ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭᠠᠳᠬᠠᠨ᠎ᠠ
2025-10-22 09:48:16
ᠵᠣᠬᠢᠶᠠᠭ᠍ᠴᠢ᠄
ᠰᠶ᠋ᠶᠸ ᠰᠢ ᠶᠣᠣ ᠽᠸᠦ ᠳ᠋ᠦᠸᠸ ᠸᠧᠶ ᠸᠧᠶ ᠢᠦᠶ ᠺᠦᠨ
ᠣᠩᠱᠢᠭ᠍ᠰᠠᠨ ᠣᠳᠠᠭ᠎ᠠ᠄
★★★☆☆

— 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠦᠶ᠋ᠯᠡᠳᠦᠯᠭᠡ ᠬᠢᠭᠡᠳ ᠰᠡᠩᠬᠡᠷᠡᠭᠦᠯᠦᠯ᠎ᠤᠨ ᠬᠦᠤᠷᠨᠢᠯ ᠰᠢᠭᠦᠮᠵᠢ (ᠳᠥᠷᠪᠡ)

 

ᠥᠭᠡᠷᠡᠴᠢᠯᠡᠯᠲᠡ ᠨᠡᠭᠡᠭᠡᠯᠳᠡ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠬᠠᠮᠤᠭ᠎ᠤᠨ ᠢᠯᠡᠷᠬᠡᠢ ᠣᠨᠴᠠᠯᠢᠭ ᠱᠢᠨᠵᠢ᠂ ᠬᠠᠮᠤᠭ᠎ᠤᠨ ᠰᠦᠷ ᠵᠢᠪᠬᠤᠯᠠᠩᠲᠤ ᠲᠦᠷᠰᠦ ᠪᠠᠢᠳᠠᠯ ᠮᠥᠨ᠃

《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠡᠷᠬᠡᠪᠰᠢ ᠥᠭᠡᠷᠡᠴᠢᠯᠡᠯᠲᠡ ᠨᠡᠭᠡᠭᠡᠯᠲᠡ᠎ᠶ᠋ᠢ ᠴᠢᠨᠠᠭ᠍ᠰᠢᠳᠠ ᠪᠦᠬᠦ ᠲᠠᠯ᠎ᠠ ᠪᠡᠷ ᠭᠦᠨᠵᠡᠭᠡᠢᠷᠡᠭᠦᠯᠵᠦ᠍᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠲᠠ ᠦᠭᠡᠶ ᠴᠢᠯᠥᠭᠡᠯᠡᠨ ᠬᠥᠭ᠌ᠵᠢᠭᠦᠯᠵᠦ᠍᠂ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠴᠢᠯᠥᠭᠡᠯᠡᠨ ᠴᠢᠩᠭᠠᠷᠠᠭᠤᠯᠬᠤ ᠬᠡᠷᠡᠭ᠌ᠲᠡᠶ》 ᠁

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠡᠴᠡ ᠯᠤᠲᠤ ᠶᠡᠬᠡ ᠤᠯᠤᠰ ᠲᠥᠷᠥ᠎ᠶ᠋ᠢᠨ ᠰᠥᠰᠥ᠍ ᠵᠣᠷᠢᠭ᠎ᠢᠶᠠᠷ ᠡᠷᠡᠰ ᠭᠤᠢᠪᠢᠰᠢ ᠥᠬᠡᠶ ᠪᠡᠷ ᠥᠭᠡᠷᠡᠴᠢᠯᠡᠯᠲᠡ᠎ᠶ᠋ᠢ ᠠᠬᠢᠭᠤᠯᠵᠤ᠂ ᠨᠡᠭᠡᠭᠡᠯᠲᠡ᠎ᠶ᠋ᠢ ᠥᠷᠭᠡᠳᠭᠡᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠭᠡᠨ ᠰᠠᠷᠠᠭᠤᠯ ᠢᠷᠡᠭᠡᠳᠦᠶ᠎ᠶ᠋ᠢ ᠢᠯᠡᠷᠡᠭᠦᠯᠪᠡ᠃

ᠱᠢᠨ᠎ᠡ ᠴᠠᠭ ᠦᠶ᠎ᠡ ᠱᠢᠨ᠎ᠡ ᠠᠶᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ᠂ ᠥᠭᠡᠷᠡᠴᠢᠯᠡᠯᠲᠡ᠎ᠶ᠋ᠢ ᠴᠢᠨᠠᠭ᠍ᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠱᠢᠨ᠎ᠡ ᠨᠡᠩ ᠶᠡᠬᠡ ᠭᠠᠢᠬᠠᠮᠱᠢᠭ᠎ᠢ ᠡᠭᠦᠳᠬᠦ᠌ ᠬᠡᠷᠡᠭ᠌ᠲᠡᠢ᠃

ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠦᠨ ᠬᠤᠪᠢᠷᠠᠯᠲᠠ᠎ᠶ᠋ᠢ ᠠᠷᠭᠠᠴᠡᠭᠠᠵᠤ᠂ ᠱᠢᠨ᠎ᠡ ᠪᠠᠢᠳᠠᠯ᠎ᠢ ᠨᠡᠭᠡᠭᠡᠪᠡ

2024 ᠣᠨ᠎ᠤ 7 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠡᠴᠡ ᠱᠢᠨ᠎ᠡ ᠠᠶᠠᠨ᠎ᠳᠠᠬᠢ ᠥᠭᠡᠷᠡᠴᠢᠯᠡᠯᠲᠡ᠎ᠶ᠋ᠢᠨ ᠪᠦᠷᠢᠢ᠎ᠡ᠎ᠶ᠋ᠢ ᠳᠠᠬᠢᠨᠲᠠ ᠬᠠᠩᠭᠢᠨᠠᠭᠤᠯᠪᠠ —

ᠪᠥᠬᠥᠳᠡ ᠬᠤᠷᠠᠯ᠎ᠡᠴᠡ ᠥᠭᠡᠷᠡᠴᠢᠯᠡᠯᠲᠡ᠎ᠶ᠋ᠢ ᠴᠢᠨᠠᠭᠰᠢᠳᠠ ᠪᠦᠬᠦ ᠲᠠᠯ᠎ᠠ ᠪᠡᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠱᠢᠰᠲ᠋ᠧᠮ᠎ᠲᠡᠶ ᠪᠠᠢᠷᠢᠯᠠᠭᠤᠯᠤᠯᠲᠠ ᠬᠢᠵᠦ᠍᠂ 300 ᠭᠠᠷᠤᠶ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠤ᠂ ᠢᠷᠡᠭᠡᠳᠦᠶ᠎ᠶ᠋ᠢᠨ 5 ᠵᠢᠯ᠎ᠦᠨ ᠥᠭᠡᠷᠡᠴᠢᠯᠡᠯᠲᠡ᠎ᠶ᠋ᠢᠨ ᠠᠸ᠋ᠭ᠎ᠠ ᠲᠥᠰᠦᠪ᠎ᠢ ᠵᠢᠷᠤᠭ᠍ᠯᠠᠪᠠ᠃

《ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌》 ᠡᠴᠡ 《ᠥᠭᠡᠷᠡᠴᠢᠯᠡᠯᠲᠡ᠎ᠶ᠋ᠢ ᠴᠢᠨᠠᠭᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌》 ᠬᠦᠷᠲᠡᠯ᠎ᠡ — ᠥᠭᠡᠷᠡᠴᠢᠯᠡᠯᠲᠡ ᠬᠢᠬᠦ ᠡᠷᠡᠰ ᠵᠣᠷᠢᠭ ᠪᠣᠯᠤᠨ ᠴᠢᠭ᠌ᠯᠡᠯ᠎ᠢ ᠢᠮᠠᠭ᠍ᠲᠠ ᠲᠤᠭᠤᠱᠢᠯᠠᠭᠤᠯᠤᠭ᠍ᠰᠠᠨ᠎ᠢ ᠬᠠᠷᠠᠭᠤᠯᠤᠭᠰᠠᠨ᠎ᠢᠶᠡᠷ ᠪᠠᠷᠠᠬᠤ ᠦᠭᠡᠶ ᠪᠠᠰᠠ ᠥᠭᠡᠷᠡᠴᠢᠯᠡᠯᠲᠡ᠎ᠶ᠋ᠢᠨ ᠦᠢᠯᠡᠰ᠎ᠦᠨ ᠬᠥᠭ᠌ᠵᠢᠯᠲᠡ ᠵᠢᠨ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠭ᠍ᠰᠠᠨ ᠤᠳᠬ᠎ᠠ ᠠᠭᠤᠯᠭ᠎ᠠ ᠵᠢ ᠠᠭᠤᠯᠤᠭᠰᠠᠨ ᠪᠠᠢᠨ᠎ᠠ᠃

ᠪᠦᠬᠦᠳᠡ ᠬᠤᠷᠠᠯ ᠬᠤᠷᠠᠯᠳᠤᠬᠤ᠎ᠡᠴᠡ 2 ᠰᠠᠷ᠎ᠠ᠎ᠶ᠋ᠢᠨ ᠡᠮᠦᠨ᠎ᠡ᠂ 2024 ᠣᠨ᠎ᠤ 5 ᠰᠠᠷ᠎ᠠ᠎ᠳᠤ᠂ ᠱᠠᠨᠳᠦ᠋ᠩ᠎ᠦᠨ ᠵᠢᠨᠠᠨ᠎ᠳᠤ᠂ ᠶᠡᠷᠦᠩᠬᠡᠢ ᠱᠦᠵᠢ ᠰᠢ ᠵᠢᠨ ᠫᠢᠩ ᠠᠵᠤ ᠠᠬᠤᠢᠯᠠᠯ ᠪᠣᠯᠤᠨ ᠲᠤᠰᠭᠠᠢ ᠮᠡᠷᠭᠡᠵᠢᠯᠲᠡᠨ᠎ᠦ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠭᠡᠷᠡᠴᠢᠯᠡᠯᠲᠡ᠎ᠶ᠋ᠢ ᠴᠢᠨᠠᠭ᠍ᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠭ᠌ᠯᠡᠯ᠎ᠢ ᠭᠦᠨᠵᠡᠭᠡᠢ ᠲᠣᠳᠣᠷᠬᠠᠢᠯᠠᠨ ᠥᠭᠦᠯᠡᠪᠡ᠄

《ᠥᠭᠡᠷᠡᠴᠢᠯᠡᠯᠲᠡ᠎ᠶ᠋ᠢ ᠬᠡᠷᠬᠢᠨ ᠶᠠᠪᠤᠭᠳᠠᠭᠤᠯᠤᠭᠰᠠᠨ ᠴᠤ᠌᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠮᠠᠷᠺᠰ᠎ᠤᠨ ᠦᠵᠡᠯ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠠᠷᠠᠳ᠎ᠤᠨ ᠠᠷᠠᠳᠴᠢᠯᠠᠭ᠍ᠰᠠᠨ ᠳᠠᠷᠤᠩᠭᠤᠢᠯᠠᠬᠤ ᠵᠠᠰᠠᠭ᠎ᠢ ᠪᠠᠷᠢᠮᠲᠠᠯᠠᠬᠤ ᠵᠡᠷᠭᠡ ᠦᠨᠳᠦᠰᠦᠨ ᠵᠦᠢᠯ᠎ᠢ ᠶᠠᠭᠠᠬᠢᠭ᠍ᠰᠠᠨ ᠴᠤ᠌ ᠭᠤᠢᠪᠢᠯᠵᠠᠭᠤᠯᠵᠤ ᠪᠣᠯᠬᠤ ᠦᠭᠡᠢ᠂ ᠡᠭᠦᠨ᠎ᠦ ᠬᠠᠮᠲᠤ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍᠂ ᠥᠭᠡᠷᠡᠴᠢᠯᠡᠬᠦ᠌ ᠶᠣᠰᠣᠲᠠᠢ᠎ᠶ᠋ᠢ ᠨᠢ᠂ ᠥᠭᠡᠷᠡᠴᠢᠯᠡᠵᠦ᠍ ᠪᠣᠯᠬᠤ᠎ᠶ᠋ᠢ ᠨᠢ ᠰᠠᠢᠳᠤᠷ ᠦᠭᠡᠷᠡᠴᠢᠯᠡᠵᠦ᠂ ᠲᠤᠢᠯᠪᠤᠷᠢᠲᠠᠢ ᠥᠭᠡᠷᠡᠴᠢᠯᠡᠵᠦ᠍᠂ ᠦᠭᠡᠷᠡᠴᠢᠯᠡᠬᠦ ᠪᠡᠷ ᠲᠤᠭᠲᠠᠪᠠᠯ ᠲᠠᠷᠤᠢ ᠡᠷᠡᠰ ᠭᠤᠢᠪᠢᠰᠢ ᠦᠭᠡᠢ ᠠᠳᠭᠤᠬᠤ ᠬᠡᠷᠡᠭ᠌ᠲᠡᠢ》᠃

ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ — ᠶᠡᠷᠦᠩᠬᠡᠶ ᠱᠦᠵᠢ ᠰᠢ ᠵᠢᠨ ᠫᠢᠩ ᠥᠭᠡᠷᠡᠴᠢᠯᠡᠯᠲᠡ᠎ᠶ᠋ᠢᠨ ᠲᠤᠬᠠᠶ ᠶᠠᠷᠢᠬᠤ᠎ᠳᠤ ᠣᠯᠠᠨᠲᠠ ᠴᠢᠬᠤᠯᠠᠴᠢᠯᠠᠭ᠍ᠰᠠᠨ ᠨᠢᠭᠡᠨ ᠵᠠᠩᠭᠢᠯᠠᠭ᠎ᠠ᠎ᠶ᠋ᠢᠨ ᠦᠭᠡ ᠮᠥᠨ᠂ ᠡᠨᠡ ᠪᠣᠯ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠢᠯᠡ ᠲᠣᠳᠣ ᠣᠨᠴᠠᠯᠢᠭ ᠮᠥᠨ᠂ ᠪᠠᠰᠠ ᠴᠤ᠌ ᠴᠢᠬᠤᠯᠠ ᠵᠠᠷᠴᠢᠮ ᠮᠥᠨ᠃

ᠥᠭᠡᠷᠡᠴᠢᠯᠡᠯᠲᠡ ᠨᠢ ᠶᠠᠮᠠᠷ ᠲᠣᠭ᠎ᠢ ᠮᠠᠨᠳᠤᠭᠤᠯᠬᠤ᠂ ᠶᠠᠮᠠᠷ ᠵᠠᠮ᠎ᠢᠶᠠᠷ ᠵᠠᠮᠨᠠᠬᠤ᠂ ᠶᠠᠮᠠᠷ ᠬᠠᠷᠠᠯᠲᠠ ᠲᠡᠢᠰᠢ ᠤᠷᠤᠭ᠍ᠰᠢᠯᠠᠬᠤ ᠵᠡᠷᠭᠡ ᠦᠨᠳᠦᠰᠦᠨ ᠴᠢᠨᠠᠷᠲᠠᠶ ᠠᠰᠠᠭᠤᠳᠠᠯ᠎ᠢ ᠬᠠᠷᠢᠭᠤᠯᠪᠠᠯ ᠰᠠᠶᠢ ᠥᠭᠡᠷᠡᠴᠢᠯᠡᠯᠲᠡ ᠨᠡᠭᠡᠭᠡᠯᠲᠡ᠎ᠶ᠋ᠢᠨ ᠵᠠᠮ᠎ᠢᠶᠠᠷ ᠵᠥᠪ ᠵᠠᠮᠨᠠᠨ᠂ ᠯᠠᠪᠳᠠᠭᠤᠨ᠎ᠢᠶᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃ ᠵᠣᠷᠢᠭ᠍ᠲᠠᠢ ᠬᠢᠵᠦ᠍ ᠵᠣᠷᠢᠭ᠍ᠲᠠᠢ ᠲᠤᠷᠱᠢᠬᠤ᠂ ᠵᠤᠷᠢᠭᠲᠠᠢ ᠪᠡᠷ ᠪᠤᠰᠤᠳ᠎ᠡᠴᠡ ᠲᠦᠷᠦᠭᠦᠯᠡᠬᠦ᠌ ᠱᠢᠨ᠎ᠡ᠎ᠶ᠋ᠢ ᠡᠭᠦᠳᠬᠦ᠌ ᠲᠡᠮᠡᠴᠡᠯ᠎ᠦᠨ ᠵᠣᠷᠢᠭ᠎ᠢ ᠬᠥᠭ᠌ᠵᠢᠭᠡᠪᠡᠯ ᠰᠠᠶ᠍ᠢ ᠥᠭᠡᠷᠡᠴᠢᠯᠡᠯᠲᠡ᠎ᠶ᠋ᠢᠨ ᠠᠵᠠ ᠲᠣᠬᠢᠶᠠᠯ᠎ᠢ ᠦᠯᠦ ᠠᠯᠳᠠᠵᠤ᠂ ᠴᠠᠭ ᠦᠶ᠎ᠡ᠎ᠶ᠋ᠢᠨ ᠤᠷᠤᠰᠭᠠᠯ᠎ᠢ ᠬᠦᠲᠦᠯᠦᠨ ᠳᠠᠭᠠᠭᠤᠯᠬᠤ ᠠᠵᠠ ᠲᠤᠬᠢᠶᠠᠯ᠎ᠢ ᠡᠵᠡᠮᠳᠡᠵᠦ ᠴᠢᠳᠠᠨ᠎ᠠ᠃

ᠠᠮᠢᠳᠤᠯᠢᠭ᠎ᠢᠶᠠᠷ ᠠᠵᠢᠯ ᠣᠯᠤᠭ᠍ᠰᠠᠳ᠂ ᠬᠥᠯᠥᠰᠥᠨ ᠠᠵᠢᠯᠴᠢᠨ᠂ ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠮᠦᠰ᠎ᠦᠨ ᠨᠡᠢᠭᠡᠮ᠎ᠦᠨ ᠪᠠᠲᠤᠯᠠᠭ᠎ᠠ᠎ᠶ᠋ᠢᠨ ᠳᠦᠷᠢᠮ᠎ᠢ ᠪᠦᠷᠢᠨᠱᠢᠬᠦᠯᠵᠤ᠂ ᠣᠨᠴᠠ ᠵᠠᠷᠢᠮ ᠬᠡᠳᠦ ᠶᠡᠬᠡ ᠬᠤᠳᠠ᠎ᠡᠴᠡ ᠭᠠᠳᠠᠨᠠᠬᠢ ᠡᠷᠦᠬᠡ ᠠᠮᠠ ᠣᠷᠣᠬᠤ ᠬᠢᠵᠠᠭᠠᠷᠯᠠᠯ᠎ᠢ ᠴᠢᠯᠥᠭᠡᠲᠡᠢ ᠪᠣᠯᠭᠠᠨ ᠠᠭᠤᠵᠢᠭᠤ ᠲᠠᠯᠪᠢᠵᠤ᠂ ᠡᠭᠦᠳᠡᠨ ᠡᠮᠨᠡᠯᠭᠡ᠎ᠶ᠋ᠢᠨ ᠤᠵᠢᠭ ᠡᠪᠡᠳᠴᠢᠲᠡᠨ ᠤᠨᠴᠠᠭᠠᠢ ᠡᠪᠡᠳᠴᠢᠲᠡᠨ᠎ᠤ ᠵᠠᠷᠤᠯᠭ᠎ᠠ ᠵᠢ ᠮᠤᠵᠢ ᠠᠯᠤᠰᠯᠠᠨ ᠱᠢᠭᠤᠳ ᠳ᠋ᠦᠩᠨᠡᠨ ᠪᠤᠳᠤᠬᠤ ᠶᠠᠪᠤᠳᠠᠯ ᠦᠭᠡᠢ ᠪᠠᠢᠭ᠍ᠰᠠᠨ᠎ᠡᠴᠡ᠎ᠪᠠᠨ ᠪᠠᠢᠬᠤ ᠪᠤᠯᠵᠤ᠂ ᠰᠦᠢᠳᠭᠡᠯ ᠬᠤᠷᠢᠶᠠᠬᠤ ᠦᠭᠡᠢ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠬᠡᠷᠡᠭ᠌ᠵᠢᠭᠦᠯᠦᠨ᠂ ᠬᠠᠤᠯᠢ᠎ᠪᠠᠷ ᠲᠣᠭ᠍ᠲᠠᠭᠠᠭ᠍ᠰᠠᠨ ᠠᠵᠢᠯ᠎ᠡᠴᠡ ᠪᠡᠨ ᠠᠮᠠᠷᠠᠬᠤ ᠨᠠᠰᠤ᠎ᠶ᠋ᠢ ᠠᠭᠠᠵᠢᠮ᠎ᠢᠶᠠᠷ ᠬᠣᠢᠱᠢᠯᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠪᠡ ᠁

ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠣᠲᠣᠭᠠᠳᠤ ᠭᠠᠳᠠᠭᠠᠳᠤ ᠣᠷᠴᠢᠨ᠎ᠳᠤ ᠱᠢᠭᠤᠳ ᠬᠠᠨᠳᠤᠵᠤ᠂ ᠶᠡᠷᠦᠩᠬᠡᠢ ᠱᠦᠵᠢ ᠰᠢ ᠵᠢᠨ ᠫᠢᠩ ᠰᠡᠷᠬᠡᠭ᠎ᠢᠶᠡᠷ ᠰᠤᠳᠤᠯᠤᠨ ᠮᠠᠭᠠᠳᠯᠠᠯᠲᠠ ᠬᠢᠪᠡ᠄ 《ᠱᠢᠨ᠎ᠡ ᠴᠠᠭ ᠦᠶ᠎ᠡ᠎ᠶ᠋ᠢᠨ ᠥᠭᠡᠷᠡᠴᠢᠯᠡᠯᠲᠡ ᠨᠡᠭᠡᠭᠡᠯᠲᠡ ᠨᠢ ᠮᠠᠰᠢ ᠤᠯᠠᠨ ᠱᠢᠨ᠎ᠡ ᠠᠭᠤᠯᠤᠭ᠍ᠳᠠᠬᠤᠨ ᠪᠠ ᠣᠨᠴᠠᠯᠢᠭ᠎ᠲᠠᠶ ᠶᠤᠮ᠂ ᠡᠭᠦᠨ᠎ᠳᠦ ᠮᠠᠰᠢ ᠴᠢᠬᠤᠯᠠ ᠨᠢᠭᠡ ᠵᠦᠢᠯ ᠪᠣᠯ ᠳᠠᠷᠤᠢ ᠳᠦᠷᠢᠮ᠎ᠦᠨ ᠪᠠᠢᠭᠤᠯᠤᠯᠲᠠ ᠵᠢᠨ ᠬᠤᠪᠢ ᠵᠢᠨ ᠵᠢᠩ ᠨᠢ ᠨᠡᠩ ᠴᠢᠬᠤᠯᠠ ᠪᠤᠯᠵᠠᠢ》᠂ 《ᠪᠢᠳᠡᠨ᠎ᠳᠦ ᠲᠤᠯᠭᠠᠷᠠᠵᠤ ᠪᠠᠢᠭ᠎ᠠ ᠳᠤᠪᠤᠢ᠌ᠮ᠎ᠠ ᠵᠥᠷᠢᠴᠡᠯ ᠪᠠ ᠠᠰᠠᠭᠤᠳᠠᠯ᠎ᠢ ᠱᠢᠢᠳᠪᠦᠷᠢᠯᠡᠬᠦ᠌᠎ᠳᠦ ᠵᠥᠪᠬᠡᠨ ᠳᠠᠩ ᠭᠠᠭ᠍ᠴᠠ ᠬᠦᠷᠢᠶ᠎ᠡ᠂ ᠳᠠᠩ ᠭᠠᠭ᠍ᠴᠠ ᠳᠡᠰ ᠳᠠᠪᠬᠤᠷᠭ᠎ᠠ᠎ᠶ᠋ᠢᠨ ᠥᠭᠡᠷᠡᠴᠢᠯᠡᠯᠲᠡ᠎ᠳᠦ ᠲᠦᠱᠢᠭ᠌ᠯᠡᠪᠡᠯ ᠦᠷ᠎ᠡ ᠪᠦᠲᠦᠮᠵᠢ ᠤᠯᠬᠤ᠎ᠳᠤ ᠬᠦᠴᠢᠷ ᠶᠤᠮ》᠃

ᠳᠦᠷᠢᠮ᠎ᠦᠨ ᠪᠠᠢᠭᠤᠯᠤᠯᠲᠠ ᠪᠣᠯᠤᠨ ᠵᠠᠰᠠᠯᠲᠠ ᠵᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠨᠡᠩ ᠲᠣᠪᠣᠢᠮ᠎ᠠ ᠪᠠᠢᠷᠢᠨ᠎ᠳᠤ ᠲᠠᠯᠪᠢᠵᠤ᠂ ᠠᠵᠤ ᠠᠬᠤᠶ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠪᠡᠷ ᠵᠢᠯᠤᠭᠤᠳᠤᠮᠵᠢ ᠪᠣᠯᠭᠠᠨ᠂ ᠪᠤᠰᠤᠳ ᠲᠠᠯ᠎ᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠪᠠ; ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠨᠡᠭᠡᠭᠡᠯᠲᠡ᠎ᠶ᠋ᠢ ᠥᠷᠭᠡᠳᠭᠡᠬᠦ᠌ ᠶᠡᠷᠦᠩᠬᠡᠢᠯᠡᠭ᠌ᠰᠡᠨ ᠲᠤᠷᠱᠢᠯᠲᠠ ᠵᠡᠷᠭᠡ᠎ᠶ᠋ᠢ ᠠᠬᠢᠭᠤᠯᠵᠤ᠂ ᠤᠷᠢᠳ᠎ᠢᠶᠠᠷ ᠲᠤᠷᠱᠢᠬᠤ ᠪᠠ ᠪᠦᠬᠦ᠌ ᠲᠠᠯ᠎ᠠ᠎ᠪᠠᠷ ᠠᠬᠢᠭᠤᠯᠬᠤ᠎ᠶ᠋ᠢ ᠬᠠᠷᠢᠯᠴᠠᠨ ᠠᠬᠢᠭᠤᠯᠬᠤ ᠵᠢ ᠪᠠᠷᠢᠮᠲᠠᠯᠠᠪᠠ;ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠨ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠵᠤ᠂《ᠬᠠᠤᠯᠢ ᠲᠣᠭ᠍ᠲᠠᠭᠠᠬᠤ᠎ᠳᠠᠭᠠᠨ ᠥᠭᠡᠷᠡᠴᠢᠯᠡᠯᠲᠡ᠎ᠶ᠋ᠢᠨ ᠬᠡᠷᠡᠭ᠌ᠴᠡᠭᠡ᠎ᠳᠦ ᠵᠣᠬᠢᠴᠠᠭᠤᠯᠬᠤ ᠬᠡᠷᠡᠭ᠌ᠲᠡᠢ》 ᠭᠡᠳᠡᠭ᠎ᠢ ᠬᠠᠤᠯᠢ ᠴᠠᠭᠠᠵᠠ᠎ᠳᠤ ᠲᠣᠳᠣᠷᠬᠠᠢ ᠪᠢᠴᠢᠨ ᠣᠷᠣᠭᠤᠯᠪᠠ ᠁

《ᠥᠭᠡᠷᠡᠴᠢᠯᠡᠯᠲᠡ ᠬᠢᠬᠦ᠌ ᠪᠠ ᠬᠠᠤᠯᠢ᠎ᠪᠠᠷ ᠵᠠᠰᠠᠬᠤ᠎ᠶ᠋ᠢ ᠨᠢᠭᠡᠳᠭᠡᠬᠦ᠌᠎ᠶ᠋ᠢ ᠪᠠᠷᠢᠮᠲᠠᠯᠠᠬᠤ》 ᠡᠴᠡ 《ᠡᠪᠳᠡᠬᠦ᠌ ᠪᠠ ᠪᠠᠢᠭᠤᠯᠬᠤ᠎ᠶ᠋ᠢ ᠵᠡᠷᠭᠡ᠎ᠪᠡᠷ ᠠᠳᠭᠤᠬᠤ᠂ ᠤᠷᠢᠳ᠎ᠢᠶᠠᠷ ᠪᠠᠢᠭᠤᠯᠵᠤ ᠳᠠᠷᠠᠭ᠎ᠠ ᠨᠢ ᠡᠪᠳᠡᠬᠦ᠌᠎ᠶ᠋ᠢ ᠲᠤᠪᠤᠢ᠌ᠯᠭᠠᠬᠤ》 ᠬᠦᠷᠲᠡᠯ᠎ᠡ᠂ ᠳᠠᠬᠢᠭᠠᠳ 《ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠎ᠢ ᠨᠡᠩ ᠴᠢᠬᠤᠯᠠᠴᠢᠯᠠᠬᠤ》 ᠬᠦᠷᠲᠡᠯ᠎ᠡ᠂ ᠥᠭᠡᠷᠡᠴᠢᠯᠡᠯᠲᠡ᠎ᠳᠦ ᠠᠭᠤᠯᠤᠭ᠍ᠳᠠᠵᠤ ᠪᠠᠢᠭ᠎ᠠ ᠠᠯᠢ ᠤᠯᠠᠨ ᠬᠤᠪᠢᠰᠤᠩᠭᠤᠢ ᠰᠡᠳᠭᠢᠬᠦᠢ᠂ ᠱᠢᠨᠵᠢᠯᠡᠬᠦ᠌ ᠤᠬᠠᠭᠠᠨᠴᠢ ᠠᠷᠭ᠎ᠠ ᠨᠢ ᠥᠭᠡᠷᠡᠴᠢᠯᠡᠯᠲᠡ᠎ᠶ᠋ᠢ ᠴᠢᠨᠠᠭᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠤᠨᠤᠯ᠎ᠤᠨ ᠱᠢᠨ᠎ᠡ ᠵᠢ ᠡᠭᠦᠳᠬᠦ ᠪᠠ ᠦᠢᠯᠡᠳᠦᠯᠭᠡ᠎ᠶ᠋ᠢᠨ ᠱᠢᠨ᠎ᠡ ᠵᠢ ᠡᠭᠦᠳᠬᠦ᠎ᠳᠦ ᠬᠦᠴᠦᠷᠬᠡᠭ ᠶᠡᠬᠡ ᠬᠦᠴᠦᠨ ᠴᠢᠳᠠᠯ ᠨᠡᠮᠡᠷᠢᠯᠡᠭ᠌ᠰᠡᠨ ᠪᠠᠢᠨ᠎ᠠ᠃

ᠥᠭᠡᠷᠡᠴᠢᠯᠡᠯᠲᠡ᠎ᠬᠢᠵᠦ ᠪᠣᠭᠣᠮᠲᠠ ᠱᠢᠪᠲᠤᠯᠤᠨ᠂ ᠠᠮᠢᠵᠢᠷᠠᠯ᠎ᠤᠨ ᠬᠦᠴᠦᠨ᠎ᠢᠶᠡᠷ ᠪᠢᠯᠬᠠᠭ᠍ᠰᠠᠨ ᠳᠤᠮᠳᠠᠳᠤ ᠤᠯᠤᠰ ᠪᠦᠯᠬᠦᠮᠳᠡᠨ ᠲᠠᠪᠱᠢᠨ᠎ᠠ —

ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ ᠨᠡᠩ ᠪᠣᠯᠪᠠᠰᠤᠷᠠᠩᠭᠤᠢ ᠨᠡᠩ ᠲᠣᠭ᠍ᠲᠠᠪᠤᠷᠢᠵᠢᠵᠤ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠴᠢᠨᠠᠭᠰᠢᠳᠠ  ᠴᠢᠯᠥᠭᠡᠯᠡᠨ ᠬᠥᠭ᠌ᠵᠢᠭᠦᠯᠵᠦ᠍᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠬᠦᠷᠲᠡᠭᠡᠵᠦ᠍᠂ ᠲᠦᠭ ᠲᠦᠮᠡᠨ ᠠᠷᠠᠳ ᠲᠦᠮᠡᠨ᠎ᠦ ᠪᠦᠯᠬᠦᠮᠳᠡᠨ ᠤᠷᠤᠭ᠍ᠰᠢᠯᠠᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠪᠠ᠃

ᠨᠡᠬᠡᠬᠡᠯᠳᠡ ᠬᠢᠵᠦ᠍ ᠳᠠᠪᠠᠯᠭᠠᠨ᠎ᠢ ᠰᠥᠷᠴᠦ᠍ ᠤᠷᠤᠭᠰᠢᠯᠠᠨ᠂ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭ᠍ᠲᠠᠭᠠᠭᠰᠠᠨ ᠳᠤᠮᠳᠠᠳᠤ ᠤᠯᠤᠰ ᠢᠲᠡᠭᠡᠯ ᠲᠡᠭᠦᠯᠳᠡᠷ —

ᠨᠢᠭᠡᠨᠲᠡ 150 ᠭᠠᠷᠤᠢ ᠤᠯᠤᠰ ᠪᠠ ᠭᠠᠵᠠᠷ ᠣᠷᠣᠨ᠎ᠤ ᠭᠣᠣᠯ ᠪᠣᠯᠬᠤ ᠠᠷᠠᠯᠵᠢᠶᠠᠨ᠎ᠤ ᠬᠠᠨᠢᠲᠠᠨ ᠪᠤᠯᠵᠦ᠍᠂ ᠪᠠᠷᠠᠭᠠᠨ᠎ᠤ ᠠᠷᠠᠯᠵᠢᠶᠠᠨ᠎ᠤ ᠬᠡᠪᠴᠢᠢ᠎ᠡ ᠪᠦᠬᠦ᠌ ᠳᠡᠯᠡᠬᠡᠢ᠎ᠳᠦ ᠨᠢᠭᠡᠳᠦᠭᠡᠷ᠎ᠲᠦ ᠣᠷᠣᠵᠤ᠂ ᠦᠢᠯᠡᠴᠢᠯᠡᠭᠡᠨ᠎ᠦ ᠠᠷᠠᠯᠵᠢᠶᠠᠨ᠎ᠤ ᠬᠡᠪᠴᠢᠢ᠎ᠡ ᠠᠩᠬ᠎ᠠ ᠤᠳᠠᠭ᠎ᠠ ᠲᠦᠮᠡᠨ ᠳ᠋ᠦᠩᠱᠢᠭᠤᠷ ᠳ᠋ᠣᠯᠯᠠᠷ᠎ᠢ ᠳᠠᠪᠠᠵᠤ᠂ ᠭᠠᠳᠠᠭᠠᠳᠤ ᠪᠡᠯᠡ᠎ᠶ᠋ᠢ ᠲᠠᠲᠠᠬᠤ ᠪᠠ ᠭᠠᠳᠠᠭᠠᠳᠤ᠎ᠳᠤ ᠪᠡᠯᠡ ᠣᠷᠣᠭᠤᠯᠬᠤ ᠬᠡᠮᠵᠢᠢ᠎ᠡ ᠳᠡᠯᠡᠬᠡᠢ᠎ᠶ᠋ᠢᠨ ᠡᠮᠦᠨ᠎ᠡ ᠡᠩᠨᠡᠭᠡᠨ᠎ᠳᠦ ᠣᠷᠣᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠦᠵᠡᠭᠦᠯᠬᠦ᠌ ᠵᠢᠯ ᠳᠤᠮᠳᠠᠴᠢ᠎ᠶ᠋ᠢᠨ ᠬᠤᠪᠢ ᠨᠡᠮᠡᠷᠢ᠎ᠶ᠋ᠢᠨ ᠨᠤᠷᠮ᠎ᠠ ᠪᠠᠷᠤᠭ 30% ᠳ᠋ᠤ ᠬᠦᠷᠴᠡᠢ᠃

ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌᠂ ᠬᠤᠪᠢᠰᠤᠯᠲᠠ᠎ᠶ᠋ᠢᠨ ᠳᠤᠮᠳᠠ ᠲᠠᠰᠤᠷᠠᠯᠲᠠ ᠦᠭᠡᠢ ᠱᠢᠨ᠎ᠡ ᠪᠠᠢᠳᠠᠯ᠎ᠢ ᠨᠡᠭᠡᠭᠡᠵᠦ ᠴᠢᠳᠠᠭᠰᠠᠨ᠎ᠦ ᠨᠢᠭᠡᠨ ᠴᠢᠬᠤᠯᠠ ᠱᠢᠯᠲᠠᠭᠠᠨ ᠪᠣᠯ ᠳᠠᠷᠤᠢ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠢᠮᠠᠭ᠍ᠲᠠ ᠪᠠᠷᠢᠮᠲᠠᠯᠠᠭ᠍ᠰᠠᠨ᠎ᠳᠤ ᠪᠠᠢᠨ᠎ᠠ ᠭᠡᠳᠡᠭ᠎ᠢ ᠦᠢᠯᠡᠳᠦᠯᠭᠡ ᠭᠡᠷᠡᠴᠢᠯᠡᠭ᠌ᠰᠡᠨ ᠪᠠᠢᠨ᠎ᠠ᠃

ᠥᠭᠡᠷᠡᠴᠢᠯᠡᠯᠲᠡ᠎ᠶ᠋ᠢᠨ ᠭᠣᠣᠯᠳᠠᠯᠭ᠎ᠠ᠎ᠲᠠᠶ ᠪᠤᠭᠤᠮᠳᠠ ᠰᠢᠪᠲᠤᠯᠬᠤ ᠲᠤᠮᠳᠠ᠎ᠡᠴᠡ ᠬᠥᠳᠡᠯᠭᠡᠬᠦ᠌ ᠬᠦᠴᠦᠨ ᠣᠯᠵᠤ᠂ ᠱᠢᠪᠲᠤᠯᠤᠯᠲᠠ ᠭᠠᠷᠭᠠᠬᠤ᠎ᠪᠠᠷ ᠴᠢᠷᠮᠠᠢᠪᠠ

ᠲᠠᠬᠢᠨ 11 ᠵᠦᠢᠯ ᠬᠠᠰᠤᠪᠠ! ᠡᠨᠡ ᠵᠢᠯ ᠨᠡᠢᠲᠡᠯᠡᠭ᠌ᠰᠡᠨ ᠱᠢᠨ᠎ᠡ ᠬᠡᠪᠯᠡᠯ᠎ᠦᠨ ᠵᠠᠬ᠎ᠠ ᠳᠡᠯᠭᠡᠭᠦᠷ᠎ᠲᠦ ᠣᠷᠣᠬᠤ ᠵᠥᠪᠱᠢᠶᠡᠷᠡᠯ᠎ᠦᠨ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ ᠵᠢ ᠲᠠᠬᠢᠨᠲᠠ ᠰᠢᠯᠢᠳᠡᠭᠵᠢᠭᠦᠯᠵᠦ᠂ ᠨᠠᠷᠢᠨ ᠲᠠᠩᠰᠠ᠎ᠶ᠋ᠢᠨ ᠵᠦᠶ᠋ᠯᠡᠰ᠎ᠦᠨ ᠲᠣᠭ᠎ᠠ᠎ᠶ᠋ᠢ 2022 ᠣᠨ᠎ᠤ ᠬᠡᠪᠯᠡᠯ᠎ᠦᠨ 117 ᠵᠦᠶ᠋ᠯ ᠪᠠᠢᠭ᠍ᠰᠠᠨ᠎ᠡᠴᠡ 106 ᠵᠦᠶ᠋ᠯ ᠪᠣᠯᠭᠠᠨ ᠪᠠᠭᠠᠰᠭᠠᠪᠠ᠃

ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌ ᠲᠦᠷᠢᠮ ᠪᠣᠯ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠰᠠᠭᠤᠷᠢ ᠲᠦᠷᠢᠮ᠎ᠦᠨ ᠨᠢᠭᠡ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠳᠠᠯᠳᠠ ᠴᠢᠨᠠᠷᠲᠠᠢ ᠪᠡᠬᠢᠯᠡᠯᠲᠡ᠂ ᠣᠷᠣᠨ ᠨᠤᠲᠤᠭ᠎ᠤᠨ ᠬᠠᠮᠠᠭᠠᠯᠠᠯᠲᠠ ᠵᠡᠷᠭᠡ ᠠᠷᠬᠠᠭ ᠬᠡᠮ᠎ᠳᠦ ᠴᠢᠭ᠌ᠯᠡᠭᠦᠯᠦᠨ᠂ ᠵᠠᠬ᠎ᠠ ᠳᠡᠯᠭᠡᠭᠦᠷ᠎ᠲᠦ ᠣᠷᠣᠬᠤ ᠵᠥᠪᠱᠢᠶᠡᠷᠡᠯ᠎ᠦᠨ ᠲᠦᠷᠢᠮ᠎ᠦᠨ ᠥᠭᠡᠷᠡᠴᠢᠯᠡᠯᠲᠡ᠎ᠳᠦ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠳᠣᠪᠣᠢᠯᠭᠠᠵᠤ᠂ ᠲᠦᠭ᠌ᠰᠢᠭᠦᠷᠢ᠎ᠶ᠋ᠢ ᠳᠤᠭᠤᠯᠬᠤ ᠣᠷᠣᠨ ᠲᠡᠢᠰᠢ ᠦᠷᠭᠦᠯᠵᠢᠯᠡᠨ ᠪᠣᠭᠣᠮᠲᠠ ᠱᠢᠪᠲᠤᠯᠪᠠ᠃

ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯ ᠨᠢᠭᠡᠨᠲᠡ ᠲᠦᠭ᠌ᠰᠢᠭᠦᠷᠢ᠎ᠶ᠋ᠢ ᠲᠤᠭᠤᠯᠬᠤ ᠤᠷᠤᠨ᠂ ᠪᠣᠭᠣᠮᠲᠠ ᠱᠢᠪᠲᠤᠯᠬᠤ ᠬᠤᠭᠤᠴᠠᠭᠠᠨ᠎ᠳᠤ ᠣᠷᠣᠪᠠ᠃ ᠥᠭᠡᠷᠡᠴᠢᠯᠡᠯᠲᠡ᠎ᠶ᠋ᠢ ᠴᠢᠨᠠᠭᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠳᠦ ᠦᠩᠭᠡᠨ ᠲᠡᠭᠡᠭᠦᠷ ᠨᠢ ᠬᠦᠪᠴᠦ ᠦᠨᠡᠨ ᠪᠤᠲᠠᠲᠠᠢ᠎ᠳᠤ ᠭᠦᠨᠵᠡᠭᠡᠢᠷᠡᠬᠦ ᠦᠭᠡᠶ ᠪᠠᠢᠵᠤ ᠪᠣᠯᠬᠤ ᠦᠭᠡᠶ᠂ ᠦᠨᠡᠨ ᠪᠣᠳᠠᠲᠠᠶ ᠬᠢᠵᠦ᠍᠂ ᠵᠤᠷᠢᠭᠲᠠᠢ ᠪᠡᠷ ᠬᠠᠲᠠᠭᠤ᠎ᠲᠠᠶ ᠨᠢ ᠬᠠᠯᠳᠠᠬᠤ ᠬᠡᠷᠡᠭ᠌ᠲᠡᠶ᠃

ᠶᠡᠷᠦᠩᠬᠡᠢ ᠱᠦᠵᠢ ᠰᠢ ᠵᠢᠨ ᠫᠢᠩ ᠰᠣ᠌ ᠱ᠌ᠢ᠎ᠶ᠋ᠢᠨ 《ᠰᠧ ᡁᠢ ᠤᠨᠤᠯ》 ᠤ᠋ᠨ ᠦᠭᠡ᠎ᠡᠴᠡ ᠡᠰᠢ ᠲᠠᠲᠠᠵᠤ᠂ ᠱᠢᠨ᠎ᠡ ᠴᠠᠭ ᠦᠶ᠎ᠡ᠎ᠶ᠋ᠢᠨ ᠥᠭᠡᠷᠡᠴᠢᠯᠡᠭ᠌ᠴᠢ᠎ᠶ᠋ᠢᠨ ᠪᠠᠲᠤ ᠪᠠᠷᠢᠮᠳᠠᠯᠠᠯ᠎ᠢ ᠲᠡᠯᠭᠡᠯ᠎ᠡ᠄ 《ᠬᠠᠮᠤᠭ᠎ᠤᠨ ᠬᠦᠴᠢᠷ ᠠᠰᠠᠭᠤᠳᠠᠯ ᠲᠡᠢᠰᠢ ᠪᠣᠭᠣᠮᠲᠠ ᠱᠢᠪᠲᠤᠯᠵᠤ᠂ ᠬᠠᠮᠤᠭ᠎ᠤᠨ ᠠᠯᠤᠰ ᠬᠡᠳᠤ᠎ᠶ᠋ᠢᠨ ᠬᠠᠷᠠᠯᠲᠠ᠎ᠶ᠋ᠢ ᠬᠥᠭᠡᠭᠡᠴᠡᠯᠳᠦᠨ᠎ᠠ》᠃

ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠡᠷᠬᠡ ᠲᠡᠭ᠌ᠰᠢ ᠥᠷᠢᠰᠥᠯᠳᠦᠭᠡᠨ᠎ᠢ ᠬᠢᠨᠠᠨ ᠪᠠᠢᠴᠠᠭᠠᠬᠤ ᠲᠦᠷᠢᠮ》 ᠢ᠋ ᠬᠡᠷᠡᠭ᠌ᠵᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠪᠠ;

ᠬᠥᠮᠥᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ᠎ᠶᠢ ᠠᠬᠢᠭᠤᠯᠬᠤ᠎ᠵᠢᠡ ᠲᠤᠭᠤᠷᠢᠨ ᠳ᠋ᠤ᠂ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠡᠬᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ᠎ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ᠎ᠶᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠪᠠᠢᠭᠤᠯᠤᠯ ᠲᠣᠭᠲᠡᠴᠡ᠎ᠶᠢ ᠪᠦᠷᠢᠨᠰᠢᠭᠦᠯᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ᠎ᠢ ᠲᠡᠰ ᠲᠦᠷᠦᠯ ᠬᠤᠪᠢᠶᠠᠨ ᠪᠦᠲᠦᠭᠡᠨ ᠪᠠᠢᠭᠤᠯᠪᠠ;

ᠰᠣᠶᠣᠯ᠎ᠤᠨ ᠰᠢᠨ᠎ᠡ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠠᠬᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠵᠤ᠂ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ᠎ᠶᠢ ᠪᠠᠢᠭᠤᠯᠵᠤ᠂ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠬᠦ ᠦᠢᠯᠡᠳᠪᠦᠷᠢᠯᠡᠬᠦ᠎ᠶᠢ ᠬᠥᠲᠥᠯᠥᠨ ᠵᠢᠯᠤᠭᠣᠳᠴᠤ ᠲᠡᠳᠬᠦᠨ ᠳᠡᠮᠵᠢᠬᠦ ᠲᠣᠭᠲᠡᠴᠡ᠎ᠶᠢ ᠪᠦᠷᠢᠨᠰᠢᠭᠦᠯᠪᠡ;

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ᠎ᠶᠢ ᠲᠣᠭᠲᠠᠭᠠᠵᠤ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠡᠷᠬᠡ ᠣᠯᠭᠣᠬᠤ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ ᠡᠳ᠋ ᠬᠥᠷᠥᠩᠭᠡ᠎ᠶᠢ ᠲᠤᠰᠠᠭᠠᠷ ᠨᠢ ᠬᠠᠮᠢᠶᠠᠷᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠦᠨᠡᠯᠡᠬᠦ 3 ᠵᠦᠢᠯ᠎ᠦᠨ ᠥᠭᠡᠷᠡᠴᠢᠯᠡᠯᠲᠡ᠎ᠶᠢᠨ ᠲᠤᠷᠰᠢᠯᠲᠠ᠎ᠤᠨ ᠴᠡᠭ᠎ᠢ ᠠᠬᠢᠭᠤᠯᠤᠨ ᠦᠷᠨᠢᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠪᠠᠢᠭᠤᠯᠤᠯ ᠲᠣᠭᠲᠡᠴᠡ᠎ᠶᠢ ᠪᠦᠷᠢᠨᠰᠢᠭᠦᠯᠪᠡ;

ᠲᠠᠢ᠍ᠢᠨ ᠬᠢᠵᠦ ᠴᠢᠳᠠᠬᠤ᠂ ᠢᠯᠠᠭᠤᠭᠰᠠᠨ ᠲᠠᠢ᠍ᠢᠨ ᠬᠢᠵᠦ ᠴᠢᠳᠠᠬᠤ ᠡᠨᠡ ᠬᠦ᠌ ᠴᠡᠷᠢᠭ᠎ᠢ ᠬᠦᠴᠦᠷᠬᠡᠭᠵᠢᠭᠦᠯᠬᠦ᠎ᠶᠢᠨ ᠴᠢᠬᠤᠯᠠ ᠵᠦᠢᠯ᠎ᠢ ᠴᠢᠩᠭ᠎ᠠ ᠠᠳᠬᠤᠵᠤ᠂ ᠰᠢᠨ᠎ᠡ ᠴᠠᠭ ᠦᠶ᠎ᠡ᠎ᠶᠢᠨ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠴᠡᠷᠢᠭ᠎ᠢ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠪᠡ;

《ᠠᠷᠪᠠᠨ ᠳᠥᠷᠪᠡᠳᠦᠭᠡᠷ ᠲᠠᠪᠤᠨ ᠵᠢᠯ》ᠡᠴᠡ ᠨᠠᠭᠠᠰᠢ᠂ ᠭᠣᠣᠯᠳᠠᠯᠭ᠎ᠠ᠎ᠲᠠᠢ ᠬᠦᠷᠢᠶᠡᠨ᠎ᠦ ᠥᠭᠡᠷᠡᠴᠢᠯᠡᠯᠲᠡ ᠳ᠋ᠤ ᠦᠷᠭᠦᠯᠵᠢᠯᠡᠨ ᠪᠣᠭᠣᠮᠲᠠ ᠰᠢᠪᠲᠤᠯᠵᠤ᠂ ᠭᠦᠨ ᠳᠠᠪᠬᠤᠷᠭ᠎ᠠ᠎ᠶᠢᠨ ᠪᠠᠢᠭᠤᠯᠤᠯ ᠲᠣᠭᠲᠡᠴᠡ᠎ᠶᠢᠨ ᠬᠠᠷᠰᠢ ᠰᠠᠭᠠᠳ ᠪᠣᠯᠣᠨ ᠪᠦᠲᠦᠴᠡ᠎ᠶᠢᠨ ᠴᠢᠨᠠᠷᠲᠠᠢ ᠵᠥᠷᠢᠴᠡᠯ᠎ᠢ ᠰᠢᠢᠳᠪᠦᠷᠢᠯᠡᠬᠦ᠎ᠶᠢ ᠨᠠᠩ ᠴᠢᠬᠤᠯᠠᠴᠢᠯᠠᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢ ᠬᠦᠯᠢᠶᠡᠰᠦᠯᠡᠵᠦ ᠪᠠᠢᠭ᠎ᠠ ᠬᠤᠷᠢᠭ᠎ᠠ ᠲᠦᠭᠵᠢᠷᠡᠯ᠎ᠦᠨ ᠠᠰᠠᠭᠤᠳᠠᠯ᠂ ᠬᠥᠭᠵᠢᠯᠲᠡ᠎ᠶᠢᠨ ᠣᠷᠴᠢᠨ ᠨᠦᠬᠦᠴᠡᠯ ᠪᠣᠯᠣᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠡᠮᠵᠡᠭ ᠠᠰᠠᠭᠤᠳᠠᠯ ᠬᠦᠴᠢᠷ ᠠᠰᠠᠭᠤᠳᠠᠯ᠂ ᠨᠡᠢᠭᠡᠮ᠎ᠦᠨ ᠲᠥᠪ ᠭᠤᠤᠯᠴᠢ ᠰᠢᠳᠤᠷᠭᠤ ᠶᠣᠰᠣ᠌᠎ᠡᠴᠡ ᠲᠡᠷᠰᠯᠡᠭᠰᠡᠨ ᠲᠦᠪᠯᠡᠷᠡᠯ ᠠᠰᠠᠭᠤᠳᠠᠯ ᠬᠠᠯᠠᠮᠰᠢᠯ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠲᠦᠮᠵᠢᠲᠡᠶ ᠰᠡᠷᠭᠡᠢᠯᠡᠵᠦ᠂ ᠬᠥᠭᠵᠢᠯᠲᠡ᠎ᠶᠢᠨ ᠪᠠᠢᠳᠠᠯ᠎ᠢ ᠬᠦᠴᠦᠲᠡᠢ ᠨᠡᠭᠡᠭᠡᠪᠡ᠃

ᠤᠷᠤᠭᠰᠢᠯᠠᠯᠲᠠ᠎ᠶᠢᠨ ᠵᠠᠮ ᠳᠡᠭᠡᠷ᠎ᠡ᠂ ᠰᠢᠢᠳᠪᠦᠷᠢᠯᠡᠬᠦ᠎ᠳᠦ ᠬᠦᠴᠢᠷ ᠠᠰᠠᠭᠤᠳᠠᠯ ᠪᠠᠰᠠ ᠴᠥᠭᠡᠨ ᠪᠤᠰᠤ ᠪᠤᠢ᠄ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠵᠦ᠂ 《ᠪᠣᠭᠣᠮᠢ》 ᠪᠣᠯᠵᠤ ᠪᠠᠢᠭ᠎ᠠ ᠬᠦᠴᠢᠷ ᠠᠰᠠᠭᠤᠳᠠᠯ᠎ᠢ ᠲᠠᠰᠤᠷᠠᠯᠳᠠ ᠦᠭᠡᠢ ᠰᠢᠢᠳᠪᠦᠷᠢᠯᠡᠪᠡ;ᠡᠳ᠋᠎ᠦᠨ ᠵᠠᠰᠠᠭ ᠭᠠᠢᠯᠢ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠲᠥᠪ ᠪᠠ ᠣᠷᠣᠨ ᠨᠤᠲᠤᠭ᠎ᠤᠨ ᠡᠳ᠋᠎ᠦᠨ ᠵᠠᠰᠠᠭ᠎ᠤᠨ ᠬᠠᠷᠢᠴᠠᠭ᠎ᠠ᠎ᠶᠢ ᠤᠯᠠᠮ ᠨᠢᠭᠡ ᠠᠯᠬᠤᠮ ᠰᠢᠯᠤᠭᠤᠳᠬᠠᠪᠠ; ᠬᠣᠲᠠ ᠬᠥᠳᠡᠭᠡ᠎ᠶᠢᠨ ᠠᠭᠤᠰᠤᠯᠴᠠᠯ᠎ᠤᠨ ᠬᠠᠷᠰᠢ ᠰᠠᠭᠠᠳ᠎ᠢ ᠠᠷᠢᠯᠭᠠᠵᠤ᠂ ᠰᠢᠨ᠎ᠡ ᠬᠡᠯᠪᠡᠷᠢ᠎ᠶᠢᠨ ᠬᠣᠲᠠ ᠪᠠᠯᠭᠠᠰᠤᠵᠢᠯᠲᠠ᠎ᠶᠢᠨ ᠪᠠᠢᠭᠤᠯᠤᠯ ᠲᠣᠭᠲᠡᠴᠡ᠎ᠶᠢ ᠪᠦᠷᠢᠨᠰᠢᠭᠦᠯᠦᠨ ᠠᠬᠢᠭᠤᠯᠪᠠ ᠁

《ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡᠨ ᠡᠭᠦᠷᠭᠡᠲᠦ ᠪᠤᠳᠤᠯ᠎ᠢᠶᠠᠨ ᠴᠢᠩᠭᠠᠳᠬᠠᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ᠂ ᠬᠦᠴᠢᠷ᠎ᠢ ᠰᠥᠷᠦᠨ ᠤᠷᠤᠭᠰᠢᠯᠠᠬᠤ ᠤᠯᠤᠰ ᠲᠦᠷᠦ᠎ᠶᠢᠨ ᠰᠥᠰᠥ ᠵᠣᠷᠢᠭ᠋᠎ᠢᠶᠠᠷ ᠵᠥᠷᠢᠴᠡᠯ ᠠᠰᠠᠭᠤᠳᠠᠯ᠎ᠳᠤ ᠰᠢᠭᠤᠳ ᠬᠠᠨᠳᠤᠵᠤ᠂ ᠭᠡᠮ ᠰᠤᠭᠤᠭ᠎ᠢ ᠠᠷᠢᠯᠭᠠᠵᠤ᠂ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠡᠭᠠᠬᠤ᠎ᠳᠤ ᠤᠬᠤᠷᠢᠬᠤ ᠦᠭᠡᠢ ᠪᠠᠢᠵᠤ᠂ ᠥᠭᠡᠷᠡᠴᠢᠯᠡᠯᠲᠡ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠴᠢᠷᠮᠠᠢᠨ ᠨᠡᠭᠡᠭᠡᠬᠦ ᠬᠡᠷᠡᠭᠲᠡᠢ》 ᠭᠡᠵᠦ ᠶᠡᠷᠦᠩᠬᠡᠢ ᠱᠦᠵᠢ ᠰᠢ ᠵᠢᠨ ᠫᠢᠩ ᠴᠢᠭᠯᠡᠯ᠎ᠢ ᠵᠢᠭᠠᠵᠤ ᠥᠭᠪᠡ᠃

ᠢᠷᠡᠭᠡᠳᠦᠢ᠎ᠶᠢ ᠪᠠᠷᠠᠯᠠᠬᠤᠶ᠎ᠠ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠠᠩᠬᠠᠷᠤᠯ ᠲᠥᠪᠯᠡᠷᠡᠯ᠎ᠢ ᠵᠤᠷᠢᠵᠦ᠂ ᠬᠦᠴᠢᠷ ᠠᠰᠠᠭᠤᠳᠠᠯ᠎ᠢ ᠠᠩᠬᠠᠷᠴᠤ᠂ ᠵᠣᠷᠢᠭ᠍ᠲᠠᠢ᠎ᠪᠠᠷ 《ᠬᠦᠴᠢᠷ᠎ᠢ ᠳᠠᠪᠠᠵᠤ》᠂ ᠵᠣᠷᠢᠭ᠍ᠲᠠᠢ᠎ᠪᠠᠷ 《ᠬᠦᠷᠢᠶ᠎ᠡ ᠵᠢ ᠡᠪᠳᠡᠵᠦ》᠂ ᠴᠢᠳᠠᠮᠠᠭᠠᠢ᠎ᠪᠠᠷ 《ᠠᠰᠠᠭᠤᠳᠠᠯ᠎ᠢ ᠰᠢᠢᠳᠪᠦᠷᠢᠯᠡᠵᠦ》᠂ ᠥᠭᠡᠷᠡᠴᠢᠯᠡᠯᠲᠡ᠎ᠶᠢ ᠤᠯᠠᠮ ᠴᠢᠨᠠᠭᠰᠢᠳᠠ ᠭᠦᠨᠵᠡᠭᠡᠢᠷᠡᠭᠦᠯᠪᠡᠯ ᠯᠠᠪᠲᠠᠢ ᠨᠡᠩ ᠶᠡᠬᠡ ᠰᠢᠨ᠎ᠡ ᠰᠢᠪᠲᠤᠯᠤᠯᠲᠠ᠎ᠶᠢ ᠪᠡᠶᠡᠯᠡᠭᠦᠯᠵᠦ ᠴᠢᠳᠠᠨ᠎ᠠ᠃

ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠪᠡᠷ ᠥᠭᠡᠷᠡᠴᠢᠯᠡᠯᠲᠡ᠎ᠶᠢ ᠠᠬᠢᠭᠤᠯᠵᠤ᠂ ᠬᠥᠭᠵᠢᠯᠲᠡ᠎ᠶᠢ ᠠᠬᠢᠭᠤᠯᠪᠠ

ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠳᠤᠮᠳᠠᠳᠤ ᠤᠯᠤᠰ᠎ᠤᠨ ᠡᠳ᠋ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠤᠷᠤᠭᠤᠯᠤᠯᠲᠠ ᠭᠠᠷᠭᠠᠯᠲᠠ᠎ᠵᠢᠨ ᠶᠡᠷᠦᠩᠬᠡᠢ ᠥᠷᠲᠡᠭ 33.61 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 4% ᠎ᠪᠠᠷ ᠨᠡᠮᠡᠭᠳᠡᠪᠡ — ᠳᠤᠮᠳᠠᠳᠤ ᠤᠯᠤᠰ᠎ᠤᠨ ᠭᠠᠳᠠᠭᠠᠳᠤ ᠠᠷᠠᠯᠵᠢᠶᠠᠨ᠎ᠤ 《ᠬᠢᠷᠢ ᠪᠦᠲᠦᠮᠵᠢ᠎ᠶᠢᠨ ᠬᠠᠭᠤᠳᠠᠰᠤ》 ᠨᠢ ᠤᠶᠠᠨ ᠬᠠᠲᠠᠨ ᠴᠢᠨᠠᠷ᠎ᠢᠶᠠᠨ ᠢᠯᠡᠷᠡᠭᠦᠯᠪᠡ᠃

ᠣᠳᠣᠬᠠᠨ᠎ᠳᠤ᠂ ᠠᠵᠤ ᠠᠬᠤᠢ᠎ᠶᠢᠨ ᠳᠡᠯᠡᠬᠡᠢᠵᠢᠯᠲᠡ ᠰᠥᠷᠭᠡᠦ ᠤᠷᠤᠰᠬᠠᠯ᠎ᠳᠤ ᠤᠴᠠᠷᠠᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠎ᠤᠨ ᠲᠣᠯᠣᠭᠠᠢ ᠥᠨᠳᠡᠢᠵᠦ ᠪᠠᠢᠨ᠎ᠠ᠂ ᠳᠤᠮᠳᠠᠳᠤ ᠤᠯᠤᠰ ᠡᠷᠡᠰ ᠭᠤᠢᠪᠢᠰᠢ ᠦᠭᠡᠢ᠎ᠪᠡᠷ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠂ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠥᠷᠭᠡᠳᠬᠡᠬᠦ᠎ᠪᠡᠷ ᠥᠭᠡᠷᠡᠴᠢᠯᠡᠯᠲᠡ᠎ᠶᠢ ᠠᠬᠢᠭᠤᠯᠵᠤ᠂ ᠬᠥᠭᠵᠢᠯᠲᠡ᠎ᠶᠢ ᠠᠬᠢᠭᠤᠯᠵᠤ᠂ ᠬᠦᠴᠢᠷ ᠪᠡᠷᠬᠡᠰᠢᠶᠡᠯ᠎ᠳᠤ ᠰᠢᠭᠤᠳ ᠬᠠᠨᠳᠤᠵᠤ ᠴᠥᠬᠥᠷᠡᠰᠢ ᠦᠭᠡᠢ ᠤᠷᠤᠭᠰᠢᠯᠠᠵᠤ ᠪᠠᠢᠨ᠎ᠠ᠃

ᠥᠩᠭᠡᠷᠡᠭᠰᠡᠨ᠎ᠳᠦ ᠳᠤᠮᠳᠠᠳᠤ ᠤᠯᠤᠰ᠎ᠤᠨ ᠠᠵᠤ ᠠᠬᠤᠢ᠎ᠶᠢᠨ ᠬᠥᠭᠵᠢᠯᠲᠡ᠎ᠶᠢ ᠨᠡᠭᠡᠭᠡᠯᠲᠡ ᠬᠢᠬᠦ ᠨᠥᠬᠥᠴᠡᠯ ᠳᠣᠣᠷ᠎ᠠ ᠣᠯᠣᠭᠰᠠᠨ ᠶᠤᠮ᠂ ᠢᠷᠡᠭᠡᠳᠦᠢ᠎ᠳᠦ ᠳᠤᠮᠳᠠᠳᠤ ᠤᠯᠤᠰ᠎ᠤᠨ ᠠᠵᠤ ᠠᠬᠤᠢ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠪᠠᠰᠠ ᠡᠷᠬᠡᠪᠰᠢ ᠨᠡᠩ ᠶᠡᠬᠡ ᠨᠡᠭᠡᠭᠡᠯᠲᠡ ᠬᠢᠬᠦ ᠨᠥᠬᠥᠴᠡᠯ ᠳᠣᠣᠷ᠎ᠠ ᠶᠠᠪᠤᠭᠳᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠥᠨᠳᠥᠷ ᠲᠦᠪᠰᠢᠨ ᠪᠦᠬᠦᠢ ᠨᠡᠭᠡᠭᠡᠯᠲᠡ᠎ᠪᠡᠨ ᠥᠷᠭᠡᠳᠬᠡᠬᠦ ᠡᠷᠴᠢ ᠵᠣᠷᠢᠭ᠋ ᠬᠤᠪᠢᠷᠠᠬᠤ ᠦᠭᠡᠢ᠂ ᠳᠡᠯᠡᠬᠡᠢ ᠳ᠋ᠠᠬᠢᠨ᠎ᠲᠠᠢ ᠬᠥᠭᠵᠢᠯᠲᠡ᠎ᠶᠢᠨ ᠠᠵᠠ ᠲᠣᠬᠢᠶᠠᠯ᠎ᠢ ᠬᠤᠪᠢᠶᠠᠯᠴᠠᠬᠤ ᠡᠷᠴᠢ ᠵᠣᠷᠢᠭ᠋ ᠬᠤᠪᠢᠷᠠᠬᠤ ᠦᠭᠡᠢ》᠂《ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ ᠪᠣᠯ ᠨᠡᠭᠡᠭᠡᠯᠲᠡᠲᠤ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ ᠮᠥᠨ᠂ ᠪᠢᠲᠡᠭᠦᠮᠵᠢᠯᠡᠭᠰᠡᠨ ᠤᠯᠤᠰ᠎ᠤᠨ ᠳᠣᠲᠣᠭᠠᠳᠤ᠎ᠶᠢᠨ ᠲᠠᠩ ᠣᠷᠴᠢᠯ ᠪᠢᠰᠢ》 ᠭᠡᠵᠦ ᠴᠢᠬᠤᠯᠠᠴᠢᠯᠠᠪᠠ᠃

2023 ᠣᠨ᠎ᠤ 7 ᠰᠠᠷ᠎ᠠ᠎ᠶᠢᠨ 11 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠬᠣᠷᠢᠳᠤᠭᠠᠷ ᠬᠤᠭᠤᠴᠠᠭᠠᠨ᠎ᠤ ᠲᠥᠪ᠎ᠦᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠬᠤᠷᠢᠶᠠᠨ᠎ᠤ ᠬᠣᠶᠠᠳᠤᠭᠠᠷ ᠤᠳᠠᠭ᠎ᠠ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠋᠎ᠤᠨ ᠠᠵᠤ ᠠᠬᠤᠢ᠎ᠶᠢᠨ ᠰᠢᠨ᠎ᠡ ᠪᠠᠢᠭᠤᠯᠤᠯ᠎ᠢ᠋ ᠪᠠᠶ᠋ᠢᠭᠤᠯᠬᠤ ᠪᠣᠯ ᠪᠢᠳᠡ ᠰᠠᠨᠠᠭᠠᠴᠢᠯᠠᠭ᠎ᠠ᠎ᠡᠴᠡ᠎ᠪᠠᠨ ᠨᠡᠭᠡᠭᠡᠯᠲᠡ᠎ᠪᠡᠷ ᠥᠭᠡᠷᠡᠴᠢᠯᠡᠯᠲᠡ᠎ᠶᠢ ᠠᠬᠢᠭᠤᠯᠬᠤ᠂ ᠬᠥᠭᠵᠢᠯᠲᠡ᠎ᠶᠢ ᠠᠬᠢᠭᠤᠯᠬᠤ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ ᠮᠥᠨ ᠭᠡᠵᠦ ᠴᠢᠬᠤᠯᠠᠴᠢᠯᠠᠪᠠ᠃

ᠡᠨᠡ ᠤᠳᠠᠭ᠎ᠠ᠎ᠶᠢᠨ ᠬᠤᠷᠠᠯ᠎ᠡᠴᠡ 《ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠋᠎ᠤᠨ ᠠᠵᠤ ᠠᠬᠤᠢ᠎ᠶᠢᠨ ᠰᠢᠨ᠎ᠡ ᠪᠠᠢᠭᠤᠯᠤᠯ᠎ᠢ᠋ ᠪᠠᠢᠭᠤᠯᠵᠤ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ᠎ᠶᠢ ᠠᠬᠢᠭᠤᠯᠬᠤ ᠲᠤᠬᠠᠢ ᠰᠠᠨᠠᠯ》ᠢ᠋ ᠬᠢᠨᠠᠨ ᠵᠥᠪᠯᠡᠵᠦ ᠪᠠᠲᠤᠯᠠᠨ᠂ ᠮᠠᠨ᠎ᠤ ᠤᠯᠤᠰ᠎ᠤᠨ ᠭᠠᠳᠠᠭᠠᠳᠤ ᠨᠡᠭᠡᠭᠡᠯᠲᠡ᠎ᠶᠢᠨ ᠭᠣᠣᠯᠳᠠᠯᠭ᠎ᠠ᠎ᠲᠠᠢ ᠬᠦᠷᠢᠶᠡᠨ᠎ᠦ ᠪᠠᠢᠭᠤᠯᠤᠯ ᠲᠣᠭᠲᠡᠴᠡ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠢᠳᠡᠪᠬᠢᠲᠡᠢ ᠳᠣᠬᠢᠶ᠎ᠠ᠎ᠶᠢ ᠳᠠᠮᠵᠢᠭᠤᠯᠪᠠ᠃

ᠥᠨᠳᠥᠷ ᠲᠦᠪᠰᠢᠨ ᠪᠦᠬᠦᠢ ᠭᠠᠳᠠᠭ᠍ᠰᠢ ᠨᠡᠭᠡᠭᠡᠯᠲᠡ ᠬᠢᠬᠦ ᠪᠠᠢᠭᠤᠯᠤᠯ ᠲᠣᠭᠲᠡᠴᠡ᠎ᠶᠢ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶ᠎ᠠ᠂ ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ ᠪᠠ ᠭᠠᠳᠠᠭᠠᠳᠤ ᠪᠡᠯᠡ ᠣᠷᠣᠭᠤᠯᠤᠯᠲᠠ᠎ᠶᠢᠨ ᠬᠠᠮᠢᠶᠠᠷᠤᠯᠲᠠ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠪᠡ; ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠵᠣᠯᠭᠠᠭᠤᠯᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠮᠡᠳᠡᠯᠭᠡ᠎ᠶᠢᠨ ᠥᠮᠴᠢᠯᠡᠯ᠎ᠦᠨ ᠡᠷᠬᠡ᠂ ᠲᠣᠭ᠎ᠠ ᠪᠠᠷᠢᠮᠲᠠ᠎ᠶᠢᠨ ᠰᠢᠯᠵᠢᠯᠲᠡ ᠵᠡᠷᠭᠡ ᠬᠦᠷᠢᠶᠡᠨ᠎ᠳᠦ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠡᠷ ᠵᠠᠰᠠᠭᠰᠠᠨ᠂ ᠳᠡᠯᠡᠬᠡᠢᠵᠢᠭᠰᠡᠨ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠪᠠ ᠁

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠮᠠᠨ᠎ᠤ ᠤᠯᠤᠰ ᠨᠠᠩ ᠢᠳᠡᠪᠬᠢᠲᠡᠢ ᠪᠥᠭᠡᠳ ᠰᠠᠨᠠᠭᠠᠴᠢᠯᠠᠭ᠎ᠠ᠎ᠲᠠᠢ ᠨᠡᠭᠡᠭᠡᠯᠲᠡ᠎ᠶᠢᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠵᠦ᠂ ᠲᠠᠸᠠᠷ ᠪᠣᠯᠣᠨ ᠡᠯᠧᠮᠧᠨ᠋ᠲ᠎ᠦᠨ ᠭᠦᠢᠯᠭᠡᠭᠡᠨ᠎ᠦ ᠬᠡᠯᠪᠡᠷᠢ᠎ᠶᠢᠨ ᠨᠡᠭᠡᠭᠡᠯᠲᠡ᠎ᠶᠢ ᠦᠷᠭᠦᠯᠵᠢᠯᠡᠨ ᠠᠬᠢᠭᠤᠯᠬᠤ᠎ᠡᠴᠡ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢ ᠨᠠᠩ ᠴᠢᠬᠤᠯᠠᠴᠢᠯᠠᠬᠤ ᠬᠦᠷᠲᠡᠯ᠎ᠡ᠂ ᠭᠦᠨ ᠳᠠᠪᠬᠤᠷᠭ᠎ᠠ᠎ᠶᠢᠨ ᠥᠭᠡᠷᠡᠴᠢᠯᠡᠯᠲᠡ᠎ᠶᠢ ᠪᠦᠲᠦᠮᠵᠢᠲᠡᠶ ᠭᠡᠳᠡᠷᠭᠦ ᠰᠢᠬᠠᠮᠳᠠᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠭᠰᠠᠨ ᠪᠥᠭᠡᠳ ᠪᠠᠰᠠ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠶ᠋ᠢᠭᠤᠯᠬᠤ᠎ᠳᠤ ᠳᠦᠷᠢᠮ᠎ᠦᠨ ᠪᠠᠲᠤᠯᠠᠭ᠎ᠠ᠎ᠶᠢ ᠪᠠᠲᠤ ᠴᠣᠭᠴᠠᠯᠠᠪᠠ᠃

ᠳᠤᠮᠳᠠᠳᠤ ᠤᠯᠤᠰ᠎ᠤᠨ ᠬᠥᠭᠵᠢᠯᠲᠡ ᠳᠡᠯᠡᠬᠡᠢ᠎ᠡᠴᠡ ᠰᠠᠯᠵᠤ ᠴᠢᠳᠠᠬᠤ ᠦᠭᠡᠢ᠂ ᠳᠡᠯᠡᠬᠡᠢ᠎ᠶᠢᠨ ᠴᠡᠴᠡᠭᠯᠡᠯ ᠬᠥᠭᠵᠢᠯ ᠴᠦ᠍ ᠳᠤᠮᠳᠠᠳᠤ ᠤᠯᠤᠰ᠎ᠢ ᠬᠡᠷᠡᠭᠰᠡᠨ᠎ᠡ᠃ 14 ᠳ᠋ᠦᠩᠰᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ ᠣᠳᠣᠬᠢᠴᠢᠯᠠᠯᠲᠠ ᠲᠡᠢᠰᠢ ᠤᠷᠤᠭᠰᠢᠯᠠᠵᠦ ᠪᠠᠢᠭ᠎ᠠ ᠨᠢ ᠳᠤᠮᠳᠠᠳᠤ ᠤᠯᠤᠰ᠎ᠤᠨ ᠳᠡᠯᠡᠬᠡᠢ ᠳ᠋ᠠᠬᠢᠨ᠎ᠳᠤ ᠣᠯᠭᠣᠭᠰᠠᠨ ᠯᠤᠲᠤ ᠶᠡᠬᠡ ᠠᠵᠠ ᠲᠣᠬᠢᠶᠠᠯ ᠪᠣᠯᠣᠨ᠎ᠠ᠂ ᠳᠤᠮᠳᠠᠳᠤ ᠤᠯᠤᠰ ᠴᠦ᠍ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠰᠢᠨ᠎ᠡ ᠬᠥᠳᠡᠯᠭᠡᠬᠦ ᠬᠦᠴᠦᠨ ᠣᠯᠵᠤ᠂ ᠰᠢᠨ᠎ᠡ ᠳᠠᠪᠠᠭᠤᠯᠢᠭ᠋᠎ᠢ ᠳᠠᠬᠢᠨ ᠴᠣᠭᠴᠠᠯᠠᠵᠤ᠂ ᠰᠢᠨ᠎ᠡ ᠣᠷᠣᠨ ᠵᠠᠢ᠎ᠶᠢ ᠨᠡᠭᠡᠭᠡᠨ᠎ᠡ᠃

ᠰᠢᠪᠲᠤᠯᠤᠯᠲᠠ ᠭᠠᠷᠭᠠᠨ᠎ᠠ! ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠬᠦ ᠠᠷᠠᠯ᠎ᠢᠶᠠᠷ᠎ᠢᠶᠠᠨ ᠪᠣᠭᠣᠮᠲᠠ ᠪᠠᠨ ᠬᠠᠭᠠᠬᠤ ᠠᠵᠢᠯᠯᠠᠭ᠎ᠠ ᠡᠨᠡ ᠵᠢᠯ᠎ᠦᠨ 12 ᠰᠠᠷ᠎ᠠ᠎ᠶᠢᠨ 18 ᠎ᠤ᠋ ᠡᠳᠦᠷ ᠵᠢᠩᠬᠢᠨᠢ᠎ᠪᠡᠷ ᠡᠬᠢᠯᠡᠵᠦ᠂ ᠣᠳᠣᠬᠠᠨ᠎ᠤ ᠳᠡᠯᠡᠬᠡᠢ᠎ᠶᠢᠨ ᠬᠠᠮᠤᠭ᠎ᠤᠨ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠡᠯᠪᠡᠷᠢ᠎ᠪᠡᠷ ᠪᠠᠷᠢᠮᠵᠢᠶᠠᠯᠠᠵᠤ᠂ ᠬᠥᠮᠥᠨ᠎ᠬᠠᠷ᠎ᠠ᠎ᠵᠢᠨ ᠶᠠᠪᠤᠵᠤ ᠰᠠᠭᠤᠬᠤ᠂ ᠪᠠᠷᠠᠭᠠᠨ᠎ᠤ ᠭᠦᠢᠯᠭᠡᠭᠡ᠂ ᠪᠡᠯᠡ ᠮᠥᠩᠭᠥᠨ᠎ᠦ ᠭᠦᠢᠯᠭᠡᠭᠡ ᠵᠡᠷᠭᠡ ᠡᠯᠧᠮᠧᠨ᠋ᠲ᠎ᠦᠨ ᠴᠢᠯᠦᠭᠡᠲᠡᠢ ᠳᠥᠭᠥᠮ ᠳᠥᠲᠡ ᠭᠦᠢᠯᠭᠡᠭᠡ᠎ᠶᠢᠨ ᠳᠦᠷᠢᠮ᠎ᠦᠨ ᠣᠷᠴᠢᠨ ᠨᠦᠬᠦᠴᠡᠯ᠎ᠢ ᠰᠢᠰᠲ᠋ᠸᠮ ᠲᠠᠢ ᠪᠠᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠋᠎ᠤᠨ ᠠᠵᠤ ᠠᠬᠤᠢ᠎ᠶᠢᠨ ᠰᠢᠨ᠎ᠡ ᠪᠠᠢᠭᠤᠯᠤᠯ᠎ᠢ᠋ ᠲᠦᠷᠭᠡᠳᠬᠡᠨ ᠪᠠᠶ᠋ᠢᠭᠤᠯᠬᠤ᠎ᠳᠤ ᠵᠢᠱ᠌ᠢᠶ᠎ᠡ ᠦᠵᠡᠭᠦᠯᠦᠨ ᠵᠠᠮ ᠬᠠᠢᠵᠤ ᠥᠭᠬᠦ ᠪᠤᠯᠤᠨ᠎ᠠ᠃

ᠡᠨᠡ ᠵᠢᠯ᠎ᠦᠨ 4 ᠰᠠᠷ᠎ᠠ᠎ᠶᠢᠨ 30 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠩᠬᠠᠢ᠎ᠳᠤ ᠬᠡᠰᠡᠭ ᠮᠤᠵᠢ ᠣᠷᠣᠨ ᠬᠤᠳᠠ᠎ᠶᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃

《ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ ᠰᠠᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠡᠷᠡᠰ ᠭᠤᠢᠪᠢᠰᠢ ᠦᠭᠡᠢ ᠥᠷᠭᠡᠳᠬᠡᠬᠦ ᠬᠡᠷᠡᠭᠲᠡᠢ》᠂ 《ᠥᠨᠳᠥᠷ ᠪᠦᠲᠦᠮᠵᠢᠲᠡᠢ ᠵᠠᠰᠠᠯᠲᠠ᠎ᠪᠠᠷ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠦ ᠰᠠᠢᠨ ᠬᠤᠷᠰᠢᠯ᠎ᠢ ᠠᠬᠢᠭᠤᠯᠵᠤ᠂ ᠰᠢᠨ᠎ᠡ ᠠᠮᠤᠷ ᠲᠦᠪᠰᠢᠨ᠎ᠦ ᠪᠠᠢᠷᠢᠰᠢᠯ᠎ᠢᠶᠠᠷ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠲᠤᠯᠠᠬᠤ ᠬᠡᠷᠡᠭᠲᠡᠢ》 ᠁ ᠶᠡᠷᠦᠩᠬᠡᠢ ᠱᠦᠵᠢ ᠰᠢ ᠵᠢᠨ ᠫᠢᠩ ᠰᠢᠨ᠎ᠡ ᠪᠠᠢᠳᠠᠯ᠎ᠳᠤ ᠠᠯᠢ ᠤᠯᠠᠨ ᠲᠣᠳᠣᠷᠬᠠᠢ ᠱᠠᠭᠠᠷᠳᠠᠯᠭ᠎ᠠ ᠳᠤᠷᠠᠳᠴᠤ᠂ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠰᠤᠳᠠᠰᠤ᠎ᠶᠢ ᠪᠠᠷᠢᠵᠤ ᠴᠢᠭᠯᠡᠯ᠎ᠢ ᠲᠣᠭᠲᠠᠭᠠᠵᠦ ᠥᠭᠪᠡ᠃

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠭᠦᠨ ᠳᠠᠪᠬᠤᠷᠭ᠎ᠠ᠎ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠨᠠᠩ ᠶᠡᠬᠡ ᠡᠷᠴᠢᠮ᠎ᠢᠶᠡᠷ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠭᠯᠡᠯ᠎ᠢ ᠣᠨᠣᠪᠴᠢᠲᠠᠶ ᠡᠵᠡᠮᠳᠡᠵᠦ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠦᠨᠡᠨ ᠬᠦ᠌ ᠠᠳᠬᠤᠨ ᠪᠣᠳᠠᠲᠠᠢ ᠠᠵᠢᠯᠯᠠᠪᠠᠯ᠂ ᠥᠭᠡᠷᠡᠴᠢᠯᠡᠯᠲᠡ ᠨᠡᠭᠡᠭᠡᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠳᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠨᠡᠮᠡᠷᠢᠯᠡᠵᠦ ᠴᠢᠳᠠᠬᠤ ᠨᠢ ᠯᠠᠪᠲᠠᠢ ᠶᠤᠮ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶ᠋ᠢᠨ 17 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号