ᠬᠥᠬᠡᠬᠣᠲᠠ 2025 ᠣᠨ᠎ᠤ 《ᠨᠠᠰᠤᠲᠠᠨ᠎ᠢᠶᠡᠨ ᠬᠦᠨᠳᠦᠯᠡᠬᠦ᠌ ᠰᠠᠷ᠎ᠠ》 ᠶ᠋ᠢᠨ ᠠᠵᠢᠯᠯᠠᠭ᠎ᠠ ᠵᠢ ᠡᠬᠢᠯᠡᠬᠦᠯᠵᠡᠢ
2025-10-22 09:50:10
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠲᠥᠪ᠂ ᠬᠥᠬᠡᠬᠣᠲᠠ᠎ᠶ᠋ᠢᠨ ᠨᠠᠰᠤᠲᠠᠢᠴᠤᠳ᠎ᠤᠨ ᠠᠵᠢᠯ᠎ᠤᠨ ᠦᠶ᠋ᠯᠡᠴᠢᠯᠡᠭᠡᠨ᠎ᠦ ᠲᠥᠪ ᠡᠴᠡ ᠳᠠᠭᠠᠭᠠᠴᠢᠯᠠᠨ ᠡᠷᠭᠢᠯᠡᠭ᠌ᠰᠡᠨ 2025 ᠣᠨ᠎ᠤ ᠬᠥᠬᠡᠬᠣᠲᠠ᠎ᠶ᠋ᠢᠨ 《ᠨᠠᠰᠤᠲᠠᠨ᠎ᠢᠶᠡᠨ ᠬᠦᠨᠳᠦᠯᠡᠬᠦ᠌ ᠰᠠᠷ᠎ᠠ 》 ᠶ᠋ᠢᠨ ᠠᠵᠢᠯᠯᠠᠭ᠎ᠠ ᠡᠬᠢᠯᠡᠪᠡ᠃

ᠲᠣᠰ ᠤᠳᠠᠭᠠᠨ᠎ᠤ ᠠᠵᠢᠯᠯᠠᠭ᠎ᠠ ᠨᠢ 《ᠲᠥᠷᠥᠯ ᠰᠠᠳᠤᠨ᠎ᠢᠶᠠᠨ ᠠᠴᠢᠯᠠᠵᠤ ᠨᠠᠰᠤᠲᠠᠨ᠎ᠢᠶᠠᠨ ᠬᠦᠨᠳᠦᠯᠡᠬᠦ᠌ ᠰᠠᠢᠬᠠᠨ ᠰᠤᠷᠲᠠᠯ᠎ᠢ ᠪᠠᠳᠠᠷᠠᠭᠤᠯᠵᠤ ᠨᠠᠰᠤᠲᠠᠢᠴᠤᠳ᠎ᠲᠸ᠋ ᠨᠥᠬᠥᠷᠰᠡᠭ ᠨᠡᠢᠭᠡᠮ᠎ᠢ ᠬᠠᠮᠲᠤ᠎ᠪᠠᠷ ᠪᠥᠲᠥᠭᠡᠨ ᠪᠠᠢᠭᠤᠯᠤᠶ᠎ᠠ》 ᠭᠡᠬᠦ  ᠪᠠᠷ ᠭᠤᠤᠯ ᠰᠡᠳᠦᠪ ᠪᠣᠯᠭᠠᠵᠠᠶ᠃ ᠡᠬᠢᠯᠡᠯᠲᠡ᠎ᠶ᠋ᠢᠨ ᠶᠣᠰᠣᠯᠠᠯ᠎ᠤᠨ ᠠᠬᠤᠶ ᠲᠠᠯᠠᠪᠠᠶ᠎ᠳᠤ᠂ ᠣᠯᠠᠨ᠎ᠢᠶᠠᠷ᠎ᠢᠶᠠᠨ ᠬᠥᠬᠡᠬᠣᠲᠠ᠎ᠶ᠋ᠢᠨ ᠤᠶᠤᠨᠴᠢ ᠨᠠᠰᠤᠵᠢᠯ᠎ᠤᠨ ᠠᠰᠠᠷᠠᠮᠵᠢ ᠵᠢᠨ ᠮᠡᠳᠡᠭᠡ ᠵᠠᠩᠭᠢ᠎ᠶ᠋ᠢᠨ ᠲᠠᠪᠴᠠᠩ᠂ ᠬᠥᠬᠡᠬᠣᠲᠠ᠎ᠶ᠋ᠢᠨ ᠵᠢᠱ᠌ᠢᠶ᠎ᠡ ᠦᠵᠡᠭᠦᠯᠬᠦ᠌ ᠴᠢᠨᠠᠷᠲᠠᠶ ᠨᠠᠰᠤᠲᠠᠢᠴᠤᠳ᠎ᠤᠨ ᠨᠡᠢᠲᠡ᠎ᠶ᠋ᠢᠨ ᠤᠷᠤᠨ ᠰᠠᠭᠤᠴᠠ᠎ᠪᠡᠷ ᠲᠣᠭᠣᠷᠢᠨ ᠦᠵᠡᠵᠦ᠍᠂ ᠣᠳᠣᠬᠢᠴᠢᠯᠠᠭ᠍ᠰᠠᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠠᠵᠢᠯᠯᠠᠭᠠᠨ᠎ᠤ ᠲᠣᠭ᠍ᠲᠠᠴᠠ᠂ ᠡᠵᠡᠩᠨᠡᠯᠲᠡ᠎ᠶ᠋ᠢᠨ ᠵᠠᠭ᠍ᠪᠤᠷ ᠂ ᠦᠶ᠋ᠯᠡᠴᠢᠯᠡᠭᠡᠨ᠎ᠦ ᠠᠭᠤᠯᠭ᠎ᠠ᠎ᠶ᠋ᠢ ᠭᠦᠨᠵᠡᠭᠡᠶ ᠣᠢᠯᠠᠭᠠᠪᠠ᠃ ᠳᠠᠷᠠᠭ᠎ᠠ᠎ᠨᠢ᠂ ᠥᠪᠥᠷ ᠮᠣᠩᠭᠣᠯ᠎ᠤᠨ ᠡᠷᠡᠭᠦᠯᠵᠢᠯ᠎ᠦᠨ ᠲᠤᠰᠠᠯᠠᠬᠤ ᠪᠠᠭᠠᠵᠢ ᠵᠢᠴᠢ ᠨᠠᠰᠤᠵᠢᠯᠲᠠ᠎ᠳᠤ ᠳᠣᠭᠢᠷᠠᠬᠤ ᠪᠦᠲᠦᠭᠡᠭ᠌ᠳᠡᠬᠦᠨ᠎ᠢ ᠳᠡᠯᠭᠡᠨ ᠦᠵᠡᠭᠦᠯᠬᠦ᠌ ᠦᠶ᠋ᠯᠡᠴᠢᠯᠡᠭᠡᠨ᠎ᠦ ᠵᠢᠱ᠌ᠢᠶ᠎ᠡ ᠦᠵᠡᠭᠦᠯᠬᠦ᠌ ᠲᠥᠪ᠎ᠲᠦ  ᠬᠦᠷᠴᠦ᠂ ᠨᠠᠰᠤᠳᠠᠢᠴᠤᠳ ᠡᠷᠡᠭᠦᠯᠵᠢᠯ᠎ᠦᠨ ᠲᠤᠰᠠᠯᠠᠬᠤ ᠪᠠᠭᠠᠵᠢ ᠬᠡᠷᠡᠭ᠌ᠰᠡᠯ᠎ᠢ ᠲᠤᠬᠠᠶ᠎ᠶ᠋ᠢᠨ ᠲᠠᠯᠠᠪᠠᠶ᠎ᠳᠤ ᠪᠡᠶᠡᠴᠢᠯᠡᠨ ᠣᠢᠯᠠᠭᠠᠵᠤ᠂ ᠲᠤᠰᠠᠯᠠᠬᠤ ᠪᠠᠭᠠᠵᠢ ᠬᠡᠷᠡᠭ᠌ᠰᠡᠯ᠎ᠢ ᠲᠦᠷᠢᠶᠡᠰᠦᠯᠡᠬᠦ᠌ ᠬᠠᠷᠠᠭᠠᠯᠵᠠᠯ᠎ᠦᠨ ᠲᠥᠷᠥ᠎ᠶ᠋ᠢᠨ  ᠪᠣᠳᠣᠯᠭ᠎ᠠ  ᠵᠢᠴᠢ ᠬᠡᠷᠡᠭᠯᠡᠬᠦ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠪᠠ᠃ ᠯᠸᠢ ᠨᠠ ᠹᠠᠨ (ᠬᠥᠬᠡᠬᠣᠲᠠ) ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠲᠦ ᠣᠯᠠᠨ᠎ᠢᠶᠠᠷ᠎ᠢᠶᠠᠨ ᠠᠵᠢᠯᠲᠠᠨ ᠠᠵᠢᠯᠴᠢᠨ ᠵᠢᠴᠢ ᠨᠠᠰᠤᠲᠠᠢᠴᠤᠳ᠎ᠲᠠᠶ ᠰᠠᠨᠠᠯ᠎ᠢᠶᠠᠨ ᠰᠣᠯᠢᠯᠴᠠᠵᠤ᠂ ᠨᠠᠰᠤᠲᠠᠢᠴᠤᠳ᠎ᠤᠨ ᠨᠡᠢᠲᠡ᠎ᠶ᠋ᠢᠨ ᠤᠷᠤᠨ ᠰᠠᠭᠤᠴᠠ ᠵᠢᠨ ᠠᠮᠢᠳᠤᠷᠠᠯ᠎ᠤᠨ ᠲᠠᠯ᠎ᠠ ᠵᠢᠨ ᠬᠠᠷᠠᠭᠠᠯᠵᠠᠯ᠂ ᠡᠮᠴᠢᠯᠡᠭᠡ ᠰᠤᠪᠢᠯᠠᠯᠲᠠ ᠵᠡᠷᠭᠡ ᠦᠶ᠋ᠯᠡᠴᠢᠯᠡᠭᠡ ᠵᠢ  ᠨᠠᠷᠢᠨ ᠣᠢᠯᠠᠭᠠᠪᠠ᠃

ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ 《ᠨᠠᠰᠤᠲᠠᠨ᠎ᠢᠶᠡᠨ ᠬᠦᠨᠳᠦᠯᠡᠬᠦ᠌ ᠰᠠᠷ᠎ᠠ》 ᠶ᠋ᠢᠨ ᠠᠵᠢᠯᠯᠠᠭ᠎ᠠ ᠨᠢ 10 ᠰᠠᠷ᠎ᠠ᠎ᠶ᠋ᠢᠨ ᠡᠴᠦᠰ ᠪᠣᠯᠲᠠᠯ᠎ᠠ ᠶᠠᠪᠤᠭ᠍ᠳᠠᠨ᠎ᠠ᠃ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠰᠤᠲᠠᠢᠴᠤᠳ᠎ᠤᠨ ᠬᠡᠷᠡᠭ᠌ᠴᠡᠭᠡ᠎ᠳᠦ  ᠠᠩᠬᠠᠷᠤᠯ᠎ᠢᠶᠠᠨ ᠲᠥᠪᠯᠡᠷᠡᠭᠦᠯᠵᠦ᠍᠂ ᠳᠠᠭᠤᠤ ᠪᠥᠵᠢᠭ᠎ᠦᠨ ᠦᠵᠡᠭᠦᠯᠭᠡ᠂ ᠤᠷᠠᠨ ᠪᠢᠴᠢᠯᠭᠡ ᠤᠷᠠᠨ ᠵᠢᠷᠤᠭ᠎ᠤᠨ ᠦᠵᠡᠭᠦᠯᠭᠡ᠂ ᠴᠠᠬᠢᠯᠭᠠᠨ ᠬᠤᠯᠪᠤᠭᠠᠨ᠎ᠤ ᠮᠡᠬᠡᠯᠡᠯ᠎ᠢ ᠰᠡᠷᠭᠡᠢᠯᠡᠬᠦ᠌ ᠤᠬᠠᠭᠤᠯᠭ᠎ᠠ ᠵᠡᠷᠭᠡ ᠭᠤᠤᠯ ᠰᠡᠳᠦᠪᠲᠦ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠬᠦ᠌᠎ᠶ᠋ᠢᠨ ᠬᠠᠮᠲᠤ᠂ ᠨᠠᠩ ᠣᠯᠠᠨ ᠨᠡᠢᠭᠡᠮ᠎ᠦᠨ ᠬᠦᠴᠦᠨ᠎ᠢ ᠲᠠᠢᠴᠢᠯᠡᠵᠤ ᠪᠤᠯᠭᠤᠭᠠᠨ ᠲᠣᠬᠣᠨᠢᠭᠤᠯᠬᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠪᠥᠬᠥ᠌ ᠬᠣᠲᠠ᠎ᠳᠤ ᠨᠠᠰᠤᠲᠠᠢᠴᠤᠳ᠎ᠢ ᠬᠦᠨᠳᠦᠯᠡᠬᠦ᠌᠂ ᠨᠠᠰᠤᠲᠠᠢᠴᠤᠳ᠎ᠢ ᠬᠠᠢᠷᠠᠯᠠᠬᠤ᠂ ᠨᠠᠰᠤᠲᠠᠢᠴᠤᠳ᠎ᠢ ᠲᠤᠰᠠᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号