— ᠤᠮᠠᠷᠠᠲᠦ ᠬᠢᠯᠢ ᠵᠢᠨ ᠬᠠᠷᠢᠭᠤᠯᠲᠠ ᠵᠢᠨ ᠬᠠᠭᠤᠳᠠᠰᠦ
《ᠰᠢᠮ᠎ᠠ ᠲᠠᠢ ᠢᠳᠡᠬᠡᠨ ᠪᠠᠶ᠎ᠠ ᠳ᠋ᠤ ᠲᠤᠰᠠᠳᠠᠢ᠂ ᠰᠢᠪᠡᠷᠡᠬᠡ ᠪᠤᠷᠤᠭᠠᠨ ᠤᠷᠭᠤᠮᠠᠯ ᠳ᠋ᠤ ᠲᠤᠰᠠᠳᠠᠢ》 ᠬᠡᠳᠡᠭᠴᠢᠯᠡᠨ ᠰᠢᠮ᠎ᠠ ᠰᠠᠢᠳᠠᠢ ᠤᠯᠠᠭᠠᠨ ᠢᠳᠡᠬᠡᠨ ᠪᠤᠯ ᠬᠦᠮᠦᠰ ᠤ᠋ᠨ ᠳᠤᠳᠠᠭᠳᠠᠵᠤ ᠪᠤᠯᠤᠰᠢ ᠦᠭᠡᠢ ᠢᠳᠡᠭᠡᠨ ᠤ᠋ ᠨᠢᠭᠡ ᠵᠦᠢᠯ ᠮᠦᠨ᠃ 《ᠠᠷᠪᠠᠨ ᠳᠦᠷᠪᠡᠳᠦᠭᠡᠷ ᠳᠠᠪᠤᠨ ᠵᠢᠯ》 ᠳ᠋ᠤ᠂ ᠦᠪᠤᠷ ᠮᠤᠩᠭᠤᠯ ᠤ᠋ᠨ ᠭᠤᠤᠯ ᠪᠤᠯᠬᠤ ᠮᠢᠬᠠᠨ ᠤ᠋ ᠲᠦᠷᠦᠯ ᠤ᠋ᠨ ᠶᠡᠷᠦᠩᠬᠡᠢ ᠭᠠᠷᠤᠯᠳᠠ ᠵᠢᠯ ᠳᠠᠷᠠᠭᠠᠯᠠᠨ ᠨᠡᠮᠡᠭᠳᠡᠵᠦ᠂ 2024 ᠤᠨ ᠳ᠋ᠤ ᠠᠩᠬ᠎ᠠ ᠤᠳᠠᠭ᠎ᠠ 300 ᠲᠦᠮᠡᠨ ᠳᠤᠨ ᠢ᠋ ᠳᠠᠪᠠᠨ᠂ ᠬᠤᠨᠢᠨ ᠮᠢᠬ᠎ᠠ ᠪᠠ ᠦᠭᠡᠷ ᠤ᠋ᠨ ᠮᠢᠬᠠᠨ ᠤ᠋ ᠭᠠᠷᠤᠯᠳᠠ ᠪᠡᠷ ᠪᠦᠬᠦ ᠤᠯᠤᠰ ᠲᠤ᠌ ᠮᠠᠩᠯᠠᠢᠯᠠᠪᠠ᠃ ᠦᠪᠤᠷ ᠮᠤᠩᠭᠤᠯ ᠤᠳᠤ ᠪᠦᠬᠦ ᠤᠯᠤᠰ ᠤ᠋ᠨ 20% ᠶ᠋ᠢᠨ ᠬᠤᠨᠢᠨ ᠮᠢᠬ᠎ᠠ᠂ 10% ᠶ᠋ᠢᠨ ᠦᠭᠡᠷ ᠤ᠋ᠨ ᠮᠢᠬ᠎ᠠ ᠶ᠋ᠢᠨ ᠬᠡᠷᠡᠭᠴᠡᠭᠡ ᠶ᠋ᠢ ᠬᠠᠩᠭᠠᠨ᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠦᠢᠯᠡᠳᠪᠤᠷᠢᠯᠡᠯ ᠤ᠋ᠨ ᠰᠠᠭᠤᠷᠢᠨ ᠤ᠋ ᠪᠠᠢᠷᠢ ᠰᠠᠭᠤᠷᠢ ᠨᠢ ᠤᠯᠠᠮ ᠪᠡᠬᠢᠵᠢᠵᠤ᠂ ᠤᠯᠤᠰ ᠤ᠋ᠨ ᠴᠢᠬᠤᠯᠠ 《ᠮᠢᠬᠠᠨ ᠤ᠋ ᠬᠦᠮᠦᠷᠭᠡ》 ᠪᠤᠯᠵᠠᠢ᠃

《ᠮᠢᠬᠠᠨ ᠤ᠋ ᠬᠦᠮᠦᠷᠭᠡ》 ᠭᠡᠬᠦ ᠪᠡᠷ ᠦᠪᠤᠷ ᠮᠤᠩᠭᠤᠯ ᠠᠮᠢᠳᠤ ᠮᠠᠯ ᠢ᠋ ᠭᠠᠷᠭᠠᠭᠠᠳ ᠯᠡ ᠪᠠᠢᠭᠰᠠᠨ ᠪᠢᠰᠢ ᠪᠦᠭᠡᠳ ᠠᠮᠢᠳᠤ ᠮᠠᠯ ᠢ᠋ ᠭᠠᠷᠭᠠᠭᠠᠳ ᠯᠡ ᠪᠠᠢᠵᠤ ᠪᠤᠯᠬᠤ ᠦᠭᠡᠢ ᠶᠤᠮ᠃ 《ᠠᠷᠪᠠᠨ ᠳᠦᠷᠪᠡᠳᠦᠭᠡᠷ ᠳᠠᠪᠤᠨ ᠵᠢᠯ》 ᠳ᠋ᠤ᠂ ᠮᠠᠨ ᠤ᠋ ᠤᠷᠤᠨ ᠤᠯᠤᠰ ᠤ᠋ᠨ ᠮᠢᠬᠠᠨ ᠤ᠋ ᠵᠦᠢᠯ ᠤ᠋ᠨ ᠬᠠᠩᠭᠠᠯᠭ᠎ᠠ ᠶ᠋ᠢ ᠪᠠᠳᠤᠯᠠᠬᠤ᠂ ᠤᠷᠤᠨ ᠨᠤᠳᠤᠭ ᠤ᠋ᠨ ᠠᠵᠤ ᠠᠬᠤᠢ ᠶ᠋ᠢᠨ ᠬᠦᠭᠵᠢᠯᠳᠡ ᠶ᠋ᠢ ᠠᠬᠢᠭᠤᠯᠬᠤ᠂ ᠮᠠᠯᠴᠢᠨ ᠲᠠᠷᠢᠶᠠᠴᠢᠳ ᠤ᠋ᠨ ᠤᠷᠤᠯᠭ᠎ᠠ ᠶ᠋ᠢ ᠨᠡᠮᠡᠭᠳᠡᠭᠦᠯᠬᠦ ᠶᠡᠬᠡ ᠴᠢᠭᠯᠡᠯ ᠶ᠋ᠢᠡᠷ ᠮᠢᠬᠠᠨ ᠤ᠋ ᠠᠵᠤ ᠦᠢᠯᠡᠰ ᠢ᠋ ᠶᠡᠬᠡ ᠪᠡᠷ ᠬᠦᠭᠵᠢᠭᠦᠯᠵᠦ᠂ ᠡᠭᠦᠯᠳᠡᠷ ᠪᠤᠢᠵᠢᠭᠤᠯᠬᠤ᠂ ᠲᠡᠵᠢᠭᠡᠨ ᠦᠷᠡᠵᠢᠭᠦᠯᠬᠦ᠂ ᠨᠢᠳᠤᠯᠬᠤ᠂ ᠡᠳ᠋ᠰᠢᠭᠦᠯᠦᠨ ᠪᠤᠯᠪᠠᠰᠤᠷᠠᠭᠤᠯᠬᠤ ᠪᠠ ᠪᠤᠷᠤᠯᠠᠭᠤᠯᠬᠤ ᠶ᠋ᠢ ᠨᠢᠭᠡ ᠴᠤᠭᠴᠠᠵᠢᠭᠤᠯᠤᠭᠰᠠᠨ ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠠ ᠶ᠋ᠢ ᠴᠤᠭᠴᠠᠯᠠᠪᠠ᠃ 2024 ᠤᠨ ᠳ᠋ᠤ᠂ ᠦᠪᠤᠷ ᠮᠤᠩᠭᠤᠯ ᠤ᠋ᠨ ᠮᠢᠬᠠᠨ ᠤ᠋ ᠬᠤᠨᠢ ᠵᠢᠨ ᠪᠦᠬᠦ ᠠᠵᠤ ᠦᠢᠯᠡᠰ ᠤ᠋ᠨ ᠬᠡᠯᠬᠢᠶ᠎ᠠ ᠵᠢᠨ ᠦᠢᠯᠡᠳᠭᠦᠨ ᠤ᠋ ᠦᠷᠳᠡᠭ 1050 ᠳ᠋ᠦᠩᠰᠢᠭᠤᠷ ᠲᠦᠭᠦᠷᠢᠭ ᠢ᠋ ᠳᠠᠪᠠᠵᠤ᠂ ᠮᠢᠬᠠᠨ ᠤ᠋ ᠦᠭᠡᠷ ᠤ᠋ᠨ ᠪᠦᠬᠦ ᠠᠵᠤ ᠦᠢᠯᠡᠰ ᠤ᠋ᠨ ᠬᠡᠯᠬᠢᠶ᠎ᠠ ᠵᠢᠨ ᠦᠢᠯᠡᠳᠭᠦᠨ ᠤ᠋ ᠦᠷᠳᠡᠭ 800 ᠳ᠋ᠦᠩᠰᠢᠭᠤᠷ ᠲᠦᠭᠦᠷᠢᠭ ᠢ᠋ ᠳᠠᠪᠠᠨ᠂ ᠤᠳᠤ 1000 ᠳ᠋ᠦᠩᠰᠢᠭᠤᠷ ᠲᠦᠭᠦᠷᠢᠭ ᠢ᠋ ᠳᠠᠪᠠᠭᠤᠯᠬᠤ ᠪᠡᠷ ᠴᠢᠷᠮᠠᠢᠵᠤ ᠪᠠᠢᠨ᠎ᠠ᠃
ᠠᠷᠠᠳ ᠤ᠋ᠨ ᠤᠷᠤᠯᠭ᠎ᠠ ᠨᠡᠮᠡᠭᠳᠡᠵᠦ᠂ ᠠᠮᠢᠳᠤᠷᠠᠯ ᠤ᠋ᠨ ᠲᠦᠪᠰᠢᠨ ᠳᠡᠭᠡᠭᠰᠢᠯᠡᠭᠦ ᠶ᠋ᠢ ᠳᠠᠭᠠᠯᠳᠤᠨ ᠮᠢᠬᠠᠨ ᠤ᠋ ᠲᠦᠷᠦᠯ ᠤ᠋ᠨ ᠬᠡᠷᠡᠭᠯᠡᠭᠡᠨ ᠤ᠋ ᠵᠠᠬ᠎ᠠ ᠲᠠᠯᠬᠡᠬᠦᠷ ᠤᠯᠠᠮ ᠡᠴᠡ ᠤᠯᠠᠮ ᠬᠦᠭᠵᠢᠶᠡᠨ ᠲᠠᠢ ᠪᠤᠯᠵᠤ᠂ ᠪᠤᠬᠢᠷᠳᠦᠯ ᠦᠭᠡᠢ ᠪᠠᠢᠭᠠᠯᠢᠯᠢᠭ ᠶ᠋ᠢᠡᠷ ᠶ᠋ᠢᠡᠨ ᠤᠨᠴᠠᠯᠢᠭ ᠳᠠᠪᠠᠭᠤᠯᠢᠭ ᠵᠢᠡᠨ ᠪᠤᠯᠭᠠᠭᠰᠠᠨ ᠦᠪᠦᠷ ᠮᠤᠩᠭᠤᠯ ᠤ᠋ᠨ ᠬᠤᠨᠢ ᠦᠬᠡᠷ ᠤ᠋ᠨ ᠮᠢᠬ᠎ᠠ ᠬᠡᠷᠡᠭᠯᠡᠭᠴᠢᠳ ᠤ᠋ᠨ ᠬᠦᠷᠢᠶᠡᠯᠡᠯ ᠢ᠋ ᠨᠡᠩ ᠢᠯᠡᠭᠦᠦ ᠤᠯᠬᠤ ᠨᠢ ᠳᠠᠮᠵᠢᠭ ᠦᠭᠡᠢ᠃ ᠡᠭᠦᠨ ᠳ᠋ᠤ ᠮᠢᠬᠠᠨ ᠤ᠋ ᠴᠢᠨᠠᠷ ᠶ᠋ᠢᠡᠨ ᠰᠠᠢᠳᠦᠷ ᠪᠠᠳᠤᠯᠠᠬᠤ ᠪᠤᠯ ᠵᠠᠩᠬᠢᠯᠠᠭ᠎ᠠ ᠪᠤᠯᠤᠨ᠎ᠠ᠃ ᠤᠳᠤᠬᠠᠨ ᠳ᠋ᠤ ᠦᠪᠤᠷ ᠮᠤᠩᠭᠤᠯ ᠨᠢᠭᠡᠨᠳᠡ《ᠡᠯᠧᠺᠲᠷᠤᠨ ᠭᠡᠷᠡᠴᠢ + ᠲᠤᠭᠠᠴᠢᠯᠠᠭᠰᠠᠨ ᠮᠦᠷᠳᠡᠯᠳᠡ》 ᠪᠡᠷ ᠭᠤᠤᠯ ᠪᠤᠯᠭᠠᠭᠰᠠᠨ ᠮᠢᠬᠠᠨ ᠤ᠋ ᠪᠦᠳᠦᠬᠡᠭᠳᠡᠬᠦᠨ ᠤ᠋ ᠶᠠᠰᠤ ᠴᠢᠨᠠᠷ ᠤ᠋ᠨ ᠠᠮᠦᠷ ᠲᠦᠪᠰᠢᠨ ᠢ᠋ ᠪᠦᠬᠦ ᠬᠡᠯᠬᠢᠶ᠎ᠠ ᠪᠡᠷ ᠬᠢᠨᠠᠨ ᠬᠠᠮᠢᠶᠠᠷᠴᠤ ᠮᠦᠷᠳᠡᠬᠦ ᠰᠢᠰᠲᠧᠮ ᠢ᠋ ᠪᠠᠢᠭᠤᠯᠵᠤ᠂ 《ᠬᠠᠮᠢᠭ᠎ᠠ ᠡᠴᠡ ᠢᠷᠡᠭᠰᠡᠨ᠂ ᠬᠠᠮᠢᠭᠠᠰᠢ ᠪᠡᠨ ᠶᠠᠪᠤᠭᠰᠠᠨ᠂ ᠬᠡᠨ ᠬᠠᠷᠢᠭᠤᠴᠠᠭᠰᠠᠨ》 ᠢ᠋ ᠴᠦᠮ ᠮᠦᠷᠳᠡᠵᠦ ᠳᠡᠢᠯᠬᠦ ᠪᠤᠯᠭᠠᠵᠠᠢ᠃

ᠦᠪᠤᠷ ᠮᠤᠩᠭᠤᠯ ᠤ᠋ᠨ ᠪᠡᠯᠴᠢᠬᠡᠷ ᠤ᠋ᠨ ᠮᠠᠯ ᠢ᠋ 《ᠡᠮᠳᠤ ᠡᠪᠡᠰᠤᠨ ᠤ᠋ ᠢᠳᠡᠰᠢ ᠲᠠᠢ᠂ ᠷᠠᠰᠢᠶᠠᠨ ᠪᠤᠯᠠᠭ ᠤ᠋ᠨ ᠤᠮᠳᠠ ᠲᠠᠢ》 ᠬᠡᠯᠴᠡᠳᠡᠭ᠃ ᠮᠠᠨ ᠤ᠋ ᠤᠷᠤᠨ ᠡᠨᠡ ᠬᠦ᠌ ᠲᠠᠪᠠᠭᠤᠯᠢᠭ ᠵᠢᠡᠨ ᠬᠦᠢᠴᠡᠳ ᠪᠠᠳᠠᠷᠠᠭᠤᠯᠵᠤ᠂ ᠡᠨᠡ ᠵᠢᠯ ᠡᠴᠡ ᠨᠠᠭᠠᠰᠢ ᠤᠷᠤᠨ ᠪᠦᠰᠡ ᠵᠢᠨ ᠪᠠᠢᠷᠢᠰᠢᠭᠤᠯᠤᠯᠳᠠ ᠪᠠ ᠭᠤᠤᠯ ᠰᠢᠪᠳᠤᠯᠤᠯᠳᠠ ᠵᠢᠨ ᠴᠢᠭᠯᠡᠯ ᠢ᠋ ᠲᠤᠳᠤᠷᠬᠠᠢᠯᠨᠨ᠂ ᠮᠢᠬᠠᠨ ᠤ᠋ ᠲᠦᠷᠦᠯ ᠤ᠋ᠨ ᠬᠠᠩᠭᠠᠯᠭ᠎ᠠ ᠵᠢᠨ ᠴᠢᠳᠠᠪᠤᠷᠢ ᠪᠤᠯᠤᠨ ᠮᠢᠬᠠᠨ ᠤ᠋ ᠲᠦᠷᠦᠯ ᠤ᠋ᠨ ᠠᠵᠤ ᠦᠢᠯᠡᠰᠵᠢᠯᠳᠠ ᠪᠠ ᠲᠦᠷᠦᠯ ᠲᠡᠮᠳᠡᠭᠵᠢᠯᠳᠡ ᠵᠢᠨ ᠲᠦᠪᠰᠢᠨ ᠢ᠋ ᠴᠢᠨᠠᠭᠰᠢᠳᠠ ᠲᠠᠬᠡᠭᠰᠢᠯᠡᠬᠦᠯᠪᠠ᠃ ᠲᠠᠬᠡᠷ᠎ᠠ ᠬᠠᠭᠠᠰ ᠵᠢᠯ ᠳ᠋ᠤ ᠪᠦᠬᠦ ᠤᠷᠤᠨ ᠤ᠋ ᠭᠤᠤᠯ ᠪᠤᠯᠬᠤ ᠮᠢᠬᠠᠨ ᠤ᠋ ᠲᠦᠷᠦᠯ ᠤ᠋ᠨ ᠶᠡᠷᠤᠩᠬᠡᠢ ᠭᠠᠷᠤᠯᠳᠠ 108.8 ᠲᠦᠮᠡᠨ ᠲᠤᠨ ᠳ᠋ᠤ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.5% ᠪᠡᠷ ᠨᠡᠮᠡᠭᠳᠡᠵᠠᠢ᠃ ᠡᠭᠦᠨ ᠳ᠋ᠤ 《ᠳᠤᠮᠳᠠᠳᠤ ᠤᠯᠤᠰ ᠤ᠋ᠨ ᠲᠠᠯ᠎ᠠ ᠨᠤᠳᠤᠭ ᠤ᠋ᠨ ᠮᠢᠬᠠᠨ ᠤ᠋ ᠦᠭᠡᠷ ᠤ᠋ᠨ ᠲᠦᠪ 》 ᠬᠡᠮᠡᠭᠳᠡᠭᠰᠡᠨ ᠲᠦᠩᠯᠢᠶᠤᠤ ᠬᠤᠳᠠ ᠵᠢᠯ ᠳ᠋ᠤ 150 ᠲᠦᠮᠡᠨ ᠮᠢᠬᠠᠨ ᠤ᠋ ᠦᠭᠡᠷ ᠠᠷᠠᠯᠵᠢᠶᠠᠯᠠᠵᠤ᠂ ᠪᠦᠬᠦ ᠤᠯᠤᠰ ᠤ᠋ᠨ ᠵᠠᠬ᠎ᠠ ᠲᠠᠯᠬᠡᠬᠦᠷ ᠲᠡᠬᠢ 30 ᠮᠢᠬᠠᠨ ᠤ᠋ ᠦᠭᠡᠷ ᠤ᠋ᠨ ᠲᠤᠳᠤᠷ᠎ᠠ ᠡᠴᠡ 1 ᠨᠢ ᠳᠠᠷᠤᠢ ᠲᠦᠩᠯᠢᠶᠤᠤ ᠡᠴᠡ ᠢᠷᠡᠯᠳᠡ ᠲᠠᠢ ᠶᠤᠮ᠃ ᠵᠢᠷᠤᠭ ᠪᠤᠯ ᠲᠦᠩᠯᠢᠶᠤᠤ ᠬᠤᠳᠠ ᠶ᠋ᠢᠨ ᠵᠠᠷᠤᠳ ᠬᠤᠰᠢᠭᠤᠨ ᠤ᠋ ᠲᠠᠪᠠᠳᠠᠢ ᠪᠡᠯᠴᠢᠬᠦ ᠦᠬᠡᠷ ᠤ᠋ᠨ ᠰᠦᠷᠦᠭ ᠪᠤᠯᠤᠨ᠎ᠠ᠃
《ᠠᠷᠪᠠᠨ ᠳᠦᠷᠪᠡᠳᠦᠭᠡᠷ ᠳᠠᠪᠤᠨ ᠵᠢᠯ》 ᠰᠡᠭᠦᠯ ᠰᠢᠪᠳᠤᠷᠠᠵᠤ᠂ 《ᠠᠷᠪᠠᠨ ᠳᠠᠪᠤᠳᠤᠭᠠᠷ ᠳᠠᠪᠤᠨ ᠵᠢᠯ》 ᠠᠢᠰᠤᠢ᠃ ᠦᠪᠤᠷ ᠮᠤᠩᠭᠤᠯ ᠤ᠋ᠨ ᠮᠠᠯ ᠠᠵᠤ ᠠᠬᠤᠢ ᠵᠢᠴᠢ ᠮᠢᠬᠠᠨ ᠤ᠋ ᠦᠢᠯᠡᠰ ᠤ᠋ᠨ ᠪᠦᠬᠦ ᠤᠷᠤᠨ᠂ ᠲᠡᠷᠡᠴᠢᠯᠡᠨ ᠪᠦᠬᠦ ᠤᠯᠤᠰ ᠲᠡᠬᠢ ᠴᠢᠬᠤᠯᠠ ᠪᠠᠢᠷᠢ ᠰᠠᠭᠤᠷᠢ ᠡᠬᠦᠷᠢᠳᠡ ᠬᠤᠪᠢᠷᠠᠬᠤ ᠦᠬᠡᠢ ᠶᠤᠮ᠃ ᠵᠠᠬ᠎ᠠ ᠳᠡᠯᠭᠡᠭᠦᠷ ᠤ᠋ᠨ ᠬᠡᠷᠡᠭᠴᠡᠭᠡ ᠶ᠋ᠢ ᠨᠢᠭᠳᠠ ᠠᠩᠬᠠᠷᠴᠤ᠂ ᠦᠪᠡᠷᠮᠢᠴᠡ ᠳᠠᠪᠠᠭᠤᠯᠢᠭ ᠶ᠋ᠢᠡᠨ ᠭᠦᠢᠴᠡᠳ ᠪᠠᠳᠠᠷᠠᠭᠤᠯᠤᠨ᠂ ᠲᠦᠷᠦᠯ ᠲᠡᠮᠳᠡᠭ ᠤ᠋ᠨ ᠦᠷ᠎ᠠ ᠠᠰᠢᠭ ᠢ᠋ ᠯᠠᠪᠳᠠᠭᠤᠨ ᠳᠡᠭᠡᠭᠰᠢᠯᠡᠭᠦᠯᠵᠤ᠂ ᠦᠪᠦᠷ ᠮᠤᠩᠭᠤᠯ ᠤ᠋ᠨ ᠮᠢᠬᠠᠨ ᠤ᠋ ᠦᠢᠯᠡᠰ ᠶ᠋ᠢᠡᠨ ᠠᠵᠤ ᠦᠢᠯᠡᠰ ᠤ᠋ᠨ ᠬᠡᠯᠬᠢᠶ᠎ᠠ ᠪᠠ ᠦᠷᠳᠡᠭ ᠤ᠋ᠨ ᠬᠡᠯᠬᠢᠶ᠎ᠠ ᠶ᠋ᠢᠨ ᠨᠡᠩ ᠦᠨᠳᠦᠷ ᠳᠡᠭᠳᠡᠷ ᠲᠤ᠌ ᠬᠦᠷᠭᠡᠬᠦ ᠪᠡᠷ ᠤᠷᠤᠨ ᠳᠠᠶᠠᠭᠠᠷ ᠶ᠋ᠢᠡᠨ ᠴᠤᠴᠠᠯᠳᠠ ᠦᠬᠡᠢ ᠴᠢᠷᠮᠠᠢᠭᠰᠠᠭᠠᠷ ᠁