ᠵᠠᠷᠤᠳ ᠬᠤᠱᠢᠭᠤᠨ ᠎ᠤ ᠡᠯ᠎ᠡ ᠰᠤᠮᠤ ᠪᠠᠯᠭᠠᠰᠤ ᠣᠷᠴᠢᠨ ᠲᠤᠭᠤᠷᠢᠨ᠎ᠤ ᠠᠷᠢᠭᠤᠨ ᠴᠡᠪᠡᠷ᠎ᠢ ᠴᠡᠭ᠌ᠴᠡᠯᠡᠨ ᠵᠠᠰᠠᠵᠤ ᠨᠠᠢᠭᠡᠮ᠎ᠤᠨ ᠱᠢᠨ᠎ᠡ ᠳᠦᠷᠰᠦ ᠪᠠᠢᠳᠠᠯ᠎ᠢ ᠪᠣᠶ ᠪᠤᠯᠭᠠᠵᠤ ᠪᠠᠢᠨ᠎ᠠ
2025-10-22 10:25:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠳᠤ᠂ ᠵᠠᠷᠤᠳ ᠬᠤᠱᠢᠭᠤ ᠬᠥᠮᠦᠰ ᠎ᠤᠨ ᠣᠷᠣᠱᠢᠨ ᠰᠠᠭᠤᠬᠤ ᠣᠷᠴᠢᠨ ᠲᠣᠭᠤᠷᠢᠨ ᠎ᠢ ᠰᠠᠢᠵᠢᠷᠠᠭᠤᠯᠬᠤ᠂ ᠤᠯᠠᠨ ᠲᠦᠮᠡᠨ ᠎ᠤ  ᠵᠢᠷᠭᠠᠯᠲᠤ ᠲᠦᠷᠦᠭ᠌ᠳᠡᠯ᠎ᠢ ᠳᠡᠭᠡᠭ᠌ᠰᠢᠯᠡᠭᠦᠯᠬᠦ᠌ ᠎ᠪᠠᠷ ᠡᠬᠢᠯᠡᠯᠲᠡ᠎ᠶ᠋ᠢᠨ ᠴᠡᠭ᠎ᠢᠶᠠᠨ ᠪᠣᠯᠭᠠᠵᠤ᠂ ᠣᠷᠴᠢᠨ ᠲᠣᠭᠤᠷᠢᠨ᠎ᠤ ᠠᠷᠢᠭᠤᠨ ᠴᠡᠪᠡᠷ ᠎ᠢ ᠴᠡᠭ᠌ᠴᠡᠯᠡᠨ ᠵᠠᠰᠠᠬᠤ ᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠤᠷᠢᠳᠠᠯ ᠪᠣᠯᠭᠠᠵᠤ᠂ ᠪᠦᠬᠦ᠌ ᠣᠷᠣᠨ ᠪᠦᠰᠡ ᠎ᠪᠠᠷ  ᠲᠠᠢᠴᠢᠯᠠᠵᠦ᠍᠂ ᠪᠦᠬᠦ᠌ ᠠᠵᠢᠯᠲᠠᠳ᠎ᠢ ᠤᠷᠤᠯᠴᠠᠭᠤᠯᠤᠨ᠂ ᠬᠥᠳᠡᠭᠡ ᠲᠣᠰᠭᠤᠨ᠎ᠢ ᠨᠡᠩ ᠭᠤᠶᠤᠵᠢᠭᠤᠯᠵᠤ ᠪᠠᠢᠨ᠎ᠠ᠃ ᠣᠢᠷ᠎ᠠ᠎ᠶ᠋ᠢᠨ ᠡᠳᠦᠷ᠎ᠤᠳ᠎ᠲᠤ᠌᠂ ᠪᠥᠬᠦ᠌ ᠬᠤᠱᠢᠭᠤᠨ᠎ᠤ ᠡᠯ᠎ᠡ ᠰᠤᠮᠤ ᠪᠠᠯᠭᠠᠰᠤ ᠲᠠᠯᠠᠪᠠᠶ ᠦᠳᠲᠡᠷ ᠲᠦᠷᠭᠡᠨ ᠬᠥᠳᠡᠯᠦᠯᠴᠡᠵᠦ᠍᠂ ᠣᠷᠴᠢᠨ ᠲᠣᠭᠤᠷᠢᠨ᠎ᠤ ᠠᠷᠢᠭᠤᠨ ᠴᠡᠪᠡᠷ᠎ᠢ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠢᠳᠡᠪᠬᠢᠲᠡᠶ ᠵᠣᠬᠢᠶᠠᠨ ᠪᠠᠢᠭᠤᠯᠵᠤ ᠥᠷᠨᠢᠭᠦᠯᠵᠦ᠍᠂ 《ᠪᠥᠬᠦ᠌ ᠣᠷᠣᠨ ᠪᠦᠰᠡ ᠎ᠪᠠᠷ᠎ᠢᠶᠠᠨ ᠠᠷᠢᠭᠤᠨ ᠴᠡᠪᠡᠷ᠂ ᠪᠥᠬᠦ᠌ ᠠᠷᠠᠳ᠎ᠢᠶᠠᠷ᠎ᠢᠶᠠᠨ ᠣᠷᠣᠯᠴᠠᠬᠤ》 ᠬᠠᠯᠠᠭᠤᠨ ᠥᠷᠨᠢᠯᠲᠡ ᠭᠠᠷᠭᠠᠪᠠ᠃

ᠣᠢᠷ᠎ᠠ᠎ᠳᠤ᠂ ᠵᠠᠷᠤᠳ ᠬᠤᠱᠢᠭᠤᠨ ᠎ᠤ ᠬᠤᠩᠬᠠᠲᠤ ᠠᠭᠤᠯᠠ ᠪᠠᠯᠭᠠᠰᠤ᠎ᠶ᠋ᠢᠨ ᠵᠠᠰᠠᠭ ᠎ᠤᠨ ᠣᠷᠳᠣᠨ ᠎ᠤ᠎ᠬᠢᠨ ᠢᠳᠡᠪᠬᠢᠲᠡᠢ ᠵᠣᠬᠢᠶᠠᠨ ᠪᠠᠢᠭᠤᠯᠵᠤ ᠬᠠᠷᠢᠶ᠎ᠠ ᠣᠷᠣᠨ ᠎ᠤ ᠪᠠᠨ ᠣᠷᠴᠢᠨ ᠲᠤᠭᠤᠷᠢᠨ᠎ᠤ ᠠᠷᠢᠭᠤᠨ ᠴᠡᠪᠡᠷ ᠎ᠲᠤ ᠭᠡᠨᠡᠳᠲᠡ᠎ᠶ᠋ᠢᠨ ᠪᠠᠢᠴᠠᠭᠠᠯᠲᠠ ᠪᠠ ᠶᠡᠭᠡ ᠴᠡᠪᠡᠷᠯᠡᠭᠡ ᠬᠢᠪᠡ᠃ ᠴᠡᠪᠡᠷᠯᠡᠬᠦ᠌ ᠶᠠᠪᠤᠴᠠ᠎ᠳᠤ᠂ ᠠᠵᠢᠯᠲᠠᠳ ᠪᠣᠯᠤᠨ ᠰᠠᠢᠨ ᠳᠤᠷᠠᠴᠤᠳ ᠭᠤᠣᠯ ᠵᠡᠭᠡᠯᠢ ᠭᠤᠳᠤᠮᠵᠢ᠎ᠶ᠋ᠢᠨ ᠠᠮᠢᠳᠤᠷᠠᠯ ᠎ᠤᠨ ᠬᠤᠭ ᠨᠣᠪᠰᠢ᠂ ᠪᠠᠷᠢᠯᠭ᠎ᠠ᠎ᠶ᠋ᠢᠨ ᠬᠤᠭ ᠨᠣᠪᠰᠢ ᠪᠣᠯᠤᠨ ᠳᠤᠷ᠎ᠠ ᠲᠠᠪᠠ᠎ᠪᠠᠷ᠎ᠢᠶᠠᠨ ᠣᠪᠣᠭᠠᠯᠠᠵᠤ ᠲᠠᠯᠪᠢᠬᠤ᠂ ᠣᠯᠠᠨ ᠨᠡᠢᠲᠡ᠎ᠶ᠋ᠢᠨ ᠣᠷᠣᠨ ᠪᠦᠰᠡ᠎ᠶ᠋ᠢᠨ ᠠᠩᠬᠠᠷᠤᠭ᠍ᠳᠠᠬᠤ ᠦᠭᠡᠢ ᠦᠨᠴᠦᠭ ᠪᠤᠯᠤᠩ ᠵᠡᠷᠭᠡ ᠬᠡᠮ ᠠᠷᠬᠠᠭ᠎ᠲᠤ ᠶᠡᠭᠡ ᠪᠠᠢᠴᠠᠭᠠᠯᠲᠠ᠂ ᠶᠡᠭᠡ ᠴᠡᠪᠡᠷᠯᠡᠭᠡ ᠬᠢᠵᠦ᠍᠂ ᠦᠨᠴᠦᠭ ᠪᠤᠯᠤᠩ ᠦᠯᠡᠳᠡᠬᠦ᠌ ᠦᠭᠡᠢ᠎ᠶ᠋ᠢ ᠪᠠᠲᠤᠯᠠᠬᠤ᠎ᠶ᠋ᠢᠨ ᠬᠠᠮᠲᠤ 《ᠰᠦᠯᠵᠢᠶᠡᠨ ᠳᠡᠭᠡᠷ᠎ᠡ + ᠪᠤᠳᠠᠳᠤ ᠴᠤᠭᠴᠠ》 ᠎ᠶ᠋ᠢ ᠬᠠᠷᠢᠯᠴᠠᠨ ᠤᠶᠠᠯᠳᠤᠭᠤᠯᠬᠤ ᠬᠡᠯᠪᠡᠷᠢ᠎ᠪᠠᠷ ᠬᠠᠷᠢᠶ᠎ᠠ ᠣᠷᠣᠨ᠎ᠤ ᠡᠯ᠎ᠡ ᠬᠤᠳᠠᠯᠳᠤᠭᠠᠴᠢᠨ ᠡᠷᠦᠬᠡ᠂ ᠵᠣᠴᠢᠳ᠎ᠤᠨ ᠪᠠᠭᠤᠳᠠᠯ ᠵᠢᠴᠢ ᠰᠠᠭᠤᠭᠠᠯᠢ ᠠᠷᠠᠳ᠎ᠲᠤ 《ᠬᠤᠭ ᠨᠣᠪᠰᠢ᠎ᠶ᠋ᠢ ᠳᠤᠷ᠎ᠠ᠎ᠪᠠᠷ᠎ᠢᠶᠠᠨ ᠬᠠᠶᠠᠬᠤ ᠦᠢᠯᠡ ᠠᠵᠢᠯᠯᠠᠭ᠎ᠠ᠎ᠶ᠋ᠢ ᠡᠷᠡᠰ ᠴᠠᠭᠠᠵᠠᠯᠠᠵᠤ ᠬᠤᠭ ᠨᠣᠪᠰᠢ᠎ᠶ᠋ᠢ ᠱᠢᠶ᠋ᠳᠪᠦᠷᠢᠯᠡᠬᠦ᠌ ᠦᠶ᠋ᠯᠡ ᠠᠵᠢᠯᠯᠠᠭ᠎ᠠ᠎ᠶ᠋ᠢ ᠵᠢᠷᠤᠮᠵᠢᠭᠤᠯᠬᠤ ᠲᠤᠬᠠᠶ ᠮᠡᠳᠡᠭ᠌ᠳᠡᠬᠦ᠌ ᠪᠢᠴᠢᠭ》 ᠎ᠢ ᠲᠠᠷᠬᠠᠭᠠᠵᠤ᠂ ᠲᠡᠳᠡᠨ᠎ᠤ 《ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ》 ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠰᠠᠢᠲᠤᠷ ᠨᠠᠢᠲᠠᠪᠤᠷᠢᠵᠢᠭᠤᠯᠤᠨ᠂ ᠬᠠᠷᠢᠶ᠎ᠠ ᠣᠷᠣᠨ᠎ᠤ ᠣᠷᠴᠢᠨ ᠲᠣᠭᠤᠷᠢᠨ᠎ᠤ ᠠᠷᠢᠭᠤᠨ ᠴᠡᠪᠡᠷ ᠎ᠤᠨ ᠠᠵᠢᠯ᠎ᠢᠶᠠᠨ ᠰᠠᠢᠲᠤᠷ ᠬᠢᠬᠦ᠌᠎ᠶ᠋ᠢ ᠱᠠᠯᠠᠪᠳᠠᠭᠤᠯᠬᠤ᠎ᠶ᠋ᠢᠨ ᠵᠡᠷᠭᠡ᠎ᠳᠤ ᠪᠠᠰᠠ ᠬᠤᠭ ᠨᠣᠪᠰᠢ ᠣᠪᠣᠭᠠᠯᠠᠬᠤ ᠲᠣᠭ᠍ᠲᠠᠮᠠᠯ ᠭᠠᠵᠠᠷ ᠭᠠᠷᠭᠠᠵᠤ᠂ 《ᠬᠤᠭ ᠨᠣᠪᠰᠢ᠎ᠶ᠋ᠢ ᠪᠤᠯᠠᠬᠤ + ᠱᠢᠲᠠᠭᠠᠬᠤ ᠵᠤᠤᠬ᠎ᠠ᠎ᠪᠠᠷ ᠱᠢᠲᠠᠭᠠᠬᠤ》 ᠱᠢᠶ᠋ᠳᠪᠦᠷᠢᠯᠡᠬᠦ᠌ ᠵᠠᠭ᠍ᠪᠤᠷ ᠎ᠢ ᠬᠡᠷᠡᠭ᠌ᠯᠡᠨ᠂ ᠬᠤᠭ ᠨᠣᠪᠰᠢ ᠎ᠶ᠋ᠢ 100% ᠎ᠪᠠᠷ ᠬᠤᠣᠷ ᠦᠭᠡᠢ ᠪᠣᠯᠭᠠᠨ ᠱᠢᠢᠳᠪᠦᠷᠢᠯᠡᠬᠦ᠌ ᠎ᠶ᠋ᠢ ᠪᠡᠶᠡᠯᠡᠭᠦᠯᠵᠦ᠍᠂ ᠬᠥᠮᠦᠰ ᠎ᠤᠨ ᠣᠷᠣᠱᠢᠨ ᠰᠠᠭᠤᠬᠤ ᠣᠷᠴᠢᠨ ᠲᠤᠭᠤᠷᠢᠨ᠎ᠢ ᠪᠦᠲᠦᠮᠵᠢᠲᠡᠶ ᠰᠠᠢᠵᠢᠷᠠᠭᠤᠯᠪᠠ᠃

ᠵᠠᠷᠤᠳ ᠬᠤᠱᠢᠭᠤᠨ᠎ᠤ ᠵᠢᠷᠦᠬᠡ ᠪᠠᠯᠭᠠᠰᠤᠨ᠎ᠳᠤ᠂ ᠨᠠᠮ᠎ᠤᠨ ᠭᠡᠱᠢᠭᠦᠨ ᠺᠠᠳ᠋ᠷ ᠪᠣᠯᠤᠨ ᠰᠠᠢᠨ ᠳᠤᠷᠠᠴᠤᠳ ᠱᠦᠭᠦᠷ᠂ ᠬᠠᠳᠤᠭᠤᠷ ᠵᠡᠷᠭᠡ ᠪᠠᠭᠠᠵᠢ ᠬᠡᠷᠡᠭ᠌ᠰᠡᠯ ᠪᠠᠷᠢᠵᠤ᠂ ᠪᠠᠯᠭᠠᠰᠤ᠎ᠶ᠋ᠢᠨ ᠭᠤᠣᠯ ᠳᠡᠳ᠋ ᠵᠠᠮ᠂ ᠵᠡᠭᠡᠯᠢ ᠭᠤᠳᠤᠮᠵᠢ᠂ ᠭᠤᠣᠯ᠎ᠤᠨ ᠵᠠᠮ ᠭᠤᠤ ᠰᠤᠪᠠᠭ ᠵᠡᠷᠭᠡ ᠣᠷᠣᠨ ᠪᠦᠰᠡ᠎ᠶ᠋ᠢ ᠪᠦᠬᠦ᠌ ᠲᠠᠯ᠎ᠠ᠎ᠪᠠᠷ ᠴᠡᠪᠡᠷᠯᠡᠭ᠌ᠰᠡᠨ ᠪᠥᠭᠡᠳ ᠠᠷᠢᠭᠤᠨ ᠴᠡᠪᠡᠷ᠎ᠤᠨ ᠪᠠᠯᠠᠢ ᠤᠷᠤᠨ ᠪᠤᠯᠤᠨ ᠳᠤᠷ᠎ᠠ ᠎ᠪᠠᠷ ᠵᠢᠨᠨ ᠣᠪᠣᠭᠠᠯᠠᠵᠤ ᠳᠤᠷ᠎ᠠ ᠪᠠᠷ  ᠵᠢᠨᠨ ᠲᠠᠯᠪᠢᠬᠤ ᠠᠰᠠᠭᠤᠳᠠᠯ᠎ᠢ ᠭᠤᠣᠯᠳᠠᠯᠭ᠎ᠠ᠎ᠲᠠᠢ ᠴᠡᠭ᠌ᠴᠡᠯᠡᠨ ᠵᠠᠰᠠᠵᠤ᠂ ᠨᠢᠭᠡ ᠭᠠᠵᠠᠷ᠎ᠢ ᠴᠡᠭ᠌ᠴᠡᠯᠡᠨ ᠵᠠᠰᠠᠪᠠᠯ ᠨᠢᠭᠡ ᠭᠠᠵᠠᠷ᠎ᠢ ᠠᠷᠢᠭᠤᠨ ᠴᠡᠪᠡᠷ ᠪᠤᠯᠭᠠᠵᠤ᠂ ᠨᠢᠭᠡ ᠭᠠᠵᠠᠷ᠎ᠢ ᠳᠡᠭᠡᠭ᠌ᠰᠢᠯᠡᠭᠦᠯᠬᠦ᠌᠎ᠶ᠋ᠢ ᠪᠠᠲᠤᠯᠠᠨ᠂ ᠣᠷᠴᠢᠨ ᠲᠣᠭᠤᠷᠢᠨ᠎ᠤ ᠠᠷᠢᠭᠤᠨ ᠴᠡᠪᠡᠷ ᠎ᠢ ᠴᠡᠭ᠌ᠴᠡᠯᠡᠨ ᠵᠠᠰᠠᠬᠤ ᠦᠷ᠎ᠡ ᠪᠦᠲᠦᠮᠵᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠵᠦ᠍ ᠪᠠᠬᠢᠵᠢᠭᠦᠯᠪᠡ᠃

ᠨᠠᠮᠤᠷ᠎ᠤᠨ ᠬᠤᠷᠢᠶᠠᠯᠲᠠ᠎ᠶ᠋ᠢᠨ ᠠᠵᠢᠯ᠎ᠤᠨ ᠠᠮᠤᠷ ᠲᠦᠪᠱᠢᠨ ᠤᠷᠤᠭ᠍ᠰᠢᠲᠠᠢ ᠶᠠᠪᠤᠭ᠍ᠳᠠᠬᠤ᠎ᠶ᠋ᠢ ᠪᠠᠲᠤᠯᠠᠬᠤ᠎ᠶ᠋ᠢᠨ ᠲᠥᠯᠥᠭᠡ᠂ ᠵᠢᠷᠦᠬᠡ ᠪᠠᠯᠭᠠᠰᠤ᠎ᠶ᠋ᠢᠨ ᠡᠯ᠎ᠡ ᠲᠣᠰᠭᠤᠨ᠎ᠤ᠎ᠬᠢᠨ ᠤᠷᠴᠢᠨ ᠲᠤᠭᠤᠷᠢᠨ᠎ᠤ ᠡᠷᠡᠭᠦᠯ ᠬᠠᠮᠠᠭᠠᠯᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢᠨ ᠬᠠᠮᠲᠤ ᠪᠠᠰᠠ ᠬᠥᠮᠦᠨ᠎ᠤ ᠬᠦᠴᠦᠨ᠎ᠢ ᠵᠣᠬᠢᠶᠠᠨ ᠪᠠᠢᠭᠤᠯᠵᠤ᠂ ᠤᠳᠬᠤᠭᠤᠷ ᠮᠠᠱᠢᠨ ᠵᠡᠷᠭᠡ ᠮᠠᠱᠢᠨ ᠲᠥᠬᠦᠭᠡᠷᠦᠮᠵᠢ᠎ᠶ᠋ᠢ ᠲᠤᠬᠢᠷᠠᠭᠤᠯᠤᠨ᠂ ᠬᠠᠷᠢᠶ᠎ᠠ ᠣᠷᠣᠨ ᠎ᠤ  ᠡᠪᠳᠡᠭ᠌ᠳᠡᠭ᠌ᠰᠡᠨ ᠵᠠᠮ᠎ᠤᠨ ᠬᠡᠰᠡᠭ᠎ᠢᠶᠠᠨ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠲᠠᠷᠢᠶᠠᠴᠢᠨ ᠡᠷᠦᠬᠡ᠎ᠶ᠋ᠢᠨ ᠶᠠᠪᠤᠵᠤ ᠰᠠᠭᠤᠬᠤ᠂ ᠲᠠᠷᠢᠶᠠᠯᠠᠩ᠎ᠤᠨ ᠮᠠᠱᠢᠨ᠎ᠤ ᠨᠡᠪᠲᠡᠷᠡᠬᠦ᠌᠎ᠶ᠋ᠢ ᠨᠥᠯᠥᠭᠡᠯᠡᠬᠦ᠌ ᠵᠠᠩᠭᠢᠯᠠᠭ᠎ᠠ᠎ᠶ᠋ᠢᠨ ᠵᠠᠮ᠎ᠤᠨ ᠭᠠᠳᠠᠷᠭᠤ᠎ᠶ᠋ᠢ ᠨᠥᠬᠦᠵᠦ᠍ ᠲᠡᠭ᠌ᠰᠢᠯᠡᠨ᠂ ᠤᠯᠠᠨ ᠲᠦᠮᠡᠨ ᠎ᠤ ᠨᠠᠮᠤᠷ᠎ᠤᠨ ᠬᠤᠷᠢᠶᠠᠯᠲᠠ᠎ᠶ᠋ᠢᠨ ᠠᠵᠢᠯ᠎ᠢᠶᠠᠨ ᠠᠮᠤᠷ ᠲᠦᠪᠱᠢᠨ ᠤᠷᠤᠭ᠍ᠰᠢᠲᠠᠢ ᠶᠠᠪᠤᠭ᠍ᠳᠠᠭᠤᠯᠬᠤ᠎ᠳᠤ ᠵᠠᠮ᠎ᠤᠨ ᠪᠠᠲᠤᠯᠠᠭ᠎ᠠ ᠬᠠᠩᠭᠠᠪᠠ᠃

ᠬᠥᠳᠡᠭᠡ ᠲᠣᠰᠭᠤᠨ᠎ᠤ ᠬᠥᠮᠦᠰ᠎ᠤᠨ ᠣᠷᠣᠱᠢᠨ ᠰᠠᠭᠤᠬᠤ ᠣᠷᠴᠢᠨ ᠲᠣᠭᠤᠷᠢᠨ᠎ᠢ ᠰᠠᠢᠵᠢᠷᠠᠭᠤᠯᠵᠤ᠂ ᠠᠮᠢ ᠠᠬᠤᠢ᠎ᠶ᠋ᠢᠨ ᠰᠠᠭᠤᠷᠢᠱᠢᠬᠤ᠎ᠳᠤ ᠲᠣᠬᠢᠷᠠᠮᠵᠢᠲᠠᠢ ᠰᠠᠭᠤᠷᠢ᠎ᠶ᠋ᠢ ᠪᠠᠬᠢᠵᠢᠭᠦᠯᠬᠦ᠌᠎ᠶ᠋ᠢᠨ ᠲᠥᠯᠥᠭᠡ᠂ ᠡᠨᠡ ᠵᠢᠯ ᠎ᠠᠴᠠ ᠨᠠᠭᠠᠰᠢ᠂ ᠵᠠᠷᠤᠳ ᠬᠤᠱᠢᠭᠤᠨ᠎ᠤ ᠦᠨᠡᠭᠡᠴᠢ ᠰᠤᠮᠤ᠎ᠶ᠋ᠢᠨ᠎ᠬᠢᠨ 《ᠬᠡᠰᠡᠭ ᠬᠤᠪᠢᠶᠠᠨ ᠬᠠᠷᠢᠭᠤᠴᠠᠵᠤ᠂ ᠪᠦᠬᠦ᠌ ᠣᠷᠣᠨ ᠪᠦᠰᠡ᠎ᠶ᠋ᠢ ᠪᠦᠷᠬᠦᠭᠦᠯᠬᠦ᠌》 ᠴᠡᠪᠡᠷᠯᠡᠬᠦ᠌ ᠲᠥᠰᠦᠯ ᠲᠣᠭ᠍ᠲᠠᠭᠠᠵᠤ᠂ 《ᠮᠠᠱᠢᠨ ᠮᠧᠬᠠᠨᠢᠭ + ᠬᠥᠮᠦᠨ᠎ᠤ ᠬᠦᠴᠦ᠍》  ᠬᠤᠯᠪᠣᠭᠠᠯᠠᠨ ᠬᠥᠳᠡᠯᠦᠯᠴᠡᠬᠦ᠌ ᠵᠠᠭ᠍ᠪᠤᠷ᠎ᠲᠤ ᠲᠦᠱᠢᠭ᠌ᠯᠡᠨ᠂ ᠤᠳᠭᠤᠭᠤᠷ ᠮᠠᠰᠢᠨ᠂ ᠲᠠᠷᠢᠶᠠᠯᠠᠩ᠎ᠤᠨ ᠮᠠᠱᠢᠨ ᠵᠡᠷᠭᠡ ᠲᠥᠬᠦᠭᠡᠷᠦᠮᠵᠢ᠎ᠪᠠᠷ ᠲᠤᠮᠤ ᠬᠡᠯᠪᠡᠷᠢ᠎ᠶ᠋ᠢᠨ ᠬᠤᠭ ᠨᠣᠪᠰᠢ᠎ᠶ᠋ᠢᠨ ᠤᠪᠤᠭ᠎ᠠ᠂ ᠭᠤᠤ ᠰᠤᠪᠠᠭ᠎ᠤᠨ ᠬᠤᠭ ᠨᠣᠪᠰᠢ᠎ᠶ᠋ᠢ ᠲᠥᠪᠯᠡᠷᠡᠭᠦᠯᠦᠨ ᠴᠡᠪᠡᠷᠯᠡᠭ᠌ᠰᠡᠨ ᠪᠥᠭᠡᠳ ᠨᠠᠮ᠎ᠤᠨ ᠭᠡᠱᠢᠭᠦᠨ ᠺᠠᠳ᠋ᠷ᠂ ᠰᠠᠢᠨ ᠳᠤᠷ᠎ᠠ᠎ᠶ᠋ᠢᠨ ᠠᠵᠢᠯᠯᠠᠭ᠍ᠴᠢ ᠵᠢᠴᠢ ᠤᠯᠠᠨ ᠲᠦᠮᠡᠨ᠎ᠢ ᠵᠣᠬᠢᠶᠠᠨ ᠪᠠᠢᠭᠤᠯᠵᠤ ᠭᠡᠷ ᠪᠠᠢᠱᠢᠩ᠎ᠤᠨ ᠡᠷᠭᠢᠨ ᠲᠤᠭᠤᠷᠢᠨ᠂ ᠵᠠᠮ ᠳᠠᠭᠠᠤ᠂ ᠲᠠᠷᠢᠶᠠᠨ ᠦᠵᠦᠭᠦᠷ᠎ᠲᠠᠬᠢ ᠬᠤᠭ ᠨᠣᠪᠰᠢ᠎ᠶ᠋ᠢ ᠴᠡᠪᠡᠷᠯᠡᠵᠦ᠍᠂ 《ᠨᠢᠭᠡ ᠎ᠶ᠋ᠢ ᠢᠯᠡᠷᠡᠭᠦᠯᠪᠡᠯ ᠨᠢᠭᠡ᠎ᠶ᠋ᠢ ᠴᠡᠪᠡᠷᠯᠡᠵᠦ᠍᠂ ᠨᠢᠭᠡ᠎ᠶ᠋ᠢ ᠪᠠᠬᠢᠵᠢᠭᠦᠯᠬᠦ᠌》 ᠎ᠶ᠋ᠢ ᠦᠨᠡᠨ ᠬᠦ᠌ ᠪᠡᠶᠡᠯᠡᠭᠦᠯᠪᠡ᠃

ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠤᠷᠴᠢᠨ ᠲᠤᠭᠤᠷᠢᠨ᠎ᠤ ᠠᠷᠢᠭᠤᠨ ᠴᠡᠪᠡᠷ᠎ᠢ ᠴᠡᠭ᠌ᠴᠡᠯᠡᠨ ᠵᠠᠰᠠᠬᠤ ᠠᠵᠢᠯᠯᠠᠭ᠎ᠠ᠎ᠳᠤ᠂ ᠦᠨᠡᠭᠡᠴᠢ ᠰᠤᠮᠤ ᠨᠡᠢᠲᠡ 20 ᠭᠠᠷᠤᠶ ᠬᠤᠭ ᠨᠣᠪᠰᠢ᠎ᠶ᠋ᠢᠨ ᠴᠡᠭ᠎ᠢ ᠴᠡᠪᠡᠷᠯᠡᠵᠦ᠍᠂ 100 ᠭᠠᠷᠤᠶ ᠲᠣᠨ ᠬᠤᠭ ᠨᠣᠪᠰᠢ᠎ᠶ᠋ᠢ ᠴᠡᠪᠡᠷᠯᠡᠨ ᠲᠡᠭᠡᠭᠡᠪᠦᠷᠢᠯᠡᠵᠦ᠍᠂ ᠬᠥᠳᠡᠭᠡ ᠲᠣᠰᠭᠤᠨ᠎ᠤ ᠣᠷᠴᠢᠨ ᠲᠤᠭᠤᠷᠢᠨ᠎ᠤ ᠳᠦᠷᠰᠦ ᠪᠠᠢᠳᠠᠯ᠎ᠢ ᠪᠦᠲᠦᠮᠵᠢᠲᠡᠶ ᠰᠠᠢᠵᠢᠷᠠᠭᠤᠯᠤᠭ᠍ᠰᠠᠨ ᠪᠠᠢᠨ᠎ᠠ᠃

ᠬᠥᠮᠦᠰ᠎ᠤᠨ ᠣᠷᠣᠱᠢᠨ ᠰᠠᠭᠤᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ ᠪᠣᠯ ᠨᠢᠭᠡ ᠤᠳᠠᠭᠠᠨ᠎ᠤ ᠪᠠᠬᠢᠯᠡᠯᠳᠡ ᠱᠢᠪᠳᠤᠯᠬᠤ ᠪᠠᠢᠯᠳᠤᠭᠠᠨ ᠪᠣᠯᠬᠤ᠎ᠪᠠᠷ ᠪᠠᠷᠠᠬᠤ ᠦᠭᠡᠢ ᠪᠠᠰᠠ ᠴᠤ᠌ ᠨᠢᠭᠡ ᠤᠳᠠᠭᠠᠨ ᠎ᠤ ᠤᠳᠠᠭᠠᠨ ᠳᠠᠭᠠᠭᠠᠮᠠᠭᠠᠢ ᠳᠠᠢᠨ ᠪᠣᠯᠤᠨ᠎ᠠ᠃ ᠣᠳᠣᠬᠠᠨ᠎ᠳᠤ᠂ ᠵᠠᠷᠤᠳ ᠬᠤᠱᠢᠭᠤᠨ᠎ᠤ ᠮᠠᠯᠵᠢᠬᠤ ᠲᠠᠷᠢᠶᠠᠯᠠᠬᠤ ᠤᠷᠤᠨ᠎ᠤ ᠬᠥᠮᠦᠰ᠎ᠤᠨ ᠣᠷᠣᠱᠢᠨ ᠰᠠᠭᠤᠬᠤ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ ᠲᠤᠰᠭᠠᠶ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠪᠥᠬᠦ᠌ ᠠᠷᠠᠳ᠎ᠢᠶᠠᠷ᠎ᠢᠶᠠᠨ ᠣᠷᠣᠯᠴᠠᠬᠤ ᠬᠠᠯᠠᠭᠤᠨ ᠥᠷᠨᠢᠯᠲᠡ ᠲᠠᠰᠤᠷᠠᠯᠲᠠ ᠥᠬᠡᠶ ᠭᠠᠷᠴᠤ᠌᠂ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭ᠍ᠲᠠᠴᠠ ᠲᠦᠷᠭᠡᠨ ᠪᠤᠢ ᠪᠤᠯᠵᠤ᠂ ᠮᠠᠯᠴᠢᠨ ᠲᠠᠷᠢᠶᠠᠴᠢᠳ᠎ᠤᠨ ᠠᠮᠤᠷ ᠲᠠᠢᠪᠤᠩ ᠠᠵᠤ ᠲᠦᠷᠦᠭᠦ᠌ ᠠᠷᠠᠳ᠎ᠤᠨ ᠠᠮᠢᠳᠤᠷᠠᠯ᠎ᠤᠨ ᠵᠣᠯ ᠵᠢᠷᠭᠠᠯᠲᠤ ᠵᠢᠷᠤᠭ ᠲᠠᠰᠤᠷᠠᠯᠲᠠ ᠦᠭᠡᠢ ᠵᠢᠷᠤᠭ᠍ᠯᠠᠭ᠍ᠳᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号