ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠲᠥᠯᠥᠭᠡ᠂ ᠲᠦᠷᠦᠬᠦᠭᠡᠨ ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠶ ᠰᠡᠳᠦᠪᠲᠦ ᠨᠠᠮ᠎ᠤᠨ ᠬᠢᠴᠢᠶᠡᠯ ᠡᠷᠭᠢᠯᠡᠪᠡ᠃
ᠲᠤᠰᠭᠠᠢ ᠰᠡᠳᠦᠪᠲᠦ ᠨᠠᠮ᠎ᠤᠨ ᠬᠢᠴᠢᠶᠡᠯ ᠳᠡᠭᠡᠷ᠎ᠡ᠂ ᠬᠦᠬᠡᠬᠣᠲᠠ᠎ᠶ᠋ᠢᠨ ᠵᠡᠮᠳᠡᠭ᠌ᠴᠦᠳ᠎ᠤ᠋ᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠣᠣᠯ ᠬᠠᠷᠢᠭᠤᠴᠠᠯᠭᠠᠲᠠᠨ ᠡᠴᠡ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠢᠳᠤᠨ᠎ᠳᠤ ᠦᠵᠡᠭᠳᠡᠮ᠎ᠡ ᠭᠠᠷ᠎ᠲᠤ ᠪᠠᠷᠢᠬᠳᠠᠮ᠎ᠠ ᠰᠡᠳᠬᠢᠯ᠎ᠳᠤ ᠰᠠᠭᠤᠬᠳᠠᠮ᠎ᠠ ᠪᠠᠲᠤ ᠴᠣᠭ᠍ᠴᠠᠯᠠᠬᠤ》 ᠪᠠᠷ ᠰᠡᠳᠦᠪ ᠪᠣᠯᠭᠠᠵᠤ᠂ ᠨᠠᠮ᠎ᠤᠨ ᠦᠨᠳᠦᠰᠦᠲᠡᠨ᠎ᠦ ᠲᠥᠷᠦ᠍᠎ᠶ᠋ᠢᠨ ᠪᠣᠳᠣᠯᠭ᠎ᠠ ᠬᠢᠭᠡᠳ ᠱᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠬᠥᠭ᠌ᠵᠢᠯᠲᠡ᠂ ᠨᠠᠮ᠎ᠤᠨ ᠦᠨᠳᠦᠰᠦᠲᠡᠨ᠎ᠦ ᠠᠵᠢᠯ᠎ᠤᠨ ᠣᠯᠤᠭ᠍ᠰᠠᠨ ᠲᠡᠦᠬᠡᠲᠦ ᠴᠢᠨᠠᠷᠲᠠᠢ ᠠᠮᠵᠢᠯᠲᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠢᠳᠤᠨ᠎ᠳᠤ ᠦᠵᠡᠭᠳᠡᠮ᠎ᠡ ᠭᠠᠷ᠎ᠲᠤ ᠪᠠᠷᠢᠬᠳᠠᠮ᠎ᠠ ᠰᠡᠳᠬᠢᠯ᠎ᠳᠤ ᠰᠠᠭᠤᠬᠳᠠᠮ᠎ᠠ ᠪᠠᠲᠤ ᠴᠣᠭ᠍ᠴᠠᠯᠠᠬᠤ ᠳᠥᠷᠪᠡᠨ ᠲᠠᠯ᠎ᠠ᠎ᠵᠢᠨ ᠠᠭᠤᠯᠭ᠎ᠠ᠎ᠶᠢ ᠬᠦᠬᠡᠬᠤᠲᠠ᠎ᠶ᠋ᠢᠨ ᠵᠡᠮᠳᠡᠭ᠌ᠴᠦᠳ᠎ᠤ᠋ᠨ ᠠᠵᠢᠯ᠎ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠲᠤ ᠨᠢᠭᠡᠨ ᠤᠳᠠᠭ᠎ᠠ᠎ᠶᠢᠨ ᠪᠠᠶᠠᠯᠢᠭ ᠠᠭᠤᠯᠭ᠎ᠠ᠎ᠲᠠᠶ᠂ ᠭᠦᠨ ᠭᠦᠨᠵᠡᠭᠡᠢ ᠠᠴᠢ ᠬᠣᠯᠪᠣᠭ᠍ᠳᠠᠯ ᠪᠦᠬᠦᠢ ᠲᠤᠰᠭᠠᠢ ᠰᠡᠳᠦᠪᠲᠦ ᠨᠠᠮ᠎ᠤᠨ ᠬᠢᠴᠢᠶᠡᠯ ᠤᠷᠤᠪᠠ᠃
ᠳᠤᠰ ᠤᠳᠠᠭᠠᠨ᠎ᠤ ᠨᠠᠮ᠎ᠤᠨ ᠬᠢᠴᠢᠶᠡᠯ᠎ᠢᠶᠡᠷ ᠳᠠᠮᠵᠢᠨ᠂ ᠨᠠᠮ᠎ᠤᠨ ᠭᠡᠱᠢᠭᠦᠨ ᠺᠠᠳ᠋ᠷᠴᠤᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ᠎ᠳᠦ ᠨᠠᠩ ᠪᠦᠬᠦ᠌ ᠲᠠᠯ᠎ᠠ᠎ᠶ᠋ᠢᠨ ᠲᠠᠨᠢᠯᠲᠠ᠎ᠲᠠᠶ ᠪᠤᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠵᠡᠮᠳᠡᠭ᠌ᠴᠦᠳ᠎ᠦᠨ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠦ᠂ ᠵᠡᠮᠳᠡᠭ᠌ᠴᠦᠳ ᠤ᠋ᠨ ᠡᠷᠡᠭᠦᠯᠵᠢᠯ᠂ ᠰᠤᠷᠭᠠᠨ ᠬᠦᠮᠦᠵᠢᠯ᠂ ᠠᠵᠢᠯ ᠤᠯᠭᠤᠯᠲᠠ᠂ ᠨᠠᠢᠳᠠᠨ ᠠᠰᠠᠷᠠᠭᠤᠯᠬᠤ᠂ ᠡᠷᠬᠡ᠎ᠪᠡᠨ ᠬᠠᠮᠠᠭᠠᠯᠠᠬᠤ᠎ᠶ᠋ᠢ ᠪᠠᠲᠤᠯᠠᠬᠤ ᠵᠡᠷᠭᠡ ᠲᠠᠯ᠎ᠠ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠂ ᠦᠨᠳᠦᠰᠦᠲᠡᠨ᠎ᠨᠦᠭᠦᠳ᠎ᠦᠨ ᠵᠡᠮᠳᠡᠭ᠌ᠴᠦᠳ᠎ᠲᠦ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠦᠨ᠎ᠡ ᠭᠡᠵᠦ ᠢᠯᠡᠳᠭᠡᠵᠡᠭᠡᠪᠡ᠃