ᠦᠬᠡᠷ ᠬᠣᠨᠢᠨ ᠮᠢᠬ᠎ᠠ᠂ ᠴᠠᠭᠠᠨ ᠢᠳᠡᠭᠡᠨ᠂ ᠵᠢᠮᠢᠰ ᠢᠳᠡᠱᠢᠨ ᠨᠣᠭᠣᠭ᠎ᠠ ᠵᠡᠷᠭᠡ ᠪᠤᠯ ᠤᠯᠤᠰ ᠲᠠᠶᠠᠭᠠᠷ ᠲᠦ᠍ ᠮᠡᠳᠡᠷᠡᠭᠳᠡᠭᠰᠡᠨ ᠦᠪᠤᠷ ᠮᠤᠩᠭᠤᠯ ᠤ᠋ᠨ ᠪᠤᠬᠢᠷᠳᠤᠯ ᠦᠬᠡᠢ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠳᠦᠬᠡᠭᠳᠡᠬᠦᠨ ᠶᠤᠮ᠃ ᠡᠨᠡ ᠵᠢᠯ ᠡᠴᠡ ᠥᠪᠥᠷ ᠮᠣᠩᠭᠣᠯ ᠤᠳᠤᠬᠢᠴᠢᠯᠠᠭᠰᠠᠨ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠱᠢᠰᠲ᠋ᠧᠮ ᠢ᠋ ᠲᠦᠷᠭᠡᠳᠭᠡᠨ ᠪᠠᠢᠭᠤᠯᠵᠤ᠂ ᠴᠠᠭᠠᠨ ᠢᠳᠡᠭᠡᠨ᠂ ᠦᠬᠡᠷ ᠬᠣᠨᠢᠨ ᠮᠢᠬ᠎ᠠ ᠵᠡᠷᠭᠡ ᠳᠠᠪᠠᠭᠤᠯᠢᠭᠲᠦ ᠠᠵᠤ ᠦᠶ᠋ᠯᠡᠰ ᠤ᠋ᠨ ᠬᠦᠶ᠋ᠲᠡᠨ ᠬᠡᠯᠬᠢᠶ᠎ᠡ ᠵᠢ ᠦᠵᠦᠭᠦᠷᠯᠢᠭ ᠪᠠ ᠳᠡᠭᠡᠳᠦ ᠳᠡᠰ ᠲᠠᠢᠰᠢ ᠤᠷᠲᠤᠳᠭᠠᠬᠤ ᠵᠢ ᠠᠬᠢᠭᠤᠯᠵᠤ᠂ ᠤᠳᠤ ᠪᠦᠬᠦ ᠤᠷᠤᠨ ᠤ᠋ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠵᠠᠬ᠎ᠠ ᠳᠡᠯᠭᠡᠭᠦᠷ ᠤ᠋ᠨ ᠬᠡᠪᠴᠢᠶ᠎ᠡ 43.5 ᠳ᠋ᠦᠩᠱᠢᠭᠤᠷ ᠲᠥᠭᠥᠷᠢᠭ ᠲᠦ᠍ ᠬᠦᠷᠴᠦ᠍᠂ ᠬᠦᠶ᠋ᠲᠡᠨ ᠬᠥᠮᠥᠷᠭᠡ ᠶ᠋ᠢᠨ ᠪᠠᠭ᠍ᠲᠠᠭᠠᠮᠵᠢ 669 ᠲᠦᠮᠡᠨ ᠲᠣᠨ ᠳ᠋ᠦ ᠬᠦᠷᠴᠡᠶ᠃
ᠬᠥᠬᠡᠬᠣᠲᠠ ᠶ᠋ᠢᠨ ᠣᠯᠠᠨ ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠲᠥᠪ ᠤ᠋ᠨ ᠨᠢᠭᠡᠳᠦᠭᠡᠷ ᠡᠵᠡᠮᠱᠢᠯ ᠤ᠋ᠨ ᠲᠠᠰᠤᠭ ᠲᠦ᠍ ᠨᠢᠭᠡ ᠯᠡ ᠰᠠᠭᠤᠷᠢ ᠮᠠᠰᠢᠨ ᠶ᠋ᠢᠡᠷ ᠬᠦᠮᠦᠷᠭᠡ ᠨᠢᠭᠡᠪᠦᠷᠢ ᠶ᠋ᠢᠨ ᠳᠤᠯᠠᠭᠠᠨ ᠤ᠋ ᠬᠡᠮᠵᠢᠶ᠎ᠡ ᠵᠢ ᠬᠢᠵᠠᠭᠠᠷᠯᠠᠨ ᠡᠵᠡᠮᠳᠡᠬᠦ ᠵᠢᠨ ᠬᠠᠮᠳᠤ ᠬᠠᠳᠠᠭᠠᠯᠠᠵᠤ ᠪᠦᠬᠦᠢ ᠲᠠᠸᠠᠷ ᠤ᠋ᠨ ᠠᠳᠠᠯᠢ ᠪᠤᠰᠤ ᠵᠢ ᠦᠨᠳᠦᠰᠦᠯᠡᠨ ᠳᠤᠯᠠᠭᠠᠨ ᠤ᠋ ᠬᠡᠮᠵᠢᠶ᠎ᠡ ᠵᠢ ᠴᠠᠭ ᠲᠤᠬᠠᠶ ᠳ᠋ᠤᠨᠢ ᠲᠤᠬᠢᠷᠠᠭᠤᠯᠵᠤ ᠪᠠᠢᠨ᠎ᠠ᠃ ᠡᠨᠡ ᠨᠢ ᠢᠳᠡᠭᠡᠨ ᠢ᠋ ᠱᠢᠨ᠎ᠡ ᠰᠣᠷᠭᠣᠭ ᠪᠠᠢᠯᠭᠠᠵᠤ ᠳᠡᠢᠯᠬᠦ ᠮᠥᠷᠲᠡᠭᠡᠨ ᠪᠠᠰᠠ ᠡᠨᠧᠷᠭᠢ ᠠᠷᠪᠢᠯᠠᠵᠤ ᠣᠷᠴᠢᠨ ᠲᠣᠭᠣᠷᠢᠨ ᠢ᠋ ᠬᠠᠮᠠᠭᠠᠯᠠᠬᠤ ᠬᠤᠤᠰ ᠦᠷ᠎ᠡ ᠠᠰᠢᠭ ᠢ᠋ ᠪᠡᠶᠡᠯᠡᠭᠦᠯᠪᠡ᠃ ᠣᠳᠣᠬᠠᠨ ᠳ᠋ᠦ ᠡᠨᠡ ᠬᠦ᠌ 10 ᠲᠦᠮᠡᠨ ᠲᠣᠨ ᠢ᠋ ᠳᠠᠪᠠᠭ᠍ᠰᠠᠨ ᠪᠠᠭ᠍ᠲᠠᠭᠠᠮᠵᠢ ᠪᠦᠬᠦᠢ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠬᠦᠶ᠋ᠰᠦᠪᠠᠷᠢᠯᠭᠠ ᠶ᠋ᠢᠨ ᠨᠢᠭᠡᠳᠦᠭᠡᠷ ᠬᠤᠭᠤᠴᠠᠭᠠᠨ ᠤ᠋ ᠭᠤᠤᠯ ᠴᠣᠭ᠍ᠴᠠ ᠶ᠋ᠢᠨ ᠪᠠᠷᠢᠯᠭ᠎ᠠ ᠵᠢ ᠨᠢᠭᠡᠨᠲᠡ ᠦᠨᠳᠦᠰᠦᠨ ᠳ᠋ᠡᠭᠡᠨ ᠳᠠᠭᠤᠰᠭᠠᠵᠤ᠂ ᠲᠥᠷᠥᠯ ᠵᠦᠶ᠋ᠯ ᠢ᠋ ᠪᠦᠬᠦᠯᠢ ᠴᠣᠭ᠍ᠴᠠ ᠪᠠᠷ ᠨᠢ ᠪᠠᠢᠭᠤᠯᠵᠤ ᠳᠠᠭᠤᠰᠭᠠᠭ᠍ᠰᠠᠨ ᠤ᠋ ᠳᠠᠷᠠᠭ᠎ᠠ 8000 ᠭᠠᠷᠤᠶ ᠵᠦᠶ᠋ᠯ ᠤ᠋ᠨ ᠲᠠᠸᠠᠷ ᠢ᠋ ᠬᠠᠩᠭᠠᠵᠤ ᠳᠡᠢᠯᠬᠦ᠌ ᠪᠣᠯᠤᠨ᠎ᠠ᠃
ᠪᠠᠶᠠᠨᠨᠠᠭᠤᠷ ᠤ᠋ᠨ ᠤᠯᠤᠰ ᠤ᠋ᠨ ᠲᠠᠷᠢᠶᠠᠯᠠᠩ ᠤ᠋ᠨ ᠳᠡᠭᠡᠳᠦ ᠰᠢᠨ᠎ᠡ ᠮᠡᠷᠭᠡᠵᠢᠯ ᠤ᠋ᠨ ᠦᠢᠯᠡᠳᠪᠦᠷᠢᠯᠡᠯ ᠤ᠋ᠨ ᠵᠢᠱ᠌ᠢᠶ᠎ᠡ ᠦᠵᠡᠭᠦᠯᠬᠦ ᠲᠤᠭᠤᠷᠢᠭ ᠲᠦ᠍ ᠪᠠᠢᠷᠢᠯᠠᠭ᠎ᠠ《ᠲᠩᠷᠢ ᠶ᠋ᠢᠨ ᠬᠡᠱᠢᠭ᠌ᠲᠦ ᠪᠣᠷᠣᠲᠣᠬᠣᠢ》ᠤᠶᠤᠨᠴᠢ ᠬᠦᠢᠳᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠬᠦᠷᠢᠶᠡᠯᠡᠩ ᠲᠣᠭᠣᠷᠢᠭ ᠪᠣᠯ ᠤᠯᠤᠰ ᠤ᠋ᠨ ᠲᠦᠷᠦᠭᠦᠦ ᠪᠦᠯᠦᠭ ᠤ᠋ᠨ 17 ᠭᠤᠤᠯ ᠪᠤᠯᠬᠤ ᠬᠦᠢᠳᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠰᠠᠭᠤᠷᠢᠨ ᠤ᠋ ᠨᠢᠭᠡ ᠪᠣᠯᠤᠨ᠎ᠠ᠃ ᠤᠳᠤ ᠲᠤᠰ ᠰᠠᠭᠤᠷᠢᠨ ᠳ᠋ᠦ ᠤᠯᠠᠭᠠᠨ ᠢᠳᠡᠭᠡᠨ ᠪᠤᠯᠪᠠᠰᠤᠷᠠᠭᠤᠯᠬᠤ ᠣᠯᠠᠨ ᠳᠠᠭᠠᠭᠤᠯᠤᠭ᠍ᠴᠢ ᠠᠵᠤ ᠠᠬᠤᠢᠯᠠᠯ ᠣᠷᠣᠵᠤ ᠰᠠᠭᠤᠷᠢᠰᠢᠨ᠂ 1.2 ᠲᠦᠮᠡᠨ ᠲᠣᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠬᠠᠳᠠᠭᠠᠯᠠᠵᠤ᠂ ᠠᠵᠤ ᠠᠬᠤᠢᠯᠠᠯ ᠤ᠋ᠨ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ᠌᠂ ᠪᠣᠭᠣᠮᠲᠠ ᠳ᠋ᠦ ᠮᠡᠳᠡᠭᠦᠯᠬᠦ᠌᠂ ᠪᠠᠯᠠ ᠬᠤᠷᠠᠮᠳᠤᠭᠤᠯᠵᠤ ᠳ᠋ᠦᠩᠨᠡᠨ ᠪᠤᠳᠤᠬᠤ ᠵᠡᠷᠭᠡ 4 ᠶᠡᠬᠡ ᠬᠦᠴᠢᠷ ᠠᠰᠠᠭᠤᠳᠠᠯ ᠢ᠋ ᠱᠢᠶ᠋ᠳᠪᠦᠷᠢᠯᠡᠵᠦ᠍᠂ ᠠᠵᠤ ᠠᠬᠤᠢᠯᠠᠯ ᠤ᠋ᠨ ᠣᠷᠣᠨ ᠪᠦᠰᠡ ᠠᠯᠤᠰᠯᠠᠭ᠍ᠰᠠᠨ ᠵᠠᠬ᠎ᠠ ᠳᠡᠯᠭᠡᠭᠦᠷ ᠤ᠋ᠨ ᠪᠠᠢᠷᠢᠱᠢᠯ ᠢ᠋ ᠪᠡᠶᠡᠯᠡᠭᠦᠯᠬᠦ᠌ ᠳ᠋ᠤ ᠯᠤᠳᠤ ᠶᠡᠬᠡ ᠬᠦᠴᠦᠨ ᠨᠡᠮᠡᠷᠢᠯᠡᠪᠡ᠃
ᠥᠪᠥᠷ ᠮᠣᠩᠭᠣᠯ ᠦᠬᠡᠷ ᠤ᠋ᠨ ᠮᠢᠬ᠎ᠠ᠂ ᠬᠣᠨᠢᠨ ᠮᠢᠬ᠎ᠠ᠂ ᠦᠨᠢᠶᠡᠨ ᠰᠦ ᠶ᠋ᠢᠨ ᠭᠠᠷᠤᠯᠲᠠ ᠪᠡᠷ ᠪᠥᠬᠥ᠌ ᠤᠯᠤᠰ ᠲᠦ᠍ ᠲᠦᠷᠦᠬᠦᠯᠡᠵᠤ᠂ ᠲᠣᠭ᠍ᠲᠠᠭᠤᠨ ᠪᠦᠭᠡᠳ ᠥᠪᠡᠷᠮᠢᠴᠡ ᠣᠨᠴᠠᠯᠢᠭ ᠪᠥᠬᠥᠶ ᠠᠵᠤ ᠦᠶ᠋ᠯᠡᠰ ᠤ᠋ᠨ ᠰᠠᠭᠤᠷᠢ ᠨᠢ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠶ᠋ᠯᠭᠡᠭᠡ ᠶ᠋ᠢᠨ ᠬᠥᠭ᠌ᠵᠢᠯᠲᠡ ᠳ᠋ᠤ ᠥᠷᠨᠢᠩᠭᠦᠶ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠪᠦᠷᠢᠯᠳᠤᠬᠦᠯᠵᠤ ᠥᠭ᠌ᠴᠡᠶ᠃ ᠣᠳᠣᠬᠠᠨ ᠳ᠋ᠦ ᠪᠠᠶᠠᠨᠨᠠᠭᠤᠷ ᠬᠣᠲᠠ ᠂ ᠬᠥᠬᠡᠬᠣᠲᠠ ᠵᠡᠷᠭᠡ 4 ᠠᠢᠮᠠᠭ ᠬᠣᠲᠠ ᠤᠯᠤᠰ ᠤ᠋ᠨ ᠭᠤᠤᠯ ᠪᠤᠯᠬᠤ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠰᠠᠭᠤᠷᠢᠨ ᠶ᠋ᠢᠡᠷ ᠰᠣᠩᠭᠣᠭ᠍ᠳᠠᠨ᠂ ᠤᠯᠠᠭᠠᠨᠬᠠᠳᠠ ᠬᠣᠲᠠ ᠶ᠋ᠢᠨ ᠨᠢᠩᠴᠧᠩ ᠱᠢᠶᠠᠨ ᠪᠤᠯᠤᠨ ᠪᠠᠶᠠᠨᠨᠠᠭᠤᠷ ᠬᠣᠲᠠ ᠶ᠋ᠢᠨ ᠯᠢᠨᠾᠧ ᠲᠣᠭᠣᠷᠢᠭ 2024 ᠣᠨ ᠤ᠋ ᠪᠥᠬᠥ᠌ ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠭᠤᠤᠯᠯᠠᠬᠤ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠭᠤᠤᠯᠳᠠᠯᠭ᠎ᠠ ᠲᠠᠶ ᠱᠢᠶᠠᠨ(ᠬᠣᠲᠠ) ᠤ᠋ ᠪᠠᠢᠭᠤᠯᠤᠯᠲᠠ ᠶ᠋ᠢᠨ ᠨᠡᠷᠡᠰ ᠲᠦ᠍ ᠤᠷᠤᠵᠤ᠂ ᠪᠦᠬᠦ ᠤᠷᠤᠨ ᠤ᠋ ᠭᠤᠤᠯ ᠪᠣᠯᠬᠤ ᠲᠥᠷᠥᠯ ᠵᠦᠶ᠋ᠯ ᠪᠠ ᠭᠤᠤᠯᠳᠠᠯᠭ᠎ᠠ ᠲᠠᠶ ᠭᠠᠷᠤᠯᠲᠠ ᠶ᠋ᠢᠨ ᠣᠷᠣᠨ ᠢ᠋ ᠬᠠᠮᠤᠷᠤᠭ᠍ᠰᠠᠨ ᠬᠣᠲᠠ ᠬᠥᠳᠡᠭᠡ ᠶ᠋ᠢᠨ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠱᠢᠰᠲ᠋ᠧᠮ ᠠᠯᠬᠤᠮ ᠠᠯᠬᠤᠮ ᠶ᠋ᠢᠡᠷ ᠲᠡᠭᠦᠯᠳᠡᠷᠵᠢᠵᠦ ᠪᠠᠢᠨ᠎ᠠ᠃ ᠢᠯᠠᠩᠭᠤᠶ᠎ᠠ ᠡᠨᠡ ᠵᠢᠯ ᠤ᠋ᠨ 7 ᠰᠠᠷ᠎ᠠ ᠶ᠋ᠢᠨ ᠰᠡᠭᠦᠯᠴᠢ ᠪᠡᠷ ᠪᠠᠢᠭᠤᠯᠤᠭ᠍ᠳᠠᠭ᠍ᠰᠠᠨ ᠥᠪᠥᠷ ᠮᠣᠩᠭᠣᠯ ᠤ᠋ᠨ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠠᠵᠢᠯ ᠲᠥᠷᠥᠯ ᠤ᠋ᠨ ᠨᠡᠢᠭᠡᠮᠯᠢᠭ ᠨᠢ ᠦᠪᠡᠷᠲᠡᠭᠡᠨ ᠵᠠᠰᠠᠬᠤ ᠣᠷᠣᠨ ᠤ᠋ ᠳᠣᠲᠣᠷᠠᠬᠢ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ 55 ᠠᠵᠤ ᠠᠬᠤᠢᠯᠠᠯ ᠢ᠋ ᠡᠮᠬᠢᠯᠡᠨ ᠨᠡᠢᠯᠡᠭᠦᠯᠵᠦ᠍᠂ ᠡᠳ᠋ ᠪᠠᠷᠠᠭᠠᠨ ᠤ᠋ ᠭᠦᠢᠯᠭᠡᠭᠡ ᠶ᠋ᠢᠨ ᠥᠪᠡᠷ ᠤ᠋ᠨ ᠥᠷᠲᠡᠭ ᠢ᠋ ᠪᠦᠲᠦᠮᠵᠢᠲᠡᠶ ᠪᠠᠭᠤᠷᠠᠭᠤᠯᠤᠨ᠂ ᠪᠣᠷᠣᠯᠠᠭᠤᠯᠭ᠎ᠠ ᠶ᠋ᠢᠨ ᠠᠷᠭ᠎ᠠ ᠵᠠᠮ ᠢ᠋ ᠦᠷᠭᠡᠳᠭᠡᠵᠦ ᠪᠠᠢᠨ᠎ᠠ᠃