ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠡᠴᠡ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠭ᠌ᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠰᠤᠳᠤᠨᠴᠢᠳᠠᠪᠤᠷᠢᠲᠠᠨᠢ ᠦᠷᠭᠡᠨ᠎ᠢᠶᠡᠷ ᠤᠷᠢᠨ ᠡᠯᠰᠡᠵᠦ᠍ ᠣᠶᠤᠨ ᠤᠬᠠᠭᠠᠨ ᠢ᠋ ᠬᠤᠷᠠᠮᠳᠤᠭᠤᠯᠤᠨ ᠥᠪᠥᠷ ᠮᠣᠩᠭᠣᠯ᠎ᠢᠶᠠᠨ ᠮᠠᠨᠳᠤᠭᠤᠯᠬᠤ》 ᠣᠷᠣᠨ᠎ᠤ ᠭᠠᠳᠠᠨ᠎ᠠ᠎ᠠᠴᠠ ᠴᠢᠳᠠᠪᠤᠷᠢᠲᠠᠨ ᠤᠷᠢᠨ ᠡᠯᠰᠡᠬᠦ ᠠᠵᠢᠯᠯᠠᠭ᠎ᠠ 10 ᠰᠠᠷ᠎ᠠ᠎ᠶ᠋ᠢᠨ 13 ᠤ᠋ ᠡᠳᠦᠷ ᠡᠴᠡ ᠡᠬᠢᠯᠡᠵᠤ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠲᠠᠰ ᠦᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ᠎ᠤᠨ ᠲᠤᠰᠭᠠᠶ ᠠᠩᠭᠢ ᠤᠷᠢᠳ ᠬᠣᠵᠢᠳ 10 ᠰᠠᠷ᠎ᠠ᠎ᠶ᠋ᠢᠨ 13 ᠤ᠋ ᠡᠳᠦᠷ᠂ 14 ᠤ᠋ ᠡᠳᠦᠷ᠂ 16 ᠤ᠋ ᠡᠳᠦᠷ ᠪᠠᠷᠠᠭᠤᠨ ᠬᠣᠢᠲᠤ᠎ᠶ᠋ᠢᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠯᠠᠨᠵᠧᠸ᠋ ᠶᠡᠬᠡ ᠰᠤᠷᠭᠠᠭᠤᠯᠢ᠎ᠳᠤ ᠬᠦᠷᠴᠦ᠍ ᠲᠤᠰᠭᠠᠶ ᠤᠷᠢᠨ ᠡᠯᠰᠡᠬᠦ ᠴᠤᠬᠯᠠᠭᠠᠨ ᠥᠷᠨᠢᠭᠦᠯᠪᠡ᠃
《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠢ ᠠᠬᠢᠭᠤᠯᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠤᠭ᠍ᠰᠠᠨ᠎ᠤ ᠬᠤᠪᠢ᠎ᠳᠤ᠂ ᠲᠣᠰ ᠤᠳᠠᠭᠠᠨ᠎ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠪᠣᠯᠤᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠪᠥᠲᠥᠭᠡᠨ ᠪᠠᠢᠭᠤᠯᠤᠯᠲᠠ ᠯᠤᠭ᠎ᠠ ᠨᠢᠭ᠍ᠲᠠ ᠤᠶᠠᠯᠳᠤᠵᠤ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠂ ᠲᠣᠨᠣᠭ᠍ᠯᠠᠯ ᠦᠢᠯᠡᠳᠬᠦ᠂ ᠲᠣᠭᠠᠴᠢᠯᠠᠭ᠍ᠰᠠᠨ ᠠᠵᠤ ᠠᠬᠤᠶ ᠵᠡᠷᠭᠡ ᠭᠤᠤᠯᠳᠠᠯᠭ᠎ᠠ᠎ᠲᠠᠶ ᠬᠦᠷᠢᠶᠡᠨ ᠳ᠋ᠤ ᠠᠨᠭᠬᠠᠷᠤᠯ᠎ᠢᠶᠡᠨ ᠲᠦᠪᠯᠡᠷᠡᠬᠦᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ 2025 ᠣᠨ᠎ᠤ ᠣᠷᠣᠨ᠎ᠤ ᠭᠠᠳᠠᠨ᠎ᠠ᠎ᠠᠴᠠ ᠴᠢᠳᠠᠪᠤᠷᠢᠲᠠᠨ ᠤᠷᠢᠨ ᠡᠯᠰᠡᠬᠦ ᠴᠤᠬᠯᠠᠭᠠᠨ᠎ᠤ ᠳᠡᠭᠡᠳᠦ ᠲᠠᠰ᠎ᠦᠨ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠭᠠᠷᠴᠠᠭ》 ᠢ᠋ ᠡᠯᠰᠡᠨ ᠨᠠᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ᠎ᠤ ᠬᠦᠷᠢᠶᠡᠯᠡᠩ ᠭᠠᠵᠠᠷ᠂ ᠭᠤᠤᠯᠳᠠᠯᠭ᠎ᠠ᠎ᠲᠠᠶ ᠠᠵᠤ ᠠᠬᠤᠢᠯᠠᠯ ᠵᠢᠴᠢ ᠡᠯ᠎ᠡ ᠠᠢᠮᠠᠭ ᠬᠣᠲᠠ᠎ᠶ᠋ᠢᠨ 239 ᠬᠥᠮᠦᠨ ᠬᠡᠷᠡᠭ᠌ᠯᠡᠬᠦ᠌ ᠨᠢᠭᠡᠴᠢ᠎ᠶ᠋ᠢᠨ 959 ᠠᠵᠢᠯ᠎ᠤᠨ ᠪᠠᠢᠷᠢ᠂ 2491 ᠬᠥᠮᠦᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠵᠢ ᠬᠠᠮᠤᠷᠴᠠᠢ᠃ ᠡᠭᠦᠨ᠎ᠳᠦ ᠳ᠋ᠣᠺᠲ᠋ᠣᠷᠠᠨᠲ1652 ᠬᠥᠮᠦᠨ᠂ ᠠᠰᠫᠢᠷᠠᠨᠲ 593 ᠬᠥᠮᠦᠨ᠂ ᠶᠡᠬᠡ ᠰᠤᠷᠭᠠᠭᠤᠯᠢ᠎ᠶ᠋ᠢᠨ ᠵᠢᠩᠬᠢᠨᠢ ᠠᠩᠭᠢ᠎ᠶ᠋ᠢᠨ ᠰᠤᠷᠤᠭ᠍ᠴᠢ 246 ᠬᠥᠮᠦᠨ ᠪᠤᠢ᠃ ᠪᠠᠷᠠᠭᠤᠨ ᠬᠣᠢᠲᠤ ᠣᠷᠣᠨ᠎ᠤ 3 ᠲᠠᠯᠠᠪᠤᠷ ᠠᠵᠢᠯᠲᠠᠨ ᠤᠷᠢᠨ ᠡᠯᠰᠡᠬᠦ᠌ ᠴᠤᠬᠯᠠᠭᠠᠨ᠎ᠳᠤ ᠨᠡᠢᠲᠡ 32 ᠬᠥᠮᠦᠨ ᠬᠡᠷᠡᠭ᠌ᠯᠡᠬᠦ᠌ ᠨᠢᠭᠡᠴᠢ᠎ᠶ᠋ᠢ ᠵᠣᠬᠢᠶᠠᠨ ᠪᠠᠢᠭᠤᠯᠤᠨ ᠣᠷᠣᠯᠴᠠᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠨᠢᠭᠡᠳ ᠨᠢᠭᠡ᠎ᠪᠡᠷ ᠨᠢᠭᠤᠷᠲᠠᠨ ᠶᠠᠷᠢᠯᠴᠠᠬᠤ ᠵᠡᠷᠭᠡ ᠬᠡᠯᠪᠡᠷᠢ᠎ᠵᠢ ᠠᠪᠴᠠᠢ᠃ ᠨᠡᠢᠲᠡ 2230 ᠭᠠᠷᠤᠶ ᠬᠥᠮᠦᠨ ᠤᠳᠠᠭ᠎ᠠ ᠲᠤᠬᠠᠶ᠎ᠶ᠋ᠢᠨ ᠲᠠᠯᠠᠪᠤᠷ᠎ᠲᠤ ᠬᠦᠷᠦᠯᠴᠠᠨ ᠢᠷᠡᠵᠦ᠍ ᠠᠰᠠᠭᠤᠨ ᠯᠠᠪᠯᠠᠵᠤ᠂ 578 ᠬᠥᠮᠦᠨ ᠤᠳᠠᠭ᠎ᠠ ᠠᠩᠬ᠎ᠠ ᠠᠯᠬᠤᠮ᠎ᠤᠨ ᠠᠵᠢᠯ ᠣᠯᠭᠣᠯᠲᠠ᠎ᠶ᠋ᠢᠨ ᠰᠠᠨᠠᠮᠵᠢᠲᠤᠬᠳᠠᠪᠠ᠃
《ᠰᠤᠳᠤᠨ ᠴᠢᠳᠠᠪᠤᠷᠢᠲᠠᠨ ᠢᠶᠠᠷ ᠥᠪᠥᠷ ᠮᠣᠩᠭᠣᠯ ᠢᠶᠠᠨ ᠮᠠᠨᠳᠤᠭᠤᠯᠬᠤ》 ᠢᠨᠵᠧᠨᠧᠷᠢᠩ ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ ᠪᠥᠬᠥ᠌ ᠣᠷᠣᠨ᠎ᠳᠤ 1— 6 ᠲᠥᠷᠥᠯ᠎ᠦᠨ ᠴᠢᠳᠠᠪᠤᠷᠢᠲᠠᠨ ᠢ 6800 ᠦᠨᠡᠯᠡᠨ ᠲᠣᠭ᠍ᠲᠠᠭᠠᠵᠤ᠂ ᠳ᠋ᠣᠺᠲ᠋ᠣᠷ᠎ᠠᠴᠠ ᠳᠡᠭᠡᠭ᠌ᠰᠢᠬᠢ ᠳᠡᠭᠡᠳᠦ ᠲᠠᠰ᠎ᠤᠨ ᠴᠢᠳᠠᠪᠤᠷᠢᠲᠠᠨ᠎ᠢ 1200 ᠬᠦᠮᠦᠨ ᠱᠢᠨ᠎ᠡ ᠪᠡᠷ ᠣᠷᠣᠭᠤᠯᠤᠨ ᠠᠪᠴᠢᠷᠠᠵᠠᠶ᠃ ᠲᠠᠷᠠᠭᠠᠴᠢ᠎ᠶ᠋ᠢᠨ ᠠᠯᠬᠤᠮ᠎ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ᠎ᠤ ᠭᠠᠳᠠᠨᠠᠬᠢ ᠡᠯ᠎ᠡ ᠭᠤᠤᠯᠳᠠᠯᠭ᠎ᠠ᠎ᠲᠠᠶ ᠶᠡᠬᠡ ᠳᠡᠭᠡᠳᠦ ᠰᠤᠷᠭᠠᠭᠤᠯᠢ᠎ᠯᠤᠭ᠎ᠠ᠎ᠶ᠋ᠢᠨ ᠬᠠᠮᠲᠤᠷᠠᠯᠴᠠᠭ᠎ᠠ ᠵᠣᠯᠭᠠᠯᠴᠠᠭ᠎ᠠ᠎ᠪᠠᠨ ᠭᠦᠨᠵᠡᠭᠡᠢᠷᠡᠭᠦᠯᠵᠦ᠍᠂ ᠴᠢᠳᠠᠪᠤᠷᠢᠲᠠᠨ᠎ᠳᠤ ᠠᠱᠢᠭ ᠬᠦᠷᠲᠡᠭᠡᠬᠦ᠌ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ ᠶ᠋ᠢ ᠪᠥᠬᠥ᠌ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠴᠢᠳᠠᠪᠤᠷᠢᠲᠠᠨ᠎ᠤ ᠬᠥᠳᠡᠯᠦᠩᠭᠦᠶ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠴᠢᠳᠠᠪᠤᠷᠢᠲᠠᠨ᠎ᠤ ᠦᠶ᠋ᠯᠡᠴᠢᠯᠡᠭᠡᠨ᠎ᠦ ᠠᠮᠢ ᠠᠬᠤᠶ ᠶ᠋ᠢ ᠱᠢᠯᠢᠳᠡᠭ᠌ᠵᠢᠭᠦᠯᠵᠦ᠍᠂ ᠡᠯ᠎ᠡ ᠲᠥᠷᠥᠯ ᠦᠨ ᠴᠢᠳᠠᠪᠤᠷᠢᠲᠠᠨ᠎ᠢ ᠰᠡᠳᠭᠢᠯ ᠲᠠᠭᠠᠯᠠᠮᠵᠢᠲᠠᠶ᠂ ᠰᠠᠨᠠᠭ᠎ᠠ ᠠᠮᠤᠷ ᠠᠵᠢᠯᠯᠠᠭᠤᠯᠵᠤ᠂ ᠳᠤᠮᠳᠠᠳᠤ ᠤᠯᠤᠰ ᠤᠨ ᠮᠠᠶᠢᠭ᠎ᠦᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠪᠤᠯᠤᠨ᠎ᠠ᠃