ᠬᠥᠬᠡᠬᠣᠲᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ ᠬᠣᠷᠢᠶ᠎ᠠ ᠲᠦᠷᠦᠬᠦᠬᠡᠨ ᠬᠥᠬᠡᠬᠣᠲᠠ᠎ᠶᠢᠨ ᠬᠣᠶᠠᠷ ᠱᠠᠲᠤᠨ ᠤ ᠰᠢᠭᠦᠬᠦ ᠬᠣᠷᠢᠶ᠎ᠠ᠎ᠶᠢᠨ 《ᠬᠥᠬᠡᠬᠣᠲᠠ᠎ᠶᠢᠨ ᠬᠤᠷᠴᠠ ᠰᠡᠯᠡᠮ᠎ᠡ·ᠵᠠᠭᠤᠨ ᠡᠳᠦᠷ᠎ᠦᠨ ᠪᠤᠭᠤᠮᠲᠠ ᠰᠢᠪᠲᠤᠯᠬᠤ》 ᠲᠤᠰᠬᠠᠢ ᠲᠦᠷᠦᠯ᠎ᠤᠨ ᠭᠦᠢᠴᠡᠳᠬᠡᠬᠦ ᠠᠵᠢᠯᠯᠠᠭ᠎ᠠ᠎ᠶᠢ ᠵᠢᠩᠬᠢᠨᠢ᠎ᠪᠡᠷ ᠡᠬᠢᠯᠡᠭᠦᠯᠵᠦ᠂ ᠬᠠᠤᠯᠢ ᠴᠠᠭᠠᠵᠠ᠎ᠶᠢᠨ ᠰᠢᠳᠤᠷᠭᠤ ᠶᠣᠰᠣᠨ᠎ᠤ《ᠡᠴᠦᠰ᠎ᠦᠨ ᠰᠡᠷᠭᠡᠢᠯᠡᠯᠲᠡ᠎ᠶᠢᠨ ᠱᠤᠭᠤᠮ》 ᠢ᠋ ᠡᠷᠡᠰ ᠨᠡᠪᠲᠡᠷᠡᠭᠦᠯᠪᠡ᠃
ᠲᠤᠰ ᠤᠳᠠᠭ᠎ᠠ᠎ᠶᠢᠨ ᠲᠤᠰᠬᠠᠢ ᠠᠵᠢᠯᠯᠠᠭ᠎ᠠ ᠨᠢ ᠤᠯᠠᠨ ᠲᠦᠮᠡᠨ᠎ᠦ ᠠᠩᠬᠠᠷᠤᠯ ᠪᠣᠯᠣᠨ ᠨᠡᠢᠭᠡᠮ᠎ᠦᠨ ᠡᠪᠡᠷᠰᠢᠶᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ ᠬᠡᠷᠡᠭ᠂ ᠠᠵᠤ ᠠᠬᠤᠢᠯᠠᠯ᠎ᠳᠤ ᠬᠣᠯᠪᠣᠭᠳᠠᠭᠰᠠᠨ ᠬᠡᠷᠡᠭ᠂ ᠬᠦᠴᠢᠷ ᠲᠦᠪᠡᠭᠲᠡᠢ ᠬᠡᠷᠡᠭ ᠵᠡᠷᠭᠡ ᠭᠤᠷᠪᠠᠨ ᠶᠡᠬᠡ ᠪᠣᠭᠣᠮᠲᠠ ᠰᠢᠪᠲᠤᠯᠬᠤ ᠴᠢᠭᠯᠡᠯ᠎ᠢ ᠲᠣᠳᠣᠷᠬᠠᠢᠯᠠᠵᠤ᠂ ᠭᠦᠢᠴᠡᠳᠬᠡᠬᠦ ᠠᠵᠢᠯ᠎ᠤᠨ ᠴᠢᠭᠯᠡᠯ᠎ᠢ ᠤᠨᠢᠨ ᠳᠡᠭᠡᠷ᠎ᠡ ᠨᠢ ᠣᠨᠣᠪᠴᠢᠲᠠᠢ ᠪᠠᠢᠯᠭᠠᠬᠤ᠎ᠶᠢ ᠪᠠᠲᠤᠯᠠᠪᠠ᠃ ᠲᠠᠷᠤᠢ ᠬᠥᠯᠥᠰᠦᠨ ᠠᠵᠢᠯᠴᠢᠨ᠎ᠤ ᠴᠠᠯᠢᠩ᠂ ᠠᠰᠠᠷᠠᠨ ᠲᠡᠵᠢᠭᠡᠬᠦ ᠵᠠᠷᠤᠳᠠᠯ ᠂ ᠠᠴᠢᠯᠠᠨ ᠲᠡᠵᠢᠭᠡᠬᠦ ᠵᠠᠷᠤᠳᠠᠯ᠂ ᠡᠮᠴᠢᠯᠡᠭᠡᠨ᠎ᠦ ᠬᠣᠬᠢᠷᠠᠯ᠎ᠤᠨ ᠲᠥᠯᠥᠪᠦᠷᠢ ᠵᠡᠷᠭᠡ᠎ᠳᠦ ᠬᠣᠯᠪᠣᠭᠳᠠᠭᠰᠠᠨ ᠬᠡᠷᠡᠭ᠎ᠢ ᠭᠣᠣᠯᠳᠠᠯᠭ᠎ᠠ᠎ᠲᠠᠢ᠎ᠪᠠᠷ ᠰᠢᠢᠳᠪᠦᠷᠢᠯᠡᠵᠦ᠂ 《ᠤᠷᠢᠳ ᠢ᠋ᠢᠡᠷ ᠬᠡᠷᠡᠭ ᠪᠣᠯᠭᠠᠨ ᠳᠠᠩᠰᠠᠯᠠᠬᠤ᠂ ᠤᠷᠢᠳ ᠢ᠋ᠢᠡᠷ ᠪᠠᠢᠴᠠᠭᠠᠨ ᠡᠵᠡᠮᠳᠡᠬᠦ᠂ ᠤᠷᠢᠳ ᠢ᠋ᠢᠡᠷ ᠰᠢᠢᠳᠪᠦᠷᠢᠯᠡᠬᠦ》ᠰᠠᠭᠠᠳ ᠦᠭᠡᠢ ᠨᠡᠪᠲᠡᠷᠡᠬᠦ ᠵᠠᠮ᠎ᠢ ᠪᠠᠢᠭᠤᠯᠵᠤ᠂ ᠤᠯᠠᠨ ᠲᠦᠮᠡᠨ᠎ᠦ ᠵᠠᠷᠭᠤ ᠢᠯᠠᠬᠤ ᠡᠷᠬᠡ ᠠᠰᠢᠭ᠋᠎ᠢ ᠲᠦᠷᠭᠡᠨ ᠪᠡᠶᠡᠯᠡᠭᠦᠯᠦᠨ᠎ᠡ;ᠠᠵᠤ ᠠᠬᠤᠢᠯᠠᠯ᠎ᠤᠨ ᠠᠪᠴᠠᠭᠠᠨ᠎ᠤ ᠡᠷᠬᠡ᠎ᠶᠢ ᠪᠡᠶᠡᠯᠡᠭᠦᠯᠬᠦ᠂ ᠰᠲ᠋ᠣᠺ᠎ᠤᠨ ᠡᠷᠬᠡ᠎ᠶᠢ ᠥᠯᠥ ᠬᠥᠳᠡᠯᠭᠡᠬᠦ᠂ ᠡᠳ᠋ ᠬᠥᠷᠥᠩᠭᠡ᠎ᠶᠢ ᠰᠢᠢᠳᠪᠦᠷᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ᠎ᠳᠤ ᠴᠢᠭᠯᠡᠭᠦᠯᠦᠨ᠂ 《ᠵᠥᠭᠡᠯᠡᠨ ᠭᠦᠢᠴᠡᠳᠬᠡᠬᠦ》ᠪᠠ 《ᠠᠯᠪᠠᠳᠠᠯᠭ᠎ᠠ᠎ᠪᠠᠷ ᠰᠦᠷᠳᠡᠭᠦᠯᠬᠦ》ᠵᠢ ᠤᠶᠠᠯᠳᠤᠭᠤᠯᠬᠤ ᠵᠠᠭᠪᠤᠷ᠎ᠢ ᠬᠡᠷᠡᠭᠵᠢᠭᠦᠯᠵᠦ᠂ ᠭᠤᠶᠤᠴᠢᠯᠠᠭ᠍ᠴᠢ᠎ᠶᠢᠨ ᠡᠷᠬᠡ ᠠᠰᠢᠭ᠋᠎ᠢ ᠪᠠᠲᠤᠯᠠᠬᠤ᠎ᠶᠢᠨ ᠬᠠᠮᠲᠤ᠂ ᠠᠵᠤ ᠠᠬᠤᠢᠯᠠᠯ᠎ᠳᠤ ᠡᠵᠡᠩᠨᠡᠯᠲᠡ᠎ᠶᠢᠨ ᠣᠷᠣᠨ ᠵᠠᠢ᠎ᠶᠢ ᠭᠦᠢᠴᠡᠳ ᠦᠯᠡᠳᠡᠭᠡᠨ ᠥᠭᠴᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ; ᠬᠦᠴᠢᠷ ᠲᠦᠪᠡᠭᠲᠡᠢ ᠬᠡᠷᠡᠭ᠎ᠲᠦ ᠴᠢᠭᠯᠡᠭᠦᠯᠦᠨ ᠲᠤᠰᠬᠠᠢ ᠭᠦᠢᠴᠡᠳᠬᠡᠬᠦ ᠪᠦᠯᠬᠦᠮ ᠨᠡᠶ᠋ᠢᠲᠡ᠎ᠶᠢ ᠵᠣᠬᠢᠶᠠᠨ ᠪᠠᠢᠭᠤᠯᠵᠤ᠂ ᠰᠣᠯᠪᠢᠴᠠᠭᠤᠯᠤᠨ ᠭᠦᠢᠴᠡᠳᠬᠡᠬᠦ ᠠᠷᠭ᠎ᠠ ᠮᠠᠶᠢᠭ᠋᠎ᠢ ᠰᠠᠢᠲᠤᠷ ᠬᠡᠷᠡᠭᠯᠡᠨ᠂ ᠶᠡᠷᠦᠩᠬᠡᠢᠯᠡᠨ ᠵᠠᠰᠠᠵᠤ ᠵᠣᠬᠢᠴᠠᠭᠤᠯᠬᠤ᠂ ᠬᠠᠮᠲᠤᠷᠠᠨ ᠬᠥᠳᠡᠯᠦᠯᠴᠡᠵᠦ ᠬᠠᠮᠵᠢᠯᠴᠠᠨ ᠪᠠᠢᠴᠠᠭᠠᠬᠤ᠂ ᠱᠠᠩᠨᠠᠯ ᠣᠯᠭᠣᠬᠤ ᠠᠯᠪᠠᠨ ᠵᠠᠷ ᠨᠡᠢᠲᠡᠯᠡᠬᠦ᠂ ᠢᠲᠡᠭᠡᠮᠵᠢ ᠠᠯᠳᠠᠭᠰᠠᠳ᠎ᠢ ᠵᠠᠯᠬᠠᠭᠠᠨ ᠴᠡᠭᠡᠷᠯᠡᠭᠦᠯᠬᠦ᠂ ᠨᠡᠬᠡᠮᠵᠢᠯᠡᠵᠦ ᠭᠦᠢᠴᠡᠳᠬᠡᠬᠦ᠎ᠶᠢ ᠲᠡᠪᠴᠢᠬᠦ ᠵᠡᠷᠭᠡ ᠠᠷᠭ᠎ᠠ ᠪᠠᠷᠢᠯ᠎ᠢ ᠬᠡᠷᠡᠭᠯᠡᠨ᠂ ᠭᠦᠢᠴᠡᠳᠬᠡᠬᠦ ᠠᠵᠢᠯ᠎ᠤᠨ ᠬᠠᠷᠰᠢ ᠰᠠᠭᠠᠳ᠎ᠢ ᠠᠷᠢᠯᠭᠠᠬᠤ ᠪᠤᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号