ᠣᠢᠷ᠎ᠠ ᠳ᠋ᠤ᠂ ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠥᠭ᠌ᠵᠢᠯᠲᠡ ᠵᠢᠨ ᠲᠥᠪ ᠡᠴᠡ ᠳᠤᠮᠳᠠᠳᠤ ᠤᠯᠤᠰ ᠤ᠋ᠨ ᠣᠶ ᠱᠢᠭᠤᠶ ᠵᠢᠨ ᠱᠢᠨᠵᠢᠯᠡᠬᠦ᠌ ᠤᠬᠠᠭᠠᠨᠤ ᠰᠤᠳᠤᠯᠭᠠᠨᠤ ᠬᠦᠷᠢᠶᠡᠯᠡᠩ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨᠤ ᠬᠦᠷᠢᠶᠡᠯᠡᠩ ᠤ᠋ᠨ ᠮᠠᠯ ᠠᠵᠤ ᠠᠬᠤᠶ ᠬᠢᠭᠡᠳ ᠮᠠᠯ ᠡᠮᠨᠡᠯᠭᠡ ᠵᠢᠨ ᠰᠤᠳᠤᠯᠭᠠᠨᠤ ᠭᠠᠵᠠᠷ᠂ ᠪᠡᠭᠡᠵᠢᠩ ᠤ᠋ᠨ ᠣᠶ ᠱᠢᠭᠤᠶ ᠵᠢᠨ ᠶᠡᠬᠡ ᠰᠤᠷᠭᠠᠭᠤᠯᠢ᠂ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ᠂ ᠬᠠᠷᠠᠮᠥ᠋ᠷᠡᠨ ᠮᠤᠵᠢ ᠵᠢᠨ ᠣᠶ ᠱᠢᠭᠤᠶ ᠵᠢᠨ ᠱᠢᠨᠵᠢᠯᠡᠬᠦ᠌ ᠤᠬᠠᠭᠠᠨᠤ ᠰᠤᠳᠤᠯᠭᠠᠨᠤ ᠭᠠᠵᠠᠷ ᠵᠡᠷᠭᠡ ᠨᠢᠭᠡᠴᠢ ᠵᠢᠨ ᠲᠤᠰᠭᠠᠶ ᠮᠡᠷᠭᠡᠵᠢᠯᠲᠡᠨ ᠢ᠋ ᠵᠣᠬᠢᠶᠠᠨ ᠪᠠᠢᠭᠤᠯᠵᠤ᠂ ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠱᠢᠨ᠎ᠡ ᠡᠭᠦᠯᠳᠡᠷ ᠤ᠋ᠨ ᠬᠥᠬᠡᠬᠣᠲᠠ ᠵᠢᠨ ᠱᠢᠯᠭᠠᠨ ᠪᠠᠢᠴᠠᠭᠠᠬᠤ ᠥᠷᠲᠡᠭᠡᠳᠦ ᠱᠢᠯᠭᠠᠨ ᠬᠤᠷᠢᠶᠠᠵᠤ ᠦᠨᠡᠯᠡᠨ ᠵᠢᠱ᠌ᠢᠬᠦ᠌ ᠠᠵᠢᠯ ᠥᠷᠨᠢᠭᠦᠯᠪᠡ᠃
ᠲᠤᠰᠭᠠᠶ ᠮᠡᠷᠭᠡᠵᠢᠯᠲᠡᠨ ᠤ᠋ ᠳᠤᠭᠤᠢᠯᠠᠩᠰᠢᠯᠭᠠᠨ ᠪᠠᠢᠴᠠᠭᠠᠬᠤ ᠥᠷᠲᠡᠭᠡ ᠵᠢᠨ ᠦᠨᠳᠦᠰᠦᠨ ᠨᠥᠬᠥᠴᠡᠯ᠂ ᠨᠢᠭᠡᠨᠲᠡ ᠮᠡᠳᠡᠭ᠌ᠰᠡᠨ ᠲᠥᠷᠥᠯ ᠵᠦᠶ᠋ᠯ ᠢ᠋ ᠬᠣᠷᠢᠶᠠᠨ ᠴᠤᠭ᠍ᠯᠠᠭᠤᠯᠵᠤ ᠳᠠᠷᠢᠬᠤ ᠵᠢᠴᠢ ᠳ᠋ᠠᠢᠲ᠋ᠠ ᠬᠥᠮᠥᠷᠭᠡ ᠵᠢᠨ ᠪᠠᠢᠭᠤᠯᠤᠯᠲᠠ᠂ ᠰᠢᠯᠭᠠᠨ ᠪᠠᠢᠴᠠᠭᠠᠬᠤ ᠠᠵᠢᠯᠲᠠᠨᠤ ᠲᠣᠬᠢᠷᠠᠭᠤᠯᠤᠯᠲᠠ ᠵᠢᠴᠢ ᠪᠣᠯᠪᠠᠰᠤᠷᠠᠯ ᠤ᠋ᠨ ᠪᠠᠢᠳᠠᠯ᠂ ᠬᠠᠮᠢᠶᠠᠷᠤᠯᠲᠠ ᠵᠢᠨ ᠵᠢᠷᠤᠮᠵᠢᠯ ᠤ᠋ᠨ ᠲᠦᠷᠢᠮ ᠵᠡᠷᠭᠡ ᠲᠠᠯ᠎ᠠ ᠳ᠋ᠤ ᠭᠦᠨᠵᠡᠭᠡᠶ ᠱᠢᠨᠵᠢᠯᠡᠨ ᠪᠠᠢᠴᠠᠭᠠᠯᠲᠠ ᠪᠠ ᠦᠨᠡᠯᠡᠯᠲᠡ ᠬᠢᠪᠡ᠃ ᠲᠤᠬᠠᠶ ᠵᠢᠨ ᠲᠠᠯᠠᠪᠠᠶ ᠳ᠋ᠤ ᠪᠠᠢᠴᠠᠭᠠᠨ ᠦᠵᠡᠬᠦ᠌᠂ ᠮᠠᠲ᠋ᠧᠷᠢᠶᠠᠯ ᠢ᠋ ᠬᠢᠨᠠᠨ ᠬᠠᠷᠭᠤᠭᠤᠯᠬᠤ᠂ ᠲᠤᠯᠭᠠᠨ ᠠᠰᠠᠭᠤᠵᠤ ᠶᠠᠷᠢᠯᠴᠠᠬᠤᠪᠠᠷ ᠳᠡᠮᠵᠢᠨ᠂ ᠲᠤᠰᠭᠠᠶ ᠮᠡᠷᠭᠡᠵᠢᠯᠲᠡᠨ ᠤ᠋ ᠳᠤᠭᠤᠢᠯᠠᠩ ᠤ᠋ᠨ ᠬᠢᠨ ᠬᠥᠬᠡᠬᠣᠲᠠ ᠵᠢᠨ ᠰᠢᠯᠭᠠᠨ ᠪᠠᠢᠴᠠᠭᠠᠬᠤ ᠥᠷᠲᠡᠭᠡ ᠨᠢᠭᠡᠨᠲᠡ ᠡᠯ᠎ᠡ ᠵᠦᠶ᠋ᠯ ᠤ᠋ᠨ ᠪᠡᠯᠡᠳᠭᠡᠨ ᠪᠠᠢᠭᠤᠯᠬᠤ ᠡᠭᠦᠷᠭᠡᠪᠡᠨ ᠪᠡᠶᠡᠯᠡᠭᠦᠯᠵᠦ᠍᠂ ᠱᠢᠯᠭᠠᠨ ᠪᠠᠢᠴᠠᠭᠠᠯᠲᠠ ᠳ᠋ᠤ ᠬᠢᠷᠢ ᠲᠡᠩᠴᠡᠭᠰᠡᠨ ᠢ᠋ ᠰᠠᠨᠠᠯ ᠨᠢᠭᠡᠲᠡᠶ ᠵᠥᠪᠱᠢᠶᠡᠷᠡᠪᠡ᠃
ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠱᠢᠨ᠎ᠡ ᠡᠭᠦᠯᠳᠡᠷ ᠤ᠋ᠨ ᠬᠥᠬᠡᠬᠣᠲᠠ ᠵᠢᠨ ᠰᠢᠯᠭᠠᠨ ᠪᠠᠢᠴᠠᠭᠠᠬᠤ ᠥᠷᠲᠡᠭᠡᠶ᠋ᠢ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶᠠᠠᠴᠠ ᠪᠠᠲᠤᠯᠠᠨ ᠲᠠᠨᠢᠯᠴᠠᠭᠤᠯᠵᠤ᠂ ᠦᠪᠦᠷ ᠮᠤᠩᠭᠤᠯ ᠤ᠋ᠨ ᠡᠪᠡᠰᠦᠨ ᠤ᠋ ᠦᠶ᠋ᠯᠡᠰ ᠤ᠋ᠨ ᠮᠡᠷᠭᠡᠵᠢᠯ ᠤ᠋ᠨ ᠱᠢᠨᠡᠶ᠋ᠢ ᠡᠭᠦᠳᠬᠦ᠌ ᠲᠥᠪ ᠡᠴᠡ ᠪᠡᠯᠡᠳᠭᠡᠨ ᠪᠠᠢᠭᠤᠯᠵᠤ᠂ ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠠᠩᠬᠠᠳᠠᠭ᠍ᠴᠢ ᠨᠤᠲᠤᠭ ᠪᠡᠯᠴᠢᠭᠡᠷ ᠤ᠋ᠨ ᠱᠢᠨ᠎ᠡ ᠡᠭᠦᠯᠳᠡᠷ ᠤ᠋ᠨ ᠰᠢᠯᠭᠠᠨ ᠪᠠᠢᠴᠠᠭᠠᠬᠤ ᠥᠷᠲᠡᠭᠡ ᠪᠣᠯᠬᠤ ᠪᠥᠭᠡᠳ ᠪᠠᠰᠠ ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ 11 ᠳ᠋ᠤᠭᠡᠷ ᠱᠢᠨ᠎ᠡ ᠡᠭᠦᠯᠳᠡᠷ ᠤ᠋ᠨ ᠰᠢᠯᠭᠠᠨ ᠪᠠᠢᠴᠠᠭᠠᠬᠤ ᠥᠷᠲᠡᠭᠡ ᠪᠣᠯᠤᠨ᠎ᠠ᠃ ᠲᠣᠰ ᠥᠷᠲᠡᠭᠡ ᠨᠢ ᠴᠠᠷᠭᠠᠰᠤ ᠵᠢᠨ ᠲᠥᠷᠥᠯ᠂ ᠶᠦᠷᠬᠦᠭ ᠤ᠋ᠨ ᠲᠥᠷᠥᠯ ᠤ᠋ᠨ ᠲᠣᠭᠣᠷᠢᠨ ᠳ᠋ᠤ ᠲᠤᠰᠭᠠᠢᠵᠢᠭ᠍ᠰᠠᠨ ᠤᠷᠭᠤᠮᠠᠯ ᠤ᠋ᠨ ᠱᠢᠨ᠎ᠡ ᠡᠭᠦᠯᠳᠡᠷ ᠢ᠋ ᠱᠢᠯᠭᠠᠨ ᠪᠠᠢᠴᠠᠭᠠᠬᠤ᠂ ᠬᠢᠨᠠᠨ ᠲᠣᠭ᠍ᠲᠠᠭᠠᠬᠤ ᠵᠡᠷᠭᠡ ᠠᠵᠢᠯ ᠢ᠋ ᠥᠷᠨᠢᠭᠦᠯᠵᠦ᠍᠂ ᠡᠪᠡᠰᠦᠨ ᠤ᠋ ᠱᠢᠨ᠎ᠡ ᠡᠭᠦᠯᠳᠡᠷ ᠢ᠋ ᠪᠣᠢᠵᠢᠭᠤᠯᠬᠤ ᠪᠠ ᠬᠠᠮᠠᠭᠠᠯᠠᠬᠤ ᠳ᠋ᠤ ᠥᠨᠳᠥᠷ ᠪᠦᠲᠦᠮᠵᠢᠲᠡᠶ ᠬᠦᠴᠦᠨ ᠨᠡᠮᠡᠷᠢᠯᠡᠬᠦ᠌ ᠪᠣᠯᠤᠨ᠎ᠠ᠃