ᠯᠢᠦ ᠱᠦᠵᠢ ᠵᠢᠨ 《 ᠠᠷᠠᠳ ᠢ᠋ ᠪᠠᠶᠠᠵᠢᠭᠤᠯᠬᠤ ᠪᠤᠳᠤᠯᠭ᠎ᠠ 》 ᠬᠢᠭᠡᠳ 《 ᠠᠮᠢ ᠠᠬᠤᠢ ᠵᠢᠨ ᠳᠠᠩᠰᠠ 》
2025-10-22 11:03:12
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

— ᠯᠢᠦ ᠱᠦᠵᠢ ᠮᠠᠰᠢ ᠬᠠᠷᠢᠭᠤᠴᠠᠯᠭ᠎ᠠ ᠲᠠᠢ᠂ ᠮᠠᠨ ᠤ᠋ ᠲᠠᠷᠢᠭᠰᠠᠨ ᠪᠤᠷᠭᠠᠰᠤ ᠵᠢ ᠪᠦᠬᠦᠨ ᠢ᠋ ᠪᠣᠷᠣᠯᠠᠭᠤᠯᠵᠤ ᠥᠭᠴᠡᠢ᠃

—  ᠲᠡᠷᠡ ᠵᠣᠷᠢᠭ᠍ᠲᠠᠢ ᠬᠢᠵᠦ᠂ ᠵᠣᠷᠢᠭ᠍ᠲᠠᠢ ᠬᠠᠷᠢᠭᠤᠴᠠᠯᠭ᠎ᠠ ᠡᠬᠦᠷᠭᠡᠯᠡᠳᠡᠭ᠂ ᠪᠢᠳᠡ ᠪᠦᠷ ᠲᠡᠭᠦᠨ ᠤ᠋ ᠦᠷᠭᠦᠯᠵᠢᠯᠡᠨ ᠳᠤᠰᠬᠤᠨ ᠳ᠋ᠠᠭᠠᠨ ᠦᠯᠡᠳᠡᠬᠦ ᠵᠢ ᠬᠦᠰᠡᠨ᠎ᠠ᠃

—  ᠥᠩᠭᠡᠷᠡᠭᠰᠡᠨ ᠳ᠋ᠤ ᠮᠠᠨ ᠤ᠋ ᠲᠣᠰᠬᠣᠨ ᠶᠠᠳᠠᠭᠤ ᠪᠠᠢᠭᠰᠠᠨ᠂ ᠯᠢᠦ ᠱᠦᠵᠢ ᠢᠷᠡᠭᠰᠡᠨ ᠡᠴᠡ ᠨᠠᠭᠠᠰᠢ ᠲᠣᠰᠬᠣᠨ ᠤ᠋ ᠬᠠᠮᠲᠤ ᠵᠢᠨ ᠠᠵᠤ ᠠᠬᠤᠢ ᠵᠢᠯ ᠳ᠋ᠤ ᠬᠡᠳᠦᠨ ᠵᠠᠭᠤᠨ ᠲᠦᠮᠡᠨ ᠲᠥᠭᠥᠷᠢᠭ ᠤ᠋ᠨ ᠣᠷᠣᠯᠭ᠎ᠠ ᠲᠠᠢ ᠪᠣᠯᠵᠠᠢ᠃

ᠣᠷᠳᠣᠰ ᠬᠤᠳᠠ ᠵᠢᠨ ᠦᠦᠰᠢᠨ ᠬᠣᠰᠢᠭᠤᠨ ᠤ᠋ ᠲᠤᠬ ᠪᠠᠯᠭᠠᠰᠤᠨ ᠤ᠋ ᠤᠯᠠᠭᠠᠨᠰᠢᠪᠠᠷᠳᠠᠢ ᠲᠣᠰᠬᠣᠨ ᠤ᠋ ᠨᠠᠮ ᠤ᠋ᠨ ᠶᠡᠷᠦᠩᠬᠡᠢ ᠡᠭᠦᠷ ᠤ᠋ᠨ ᠱᠦᠵᠢ ᠯᠢᠦ ᠡᠯ ᠹᠧᠢ ᠵᠢ ᠳᠤᠷᠠᠳᠬᠤ ᠳᠠᠢ ᠵᠡᠷᠭᠡ ᠲᠣᠰᠬᠣᠨ ᠤ᠋ ᠠᠷᠠᠳ ᠤ᠋ᠳ ᠢᠩᠬᠢᠵᠦ ᠮᠠᠭᠲᠠᠨ ᠰᠠᠢᠰᠢᠶᠠᠵᠤ ᠭᠠᠷᠤᠯ᠎ᠠ᠃

ᠯᠢᠦ ᠡᠯ ᠹᠧᠢ ᠪᠣᠯ ᠦᠦᠰᠢᠨ ᠬᠣᠰᠢᠭᠤᠨ ᠤ᠋ ᠲᠤᠬ ᠪᠠᠯᠭᠠᠰᠤᠨ ᠤ᠋ ᠬᠥᠮᠥᠨ ᠪᠢᠯᠡ᠃ ᠶᠡᠬᠡ ᠰᠤᠷᠭᠠᠭᠤᠯᠢ ᠪᠡᠨ ᠲᠡᠭᠦᠰᠦᠭᠡᠳ ᠤᠷᠢᠳ ᠬᠤᠵᠢᠳ ᠪᠠᠭ᠍ᠰᠢ᠂ ᠠᠵᠤ ᠠᠬᠤᠢᠯᠠᠯ ᠤ᠋ᠨ ᠮᠡᠷᠭᠡᠵᠢᠯᠲᠡᠨ ᠪᠣᠯᠵᠤ ᠥᠩᠭᠡᠷᠡᠵᠡᠢ᠂ ᠤᠯᠠᠨ ᠠᠵᠢᠯ ᠮᠡᠷᠭᠡᠵᠢᠯ ᠤ᠋ᠨ ᠥᠩᠭᠡᠷᠡᠯᠲᠡ ᠨᠢ ᠲᠡᠭᠦᠨ ᠢ᠋ ᠦᠷᠭᠡᠨ ᠳᠡᠯᠭᠡᠷ ᠮᠡᠳᠡᠯᠭᠡ ᠵᠢᠨ ᠨᠥᠭᠡᠴᠡ ᠲᠠᠢ ᠪᠣᠯᠭᠠᠭᠰᠠᠨ ᠪᠥᠭᠡᠳ ᠪᠤᠳᠠᠲᠠᠢ ᠦᠢᠯᠡᠳᠦᠯᠭᠡᠵᠢᠭᠦᠯᠵᠦ ᠰᠢᠨ᠎ᠡ ᠵᠢ ᠡᠭᠦᠳᠬᠦ ᠳ᠋ᠤ ᠴᠢᠳᠠᠮᠠᠭᠠᠢ ᠪᠣᠯᠭᠠᠭᠰᠠᠨ ᠠᠵᠢ᠃ 2018 ᠣᠨ ᠤ᠋ 6 ᠰᠠᠷ᠎ᠠ ᠳ᠋ᠤ᠂ ᠲᠡᠷᠡ ᠤᠯᠠᠭᠠᠨᠰᠢᠪᠠᠷᠳᠠᠢ ᠲᠣᠰᠬᠣᠨ ᠤ᠋ ᠨᠠᠮ ᠤ᠋ᠨ ᠶᠡᠷᠦᠩᠬᠡᠢ ᠡᠭᠦᠷ ᠤ᠋ᠨ ᠱᠦᠵᠢ᠂ ᠲᠣᠰᠬᠣᠨ ᠤ᠋ ᠠᠷᠠᠳ᠎ᠤᠨ ᠵᠥᠪᠯᠡᠯ ᠤ᠋ᠨ ᠡᠷᠬᠢᠯᠡᠭᠴᠢ ᠪᠡᠷ ᠰᠣᠩᠭᠣᠭᠳᠠᠵᠤ᠂ ᠲᠣᠰᠬᠣᠨ᠎ᠤ ᠡᠷᠬᠢᠯᠡᠭᠰᠡᠨ ᠠᠵᠤ ᠠᠬᠤᠢᠯᠠᠯ ᠪᠤᠯᠬᠤ ᠣᠷᠳᠣᠰ ᠬᠤᠳᠠ ᠵᠢᠨ ᠵᠢᠦᠢ ᠮᠢᠨ ᠵᠢᠢ ᠰᠢᠨ ᠣᠷᠴᠢᠨ ᠲᠣᠭᠣᠷᠢᠨ ᠢ᠋ ᠬᠠᠮᠠᠭᠠᠯᠠᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ 《ᠳᠠᠭᠠᠭᠤᠯᠤᠭ᠍ᠴᠢ》 ᠪᠣᠯᠤᠭᠰᠠᠨ ᠪᠠᠢᠨ᠎ᠠ᠃

ᠤᠯᠠᠭᠠᠨᠰᠢᠪᠠᠷᠳᠠᠢ ᠲᠣᠰᠬᠣᠨ ᠮᠤᠤᠠᠤᠰᠤ ᠵᠢᠨ ᠡᠯᠡᠰᠦᠷᠬᠡᠭ ᠭᠠᠵᠠᠷ ᠤ᠋ᠨ ᠦᠷᠦᠴᠡᠨ ᠳ᠋ᠤ ᠪᠠᠢᠷᠢᠯᠠᠵᠤ ᠂ 20 ᠳ᠋ᠤᠭᠠᠷ ᠵᠠᠭᠤᠨ ᠤ᠋ ᠲᠠᠪᠢᠭᠠᠳ ᠣᠨ ᠡᠴᠠ ᠡᠬᠢᠯᠡᠨ᠂ ᠡᠨᠳᠡ ᠵᠢᠯ ᠤ᠋ᠨ ᠲᠦᠷᠪᠡᠨ ᠤᠯᠠᠷᠢᠯ ᠳ᠋ᠤ ᠰᠠᠯᠬᠢ ᠰᠢᠭᠤᠷᠭ᠎ᠠ ᠳᠡᠭᠳᠡᠨ᠂ ᠪᠠᠢᠭᠠᠯᠢ ᠵᠢᠨ ᠣᠷᠴᠢᠨ ᠲᠣᠭᠣᠷᠢᠨ ᠲᠤᠢᠯ ᠤ᠋ᠨ ᠠᠨᠠᠢ ᠪᠠᠢᠵᠤ᠂ 60% ᠤᠷᠴᠢᠮ ᠤ᠋ᠨ ᠲᠣᠰᠬᠣᠨ ᠤ᠋ ᠠᠷᠠᠳ ᠭᠠᠳᠠᠭ᠍ᠰᠢ ᠭᠠᠷᠴᠤ ᠬᠦᠯᠦᠰᠦᠨ ᠠᠵᠢᠯ ᠬᠢᠵᠦ᠂ ᠳᠤᠰ ᠲᠣᠰᠬᠣᠨ《ᠬᠣᠴᠣᠷᠤᠩᠭᠤᠢ ᠲᠣᠰᠬᠣᠨ》᠂ 《ᠬᠣᠭᠣᠰᠤᠨ ᠲᠣᠰᠬᠣᠨ》 ᠪᠤᠯᠵᠠᠢ᠃

ᠯᠢᠦ ᠡᠯ ᠹᠧᠢ ᠲᠤᠰᠢᠶᠠᠯ ᠳ᠋ᠤ ᠭᠠᠷᠤᠭᠰᠠᠨ ᠤ᠋ ᠳᠠᠷᠠᠭ᠎ᠠ᠂ ᠡᠩ ᠲᠡᠷᠢᠭᠦᠨ ᠳ᠋ᠤ ᠪᠤᠷᠭᠠᠰᠤ ᠪᠡᠷ ᠬᠡᠷᠬᠢᠨ ᠡᠯᠡᠰᠦ ᠵᠢ ᠲᠣᠭᠲᠠᠪᠤᠷᠢᠵᠢᠭᠤᠯᠵᠤ ᠠᠵᠤ ᠠᠬᠤᠢ ᠶ᠋ᠢᠨ ᠦᠷ᠎ᠡ ᠠᠰᠢᠭ ᠡᠬᠦᠳᠬᠦ ᠵᠢ ᠰᠦᠪᠡᠭᠴᠢᠯᠡᠵᠦ ᠡᠬᠢᠯᠡᠪᠡ᠃ ᠨᠢᠭᠡ ᠤᠳᠠᠭ᠎ᠠ ᠭᠠᠳᠠᠭ᠍ᠰᠢ ᠭᠠᠷᠴᠤ ᠪᠠᠢᠴᠠᠭᠠᠨ ᠰᠤᠳᠤᠯᠤᠯᠲᠠ ᠬᠢᠬᠦ ᠳ᠋ᠡᠭᠡᠨ ᠲᠡᠷᠡ ᠠᠮᠢᠳᠤ ᠪᠣᠳᠠᠰ ᠤ᠋ᠨ ᠮᠠᠰ ᠤ᠋ᠨ ᠠᠵᠤ ᠦᠢᠯᠡᠰ ᠢ᠋ ᠤᠢᠯᠠᠭᠠᠵᠤ ᠂ ᠡᠯᠡᠰᠦᠨ ᠪᠤᠷᠭᠠᠰᠤ ᠪᠤᠯ ᠠᠮᠢᠳᠤ ᠪᠣᠳᠠᠰ ᠤ᠋ᠨ ᠮᠠᠰ ᠪᠣᠯᠪᠠᠰᠤᠷᠠᠭᠤᠯᠬᠤ ᠳ᠋ᠤ ᠬᠡᠷᠡᠭᠯᠡᠬᠦ ᠯᠤᠲᠤ ᠶᠡᠬᠡ ᠳᠠᠯᠳᠠ ᠬᠦᠴᠦᠨ ᠲᠠᠢ ᠭᠡᠳᠡᠭ᠎ᠢ ᠬᠤᠷᠴᠠ ᠰᠡᠷᠭᠡᠭ ᠶ᠋ᠢᠡᠷ ᠲᠠᠨᠢᠵᠦ ᠤᠯᠵᠠᠢ᠃ 2019 ᠣᠨ ᠳ᠋ᠤ᠂ ᠦᠦᠰᠢᠨ ᠬᠣᠰᠢᠭᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠤᠳᠤᠷᠢᠳᠤᠯᠭ᠎ᠠ ᠲᠤᠤᠷ᠎ᠠ ᠯᠢᠦ ᠡᠯ ᠹᠧᠢ ᠲᠣᠰᠬᠣᠨ ᠤ᠋ ᠨᠠᠮ᠎ᠤᠨ ᠶᠡᠷᠦᠩᠬᠡᠢ ᠡᠭᠦᠷ ᠠᠷᠠᠳ᠎ᠤᠨ ᠵᠥᠪᠯᠡᠯ᠎ᠤᠨ ᠬᠡᠰᠢᠭᠦᠳ ᠶ᠋ᠢᠡᠨ ᠳᠠᠭᠠᠭᠤᠯᠤᠨ᠂ 530 ᠭᠠᠷᠤᠢ ᠲᠦᠮᠡᠨ ᠲᠥᠭᠥᠷᠢᠭ ᠴᠤᠭᠯᠠᠭᠤᠯᠤᠭᠠᠳ᠂ ᠵᠢᠯ ᠤ᠋ᠨ ᠭᠠᠷᠤᠯᠳᠠ ᠨᠢ 2 ᠲᠦᠮᠡᠨ ᠲᠣᠨ ᠬᠦᠷᠬᠦ ᠠᠮᠢᠳᠤ ᠪᠣᠳᠠᠰ ᠤ᠋ᠨ ᠮᠠᠰ ᠤ᠋ᠨ ᠮᠥᠬᠥᠯᠢᠭ ᠤ᠋ᠨ ᠦᠢᠯᠡᠳᠪᠦᠷᠢ ᠪᠠᠢᠭᠤᠯᠵᠠᠢ᠃ ᠡᠨᠡ ᠬᠦ᠌ ᠠᠮᠢᠳᠤ ᠪᠣᠳᠠᠰ ᠤ᠋ᠨ ᠮᠠᠰ ᠤ᠋ᠨ ᠮᠥᠬᠥᠯᠢᠭ ᠤ᠋ᠨ ᠦᠢᠯᠡᠳᠪᠦᠷᠢ ᠵᠢᠨ ᠪᠠᠢᠭᠤᠯᠤᠭᠳᠠᠭᠰᠠᠨ ᠨᠢ ᠬᠠᠳᠤᠭᠰᠠᠨ ᠪᠤᠷᠭᠠᠰᠤ ᠵᠢ ᠰᠢᠢᠳᠪᠦᠷᠢᠯᠡᠭᠰᠡᠨ ᠶ᠋ᠢᠡᠷ ᠪᠠᠷᠠᠬᠤ ᠦᠭᠡᠢ᠂ ᠪᠠᠰᠠ ᠪᠤᠷᠭᠠᠰᠤ ᠬᠠᠳᠤᠬᠤ᠂ ᠲᠣᠰᠬᠣᠨ ᠤ᠋ ᠠᠷᠠᠳ ᠤ᠋ᠨ ᠠᠵᠢᠯ ᠣᠯᠭᠤᠯᠳᠠ᠂ ᠠᠮᠢ ᠠᠬᠤᠢ ᠵᠢᠨ ᠡᠷᠭᠢᠯᠳᠡ ᠵᠢ ᠠᠬᠢᠭᠤᠯᠬᠤ᠂ ᠣᠷᠴᠢᠨ ᠲᠣᠭᠣᠷᠢᠨ ᠢ᠋ ᠴᠡᠭᠴᠡᠯᠡᠨ ᠵᠠᠰᠠᠬᠤ ᠵᠡᠷᠭᠡ ᠠᠰᠢᠭ᠋ ᠲᠤᠰᠠ ᠵᠢᠨ ᠬᠣᠯᠪᠣᠭᠠᠳᠤ ᠲᠣᠭᠲᠠᠴᠠ ᠵᠢ ᠪᠦᠷᠢᠯᠳᠦᠭᠦᠯᠵᠠᠢ᠃

ᠡᠳᠦᠬᠡ ᠠᠮᠢᠳᠤ ᠪᠣᠳᠠᠰ ᠤ᠋ᠨ ᠮᠠᠰ ᠤ᠋ᠨ ᠮᠥᠬᠥᠯᠢᠭ ᠤ᠋ᠨ ᠦᠢᠯᠡᠳᠪᠦᠷᠢ ᠨᠢ ᠡᠷᠬᠢᠨ ᠲᠣᠭᠣᠷᠢᠨ ᠤ᠋ 70 ᠭᠠᠷᠤᠢ ᠲᠦᠮᠡᠨ ᠮᠦ᠍ ᠪᠤᠷᠭᠠᠰᠤ ᠵᠢ ᠬᠣᠷᠢᠶᠠᠨ ᠠᠪᠴᠤ ᠠᠰᠢᠭ᠍ᠯᠠᠭᠰᠠᠨ ᠶ᠋ᠢᠡᠷ ᠪᠠᠷᠠᠬᠤ ᠦᠭᠡᠢ ᠪᠠᠰᠠ 2000 ᠭᠠᠷᠤᠢ ᠮᠠᠯᠴᠢᠨ ᠲᠠᠷᠢᠶᠠᠴᠢᠨ ᠢ᠋ ᠲᠠᠶ᠋ᠢᠴᠢᠯᠠᠨ᠂ ᠭᠡᠷ ᠤ᠋ᠨ ᠶ᠋ᠢᠡᠨ ᠬᠠᠪᠢ ᠳ᠋ᠤ ᠠᠵᠢᠯ ᠣᠯᠵᠤ ᠣᠷᠣᠯᠭ᠎ᠠ ᠪᠡᠨ ᠨᠡᠮᠡᠭᠳᠡᠭᠦᠯᠦᠨ᠂ ᠳᠤᠰᠬᠤᠨ ᠤ᠋ ᠠᠷᠠᠳ ᠤ᠋ᠨ ᠬᠦᠮᠦᠨ ᠳᠤᠮᠳᠠᠴᠢ ᠵᠢᠯ ᠤ᠋ᠨ ᠣᠷᠣᠯᠭ᠎ᠠ ᠨᠢ 3000 ︱ 5000 ᠲᠥᠭᠥᠷᠢᠭ ᠨᠡᠮᠡᠭᠳᠡᠵᠡᠢ᠃ ᠲᠣᠰᠬᠣᠨ ᠤ᠋ ᠠᠷᠠᠳ ᠭᠤᠤ ᠱᠤ᠌  ᠬᠤᠸᠠᠢ᠄ 《ᠥᠩᠭᠡᠷᠡᠭᠰᠡᠨ ᠳ᠋ᠤ ᠪᠢᠳᠠ ᠪᠤᠷᠭᠠᠰᠤ ᠬᠠᠳᠤᠬᠤ ᠳ᠋ᠤ ᠳᠤᠰᠬᠠᠢ ᠮᠠᠰᠢᠨ ᠪᠠᠢᠬᠤ ᠦᠭᠡᠢ᠂ ᠮᠠᠰᠢ ᠠᠷᠪᠢᠨ ᠴᠠᠭ ᠪᠠ ᠬᠦᠮᠦᠨ ᠤ᠋ ᠬᠦᠴᠦ ᠵᠠᠷᠤᠴᠠᠭᠤᠯᠤᠨ᠂ ᠪᠣᠷᠤᠯᠠᠭᠤᠯᠭ᠎ᠠ ᠵᠢᠨ ᠵᠠᠮ ᠪᠠᠰᠠ ᠢᠪᠴᠤᠤ ᠪᠠᠢᠯ᠎ᠠ᠂ ᠤᠳᠤ ᠪᠢᠳᠠ ᠪᠤᠷᠭᠠᠰᠤ ᠵᠢ ᠮᠡᠰ ᠤ᠋ᠨ ᠮᠥᠬᠥᠯᠢᠭ ᠤ᠋ᠨ ᠦᠢᠯᠡᠳᠪᠦᠷᠢ ᠳ᠋ᠤ ᠬᠤᠳᠠᠯᠳᠤᠨ ᠥᠭᠴᠦ᠂ ᠦᠢᠯᠡᠳᠪᠦᠷᠢ ᠡᠴᠡ ᠨᠢᠭᠡᠳᠦᠯᠲᠡᠢ ᠬᠠᠳᠤᠨ᠂ ᠪᠢᠳᠠ ᠵᠣᠭᠣᠰ ᠶ᠋ᠢᠡᠨ ᠲᠤᠭᠠᠴᠠᠵᠤ ᠠᠪᠤᠪᠠᠯ ᠪᠤᠯᠴᠢᠬᠠᠨ᠎ᠠ》 ᠭᠡᠵᠦ ᠰᠤᠷᠪᠤᠯᠵᠢᠯᠠᠭᠴᠢ᠎ᠳᠤ ᠶᠠᠷᠢᠵᠤ ᠪᠠᠢᠯ᠎ᠠ᠃

《ᠲᠣᠰᠬᠣᠨ ᠤ᠋ ᠠᠷᠠᠳ ᠢ᠋ ᠴᠢᠨᠡᠭᠡᠯᠢᠭᠵᠢᠬᠦᠯᠬᠦ ᠳ᠋ᠤ ᠵᠦᠪᠬᠡᠨ ᠮᠡᠰ ᠤ᠋ᠨ ᠮᠥᠬᠥᠯᠢᠭ ᠤ᠋ᠨ ᠦᠢᠯᠡᠳᠪᠦᠷᠢ ᠳ᠋ᠤ ᠲᠦᠰᠢᠭᠯᠡᠭᠡᠳ ᠪᠣᠯᠬᠤ ᠦᠭᠡᠢ 》 ᠭᠡᠵᠦ ᠯᠢᠦ ᠡᠯ ᠹᠧᠢ ᠳᠤᠰᠬᠤᠨ ᠤ᠋ ᠰᠤᠯᠠ ᠳᠠᠯᠪᠢᠭᠳᠠᠵᠤ ᠪᠠᠢᠭ᠎ᠠ ᠡᠬᠢ ᠪᠠᠶᠠᠯᠢᠭ᠋ ᠢ᠋ ᠨᠡᠢᠳᠬᠡᠵᠦ᠂ ᠠᠵᠤ ᠦᠢᠯᠡᠰ ᠤ᠋ᠨ ᠬᠡᠯᠬᠢᠶ᠎ᠡ ᠪᠡᠨ ᠥᠷᠭᠡᠳᠬᠡᠵᠠᠢ᠃ 2020 ᠣᠨ ᠳ᠋ᠤ᠂ ᠲᠣᠰᠬᠣᠨ ᠤ᠋ ᠬᠠᠮᠲᠤ ᠵᠢᠨ ᠠᠵᠤ ᠠᠬᠤᠢ ᠡᠴᠡ 35.8 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠠᠵᠤ ᠠᠬᠤᠢᠯᠠᠯ ᠲᠠᠢ ᠬᠠᠮᠲᠤᠷᠠᠭᠠᠳ᠂ ᠠᠮᠢᠳᠤ ᠪᠣᠳᠠᠰ ᠤ᠋ᠨ ᠮᠠᠰ ᠤ᠋ᠨ ᠢᠯᠴᠢ ᠶ᠋ᠢᠨ ᠵᠤᠤᠬ᠎ᠠ᠂ ᠠᠮᠢᠳᠤ ᠪᠣᠳᠠᠰ ᠤ᠋ᠨ ᠮᠠᠰ ᠤ᠋ᠨ ᠢᠯᠴᠢ ᠶ᠋ᠢᠨ ᠪᠥᠭᠡᠷᠡᠩᠬᠡᠢ ᠪᠠᠭᠠᠨ᠎ᠠ ᠬᠡᠯᠪᠡᠷᠢᠳᠤ ᠵᠤᠤᠬ᠎ᠠ ᠵᠡᠷᠭᠡ ᠰᠢᠨ᠎ᠡ ᠬᠡᠯᠪᠡᠷᠢ ᠵᠢᠨ ᠪᠤᠬᠢᠷᠳᠤᠯ ᠦᠭᠡᠢ ᠵᠤᠤᠬ᠎ᠠ ᠵᠢ ᠰᠤᠳᠤᠯᠤᠨ ᠦᠢᠯᠡᠳᠴᠦ᠂ ᠣᠳᠣᠬᠠᠨ ᠳ᠋ᠤ ᠳᠤᠰ ᠵᠤᠤᠬ᠎ᠠ ᠵᠢ ᠨᠢᠭᠡᠨᠲᠡ 1500 ᠭᠠᠷᠤᠢ ᠪᠤᠷᠤᠯᠠᠭᠤᠯᠵᠠᠢ᠃ 《ᠠᠮᠢᠳᠤ ᠪᠣᠳᠠᠰ ᠤ᠋ᠨ ᠮᠠᠰ ᠤ᠋ᠨ ᠮᠥᠬᠥᠯᠢᠭ ᠤ᠋ᠨ ᠰᠢᠲᠠᠬᠤ ᠨᠣᠷᠮ᠎ᠠ ᠨᠢ 95% ᠳ᠋ᠤ ᠬᠦᠷᠴᠦ᠂ ᠰᠢᠲᠠᠬᠤ ᠬᠡᠮᠵᠢᠶ᠎ᠡ ᠨᠢ 4000 — 5000 ᠺᠢᠯᠣᠺᠠᠯᠣᠷᠢ ᠶ᠋ᠢᠨ ᠬᠤᠭᠤᠷᠤᠨᠳᠤ ᠪᠠᠢᠵᠤ᠂ ᠭᠦᠢᠴᠡᠳ ᠰᠢᠲᠠᠭᠰᠠᠨ ᠤ᠋ ᠳᠠᠷᠠᠭᠠᠬᠢ ᠦᠯᠡᠳᠡᠭᠳᠡᠯ ᠪᠣᠳᠠᠰ ᠢ᠋ ᠪᠣᠷᠳᠣᠭᠤᠷ ᠪᠣᠯᠭᠠᠨ ᠳᠠᠬᠢᠨ ᠠᠰᠢᠭ᠍ᠯᠠᠵᠦ᠂ ᠡᠬᠢ ᠪᠠᠶᠠᠯᠢᠭ᠋ ᠢ᠋ ᠡᠷᠭᠢᠯᠳᠦᠭᠦᠯᠦᠨ ᠠᠰᠢᠭ᠍ᠯᠠᠬᠤ ᠵᠢ ᠪᠡᠶᠡᠯᠡᠭᠦᠯᠵᠡᠢ》 ᠭᠡᠵᠦ ᠯᠢᠦ ᠡᠯ ᠹᠧᠢ ᠦᠢᠯᠡᠳᠬᠦᠨ ᠤ᠋ ᠳᠠᠪᠠᠭᠤᠯᠢᠭ᠋ ᠶ᠋ᠢᠡᠨ ᠨᠠᠷᠢᠯᠢᠭ ᠳᠠᠨᠢᠯᠴᠠᠭᠤᠯᠪᠠ᠃

ᠮᠦᠨ ᠲᠤᠰ ᠵᠢᠯ ᠳ᠋ᠤ ᠯᠢᠦ ᠡᠯ ᠹᠧᠢ ᠲᠣᠰᠬᠣᠨ ᠤ᠋ ᠪᠡᠨ ᠪᠣᠳᠠᠲᠤ ᠪᠠᠢᠳᠠᠯ ᠳ᠋ᠤ ᠰᠠᠭᠤᠷᠢᠯᠠᠵᠤ ᠂ ᠳᠤᠰᠬᠤᠨ ᠳ᠋ᠤ ᠦᠢᠯᠡᠳᠪᠦᠷᠢ ᠠᠭᠤᠷᠬᠠᠢ ᠵᠢᠨ ᠠᠵᠤ ᠠᠬᠤᠢᠯᠠᠯ ᠲᠥᠪᠯᠡᠷᠡᠭᠰᠡᠨ ᠳᠠᠪᠠᠭᠤᠯᠢᠭ᠋ ᠲᠠᠭᠠᠨ ᠲᠦᠰᠢᠭᠯᠡᠨ᠂ ᠤᠯᠠᠭᠠᠨᠰᠢᠪᠠᠷᠳᠠᠢ ᠳᠤᠰᠬᠤᠨ ᠤ᠋ ᠪᠡᠭᠡᠯᠡᠢ ᠵᠢᠨ ᠦᠢᠯᠡᠳᠪᠦᠷᠢ ᠵᠢ ᠪᠠᠢᠭᠤᠯᠵᠠᠢ᠃ ᠳᠤᠰ ᠦᠢᠯᠡᠳᠪᠦᠷᠢ ᠠᠰᠢᠭ᠍ᠯᠠᠯᠲᠠ᠎ᠳᠤ ᠣᠷᠣᠭᠰᠠᠨ ᠤ᠋ ᠲᠠᠷᠠᠭ᠎ᠠ᠂ ᠲᠣᠰᠬᠣᠨ ᠤ᠋ ᠬᠠᠮᠲᠤ ᠶ᠋ᠢᠨ ᠠᠵᠤ ᠠᠬᠤᠢ ᠳ᠋ᠤ ᠨᠡᠶ᠋ᠢᠲᠡ 113 ᠲᠦᠮᠡᠨ ᠲᠥᠭᠥᠷᠢᠭ ᠤ᠋ᠨ ᠣᠷᠣᠯᠭ᠎ᠠ ᠡᠭᠦᠳᠦᠭᠰᠡᠨ ᠶ᠋ᠢᠡᠷ ᠪᠠᠷᠠᠬᠤ ᠦᠭᠡᠢ ᠪᠠᠰᠠ 130 ᠲᠣᠰᠬᠣᠨ  ᠤ᠋ ᠠᠷᠠᠳ ᠢ᠋ ᠲᠤᠬᠠᠢ ᠵᠢᠨ ᠭᠠᠵᠠᠷ ᠲᠤᠨᠢ ᠠᠵᠢᠯ ᠣᠯᠭᠣᠵᠠᠢ᠂ ᠡᠭᠦᠨ ᠳ᠋ᠤ ᠭᠡᠷ ᠶ᠋ᠢᠡᠨ ᠰᠠᠬᠢᠨ ᠬᠣᠴᠣᠷᠤᠭᠰᠠᠨ ᠡᠮᠡᠭᠲᠡᠢᠴᠦᠳ᠂ ᠣᠷᠣᠯᠭ᠎ᠠ ᠳᠤᠤᠷ᠎ᠠ ᠳᠤᠰᠬᠤᠨ ᠤ᠋ ᠠᠷᠠᠳ ᠤᠯᠠᠨ ᠪᠠᠢᠵᠤ᠂ ᠠᠵᠢᠯ ᠤ᠋ᠨ ᠪᠠᠢᠷᠢ ᠵᠢ ᠲᠣᠰᠬᠣᠨ ᠤ᠋ ᠠᠷᠠᠳ ᠤ᠋ᠨ ᠭᠡᠷ ᠤ᠋ᠨ ᠬᠢᠨᠢ ᠡᠭᠦᠳᠡᠨ ᠳ᠋ᠤ ᠬᠦᠷᠭᠡᠭᠰᠡᠨ ᠪᠠᠢᠨ᠎ᠠ᠃

ᠣᠬᠣᠷᠬᠠᠨ ᠬᠡᠳᠦᠨ ᠵᠢᠯ ᠤ᠋ᠨ ᠬᠣᠭᠣᠷᠣᠨᠳᠤ ᠤᠯᠠᠭᠠᠨᠰᠢᠪᠠᠷᠳᠠᠢ ᠳᠤᠰᠬᠤᠨ ᠤ᠋ ᠲᠣᠭᠲᠠᠮᠠᠯ ᠬᠥᠷᠥᠩᠭᠡ 1000 ᠲᠦᠮᠡᠨ ᠲᠥᠭᠥᠷᠢᠭ ᠢ᠋ ᠳᠠᠪᠠᠵᠤ᠂ ᠳᠤᠰᠬᠤᠨ ᠤ᠋ ᠬᠠᠮᠲᠤ ᠵᠢᠨ ᠠᠵᠤ ᠠᠬᠤᠢ ᠵᠢᠨ ᠵᠢᠯ ᠤ᠋ᠨ ᠣᠷᠣᠯᠭ᠎ᠠ 300 ᠲᠦᠮᠡᠨ ᠲᠥᠭᠥᠷᠢᠭ ᠲᠤ᠌ ᠬᠦᠷᠴᠦ᠂ ᠢᠯᠠᠩᠭᠤᠶ᠎ᠠ ᠮᠠᠯᠴᠢᠨ ᠲᠠᠷᠢᠶᠠᠴᠢᠨ ᠤ᠋ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 2.8 ᠲᠦᠮᠡᠨ ᠲᠥᠭᠥᠷᠢᠭ ᠲᠤ᠌ ᠬᠦᠷᠴᠡᠢ᠃ ᠤᠯᠠᠭᠠᠨᠰᠢᠪᠠᠷᠳᠠᠢ ᠳᠤᠰᠬᠤᠨ ᠶᠠᠳᠠᠭᠤ ᠬᠦᠴᠢᠷᠳᠡᠯᠳᠡᠢ ᠪᠠᠢᠳᠠᠯ ᠡᠴᠡ ᠪᠡᠨ ᠪᠦᠷᠢᠮᠦᠰᠦᠨ ᠠᠩᠭᠢᠵᠢᠷᠠᠵᠤ᠂ ᠪᠠᠶᠠᠵᠢᠯ᠎ᠤᠨ ᠰᠢᠨ᠎ᠡ ᠵᠠᠮ ᠶ᠋ᠢᠡᠷ ᠵᠠᠮᠨᠠᠯ᠎ᠠ᠃

《ᠲᠣᠰᠬᠣᠨ ᠤ᠋ ᠵᠠᠮ ᠵᠠᠰᠠᠬᠤ᠂ ᠤᠰᠤ ᠲᠠᠲᠠᠬᠤ᠂ ᠲᠣᠰᠬᠣᠨ ᠤ᠋ ᠠᠷᠠᠳ ᠤ᠋ᠨ ᠠᠵᠢᠯ ᠣᠯᠭᠤᠯᠳᠠ᠂ ᠬᠡᠦᠬᠡᠳ ᠤ᠋ᠳ᠎ᠢ ᠰᠤᠷᠭᠠᠭᠤᠯᠢ ᠳ᠋ᠤ ᠰᠠᠭᠤᠯᠭᠠᠬᠤ ᠵᠡᠷᠭᠡ ᠠᠰᠠᠭᠤᠳᠠᠯ ᠳᠤᠯᠭᠠᠷᠠᠪᠠᠯ ᠪᠢᠳᠠ ᠪᠦᠷ ᠯᠢᠦ ᠱᠦᠵᠢ ᠵᠢ ᠡᠷᠢᠨ᠎ᠡ᠂ ᠯᠢᠦ ᠱᠦᠵᠢ ᠲᠡᠷᠡ ᠳᠠᠷᠤᠢ ᠳ᠋ᠤᠨᠢ ᠬᠠᠪᠰᠤᠷᠤᠨ ᠰᠢᠢᠳᠪᠦᠷᠢᠯᠡᠵᠦ ᠥᠭᠳᠡᠭ᠂ ᠲᠡᠷᠡ ᠦᠨᠡᠨ ᠰᠡᠳᠬᠢᠯ ᠡᠴᠡ ᠪᠡᠨ ᠮᠠᠨ ᠳ᠋ᠤ ᠪᠣᠳᠠᠲᠤ ᠠᠵᠢᠯ ᠬᠢᠵᠦ ᠥᠭᠳᠡᠭ》 ᠭᠡᠵᠦ ᠤᠯᠠᠭᠠᠨᠰᠢᠪᠠᠷᠳᠠᠢ ᠳᠤᠰᠬᠤᠨ ᠤ᠋ ᠳᠥᠷᠪᠡᠳᠦᠭᠡᠷ ᠮᠠᠯ ᠠᠵᠤ ᠠᠬᠤᠢ ᠵᠢᠨ ᠬᠣᠷᠰᠢᠶᠠᠨ ᠤ᠋ ᠳᠠᠷᠤᠭ᠎ᠠ ᠮᠢ ᠹᠦ ᠪᠦᠦ ᠶᠠᠷᠢᠯ᠎ᠠ᠃

ᠲᠥᠪ ᠤ᠋ᠨ ᠨᠠᠢ᠍ᠮᠠᠨ ᠲᠣᠭᠲᠠᠭᠠᠯ ᠤ᠋ᠨ ᠵᠣᠷᠢᠭ᠋ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭᠰᠡᠨ ᠡᠴᠡ ᠨᠠᠭᠠᠰᠢ᠂ ᠯᠢᠦ ᠡᠯ ᠹᠧᠢ ᠵᠢᠨ ᠳᠠᠭᠠᠭᠤᠯᠭ᠎ᠠ ᠪᠠᠷ ᠤᠯᠠᠭᠠᠨᠰᠢᠪᠠᠷᠳᠠᠢ ᠲᠣᠰᠬᠣᠨ ᠤ᠋ ᠨᠠᠮ ᠤ᠋ᠨ ᠶᠡᠷᠦᠩᠬᠡᠢ ᠡᠭᠦᠷ ᠠᠰᠠᠭᠤᠳᠠᠯ ᠶ᠋ᠢᠡᠷ ᠤᠳᠤᠷᠢᠳᠤᠮᠵᠢ ᠪᠣᠯᠭᠠᠵᠤ᠂ ᠰᠤᠷᠪᠤᠯᠵᠢᠯᠠᠨ ᠪᠠᠢᠴᠠᠭᠠᠨ ᠰᠤᠳᠤᠯᠬᠤ᠂ ᠲᠣᠰᠬᠣᠨ ᠤ᠋ ᠠᠷᠠᠳ ᠤ᠋ᠨ ᠵᠥᠪᠯᠡᠯᠭᠡ ᠶ᠋ᠢᠨ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠰᠠᠭᠤᠷᠢ ᠲᠥᠬᠦᠭᠡᠷᠦᠮᠵᠢ ᠪᠠᠭᠤᠷᠠᠢ᠂ ᠠᠷᠠᠳ ᠤ᠋ᠨ ᠠᠮᠢᠳᠤᠷᠠᠯ ᠤ᠋ᠨ ᠦᠢᠯᠡᠴᠢᠯᠡᠭᠡ ᠠᠨᠠᠢ᠂ ᠠᠵᠤ ᠦᠢᠯᠡᠰ ᠤ᠋ᠨ ᠬᠥᠭᠵᠢᠯᠲᠡ ᠲᠡᠩᠴᠡᠭᠦᠷᠢ ᠦᠭᠡᠢ ᠪᠠᠢᠬᠤ ᠵᠡᠷᠭᠡ ᠲᠣᠪᠣᠢᠮ᠎ᠠ ᠠᠰᠠᠭᠤᠳᠠᠯ ᠢ᠋ ᠡᠮᠬᠢᠯᠡᠵᠦ᠂ ᠴᠡᠭᠴᠡᠯᠡᠨ ᠵᠠᠰᠠᠬᠤ ᠵᠢ ᠵᠦᠢᠯ ᠳᠠᠷᠠᠭᠠᠯᠠᠨ ᠠᠬᠢᠭᠤᠯᠵᠤ᠂  3.2 ᠺᠢᠯᠤᠮᠧᠲᠷ ᠵᠠᠮ ᠵᠠᠰᠠᠭᠰᠠᠨ᠂ 86 ᠨᠠᠷᠠᠨ ᠡᠨᠧᠷᠬᠢ ᠶ᠋ᠢᠨ ᠵᠠᠮ ᠤ᠋ᠨ ᠳ᠋ᠧᠩ ᠤᠭᠰᠠᠷᠠᠭᠰᠠᠨ᠂ 1.5 ᠺᠢᠯᠤᠮᠧᠲᠷ ᠤᠰᠤᠨ ᠰᠤᠪᠠᠭ ᠵᠠᠰᠠᠭᠰᠠᠨ ᠵᠡᠷᠭᠡ ᠰᠠᠭᠤᠷᠢ ᠳᠦᠬᠦᠭᠡᠷᠦᠮᠵᠢ ᠶ᠋ᠢᠨ ᠪᠦᠳᠦᠭᠡᠨ ᠪᠠᠢᠭᠤᠯᠤᠯᠳᠠ ᠵᠢ ᠪᠡᠶᠡᠯᠡᠭᠦᠯᠦᠭᠰᠡᠨ ᠶ᠋ᠢᠡᠷ ᠪᠠᠷᠠᠬᠤ ᠦᠭᠡᠢ᠂《ᠨᠢᠭᠡ ᠦᠷᠳᠡᠭᠡᠴᠢᠯᠡᠭᠰᠡᠨ》 ᠠᠷᠠᠳ ᠲᠤ᠌ ᠳᠦᠬᠦᠮ ᠦᠵᠡᠬᠦᠯᠬᠦ ᠦᠢᠯᠡᠴᠢᠯᠡᠭᠡᠨ ᠤ᠋ ᠦᠷᠳᠡᠭᠡ ᠵᠢ ᠪᠠᠢᠭᠤᠯᠵᠤ᠂ 2 ᠳᠤᠰᠬᠠᠢ ᠠᠵᠢᠯᠳᠠᠨ ᠳᠤᠬᠢᠷᠠᠭᠤᠯᠤᠨ᠂ ᠳᠤᠰᠬᠤᠨ ᠤ᠋ ᠠᠷᠠᠳ᠎ᠤᠨ ᠨᠡᠢᠭᠡᠮ ᠤ᠋ᠨ ᠳᠠᠭᠠᠳᠬᠠᠯ ᠢ᠋ ᠤᠷᠤᠯᠠᠨ ᠳᠤᠰᠢᠶᠠᠬᠤ᠂ ᠭᠡᠷᠡᠴᠢᠯᠡᠭᠡ ᠬᠢᠬᠦ᠂ ᠲᠦᠷᠦ ᠵᠢᠨ ᠪᠣᠳᠣᠯᠭ᠎ᠠ ᠵᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠵᠠᠢ᠃ ᠪᠠᠰᠠ ᠨᠠᠮ ᠤ᠋ᠨ ᠭᠡᠰᠢᠭᠦᠨ᠂ ᠰᠠᠢᠨ ᠳᠤᠷᠠᠴᠤᠳ᠎ᠢ ᠵᠣᠬᠢᠶᠠᠨ ᠪᠠᠢᠭᠤᠯᠤᠭᠠᠳ᠂《ᠬᠠᠯᠠᠭᠤᠮᠰᠤᠭ ᠦᠢᠯᠡᠴᠢᠯᠡᠭᠡᠨ ᠤ᠋ ᠠᠩᠭᠢ》 ᠪᠠᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠲᠣᠰᠬᠣᠨ ᠤ᠋ ᠠᠷᠠᠳ ᠲᠤ᠌ ᠦᠰᠦ ᠵᠠᠰᠠᠬᠤ᠂ ᠡᠷᠡᠭᠦᠯ ᠮᠡᠨᠳᠦ ᠵᠢᠨ ᠪᠠᠢᠴᠠᠭᠠᠯᠲᠠ ᠬᠢᠬᠦ᠂ ᠣᠷᠣᠯᠠᠨ ᠬᠤᠳᠠᠯᠳᠤᠨ ᠠᠪᠬᠤ ᠵᠡᠷᠭᠡ ᠦᠢᠯᠡᠴᠢᠯᠡᠭᠡ ᠬᠠᠩᠭᠠᠭᠠᠳ᠂ ᠨᠡᠢᠳᠡ 200 ᠭᠠᠷᠤᠢ ᠤᠳᠠᠭ᠎ᠠ ᠦᠢᠯᠡᠴᠢᠯᠡᠪᠡ᠃ ᠥᠨᠥᠳᠥᠷ ᠤ᠋ᠨ ᠤᠯᠠᠭᠠᠨᠰᠢᠪᠠᠷᠳᠠᠢ ᠲᠣᠰᠬᠣᠨ᠎ᠳᠤ ᠳᠡᠭᠷᠢ ᠭᠠᠵᠠᠷ ᠢ᠋ ᠳᠤᠩᠰᠤᠯᠭᠠᠮ᠎ᠠ ᠬᠤᠪᠢᠷᠠᠯᠳᠠ ᠭᠠᠷᠴᠤ᠂ ᠰᠠᠭᠤᠷᠢ ᠲᠥᠬᠦᠭᠡᠷᠦᠮᠵᠢ ᠲᠡᠭᠦᠯᠳᠡᠷᠵᠢᠨ᠂ ᠠᠵᠤ ᠦᠢᠯᠡᠰ ᠥᠷᠨᠢᠨ ᠬᠥᠭᠵᠢᠵᠦ᠂ ᠠᠷᠠᠳ ᠤᠯᠠᠨ ᠪᠠᠶᠠᠵᠢᠨ ᠲᠣᠰᠬᠣᠨ ᠬᠦᠴᠦᠷᠬᠡᠭᠵᠢᠵᠡᠢ ᠃

ᠤᠯᠠᠭᠠᠨᠰᠢᠪᠠᠷᠳᠠᠢ ᠲᠣᠰᠬᠣᠨ ᠳ᠋ᠤ ᠢᠷᠡᠵᠦ ᠠᠵᠢᠯᠯᠠᠭᠰᠠᠨ ᠡᠴᠡ ᠨᠠᠭᠠᠰᠢ᠂ ᠯᠢᠦ ᠡᠯ ᠹᠧᠢ 7 ᠵᠢᠯ ᠤ᠋ᠨ ᠪᠣᠳᠠᠲᠤ ᠠᠵᠢᠯᠯᠠᠭ᠎ᠠ ᠪᠣᠷᠣᠭᠵᠢᠭᠤᠨ ᠦᠢᠯᠡ ᠪᠠᠷ ᠶ᠋ᠢᠡᠨ 《ᠨᠠᠮ ᠤ᠋ᠨ ᠠᠴᠢ ᠳ᠋ᠤ ᠳᠠᠯᠠᠷᠬᠠᠵᠤ᠂ ᠨᠠᠮ ᠤ᠋ᠨ ᠦᠭᠡ ᠵᠢ ᠰᠣᠨᠣᠰᠴᠤ᠂ ᠨᠠᠮ ᠶ᠋ᠢᠡᠨ ᠳᠠᠭᠠᠨ ᠤᠷᠤᠭᠰᠢᠯᠠᠬᠤ》ᠤᠯᠠᠨ ᠳᠦᠮᠡᠨᠴᠢ ᠬᠦᠮᠦᠵᠢᠯ ᠢ᠋ ᠦᠢᠯᠡᠳᠦᠯᠭᠡᠵᠢᠬᠦᠯᠵᠦ᠂ ᠠᠷᠠᠳ ᠤ᠋ᠨ ᠲᠥᠯᠥᠭᠡ ᠪᠣᠳᠠᠲᠤ ᠠᠵᠢᠯ ᠬᠢᠵᠦ᠂ ᠠᠷᠠᠳ ᠤᠯᠠᠨ ᠤ᠋ ᠰᠡᠳᠬᠢᠯ ᠳ᠋ᠡᠬᠢ ᠨᠡᠷ᠎ᠡ ᠨᠢᠳᠡᠷ ᠲᠡᠬᠡᠨ ᠨᠡᠢᠴᠡᠭᠰᠡᠨ《ᠰᠠᠢᠨ ᠱᠦᠵᠢ》ᠪᠣᠯᠵᠠᠢ᠃

ᠯᠢᠦ ᠡᠯ ᠹᠧᠢ ᠶ᠋ᠢᠨ ᠪᠣᠳᠠᠲᠠᠢ ᠠᠵᠢᠯᠯᠠᠭ᠎ᠠ ᠪᠠ ᠬᠠᠷᠢᠭᠤᠴᠠᠯᠭ᠎ᠠ ᠡᠭᠦᠷᠭᠡᠯᠡᠯ ᠨᠢ ᠳᠡᠬᠦᠨ ᠳ᠋ᠤ ᠮᠠᠰᠢ ᠠᠷᠪᠢᠨ ᠢᠷᠠᠭᠤ ᠠᠯᠳᠠᠷ ᠢ᠋ ᠣᠯᠭᠣᠵᠠᠢ᠃ 2023 ᠣᠨ ᠳ᠋ᠤ᠂ ᠪᠦᠬᠦ ᠣᠷᠣᠨ ᠤ᠋ ᠭᠠᠴᠠᠭ᠎ᠠ ᠲᠣᠰᠬᠣᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠨ ᠱᠦᠵᠢ ᠵᠢᠨ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ 《ᠴᠡᠷᠢᠭ ᠤ᠋ᠨ ᠡᠷᠳᠡᠮ ᠤ᠋ᠨ ᠮᠥᠷᠥᠢᠴᠡᠭᠡᠨ ᠤ᠋ ᠤᠳᠤᠨ ᠪᠤᠯᠢᠶᠠᠯᠳᠤᠬᠤ》ᠲᠠᠪᠴᠠᠩ ᠤ᠋ᠨ ᠤᠷᠤᠯᠳᠤᠭᠠᠨ ᠳ᠋ᠤ ᠯᠢᠦ ᠡᠯ ᠹᠧᠢ ᠲᠤᠬᠠᠢ ᠵᠢᠨ ᠲᠠᠯᠠᠪᠠᠢ ᠶ᠋ᠢᠨ ᠨᠢᠭᠡᠳᠦᠭᠡᠷ᠂ ᠶᠡᠷᠦᠩᠬᠡᠢ ᠬᠤᠪᠢ ᠪᠠᠷ ᠳᠥᠷᠪᠡᠳᠦᠭᠡᠷ ᠲᠤ᠌ ᠣᠷᠣᠵᠤ᠂ ᠡᠴᠦᠰ ᠲᠡᠬᠡᠨ ᠭᠤᠷᠪᠠᠳᠤᠭᠠᠷ ᠳᠡᠰ ᠤ᠋ᠨ ᠱᠠᠩᠨᠠᠯ ᠬᠦᠷᠲᠡᠪᠡ᠃ 2024 ᠣᠨ ᠳ᠋ᠤ 《ᠪᠦᠬᠦ ᠣᠷᠣᠨ ᠤ᠋ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠡᠭᠦᠷᠭᠡᠯᠡᠭᠰᠡᠨ ᠰᠠᠢᠨ ᠨᠠᠮ ᠤ᠋ᠨ ᠡᠭᠦᠷ ᠤ᠋ᠨ ᠱᠦᠵᠢ》 ᠵᠢᠨ ᠢᠷᠠᠭᠤ ᠠᠯᠳᠠᠷ ᠢ᠋ ᠬᠦᠷᠲᠡᠵᠦ᠂ 2025 ᠣᠨ ᠳ᠋ᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠥᠳᠡᠯᠮᠦᠷᠢ ᠵᠢᠨ ᠵᠢᠱ᠌ᠢᠶᠡᠴᠢ》 ᠶ᠋ᠢᠨ ᠢᠷᠠᠭᠤ ᠠᠯᠳᠠᠷ ᠢ᠋ ᠬᠦᠷᠲᠡᠵᠡᠢ᠃ ᠯᠢᠦ ᠡᠯ ᠹᠧᠢ ᠤᠮᠠᠷᠠᠲᠤ ᠬᠢᠯᠢ ᠵᠢᠨ ᠦᠯᠢᠭᠡᠷ ᠳᠠᠭᠤᠷᠢᠶᠠᠯ ᠤ᠋ᠨ ᠮᠡᠳᠡᠭᠦᠯᠦᠯᠲᠡ ᠵᠢᠨ ᠬᠤᠷᠠᠯ ᠤ᠋ᠨ ᠭᠡᠰᠢᠭᠦᠨ ᠪᠣᠯᠤᠭᠰᠠᠨ ᠤ᠋ ᠬᠤᠪᠢ ᠳ᠋ᠤ᠂ ᠤᠯᠠᠭᠠᠨᠰᠢᠪᠠᠷᠳᠠᠢ ᠲᠣᠰᠬᠣᠨ ᠤ᠋ ᠪᠣᠬᠢᠷᠲᠤᠯ ᠦᠭᠡᠢ ᠬᠥᠭᠵᠢᠯᠲᠡ ᠵᠢᠨ ᠲᠤᠷᠰᠢᠯᠭ᠎ᠠ ᠵᠢ ᠤᠯᠠᠨᠲᠠ ᠬᠤᠪᠢᠶᠠᠯᠴᠠᠵᠤ᠂ ᠲᠤᠰ ᠲᠣᠰᠬᠣᠨ ᠤ᠋ ᠬᠥᠭᠵᠢᠯᠲᠡ ᠵᠢᠨ ᠵᠠᠭᠪᠤᠷ ᠶ᠋ᠢᠡᠷ ᠨᠡᠩ ᠤᠯᠠᠨ ᠲᠣᠰᠬᠣᠨ ᠳ᠋ᠤ ᠠᠰᠢᠭ᠋ ᠬᠦᠷᠲᠡᠭᠡᠵᠡᠢ᠃

ᠯᠢᠦ ᠡᠯ ᠹᠧᠢ ᠵᠢᠨ ᠶᠠᠷᠢᠬᠰᠠᠨ 《 ᠪᠢ ᠤᠯᠠᠨ ᠢ᠋ ᠳᠠᠭᠠᠭᠤᠯᠤᠨ᠂ ᠠᠮᠢᠳᠤ ᠪᠣᠳᠠᠰ ᠤ᠋ᠨ ᠮᠠᠰ ᠤ᠋ᠨ ᠮᠥᠬᠥᠯᠢᠭ ᠤ᠋ᠨ ᠦᠢᠯᠡᠳᠪᠦᠷᠢ ᠵᠢ ᠨᠡᠩ ᠬᠦᠭᠵᠢᠬᠦᠯᠦᠨ᠂ ᠦᠢᠯᠡᠳᠬᠦᠨ ᠤ᠋ ᠦᠷᠳᠡᠭ ᠢ᠋ ᠤᠯᠠᠮ ᠥᠷᠭᠡᠳᠬᠡᠵᠦ᠂ ᠦᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠦᠨ᠂ ᠠᠵᠤ ᠦᠢᠯᠡᠰ ᠤ᠋ᠨ ᠬᠡᠯᠬᠢᠶ᠎ᠡ ᠵᠢ ᠨᠡᠩ ᠤᠷᠲᠤᠳᠬᠠᠵᠤ ᠰᠢᠯᠢᠳᠡᠭᠵᠢᠭᠦᠯᠦᠨ᠎ᠡ》 ᠬᠡᠬᠦ ᠦᠭᠡ ᠡᠴᠡ ᠨᠢ ᠲᠣᠰᠬᠣᠨ ᠤ᠋ ᠬᠠᠮᠲᠤ ᠵᠢᠨ ᠠᠵᠤ ᠠᠬᠤᠢ ᠵᠢᠨ ᠬᠥᠭᠵᠢᠯᠲᠡ ᠳ᠋ᠤ ᠢᠲᠡᠭᠡᠯ ᠳᠡᠬᠦᠯᠳᠡᠷ᠂ ᠠᠷᠠᠳ ᠤ᠋ᠨ ᠠᠮᠢᠳᠤᠷᠠᠯ ᠢ᠋ ᠤᠯᠠᠮ ᠰᠠᠢᠵᠢᠷᠠᠭᠤᠯᠤᠨ᠂ ᠬᠠᠮᠲᠤ ᠪᠠᠷ ᠰᠠᠷᠠᠭᠤᠯ ᠳᠠᠷᠳᠠᠩ ᠢᠷᠡᠭᠡᠳᠦᠢ ᠵᠦᠭ ᠤᠷᠤᠭᠰᠢᠯᠠᠬᠤ ᠡᠷᠡᠰ ᠵᠣᠷᠢᠭ᠋ ᠨᠢ ᠳᠤᠳᠤᠷᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号