ᠪᠥᠬᠥᠶ ᠭᠠᠵᠠᠷ ᠣᠷᠣᠨ ᠪᠠ ᠰᠠᠯᠠᠭ᠎ᠠ ᠮᠥᠴᠢᠷ ᠲᠠᠢ ᠬᠠᠮᠲᠤᠷᠠᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠦᠲᠦᠭᠡᠨ ᠪᠠᠢᠭᠤᠯᠬᠤ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢᠨ ᠲᠣᠭᠣᠷᠢᠨ᠎ᠳᠤ᠂ 154 ᠵᠦᠶ᠋ᠯ ᠤ᠋ᠨ ᠴᠢᠨᠠᠷ ᠰᠠᠢᠲᠠᠶ ᠪᠠᠷᠢᠮᠵᠢᠶ᠎ᠠ ᠶ᠋ᠢᠨ ᠱᠢᠰᠲ᠋ᠧᠮ ᠢ᠋ ᠪᠠᠢᠭᠤᠯᠵᠤ᠂ 21ᠵᠦᠢᠯ ᠤ᠋ᠨ ᠣᠯᠠᠨ ᠤᠯᠤᠰ ᠤ᠋ᠨ ᠪᠠᠷᠢᠮᠵᠢᠶ᠎ᠠ᠂ 1715 ᠵᠦᠢᠯ ᠤ᠋ᠨ ᠤᠯᠤᠰ ᠤ᠋ᠨ ᠪᠠᠷᠢᠮᠵᠢᠶ᠎ᠠ ᠵᠢ ᠲᠣᠭ᠍ᠲᠠᠭᠠᠬᠤ ᠳ᠋ᠤ ᠭᠤᠤᠯᠯᠠᠨ ᠣᠷᠣᠯᠴᠠᠵᠤ᠂ ᠤᠯᠤᠰ ᠤ᠋ᠨ ᠲᠠᠰ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠠᠷᠢᠮᠵᠢᠶᠠᠵᠢᠭᠤᠯᠤᠯᠲᠠ ᠶ᠋ᠢᠨ ᠲᠤᠷᠱᠢᠯᠲᠠ ᠶ᠋ᠢᠨ ᠴᠡᠭ ᠤ᠋ᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠢ᠋ 572 ᠪᠠᠢᠭᠤᠯᠵᠤ᠂ 2 ᠤᠯᠤᠰ ᠤ᠋ᠨ ᠮᠡᠷᠭᠡᠵᠢᠯ ᠤ᠋ᠨ ᠪᠠᠷᠢᠮᠵᠢᠶ᠎ᠠ ᠶ᠋ᠢᠨ ᠱᠢᠨ᠎ᠡ ᠵᠢ ᠡᠭᠦᠳᠬᠦ᠌ ᠰᠠᠭᠤᠷᠢᠨ ᠢ᠋ ᠪᠠᠢᠭᠤᠯᠵᠤ᠂ 1 ᠤᠯᠤᠰ ᠤ᠋ᠨ ᠪᠠᠷᠢᠮᠵᠢᠶ᠎ᠠ ᠶ᠋ᠢᠨ ᠱᠢᠯᠭᠠᠨ ᠪᠠᠲᠤᠯᠠᠬᠤ ᠴᠡᠭ ᠢ᠋ ᠪᠡᠯᠡᠳᠭᠡᠨ ᠪᠠᠢᠭᠤᠯᠬᠤ ᠪᠡᠷ ᠵᠦᠪᠰᠢᠶᠡᠷᠡᠭᠳᠡᠪᠡ᠃

ᠬᠤᠢᠰᠢᠳᠠ᠂ ᠥᠪᠥᠷ ᠮᠣᠩᠭᠣᠯ 《ᠤᠯᠤᠰ ᠤ᠋ᠨ ᠪᠠᠷᠢᠮᠵᠢᠶᠠᠵᠢᠭᠤᠯᠤᠭ᠍ᠰᠠᠨ ᠬᠥᠭ᠌ᠵᠢᠯᠲᠡ ᠶ᠋ᠢᠨ ᠬᠥᠲᠥᠯᠪᠦᠷᠢ》 ᠵᠢ ᠭᠦᠨᠵᠡᠭᠡᠶ ᠲᠤᠭᠤᠱᠢᠯᠠᠭᠤᠯᠵᠤ᠂ ᠠᠮᠢ ᠠᠬᠤᠶ ᠶ᠋ᠢᠨ ᠵᠠᠰᠠᠯᠲᠠ ᠳ᠋ᠤ ᠵᠢᠷᠤᠮᠯᠠᠬᠤ ᠪᠠᠷᠢᠮᠵᠢᠶ᠎ᠠ ᠲᠠᠢ᠂ ᠱᠢᠨ᠎ᠡ ᠵᠢ ᠡᠭᠦᠳᠬᠦ᠌ ᠪᠡᠷ ᠬᠥᠳᠡᠯᠭᠡᠭᠦᠷ ᠪᠣᠯᠭᠠᠬᠤ ᠳ᠋ᠤ ᠬᠥᠲᠥᠯᠥᠨ ᠳᠠᠭᠠᠭᠤᠯᠬᠤ ᠪᠠᠷᠢᠮᠵᠢᠶ᠎ᠠ ᠲᠠᠢ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠳ᠋ᠤ ᠲᠤᠯᠭᠠᠭᠤᠷᠢᠯᠠᠬᠤ ᠪᠠᠷᠢᠮᠵᠢᠶ᠎ᠠ ᠲᠠᠢ᠂ ᠵᠠᠬ᠎ᠠ ᠳᠡᠯᠭᠡᠭᠦᠷ ᠤ᠋ᠨ ᠵᠢᠷᠤᠮᠵᠢᠯ ᠳ᠋ᠤ ᠵᠢᠷᠤᠮᠯᠠᠬᠤ ᠪᠠᠷᠢᠮᠵᠢᠶ᠎ᠠ ᠲᠠᠢ᠂ ᠣᠯᠠᠨ ᠨᠡᠢᠲᠡ ᠶ᠋ᠢᠨ ᠠᠱᠢᠭ ᠲᠤᠰᠠ ᠳ᠋ᠤ ᠦᠨᠳᠦᠰᠦᠯᠡᠬᠦ᠌ ᠪᠠᠷᠢᠮᠵᠢᠶ᠎ᠠ ᠲᠠᠢ ᠪᠣᠯᠭᠠᠵᠤ᠂ ᠪᠠᠷᠢᠮᠵᠢᠶ᠎ᠠ + ᠠᠵᠤ ᠦᠶ᠋ᠯᠡᠰ᠂ ᠪᠠᠷᠢᠮᠵᠢᠶ᠎ᠠ + ᠦᠶ᠋ᠯᠡᠳᠬᠦᠨ᠂ ᠪᠠᠷᠢᠮᠵᠢᠶ᠎ᠠ + ᠲᠥᠷᠥᠯ ᠲᠡᠮᠲᠡᠭ ᠤ᠋ᠨ ᠪᠥᠬᠥ᠌ ᠶᠠᠪᠤᠴᠠ ᠵᠢ ᠳᠠᠬᠢᠨ ᠴᠤᠬᠴᠠᠯᠠᠵᠤ᠂ ᠪᠥᠬᠥ᠌ ᠬᠡᠯᠬᠢᠶ᠎ᠡ ᠵᠢ ᠲᠠᠰ ᠳᠡᠪᠱᠢᠭᠦᠯᠬᠦ᠌ ᠵᠢ ᠪᠡᠶᠡᠯᠡᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号