ᠪᠠᠭᠠᠴᠤᠳ᠎ᠤᠨ ᠬᠣᠱᠢᠭᠤᠴᠢ ᠠᠩᠭᠢ ᠪᠠᠢᠭᠤᠯᠤᠭ᠍ᠳᠠᠭ᠍ᠰᠠᠨ᠎ᠳᠤᠷᠠᠰᠬᠠᠯ᠎ᠤᠨ ᠡᠳᠦᠷ᠎ᠤᠨ ᠭᠤᠤᠯ ᠰᠡᠳᠦᠪᠲᠦ ᠠᠵᠢᠯᠯᠠᠭ᠎ᠠ ᠶᠠᠪᠤᠭ᠍ᠳᠠᠵᠠᠢ
2025-10-21 11:25:39
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 12 ᠎ᠤ᠋ᠨ ᠡᠳᠦᠷ᠂  ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠰᠤᠷᠭᠠᠨ ᠬᠥᠮᠦᠵᠢᠯ᠎ᠦᠨ ᠲᠢᠩᠬᠢᠮ᠂ ᠪᠠᠭᠠᠴᠤᠳ᠎ᠤᠨ ᠠᠵᠢᠯ᠎ᠤᠨ ᠵᠦᠪᠯᠡᠯ ᠡᠴᠡ ᠬᠠᠮᠲᠤᠷᠠᠨ ᠡᠷᠭᠢᠯᠡᠭ᠌ᠰᠡᠨ 《ᠤᠯᠤᠰ᠎ᠢᠶᠠᠨ ᠬᠦᠴᠦᠷᠬᠡᠭ᠌ᠵᠢᠭᠦᠯᠬᠦ᠌ ᠎ᠳᠤ ᠪᠢᠳᠡ ᠪᠤᠢ·ᠱᠢᠨ᠎ᠡ ᠴᠠᠭ ᠦᠶ᠎ᠡ᠎ᠶ᠋ᠢᠨ ᠰᠠᠢᠨ ᠪᠠᠭᠠᠴᠤᠳ ᠪᠣᠯᠬᠤ᠎ᠪᠠᠷ ᠴᠢᠷᠮᠠᠢᠶ᠎ᠠ》 ᠭᠡᠬᠦ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ ᠪᠠᠢᠭᠤᠯᠤᠭ᠍ᠳᠠᠭ᠍ᠰᠠᠨ ᠳᠤᠷᠠᠰᠭᠠᠯ᠎ᠤᠨ ᠡᠳᠦᠷ ᠎ᠦᠨ ᠭᠤᠤᠯ ᠰᠡᠳᠦᠪᠲᠦ ᠠᠵᠢᠯᠯᠠᠭ᠎ᠠ ᠵᠢᠴᠢ ᠪᠥᠬᠥ᠌ ᠣᠷᠣᠨ᠎ᠤ ᠭᠤᠷᠪᠠᠳᠤᠭᠠᠷ ᠬᠤᠭᠤᠴᠠᠭᠠᠨ ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠬᠡᠩᠭᠡᠷᠭᠡ᠎ᠶ᠋ᠢᠨ ᠤᠷᠤᠯᠳᠤᠭᠠᠨ  ᠦᠪᠦᠷ ᠮᠤᠩᠭᠤᠯ ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ ᠎ᠦᠨ ᠰᠤᠷᠭᠠᠭᠤᠯᠢ᠎ᠳᠤ  ᠶᠠᠪᠤᠭ᠍ᠳᠠᠪᠠ᠃

ᠠᠵᠢᠯᠯᠠᠭ᠎ᠠ ᠲᠡᠭᠡᠷ᠎ᠡ  ᠪᠠᠭᠠᠴᠤᠳ᠎ᠤᠨ ᠬᠣᠱᠢᠭᠤᠴᠢ ᠠᠩᠭᠢ ᠵᠢᠨ ᠭᠡᠱᠢᠭᠦᠳ ᠎ᠦᠨ ᠡᠩᠨᠡᠭᠡᠨ᠎ᠳᠦ ᠣᠷᠣᠬᠤ ᠶᠣᠰᠣᠯᠠᠯ ᠶᠠᠪᠤᠭᠤᠯᠵᠤ᠂ 200 ᠭᠠᠷᠤᠢ ᠪᠠᠭᠠᠴᠤᠤᠯ ᠢᠷᠠᠭᠤ ᠠᠯᠳᠠᠷᠲᠠᠢ᠎ᠪᠠᠷ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠵᠣᠬᠢᠶᠠᠨ ᠪᠠᠢᠭᠤᠯᠤᠯᠲᠠ᠎ᠳᠤ ᠣᠷᠤᠵᠤ᠂ ᠳᠡᠳᠡ ᠬᠤᠷᠴᠠ ᠤᠯᠠᠭᠠᠨ ᠪᠦᠴᠡ ᠵᠡᠭᠦᠵᠦ᠍᠂ ᠪᠠᠭᠠᠴᠤᠳ᠎ᠤᠨ ᠬᠤᠰᠢᠭᠤᠴᠢ ᠠᠩᠬᠢ᠎ᠶ᠋ᠢᠨ ᠲᠤᠭ᠎ᠲᠤ ᠲᠥᠪ ᠴᠢᠩᠭ᠎ᠠ᠎ᠪᠠᠷ ᠲᠠᠩᠭᠠᠷᠢᠭ᠍ᠯᠠᠪᠠ᠃

ᠬᠡᠩᠭᠡᠷᠭᠡ ᠵᠢᠨ ᠤᠷᠤᠯᠳᠤᠭᠠᠨ ᠳ᠋ᠦ ᠪᠥᠬᠥ᠌ ᠣᠷᠣᠨ ᠎ᠤ ᠡᠯ᠎ᠡ ᠠᠢᠮᠠᠭ ᠬᠣᠲᠠ᠎ᠶ᠋ᠢᠨ 12 ᠲᠥᠯᠥᠭᠡᠯᠡᠭ᠌ᠴᠢᠳ᠎ᠦᠨ ᠠᠩᠭᠢ᠎ᠶ᠋ᠢᠨ 600 ᠭᠠᠷᠤᠶ ᠬᠡᠩᠭᠡᠷᠭᠡᠨ  ᠠᠩᠭᠢ᠎ᠶ᠋ᠢᠨ ᠭᠡᠱᠢᠭᠦᠨ ᠪᠠ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠬᠠᠪᠰᠤᠷᠤᠨ ᠵᠢᠯᠣᠭᠣᠳᠣᠭ᠍ᠴᠢ ᠣᠷᠣᠯᠴᠠᠵᠤ᠂ ᠤᠯᠠᠭᠠᠨᠬᠠᠳᠠ ᠎ᠶ᠋ᠢᠨ ᠰᠦᠩᠱᠠᠨ ᠲᠣᠭᠣᠷᠢᠭ᠎ᠤᠨ ᠶᠢᠰᠦᠳᠦᠭᠡᠷ ᠳᠤᠮᠳᠠᠳᠤ ᠰᠤᠷᠭᠠᠭᠤᠯᠢ᠎ᠶ᠋ᠢᠨ ᠪᠠᠭ᠎ᠠ ᠰᠤᠷᠭᠠᠭᠤᠯᠢ᠎ᠶ᠋ᠢᠨ ᠬᠡᠯᠲᠡᠰ᠂ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠨᠠᠨ ᠮᠠ  ᠯᠸ᠋   ᠪᠠᠭ᠎ᠠ ᠰᠤᠷᠭᠠᠭᠤᠯᠢ᠎ᠶ᠋ᠢᠨ ᠱᠢᠨᠬᠤᠸᠠ ᠪᠠᠷᠠᠭᠤᠨ ᠵᠡᠭᠡᠯᠢ᠎ᠶ᠋ᠢᠨ ᠰᠤᠷᠭᠠᠭᠤᠯᠢ᠎ᠶ᠋ᠢᠨ ᠲᠣᠭᠣᠷᠢᠭ᠎ᠤᠨ ᠲᠥᠯᠥᠭᠡᠯᠡᠭ᠌ᠴᠢᠳ᠎ᠦᠨ ᠠᠩᠭᠢ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃

ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠬᠡᠩᠭᠡᠷᠭᠡᠨ ᠠᠩᠭᠢ ᠪᠣᠯ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠰᠠᠭᠤᠷᠢ ᠪᠦᠲᠦᠭᠡᠨ ᠪᠠᠢᠭᠤᠯᠤᠯᠲᠠ ᠪᠠ ᠶᠣᠰᠣᠯᠠᠯ᠎ᠤᠨ ᠬᠥᠮᠦᠵᠢᠯ᠎ᠦᠨ ᠴᠢᠬᠤᠯᠠ ᠠᠭᠤᠯᠭ᠎ᠠ ᠪᠤᠯᠤᠨ᠎ᠠ᠃ ᠤᠢᠯᠠᠭᠠᠬᠰᠠᠨ ᠵᠢᠡᠷ᠂ ᠥᠪᠡᠷᠲᠡᠭᠡᠨ ᠵᠠᠰᠠᠬᠤ ᠣᠷᠣᠨ ᠎ᠤ ᠡᠪᠯᠡᠯ᠎ᠦᠨ ᠬᠣᠷᠢᠶ᠎ᠠ᠂ ᠪᠠᠭᠠᠴᠤᠳ᠎ᠤᠨ ᠠᠵᠢᠯ᠎ᠤᠨ ᠵᠦᠪᠯᠡᠯ ᠲᠣᠰ ᠤᠳᠠᠭᠠᠨ ᠎ᠤ ᠤᠷᠤᠯᠳᠤᠭᠠᠨ᠎ᠢᠶᠠᠷ ᠠᠵᠠ ᠲᠣᠬᠢᠶᠠᠯ ᠪᠣᠯᠭᠠᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠵᠣᠬᠢᠶᠠᠨ ᠪᠠᠢᠭᠤᠯᠤᠯᠲᠠ ᠎ᠶ᠋ᠢᠨ ᠱᠢᠨ᠎ᠡ ᠎ᠶ᠋ᠢ ᠡᠭᠦᠳᠬᠦ᠌ ᠪᠠ ᠠᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠠᠬᠢᠭᠤᠯᠵᠤ᠂ ᠪᠠᠭᠠᠴᠤᠳ ᠎ᠤᠨ ᠬᠣᠱᠢᠭᠤᠴᠢ ᠠᠩᠭᠢ ᠎ᠶ᠋ᠢᠨ 《ᠰᠠᠭᠤᠷᠢ》ᠢᠨᠵᠧᠨᠧᠷᠢᠩ᠎ᠢ ᠭᠦᠨᠵᠡᠭᠡᠶ ᠨᠠᠢᠳᠠᠪᠤᠷᠢᠵᠢᠭᠤᠯᠵᠤ᠂  ᠪᠠᠭᠠᠴᠤᠳ ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠎ᠦ ᠢᠷᠠᠭᠤ ᠠᠯᠳᠠᠷᠲᠤ ᠰᠡᠳᠭᠢᠯᠭᠡ ᠪᠠ ᠬᠠᠷᠢᠶᠠᠯᠠᠭ᠍ᠳᠠᠬᠤ ᠰᠡᠳᠭᠢᠯᠭᠡ᠎ᠶ᠋ᠢ ᠤᠯᠠᠮ ᠨᠢᠭᠡ ᠠᠯᠬᠤᠮ ᠨᠡᠮᠡᠭ᠌ᠳᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号