10 ᠰᠠᠷ᠎ᠠ᠎ᠶᠢᠨ 20 ᠤ ᠡᠳᠦᠷ᠎ᠦᠨ 19 ᠴᠠᠭ᠎ᠲᠤ᠌᠂ 《ᠤᠮᠠᠷᠠᠲᠤ᠌ ᠬᠢᠯᠢ ᠵᠢᠨ ᠰᠣᠶᠣᠯ᠎ᠤᠨ ᠡᠭᠡ ᠤᠯᠤᠰ ᠲᠡᠬᠢ ᠠᠶᠠᠯᠠᠯ 》᠎ᠤᠨ ᠤᠯᠠᠭᠠᠨᠮᠥᠴᠢᠷ᠎ᠦᠨ ᠪᠥᠬᠥ᠌ ᠤᠯᠤᠰ᠎ᠤᠨ ᠲᠣᠭᠣᠷᠢᠨ ᠲᠣᠭᠯᠠᠭᠰᠠᠨ 60 ᠵᠢᠯ᠎ᠦᠨ ᠣᠶ᠎ᠶᠢ ᠳᠤᠷᠠᠰᠬᠠᠬᠤ ᠲᠣᠭᠯᠠᠯᠲᠠ (ᠢᠷᠭᠠᠶ ᠥᠷᠲᠡᠭᠡ)᠎ᠶᠢᠨ ᠡᠴᠦᠰ᠎ᠦᠨ ᠲᠣᠭᠯᠠᠯᠲᠠ ᠢᠷᠭᠠᠶ ᠬᠣᠲᠠ᠎ᠶᠢᠨ ᠰᠣᠶᠣᠯ ᠤᠷᠠᠯᠢᠭ᠎ᠤᠨ ᠣᠷᠳᠣᠨ᠎ᠳᠤ ᠶᠠᠪᠤᠭᠳᠠᠪᠠ᠃ ᠲᠣᠭᠯᠠᠭᠴᠢᠳ ᠠᠰᠤᠷᠤ ᠶᠡᠬᠡ ᠨᠥᠯᠥᠭᠡᠯᠡᠬᠦ᠌ ᠬᠦᠴᠦᠨ᠎ᠲᠡᠶ ᠲᠠᠯ᠎ᠠ ᠨᠤᠲᠤᠭ᠎ᠤᠨ ᠳᠠᠭᠤᠤ ᠪᠥᠵᠢᠭ ᠪᠣᠯᠤᠨ ᠤᠯᠠᠨ ᠡᠰᠢᠲᠦ᠍ ᠰᠢᠨ᠎ᠡ᠎ᠶᠢ ᠡᠭᠦᠳᠬᠦ᠌ ᠤᠷᠠᠯᠢᠭ᠎ᠤᠨ ᠬᠡᠯᠪᠡᠷᠢ᠎ᠪᠡᠷ ᠦᠵᠡᠭᠴᠢᠳ᠎ᠲᠦ᠍ ᠥᠪᠡᠷᠮᠢᠴᠡ ᠣᠨᠴᠠᠯᠢᠭ᠎ᠲᠠᠶ ᠴᠢᠨᠠᠷ ᠰᠠᠢᠲᠠᠢ ᠲᠣᠭᠯᠠᠯᠲᠠ᠎ᠶᠢ ᠰᠣᠨᠢᠷᠬᠠᠭᠤᠯᠵᠤ᠂ ᠲᠤᠬᠠᠢ᠎ᠶᠢᠨ ᠲᠠᠯᠠᠪᠠᠢ᠎ᠶᠢᠨ ᠦᠵᠡᠭᠴᠢᠳ ᠤᠯᠠᠭᠠᠨᠮᠥᠴᠢᠷ᠎ᠦᠨ ᠭᠡᠰᠢᠭᠦᠳ᠎ᠲᠡᠶ ᠬᠠᠮᠲᠤ᠎ᠪᠠᠷ 《ᠡᠭᠡ ᠤᠯᠤᠰ᠎ᠢᠶᠠᠨ ᠮᠠᠭᠲᠠᠨ ᠳᠠᠭᠤᠯᠠᠶ᠎ᠠ》 ᠭᠡᠬᠦ᠌ ᠳᠠᠭᠤᠤ᠎ᠶᠢ ᠬᠠᠩᠭᠢᠨᠠᠨ ᠳᠠᠭᠤᠯᠠᠵᠤ᠂ ᠲᠤᠰ ᠦᠳᠡᠰᠢ᠎ᠶᠢᠨ ᠲᠣᠭᠯᠠᠯᠲᠠ᠎ᠶᠢᠨ ᠠᠭᠤᠷ ᠠᠮᠢᠰᠬᠤᠯ᠎ᠢ ᠤᠷᠬᠢᠯ᠎ᠳᠤᠨᠢ ᠬᠦᠷᠭᠡᠪᠡ!


10 ᠰᠠᠷ᠎ᠠ᠎ᠶᠢᠨ 22 — 25᠎ᠤ ᠡᠳᠦᠷ᠂ ᠦᠬᠠᠶ᠎ᠶᠢᠨ ᠤᠯᠠᠭᠠᠨᠮᠥᠴᠢᠷ ᠯᠠᠨᠵᠧᠦ᠎ᠳᠦ ᠬᠦᠷᠴᠦ᠍᠂ ᠪᠥᠬᠥ᠌ ᠤᠯᠤᠰ᠎ᠤᠨ ᠲᠣᠭᠣᠷᠢᠨ ᠲᠣᠭᠯᠠᠯᠲᠠ᠎ᠶᠢᠨ ᠬᠣᠶᠠᠳᠤᠭᠠᠷ ᠥᠷᠲᠡᠭᠡ᠎ᠶᠢᠨ ᠬᠥᠰᠢᠭᠡ᠎ᠶᠢ ᠨᠡᠭᠡᠭᠡᠨ᠎ᠡ᠃ ᠲᠤᠬᠠᠶ᠎ᠶᠢᠨ ᠦᠶ᠎ᠡ᠎ᠳᠦ᠂ ᠤᠯᠠᠭᠠᠨᠮᠥᠴᠢᠷ᠎ᠦᠨ ᠭᠡᠰᠢᠭᠦᠳ ᠯᠠᠨᠵᠧᠦ᠎ᠶᠢᠨ ᠤᠰᠤᠨ ᠲᠡᠷᠭᠡᠨ᠎ᠦ ᠦᠵᠡᠰᠬᠦᠯᠡᠩ᠎ᠦᠨ ᠬᠦᠷᠢᠶᠡᠯᠡᠩ᠎ᠦᠨ ᠦᠵᠡᠮᠵᠢ᠎ᠶᠢᠨ ᠣᠷᠣᠨ᠂ ᠴᠢ ᠯᠢ ᠾᠧ ᠲᠣᠭᠣᠷᠢᠭ᠎ᠤᠨ ᠱ᠌ᠢ ᠹᠦ᠋ ᠭᠸᠦ᠍ ᠦᠵᠡᠮᠵᠢ᠎ᠶᠢᠨ ᠣᠷᠣᠨ᠂ ᠯᠠᠨᠵᠧᠦ᠎ᠶᠢᠨ ᠬᠠᠲᠤᠨ ᠭᠤᠤᠯ᠎ᠤᠨ ᠠᠰᠠᠷ᠎ᠤᠨ ᠦᠵᠡᠮᠵᠢ᠎ᠶᠢᠨ ᠣᠷᠣᠨ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠯᠠᠨᠵᠧᠦ᠎ᠶᠢᠨ ᠴᠢᠯᠠᠭᠤᠨ ᠲᠣᠰᠣ ᠬᠢᠮᠢ᠎ᠶᠢᠨ ᠠᠵᠤ ᠦᠢᠯᠡᠳᠪᠦᠷᠢ᠎ᠶᠢᠨ ᠺᠣᠮᠫᠠᠨᠢ᠂ ᠯᠠᠨᠵᠧᠦ ᠶᠡᠬᠡ ᠰᠤᠷᠭᠠᠭᠤᠯᠢ ( ᠢᠦᠶ ᠵᠥᠩ ᠰᠤᠷᠭᠠᠭᠤᠯᠢ᠎ᠶᠢᠨ ᠲᠣᠭᠣᠷᠢᠭ )᠂ ᠱᠠ ᡁᠢ ᠣᠩᠭᠣᠴᠠ ( ᠯᠠᠨᠵᠧᠦ ) ᠶᠢᠨ ᠦᠦ ᠯᠠᠶ᠂ ᠯᠠᠨᠵᠧᠦ᠎ᠶᠢᠨ ᠬᠠᠭᠤᠴᠢᠨ ᠵᠡᠭᠡᠯᠢ ᠵᠡᠷᠭᠡ ᠭᠠᠵᠠᠷ ᠲᠤ᠌ 7 ᠲᠠᠯᠠᠪᠤᠷ ᠲᠣᠭᠯᠠᠯᠲᠠ ᠭᠠᠷᠭᠠᠵᠤ᠂ ᠭᠠᠵᠠᠷ ᠣᠷᠣᠨ᠎ᠢ ᠠᠯᠤᠰᠯᠠᠭᠰᠠᠨ ᠰᠣᠶᠣᠯ᠎ᠤᠨ ᠨᠠᠢᠷᠠᠯ ᠬᠥᠭᠵᠢᠮ᠎ᠢ ᠬᠥᠭᠵᠢᠮᠳᠡᠵᠦ᠍᠂ ᠯᠠᠨᠵᠧᠦ᠎ᠶᠢᠨ ᠦᠵᠡᠭᠴᠢᠳ᠎ᠲᠦ ᠤᠯᠠᠭᠠᠨᠮᠥᠴᠢᠷ᠎ᠦᠨ ᠬᠤᠪᠢᠰᠬᠠᠯᠲᠤ᠌ ᠤᠳᠬ᠎ᠠ ᠤᠷᠠᠯᠢᠭ᠎ᠤᠨ ᠬᠥᠩᠭᠡᠨ ᠴᠡᠷᠢᠭ᠎ᠦᠨ ᠠᠪᠴᠢᠷᠠᠭᠰᠠᠨ ᠤᠮᠠᠷᠠᠲᠤ᠌ ᠬᠢᠯᠢ᠎ᠶᠢᠨ ᠰᠣᠶᠣᠯ᠎ᠤᠨ ᠥᠪᠡᠷᠮᠢᠴᠡ ᠲᠠᠲᠠᠬᠤ ᠬᠦᠴᠦᠨ ᠪᠠ ᠦᠨᠦᠷ ᠠᠮᠲᠠ᠎ᠶᠢ ᠰᠤᠨᠢᠷᠬᠠᠭᠤᠯᠬᠤ ᠪᠣᠯᠤᠨ᠎ᠠ᠃




ᠯᠠᠨᠵᠧᠦ᠎ᠶᠢᠨ ᠲᠣᠭᠯᠠᠯᠲᠠ᠎ᠶᠢᠨ ᠴᠠᠭ᠄
ᠨᠢᠭᠡᠳᠦᠭᠡᠷ ᠲᠠᠯᠠᠪᠤᠷ
ᠲᠣᠭᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 22 ᠤᠨ ᠡᠳᠦᠷ (ᠭᠠᠷᠠᠭ᠎ᠤᠨ ᠭᠤᠷᠪᠠᠨ)᠂ 10᠄ 00 — 11᠄ 10
ᠲᠣᠭᠯᠠᠯᠲᠠ᠎ᠶᠢᠨ ᠭᠠᠵᠠᠷ᠄ ᠯᠠᠨᠵᠧᠦ᠎ᠶᠢᠨ ᠤᠰᠤᠨ ᠲᠡᠷᠭᠡᠨ᠎ᠦ ᠦᠵᠡᠰᠬᠦᠯᠡᠩ᠎ᠦᠨ ᠬᠦᠷᠢᠶᠡᠯᠡᠩ᠎ᠦᠨ ᠦᠵᠡᠮᠵᠢ᠎ᠶᠢᠨ ᠣᠷᠣᠨ ( ᠰᠢᠭᠤᠳ ᠨᠡᠪᠲᠡᠷᠡᠭᠦᠯᠭᠡ + ᠵᠡᠭᠡᠯᠢ᠎ᠶ᠋ᠢᠨ ᠬᠠᠮᠳᠤ᠎ᠶ᠋ᠢᠨ ᠲᠤᠭ᠍ᠯᠠᠯᠲᠠ)
ᠬᠣᠶᠠᠳᠤᠭᠠᠷ ᠲᠠᠯᠠᠪᠤᠷ
ᠲᠣᠭᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 22 ᠤᠨ ᠡᠳᠦᠷ (ᠭᠠᠷᠠᠭ᠎ᠤᠨ ᠭᠤᠷᠪᠠᠨ)᠂ 15᠄ 30 — 16᠄ 40
ᠲᠣᠭᠯᠠᠯᠲᠠ᠎ᠶᠢᠨ ᠭᠠᠵᠠᠷ᠄ ᠯᠠᠨᠵᠧᠦ ᠬᠣᠲᠠ᠎ᠶᠢᠨ ᠴᠢ ᠯᠢ ᠾᠧ ᠲᠣᠭᠣᠷᠢᠭ᠎ᠤᠨ ᠱ᠌ᠢ ᠹᠦ᠋ ᠭᠧᠦ ᠦᠵᠡᠮᠵᠢ᠎ᠶᠢᠨ ᠣᠷᠣᠨ
ᠭᠤᠷᠪᠠᠳᠤᠭᠠᠷ ᠲᠠᠯᠠᠪᠤᠷ
ᠲᠣᠭᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 23 ᠤ ᠡᠳᠦᠷ (ᠭᠠᠷᠠᠭ᠎ᠤᠨ ᠳᠥᠷᠪᠡᠨ)᠂ 11᠄ 00 — 12᠄ 00
ᠲᠣᠭᠯᠠᠯᠲᠠ᠎ᠶᠢᠨ ᠭᠠᠵᠠᠷ᠄ ᠯᠠᠨᠵᠧᠦ᠎ᠶᠢᠨ ᠬᠠᠳᠤᠨ ᠭᠣᠣᠯ᠎ᠤᠨ ᠠᠰᠠᠷ᠎ᠤᠨ ᠦᠵᠡᠮᠵᠢ᠎ᠶᠢᠨ ᠣᠷᠣᠨ
ᠳᠥᠷᠪᠡᠳᠦᠭᠡᠷ ᠲᠠᠯᠠᠪᠤᠷ
ᠲᠣᠭᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 23 ᠤ ᠡᠳᠦᠷ (ᠭᠠᠷᠠᠭ᠎ᠤᠨ ᠳᠥᠷᠪᠡᠨ)᠂ 16᠄ 00 — 17᠄ 00
ᠲᠣᠭᠯᠠᠯᠲᠠ᠎ᠶᠢᠨ ᠭᠠᠵᠠᠷ᠄ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠯᠠᠨᠵᠧᠦ᠎ᠶᠢᠨ ᠴᠢᠯᠠᠭᠤᠨ ᠲᠣᠰᠣ ᠬᠢᠮᠢ᠎ᠶᠢᠨ ᠠᠵᠤ ᠦᠢᠯᠡᠳᠪᠦᠷᠢ᠎ᠶᠢᠨ ᠺᠣᠮᠫᠠᠨᠢ
ᠲᠠᠪᠤᠳᠤᠭᠠᠷ ᠲᠠᠯᠠᠪᠤᠷ
ᠲᠣᠭᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 24 ᠦ ᠡᠳᠦᠷ (ᠭᠠᠷᠠᠭ᠎ᠤᠨ ᠲᠠᠪᠤᠨ)᠂ 19᠄ 30 — 20᠄ 40
ᠲᠣᠭᠯᠠᠯᠲᠠ᠎ᠶᠢᠨ ᠭᠠᠵᠠᠷ᠄ ᠯᠠᠨᠵᠧᠦ ᠶᠡᠬᠡ ᠰᠤᠷᠭᠠᠭᠤᠯᠢ ( ᠢᠦᠢ ᠵᠦᠩ ᠰᠤᠷᠭᠠᠭᠤᠯᠢ᠎ᠶᠢᠨ ᠲᠣᠭᠣᠷᠢᠭ )
ᠵᠢᠷᠭᠤᠳᠤᠭᠠᠷ ᠲᠠᠯᠠᠪᠤᠷ
ᠲᠣᠭᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 25 ᠤ ᠡᠳᠦᠷ (ᠭᠠᠷᠠᠭ᠎ᠤᠨ ᠵᠢᠷᠭᠤᠭᠠᠨ)᠂ 13᠄ 00 — 14᠄ 10
ᠲᠣᠭᠯᠠᠯᠲᠠ᠎ᠶᠢᠨ ᠭᠠᠵᠠᠷ᠄ ᠱᠠ ᡁᠢ ᠣᠩᠭᠣᠴᠠ ( ᠯᠠᠨᠵᠧᠦ ) ᠦᠦ ᠯᠠᠢ
ᠳᠣᠯᠣᠳᠤᠭᠠᠷ ᠲᠠᠯᠠᠪᠤᠷ
ᠲᠣᠭᠯᠠᠯᠲᠠ ᠭᠠᠷᠭᠠᠬᠤ ᠴᠠᠭ᠄ 2025 ᠣᠨ᠎ᠤ 10 ᠰᠠᠷ᠎ᠠ᠎ᠶᠢᠨ 25 ᠤ ᠡᠳᠦᠷ (ᠭᠠᠷᠠᠭ᠎ᠤᠨ ᠵᠢᠷᠭᠤᠭᠠᠨ)᠂ 19᠄ 30 — 20᠄ 40
ᠲᠣᠭᠯᠠᠯᠲᠠ᠎ᠶᠢᠨ ᠭᠠᠵᠠᠷ᠄ ᠯᠠᠨᠵᠧᠦ᠎ᠶᠢᠨ ᠬᠠᠭᠤᠴᠢᠨ ᠵᠡᠭᠡᠯᠢ
ᠤᠬᠠᠭᠠᠯᠠᠬᠴᠢ᠄ ᠵᠧᠦ ᠴᠠᠩ ᠰᠢᠶᠠᠩ
ᠬᠢᠨᠠᠨ ᠦᠢᠯᠡᠳᠦᠭᠴᠢ᠄ ᠯᠢᠦ ᠰᠢᠶᠣᠤ
ᠦᠢᠯᠡᠳᠦᠭᠴᠢ᠄ ᠱ᠌ᠢ ᠶᠣᠣ᠂ ᠯᠢᠦ ᠷᠦᠢ ᠷᠦᠢ
ᠢᠷᠡᠯᠳᠡ᠄ ᠲᠠᠯ᠎ᠠ ᠨᠤᠳᠤᠭ ᠤᠨ ᠡᠭᠦᠯᠡ ᠰᠢᠯᠵᠢᠶ᠎ᠠ