ᠥᠪᠥᠷ ᠮᠣᠩᠭᠣᠯ᠎ᠤᠨ 2 ᠲᠥᠷᠥᠯ ᠵᠦᠶ᠋ᠯ 2025 ᠣᠨ᠎ᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢᠨ ᠪᠥᠬᠥ᠌ ᠤᠯᠤᠰ᠎ᠤᠨ ᠲᠤᠷᠱᠢᠯᠲᠠ᠎ᠶ᠋ᠢᠨ ᠲᠥᠷᠥᠯ ᠵᠦᠶ᠋ᠯ ᠳ᠋ᠤ ᠰᠣᠩᠭᠣᠭ᠍ᠳ
2025-10-22 10:15:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠎ᠦ ᠬᠡᠷᠡᠭ ᠡᠷᠬᠢᠯᠡᠬᠦ ᠵᠥᠪᠯᠡᠯ ᠎ᠡᠴᠡ ᠣᠢᠯᠠᠭᠠᠭ᠍ᠰᠠᠨ᠎ᠢᠶᠠᠷ᠂ ᠤᠯᠤᠰ᠎ᠤᠨ ᠦᠨᠳᠦᠰᠦᠲᠡᠨ ᠎ᠦ ᠬᠡᠷᠡᠭ ᠡᠷᠭᠢᠯᠡᠬᠦ᠌ ᠵᠥᠪᠯᠡᠯ ᠣᠢᠷ᠎ᠠ ᠎ᠳᠤ 2025 ᠣᠨ᠎ᠤ ᠦᠨᠳᠦᠰᠦᠲᠡᠨ᠎ᠨᠦᠭᠦᠳ ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢᠨ ᠪᠥᠬᠥ᠌ ᠤᠯᠤᠰ᠎ᠤᠨ ᠲᠤᠷᠱᠢᠯᠲᠠ᠎ᠶ᠋ᠢᠨ ᠴᠡᠭ᠎ᠦᠨ ᠲᠥᠷᠥᠯ ᠵᠦᠶ᠋ᠯ ᠎ᠦᠨ ᠨᠡᠷᠡᠰ᠎ᠢ ᠨᠡᠢᠲᠡᠯᠡᠪᠠ᠃ ᠡᠭᠦᠨ᠎ᠳᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠨᠡᠢᠭᠡᠮᠯᠢᠭ᠎ᠦᠨ《ᠡᠬᠡ ᠤᠯᠤᠰ᠎ᠤᠨ ᠡᠯᠢᠭᠡᠨ᠎ᠳᠦ ᠦᠰᠤᠨ ᠪᠣᠢᠵᠢᠨᠠᠮ》 ᠭᠡᠬᠦ ᠪᠥᠬᠥ᠌ ᠤᠯᠤᠰ᠎ᠤᠨ 5 ᠥᠪᠡᠷᠲᠡᠭᠡᠨ ᠵᠠᠰᠠᠬᠤ ᠣᠷᠣᠨ ᠎ᠤ ᠦᠨᠳᠦᠰᠦᠲᠡᠨ᠎ᠨᠦᠭᠦᠳ᠎ᠦᠨ ᠪᠠᠭᠠᠴᠤᠳ ᠬᠡᠦᠬᠡᠳ ᠎ᠦᠨ ᠥᠪᠥᠷ ᠮᠣᠩᠭᠣᠯ᠎ᠳᠡᠬᠢ ᠦᠶ᠋ᠯᠡᠳᠦᠯᠭᠡ ᠰᠣᠯᠢᠯᠴᠠᠭ᠎ᠠ ᠵᠢᠨ ᠬᠤᠸᠠᠷᠠᠨ᠂ ᠦᠬᠠᠶ ᠬᠣᠲᠠ᠎ᠶ᠋ᠢᠨ《ᠠᠨᠠᠷ ᠎ᠤᠨ  ᠦᠷ᠎ᠡ ᠨᠢᠭᠡ ᠬᠡᠷ ᠤ᠋ᠨ ᠬᠦᠮᠤᠨ ᠮᠠᠲᠤ ᠲᠤᠲᠤᠨᠤ·ᠦᠨᠳᠦᠰᠦᠲᠡᠨ ᠎ᠦ ᠪᠦᠯᠬᠦᠮᠳᠡᠯ ᠎ᠢᠶᠡᠷ ᠰᠡᠳᠭᠢᠯ ᠵᠢᠷᠦᠬᠡ᠎ᠪᠡᠨ ᠬᠣᠯᠪᠣᠬᠤ》 ᠦᠨᠳᠦᠰᠦᠲᠡᠨ᠎ᠨᠦᠭᠦᠳ ᠎ᠦᠨ ᠵᠠᠯᠠᠭᠤᠴᠤᠳ ᠪᠠᠭᠠᠴᠤᠳ ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠥᠷᠥᠯ ᠵᠦᠶ᠋ᠯ ᠳᠤᠰ ᠨᠡᠷᠡᠰ᠎ᠲᠦ ᠲᠣᠳᠣᠷᠠᠵᠠᠢ᠃

ᠣᠢᠯᠠᠭᠠᠭ᠍ᠰᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠨᠡᠢᠭᠡᠮᠯᠢᠭ᠎ᠦᠨ《ᠡᠬᠡ ᠤᠯᠤᠰ᠎ᠤᠨ ᠡᠯᠢᠭᠡᠨ᠎ᠳᠦ ᠦᠰᠤᠨ ᠪᠣᠢᠵᠢᠨᠠᠮ》 ᠭᠡᠬᠦ ᠪᠥᠬᠥ᠌ ᠤᠯᠤᠰ ᠎ᠤᠨ 5 ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ᠎ᠦᠨ ᠪᠠᠭᠠᠴᠤᠳ ᠬᠡᠦᠬᠡᠳ ᠎ᠦᠨ ᠥᠪᠥᠷ ᠮᠣᠩᠭᠣᠯ᠎ᠳᠡᠬᠢ ᠦᠶ᠋ᠯᠡᠳᠦᠯᠭᠡ ᠰᠣᠯᠢᠯᠴᠠᠭ᠎ᠠ ᠵᠢᠨ ᠬᠤᠸᠠᠷᠠᠨ  ᠤ᠋ ᠲᠥᠷᠥᠯ ᠵᠦᠶ᠋ᠯ ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠠᠵᠢᠯ᠎ᠤᠨ ᠨᠡᠢᠭᠡᠮᠯᠢᠭ᠎ᠡᠴᠡ ᠭᠤᠶᠤᠴᠢᠯᠠᠨ ᠮᠡᠳᠡᠭᠦᠯᠵᠤ᠂ ᠪᠠᠭᠠᠴᠤᠳ ᠬᠡᠦᠬᠡᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠵᠢ ᠬᠥᠮᠦᠵᠢᠭᠦᠯᠦᠨ ᠵᠢᠯᠣᠭᠣᠳᠴᠤ᠌᠂ ᠵᠢᠱ᠌ᠢᠯᠲᠡ᠎ᠪᠡᠷ ᠥᠪᠥᠷ ᠮᠣᠩᠭᠣᠯ᠂ ᠨᠢᠩᠱᠢᠶᠠ᠂ ᠭᠤᠸᠠᠩᠰᠢ᠂ ᠱᠢᠨᠵᠢᠶᠠᠩ᠂ ᠲᠥᠪᠡᠳ 5 ᠥᠪᠡᠷᠲᠡᠭᠡᠨ ᠵᠠᠰᠠᠬᠤ ᠣᠷᠣᠨ ᠪᠠ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠡᠯ᠎ᠡ ᠦᠨᠳᠦᠰᠦᠲᠡᠨ᠎ᠦ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ᠂ ᠤᠯᠠᠭᠠᠨ ᠪᠥᠴᠡᠲᠡᠨ᠎ᠦ ᠲᠠᠢᠯᠪᠤᠷᠢᠯᠠᠭ᠍ᠴᠢ 100 ᠬᠥᠮᠦᠨ᠎ᠢ ᠬᠠᠮᠤᠷᠬᠤ ᠪᠣᠯᠤᠨ᠎ᠠ᠃

ᠦᠬᠠᠶ ᠬᠣᠲᠠ᠎ᠶ᠋ᠢᠨ 《ᠠᠨᠠᠷ᠎ᠤᠨ ᠦᠷ᠎ᠡ ᠨᠢᠭᠡ ᠬᠡᠷ ᠤ᠋ᠨ ᠬᠦᠮᠤᠨ ᠮᠠᠲᠤ ᠲᠤᠲᠤᠨᠤ·ᠦᠨᠳᠦᠰᠦᠲᠡᠨ᠎ᠦ ᠪᠦᠯᠬᠦᠮᠳᠡᠯ᠎ᠢᠶᠡᠷ ᠰᠡᠳᠭᠢᠯ ᠵᠢᠷᠦᠬᠡ᠎ᠪᠡᠨ ᠬᠣᠯᠪᠣᠬᠤ》  ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠥᠷᠥᠯ ᠵᠦᠶ᠋ᠯ᠎ᠢ ᠦᠬᠠᠶ ᠬᠣᠲᠠ᠎ᠶ᠋ᠢᠨ ᠤᠭ ᠰᠠᠨᠠᠭ᠎ᠠ ᠨᠡᠢᠭᠡᠮ᠎ᠦᠨ ᠠᠵᠢᠯ᠎ᠤᠨ ᠦᠶ᠋ᠯᠡᠴᠢᠯᠡᠭᠡᠨ᠎ᠦ ᠲᠥᠪ᠎ᠡᠴᠡ ᠭᠤᠶᠤᠴᠢᠯᠠᠨ ᠮᠡᠳᠡᠭᠦᠯᠵᠤ᠂ ᠲᠣᠰ ᠲᠥᠷᠥᠯ ᠵᠦᠶ᠋ᠯ ᠨᠢ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ ᠬᠣᠣᠰ ᠴᠢᠭ᠌ᠯᠡᠯ ᠎ᠢᠶᠡᠷ ᠰᠣᠯᠢᠯᠴᠠᠬᠤ᠂ ᠶᠤᠰᠤ ᠰᠤᠷᠳᠠᠬᠤᠨ ᠵᠢᠡᠷ ᠬᠥᠮᠦᠨ᠎ᠢ ᠬᠥᠮᠦᠵᠢᠭᠦᠯᠬᠦ᠂ ᠦᠶ᠋ᠯᠡᠳᠦᠯᠭᠡ ᠎ᠪᠡᠷ ᠬᠥᠮᠦᠨ᠎ᠢ ᠬᠥᠮᠦᠵᠢᠭᠦᠯᠬᠦ᠌ ᠭᠤᠷᠪᠠᠨ ᠶᠡᠬᠡ ᠭᠤᠤᠯᠳᠠᠯᠭ᠎ᠠ᠎ᠪᠠᠷ ᠭᠠᠷᠳᠠᠴᠠ ᠪᠣᠯᠭᠠᠵᠤ᠂ ᠦᠬᠠᠶ ᠬᠣᠲᠠ ᠪᠣᠯᠤᠨ ᠪᠡᠭᠡᠵᠢᠩ ᠬᠣᠲᠠ᠂ ᠭᠦᠶ᠋ᠶᠠᠩ ᠬᠣᠲᠠ ᠵᠡᠷᠭᠡ ᠭᠠᠵᠠᠷ᠎ᠤᠨ ᠵᠠᠯᠠᠭᠤᠴᠤᠳ ᠪᠠᠭᠠᠴᠤᠳ᠎ᠲᠦ ᠣᠷᠣᠨ ᠪᠦᠰᠡ ᠠᠯᠤᠰᠯᠠᠭ᠍ᠰᠠᠨ ᠰᠣᠯᠢᠯᠴᠠᠭᠠᠨ᠎ᠤ ᠲᠠᠪᠴᠠᠩ ᠪᠠᠢᠭᠤᠯᠵᠤ᠂ ᠲᠤᠬᠠᠶ᠎ᠶ᠋ᠢᠨ ᠭᠠᠵᠠᠷ᠎ᠲᠤ ᠲᠣᠭᠣᠷᠢᠨ ᠦᠵᠡᠵᠦ ᠪᠡᠶᠡᠴᠢᠯᠡᠨ ᠣᠢᠯᠠᠭᠠᠬᠤ ᠵᠡᠷᠭᠡ ᠣᠯᠠᠨ ᠬᠡᠯᠪᠡᠷᠢ ᠪᠠᠷ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠬᠠᠷᠢᠯᠴᠠᠨ ᠬᠤᠷᠰᠢᠯᠴᠠᠬᠤ ᠳᠤᠮᠳᠠ ᠳᠤᠮᠳᠠᠳᠤ᠎ᠶ᠋ᠢᠨ ᠲᠡᠦᠬᠡ᠎ᠶ᠋ᠢᠨ ᠳᠤᠬᠠᠢ ᠳᠠᠨᠢᠯᠳᠠ ᠪᠠᠨ ᠭᠦᠨᠵᠡᠭᠡᠢᠷᠡᠭᠦᠯᠵᠤ᠂  ᠰᠣᠶᠣᠯ᠎ᠤᠨ ᠲᠠᠨᠢᠨ ᠮᠡᠳᠡᠬᠦᠶ᠂ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠨᠡᠮᠡᠭ᠌ᠳᠡᠭᠦᠯᠤᠨ᠂ ᠵᠢᠱ᠌ᠢᠯᠲᠡ᠎ᠪᠡᠷ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ 1000 ᠭᠠᠷᠤᠶ ᠬᠥᠮᠦᠨ᠎ᠢ ᠬᠠᠮᠤᠷᠬᠤ ᠪᠣᠯᠤᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠬᠡᠢᠯᠡᠬᠦ᠌᠎ᠳᠡᠭᠡᠨ᠂ ᠲᠠᠷᠠᠭᠠᠴᠢ᠎ᠶ᠋ᠢᠨ ᠠᠯᠬᠤᠮ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢ ᠦᠷᠭᠦᠯᠵᠢᠯᠡᠨ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠰᠣᠯᠢᠯᠴᠠᠭ᠎ᠠ ᠬᠢᠵᠦ᠍ ᠰᠤᠳᠤᠯᠤᠨ ᠰᠤᠷᠤᠯᠴᠠᠬᠤ ᠱᠢᠷᠢᠰ ᠠᠵᠢᠯᠯᠠᠭ᠎ᠠ᠎ᠪᠠᠷ ᠳᠠᠮᠵᠢᠨ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠤᠭᠴᠠᠯᠠᠵᠦ᠂ ᠦᠨᠳᠦᠰᠦᠲᠡᠨ᠎ᠨᠦᠭᠦᠳ ᠎ᠦᠨ ᠵᠠᠯᠠᠭᠤᠴᠤᠳ ᠪᠠᠭᠠᠴᠤᠳ᠎ᠤᠨ ᠥᠷᠭᠡᠨ ᠳᠡᠯᠭᠡᠷ ᠶᠠᠪᠤᠯᠴᠠᠭ᠎ᠠ᠂ ᠪᠥᠬᠥ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠠᠮᠠᠭᠠᠯᠠᠭ᠍ᠴᠢ᠂ ᠤᠬᠠᠭᠤᠯᠤᠭ᠍ᠴᠢ ᠪᠠ ᠦᠶ᠋ᠯᠡᠳᠦᠯᠭᠡᠵᠢᠭᠦᠯᠦᠭ᠌ᠴᠢ ᠪᠣᠯᠬᠤ᠎ᠪᠠᠷ ᠴᠢᠷᠮᠠᠢᠨ᠎ᠠ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号