ᠰᠤᠷᠪᠤᠯᠵᠢᠯᠠᠭᠴᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠨᠭᠭᠢᠮ ᠡᠴᠡ ᠤᠢᠯᠠᠭᠠᠭᠰᠠᠨ᠎ᠶ᠋ᠢᠡᠷ᠂ ᠡᠨᠡ ᠵᠢᠯ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠲᠦᠷᠦᠭᠦᠦ ᠪᠦᠯᠦᠭ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠱ᠌ᠢᠶ᠎ᠡ ᠦᠵᠡᠬᠦᠯᠬᠦ ᠠᠵᠤ ᠠᠬᠤᠢᠯᠠᠯ᠎ᠢ ᠭᠤᠶᠤᠴᠢᠯᠠᠨ ᠮᠡᠳᠡᠭᠦᠯᠬᠦ ᠦᠨᠡᠯᠡᠨ ᠲᠣᠭ᠍ᠲᠠᠭᠠᠬᠤ ᠠᠵᠢᠯ᠎ᠢ ᠵᠣᠬᠢᠶᠠᠨ ᠪᠠᠢᠭᠤᠯᠵᠤ᠂ ᠪᠥᠬᠥ᠌ ᠣᠷᠣᠨ᠎ᠳᠤ ᠨᠡᠢᠲᠡ 14 ᠠᠵᠤ ᠠᠬᠤᠢᠯᠠᠯ ᠢ 2025 ᠣᠨ᠎ᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠱ᠌ᠢᠶ᠎ᠡ ᠦᠵᠡᠬᠦᠯᠬᠦ ᠠᠵᠤ ᠠᠬᠤᠢᠯᠠᠯ᠎ᠢᠶᠠᠷ ᠦᠨᠡᠯᠡᠨ ᠲᠣᠭ᠍ᠲᠠᠭᠠᠪᠠ᠃ ᠡᠭᠦᠨ᠎ᠳᠦ᠂ ᠬᠥᠬᠡᠬᠣᠲᠠ᠎ᠶ᠋ᠢᠨ 5 ᠠᠵᠤ ᠠᠬᠤᠢᠯᠠᠯ ᠰᠤᠩᠭᠤᠭᠳᠠᠵᠤ᠂ ᠠᠮᠢ ᠠᠬᠤᠶ ᠣᠷᠴᠢᠨ ᠲᠣᠭᠣᠷᠢᠨ᠂ ᠠᠮᠢᠳᠤ ᠪᠣᠳᠠᠰ᠎ᠤᠨ ᠡᠮ ᠡᠮᠨᠡᠯᠭᠡ᠂ ᠲᠣᠨᠣᠭᠯᠠᠯ ᠦᠶ᠋ᠯᠡᠳᠬᠦ᠌ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠬᠦᠷᠢᠶ᠎ᠡ᠎ᠶ᠋ᠢ ᠬᠠᠮᠤᠷᠴᠤ᠌᠂ ᠶᠡᠷᠦᠩᠬᠡᠶ ᠦᠨᠡᠯᠡᠯᠳᠡ ᠵᠢᠨ ᠲᠣᠭ᠎ᠠ ᠬᠡᠮᠵᠢᠶ᠎ᠡ ᠪᠠ ᠲᠠᠩ ᠵᠦᠶ᠋ᠯ᠎ᠤᠨ ᠦᠨᠡᠯᠡᠯᠳᠡ ᠵᠢᠨ ᠲᠣᠭ᠎ᠠ ᠬᠡᠮᠵᠢᠶ᠎ᠡ ᠨᠢ ᠴᠥᠮ ᠪᠥᠬᠥ᠌ ᠣᠷᠣᠨ᠎ᠤ ᠲᠡᠷᠢᠭᠦᠨ᠎ᠳᠦ ᠣᠷᠣᠵᠤ᠂ ᠪᠥᠬᠥ᠌ ᠣᠷᠣᠨ᠎ᠤ ᠦᠨᠡᠯᠡᠨ ᠲᠣᠭ᠍ᠲᠠᠭᠠᠭ᠍ᠰᠠᠨ ᠲᠣᠭ᠎ᠠ ᠬᠡᠮᠵᠢᠶᠡᠨ᠎ᠦ 35.7% ᠶ᠋ᠢ ᠡᠵᠡᠯᠡᠵᠦ᠍᠂ ᠣᠷᠣᠨ᠎ᠤ ᠲᠥᠪ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠷᠢᠶᠡᠨ᠎ᠳᠡᠬᠢ ᠬᠦᠴᠦᠷᠬᠡᠭ ᠶᠡᠬᠡ ᠪᠣᠳᠠᠲᠤ ᠬᠦᠴᠦᠨ ᠪᠠ ᠬᠥᠲᠥᠯᠥᠨ ᠳᠠᠭᠠᠭᠤᠯᠬᠤ ᠪᠠᠢᠷᠢ ᠰᠠᠭᠤᠷᠢ᠎ᠶ᠋ᠢ ᠢᠯᠡᠷᠡᠭᠦᠯᠪᠡ᠃
ᠣᠢᠷ᠎ᠠ᠎ᠶ᠋ᠢᠨ ᠵᠢᠯ᠎ᠳᠦ ᠬᠦᠬᠡᠬᠤᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠢᠭᠡᠳ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠢᠵᠢᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠣᠲᠠ᠎ᠪᠠᠨ ᠬᠦᠴᠦᠷᠬᠡᠭ᠌ᠵᠢᠭᠦᠯᠬᠦ᠌》᠂ 《ᠴᠢᠳᠠᠪᠤᠷᠢᠲᠠᠨ᠎ᠢᠶᠠᠷ ᠬᠣᠲᠠ᠎ᠪᠠᠨ ᠬᠦᠴᠦᠷᠬᠡᠭ᠌ᠵᠢᠭᠦᠯᠬᠦ᠌》 ᠵᠡᠷᠭᠡ ᠠᠱᠢᠭ᠍ᠲᠠᠶ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠤᠨ 《ᠬᠣᠶᠠᠷ᠎ᠢ ᠳᠠᠬᠢᠨ᠎ᠢᠶᠠᠷ ᠨᠡᠮᠡᠭ᠌ᠳᠡᠭᠦᠯᠵᠦ᠍ ᠬᠣᠶᠠᠷ᠎ᠢ ᠳᠡᠭᠡᠭ᠌ᠰᠢᠯᠡᠭᠦᠯᠬᠦ᠌》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠱ᠌ᠢᠶ᠎ᠡ ᠦᠵᠡᠬᠦᠯᠬᠦ ᠠᠵᠤ ᠠᠬᠤᠢᠯᠠᠯ》 ᠤ᠋ᠨ ᠱᠠᠲᠤᠯᠢᠭ ᠬᠥᠮᠦᠵᠢᠭᠦᠯᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠡᠩᠨᠡᠭᠡ᠎ᠶ᠋ᠢ ᠱᠢᠰᠲ᠋ᠧᠮ᠎ᠲᠡᠶ ᠪᠣᠢᠵᠢᠭᠤᠯᠤᠨ ᠪᠤᠵᠠᠭᠠᠢᠷᠠᠭᠤᠯᠪᠠ᠃ ᠤᠳᠤ ᠪᠥᠬᠥ᠌ ᠬᠣᠲᠠ᠎ᠳᠤ ᠨᠡᠢᠲᠡ 601 ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ 852 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠢ ᠪᠣᠢᠵᠢᠭᠤᠯᠵᠤ᠂ ᠲᠣᠭ᠎ᠠ ᠬᠡᠮᠵᠢᠶ᠎ᠡ᠎ᠨᠢ ᠴᠥᠮ ᠪᠥᠬᠥ᠌ ᠣᠷᠣᠨ᠎ᠳᠤ ᠲᠡᠷᠢᠭᠦᠯᠡᠵᠦ᠂ ᠲᠦᠮᠡᠨ ᠠᠵᠤ ᠠᠬᠤᠢᠯᠠᠯ᠎ᠤᠨ ᠲᠤᠳᠤᠷ᠎ᠠ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ 64 ᠪᠠᠢᠬᠤ ᠪᠣᠯᠵᠣ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠠᠷᠠᠯᠲᠠ᠎ᠶ᠋ᠢ ᠳᠠᠪᠠᠭᠤᠯᠤᠨ ᠪᠡᠶᠡᠯᠡᠭᠦᠯᠪᠡ᠃
ᠬᠤᠢᠰᠢᠳᠠ᠂ ᠬᠦᠬᠡᠬᠤᠲᠠ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠦᠷᠭᠦᠯᠵᠢᠯᠡᠨ ᠴᠢᠩᠭᠠᠳᠭᠠᠵᠤ᠂ 《ᠵᠢᠷᠭᠤᠭᠠᠨ ᠶᠡᠬᠡ ᠠᠵᠤ ᠦᠶ᠋ᠯᠡᠰ》 ᠤ᠋ᠨ ᠰᠦᠷᠦᠭ᠌ᠵᠢᠯ ᠪᠠ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠷ ᠴᠢᠩᠭ᠎ᠠ᠂ ᠵᠠᠬ᠎ᠠ ᠳᠡᠯᠭᠡᠭᠦᠷ᠎ᠦᠨ ᠨᠥᠯᠥᠭᠡᠯᠡᠬᠦ᠌ ᠬᠦᠴᠦᠨ᠎ᠢᠶᠡᠷ ᠶᠡᠬᠡ᠂ ᠲᠥᠷᠥᠯ ᠲᠡᠮᠳᠡᠭ᠎ᠦᠨ ᠠᠯᠳᠠᠷᠱᠢᠯ ᠥᠨᠳᠥᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠱ᠌ᠢᠶ᠎ᠡ ᠦᠵᠡᠬᠦᠯᠬᠦ ᠠᠵᠤ ᠠᠬᠤᠢᠯᠠᠯ᠎ᠢ ᠢᠳᠡᠪᠬᠢᠲᠡᠶ ᠪᠣᠢᠵᠢᠭᠤᠯᠵᠤ᠂ ᠪᠥᠬᠥ᠌ ᠬᠣᠲᠠ᠎ᠶ᠋ᠢᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠳᠡᠯᠭᠡᠬᠦ᠌ ᠡᠨᠧᠷᠭᠢ ᠨᠡᠮᠡᠷᠢᠯᠡᠬᠦ ᠪᠤᠯᠤᠨ᠎ᠠ᠃