1 — 8 ᠰᠠᠷ᠎ᠠ᠎ᠳᠤ᠂ ᠦᠪᠦᠷ ᠮᠤᠨᠭᠭᠤᠯ᠎ᠤᠨ ᠱᠢᠤᠳᠠᠨ᠎ᠤ ᠲᠦᠷᠭᠡᠨ ᠭᠤᠪᠢᠭᠤᠯᠭ᠎ᠠ᠎ᠶ᠋ᠢᠨ ᠦᠶ᠋ᠯᠡᠴᠢᠯᠡᠭᠡᠨ᠎ᠦ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠂ ᠦᠶ᠋ᠯᠡᠳᠬᠦ᠌ ᠦᠶ᠋ᠯᠡᠰ ᠲᠡᠬᠢ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠲᠣᠰ ᠲᠣᠰ 1.7 ᠳ᠋ᠦᠩᠱᠢᠭᠤᠷ ᠬᠤᠪᠢ ᠪᠠ 1.38 ᠳ᠋ᠦᠩᠱᠢᠭᠤᠷ ᠬᠤᠪᠢ᠎ᠳᠤ ᠬᠦᠷᠴᠦ᠂ ᠦᠪᠦᠷ ᠮᠤᠩᠭᠤᠯ᠎ᠤᠨ ᠲᠦᠷᠭᠡᠨ ᠭᠤᠪᠢᠭᠤᠯᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ᠎ᠶ᠋ᠢᠨ 37.78% ᠪᠠ 30.44% ᠶ᠋ᠢ ᠡᠵᠡᠯᠡᠪᠡ᠃
ᠡᠨᠡ ᠵᠢᠯ᠎ᠡᠴᠡ ᠨᠠᠭᠠᠰᠢ᠂ ᠦᠪᠦᠷ ᠮᠤᠨᠭᠭᠤᠯ 《ᠠᠮᠤ᠎ᠶᠢᠨ ᠰᠠᠡᠭ》᠂ 《ᠮᠢᠬᠠᠨ᠎ᠤ ᠬᠥᠮᠥᠷᠭᠡ》᠂ 《ᠰᠦ᠎ᠶᠢᠨ ᠬᠦᠨᠦᠭ》᠂ 《ᠨᠣᠤᠯᠤᠭᠤᠷ᠎ᠤᠨ ᠬᠣᠲᠠ》 ᠵᠡᠷᠭᠡ ᠳᠥᠷᠪᠡᠨ ᠶᠡᠬᠡ ᠲᠠᠷᠢᠶᠠᠯᠠᠩ᠎ᠤᠨ ᠣᠨᠴᠠᠯᠢᠭ᠍ᠲᠤ ᠪᠦᠲᠦᠭᠡᠭ᠌ᠳᠡᠬᠦᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠱᠢᠤᠳᠠᠨ᠎ᠤ ᠲᠦᠷᠭᠡᠨ ᠭᠤᠪᠢᠭᠤᠯᠭ᠎ᠠ᠎ᠶ᠋ᠢᠨ ᠠᠵᠤ ᠠᠬᠤᠢᠯᠠᠯ᠎ᠢ ᠬᠥᠲᠥᠯᠥᠨ ᠵᠢᠯᠣᠭᠣᠳᠴᠤ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠤᠪᠢᠭᠤᠯᠬᠤ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠨᠵᠡᠭᠡᠶ ᠠᠭᠤᠳᠠᠯᠵᠤ᠂ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ᠎ᠯᠦᠭᠡ ᠵᠣᠬᠢᠴᠠᠩᠭᠤᠶ᠎ᠪᠠᠷ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠲᠦᠷᠭᠡᠨ ᠭᠤᠪᠢᠭᠤᠯᠭ᠎ᠠ᠎ᠶ᠋ᠢᠨ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠂ ᠦᠶ᠋ᠯᠡᠳᠬᠦ᠌ ᠦᠶ᠋ᠯᠡᠰ ᠲᠡᠬᠢ ᠦᠶ᠋ᠯᠡᠴᠢᠯᠡᠭᠡᠨ᠎ᠦ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠠᠢ᠃ 1 — 8 ᠰᠠᠷ᠎ᠠ᠎ᠳᠤ᠂ ᠦᠪᠦᠷ ᠮᠤᠡᠭᠭᠤᠯ᠎ᠤᠨ ᠪᠣᠷᠴᠠ᠂ ᠴᠠᠭᠠᠨ ᠢᠳᠡᠭᠡᠨ᠂ ᠡᠯᠳᠡᠪ ᠠᠮᠤ᠂ ᠠᠷᠢᠬᠢ ᠤᠮᠳᠠᠭᠠᠨ᠂ ᠠᠮᠲᠠ ᠣᠷᠣᠭᠤᠯᠬᠤ ᠡᠳ᠋ ᠵᠡᠷᠭᠡ 6 ᠲᠥᠷᠥᠯ᠎ᠦᠨ ᠲᠦᠷᠭᠡᠨ ᠭᠤᠪᠢᠭᠤᠯᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ 1000 ᠲᠦᠮᠡᠨ ᠬᠤᠪᠢ ᠵᠢ ᠳᠠᠪᠠᠵᠤ᠂ ᠪᠠᠶᠠᠨᠨᠠᠭᠤᠷ᠎ᠤᠨ ᠭᠤᠸᠠ᠎ᠶ᠋ᠢᠨ ᠦᠷ᠎ᠡ᠂ ᠠᠸ᠋ᠬᠠᠨ᠎ᠤ ᠨᠠᠷᠢᠮᠤ᠂ ᠬᠢᠩᠭᠠᠨ ᠠᠢᠮᠠᠭ᠎ᠤᠨ ᠲᠤᠲᠤᠷᠭ᠎ᠠ ᠵᠡᠷᠭᠡ 10 ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭ᠎ᠠ ᠬᠢᠭᠡᠳ ᠲᠦᠷᠭᠡᠨ ᠭᠤᠪᠢᠭᠤᠯᠭ᠎ᠠ᠎ᠶ᠋ᠢᠨ ᠬᠠᠮᠵᠢᠯᠴᠠᠨ ᠬᠥᠭ᠌ᠵᠢᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠭᠤᠪᠢᠭᠤᠯᠭ᠎ᠠ᠎ᠶᠢᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ 100 ᠲᠦᠮᠡᠨ ᠬᠤᠪᠢ ᠵᠢ ᠳᠠᠪᠠᠵᠤ᠂ ᠠᠵᠢᠯ ᠲᠥᠷᠥᠯ᠎ᠦᠨ ᠬᠡᠷᠡᠭ᠌ᠯᠡᠭᠡᠨ᠎ᠦ ᠲᠠᠰ ᠳᠡᠪᠱᠢᠬᠦ᠌ ᠪᠠ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠢ ᠠᠬᠢᠭᠤᠯᠬᠤ᠎ᠳᠤ ᠦᠵᠡᠭᠦᠯᠬᠦ᠌ ᠵᠠᠩᠭᠢᠯᠠᠭ᠎ᠠ᠎ᠶ᠋ᠢᠨ ᠲᠤᠯᠭᠠᠭᠤᠷᠢᠯᠠᠬᠤ ᠦᠶ᠋ᠯᠡᠳᠦᠯ᠎ᠢ ᠢᠯᠡᠷᠡᠭᠦᠯᠵᠠᠢ᠃
ᠣᠳᠣᠬᠠᠨ ᠪᠣᠯᠲᠠᠯ᠎ᠠ᠂ ᠦᠪᠦᠷ ᠮᠤᠨᠭᠭᠤᠯ᠎ᠤᠨ ᠱᠢᠤᠳᠠᠨ᠎ᠤ ᠲᠦᠷᠭᠡᠨ ᠭᠤᠪᠢᠭᠤᠯᠭ᠎ᠠ᠎ᠶ᠋ᠢᠨ ᠠᠵᠢᠯ ᠲᠥᠷᠥᠯ 59 ᠬᠥᠯᠳᠡᠭᠡᠬᠦ᠌ ᠬᠥᠮᠥᠷᠭᠡ᠎ᠲᠡᠶ ᠪᠤᠯᠵᠤ᠂ ᠬᠥᠯᠳᠡᠭᠡᠵᠦ᠍ ᠱᠢᠨ᠎ᠡ ᠰᠣᠷᠭᠣᠭ ᠪᠠᠢᠯᠭᠠᠬᠤ ᠲᠥᠬᠥᠭᠡᠷᠦᠮᠵᠢ᠎ᠶ᠋ᠢᠨ ᠲᠤᠤᠷ ᠴᠡᠭ᠎ᠢ 600 ᠭᠠᠷᠤᠶ ᠳᠣᠭᠢᠷᠠᠭᠤᠯᠵᠤ᠂ ᠲᠦᠬᠦᠭᠡᠢ ᠰᠦ᠂ ᠢᠳᠡᠭᠡᠨ ᠪᠠ ᠡᠮ᠎ᠦᠨ ᠵᠦᠶ᠋ᠯ᠎ᠦᠨ ᠭᠦᠶ᠋ᠯᠭᠡᠭᠡ ᠪᠠ ᠡᠳ᠋ᠱᠢᠭᠦᠯᠦᠯᠲᠡ᠂ ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ ᠬᠦᠷᠭᠡᠬᠦ᠌ ᠵᠡᠷᠭᠡ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠤᠳᠠᠨ᠎ᠤ ᠲᠦᠷᠭᠡᠨ ᠭᠤᠪᠢᠭᠤᠯᠭ᠎ᠠ᠎ᠶ᠋ᠢᠨ ᠠᠵᠤ ᠠᠬᠤᠢᠯᠠᠯ᠎ᠤᠨ ᠨᠢᠭᠡ ᠪᠦᠯᠦᠭ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡ᠎ᠶ᠋ᠢᠨ ᠴᠡᠭ᠎ᠢ ᠪᠥᠲᠥᠭᠡᠨ ᠪᠠᠢᠭᠤᠯᠬᠤ ᠪᠤᠶᠤ ᠥᠭᠡᠷᠡᠴᠢᠯᠡᠨ ᠪᠠᠢᠭᠤᠯᠵᠤ᠂ 《ᠦᠶ᠋ᠯᠡᠳᠪᠦᠷᠢᠯᠡᠯ᠎ᠤᠨ ᠭᠠᠵᠠᠷ᠎ᠤᠨ ᠴᠤᠭ᠍ᠯᠠᠭᠤᠯᠬᠤ + ᠭᠤᠤᠯ ᠱᠤᠭᠤᠮ᠎ᠤᠨ ᠲᠡᠭᠡᠭᠡᠪᠦᠷᠢᠯᠡᠬᠦ᠌ + ᠪᠣᠷᠣᠯᠠᠭᠤᠯᠬᠤ ᠭᠠᠵᠠᠷ᠎ᠤᠨ ᠳᠣᠭᠢᠷᠠᠭᠤᠯᠤᠨ ᠬᠦᠷᠭᠡᠬᠦ᠌》 ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡ᠎ᠶ᠋ᠢ ᠨᠢᠭᠡ ᠴᠣᠭ᠍ᠴᠠᠵᠢᠭᠤᠯᠤᠨ ᠭᠤᠪᠢᠭᠤᠯᠬᠤ ᠵᠣᠬᠢᠶᠠᠨ ᠪᠠᠢᠭᠤᠯᠤᠯᠲᠠ᠎ᠶ᠋ᠢ ᠴᠢᠩᠭᠠᠳᠬᠠᠵᠠᠢ᠃ ᠡᠭᠦᠨ᠎ᠦ ᠬᠠᠮᠲᠤ᠂ ᠦᠪᠦᠷ ᠮᠤᠡᠭᠭᠤᠯ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠡᠯᠧᠺᠲ᠋ᠷᠣᠨ ᠬᠤᠳᠠᠯᠳᠤᠭᠠᠨ᠎ᠤ ᠵᠦᠶ᠋ᠯ᠎ᠦᠨ ᠭᠤᠪᠢᠭᠤᠯᠭ᠎ᠠ᠎ᠶᠢᠨ ᠮᠦᠨᠭᠬᠦ ᠵᠢ ᠥᠯᠥ᠍ ᠳᠠᠭᠠᠭᠠᠴᠢᠯᠠᠬᠤ ᠪᠠ ᠪᠠᠷᠠᠭ᠎ᠠ ᠥᠯᠥ᠍ ᠶᠠᠪᠤᠭᠤᠯᠬᠤ ᠠᠰᠠᠭᠤᠳᠠᠯ᠎ᠢ ᠱᠢᠶ᠋ᠳᠪᠦᠷᠢᠯᠡᠵᠦ᠍᠂ ᠡᠯᠧᠺᠲ᠋ᠷᠣᠨ ᠬᠤᠳᠠᠯᠳᠤᠭᠠᠨ᠎ᠤ ᠵᠦᠶ᠋ᠯ᠎ᠦᠨ ᠪᠠᠢ᠌ᠩᠭᠤᠵᠢᠭ᠍ᠰᠠᠨ ᠬᠢᠨᠠᠨ ᠬᠡᠮᠵᠢᠯᠲᠡ᠎ᠶ᠋ᠢ ᠦᠷᠭᠦᠯᠵᠢᠯᠡᠨ ᠥᠷᠨᠢᠭᠦᠯᠵᠦ᠍᠂ ᠣᠲᠣᠬᠠᠨ ᠪᠣᠯᠲᠠᠯ᠎ᠠ᠂ ᠭᠤᠪᠢᠭᠤᠯᠭ᠎ᠠ᠎ᠶᠢᠨ ᠮᠦᠨᠭᠬᠦ ᠵᠢ ᠥᠯᠥ᠍ ᠳᠠᠭᠠᠭᠠᠴᠢᠯᠠᠬᠤ ᠨᠣᠷᠮ᠎ᠠ᠎ᠶ᠋ᠢ 0.73% ᠪᠣᠯᠲᠠᠯ᠎ᠠ ᠪᠠᠭᠤᠷᠠᠭᠤᠯᠵᠠᠢ᠃