ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠢᠯᠠᠭᠠᠭᠰᠠᠨ ᠵᠢᠡᠷ᠂ ᠪᠦᠬᠦ ᠤᠷᠤᠨ ᠤ᠋ 2025 ᠤᠨ ᠤ᠋ ᠬᠢᠲᠠᠳ ᠡᠮᠨᠡᠯᠭᠡ ᠶ᠋ᠢᠨ ᠴᠢᠨᠠᠬᠤ ᠡᠮ ᠢ᠋ ᠰᠤᠭᠤᠴᠢᠨ ᠪᠠᠢᠴᠠᠭᠠᠬᠤ ᠠᠵᠢᠯ ᠲᠠᠭᠤᠰᠴᠦ᠂ ᠨᠡᠢᠳᠡ 13 ᠲᠦᠷᠦᠯ ᠤ᠋ᠨ 324 ᠪᠦᠯᠦᠭ ᠴᠢᠨᠠᠬᠤ ᠡᠮ ᠤ᠋ᠨ ᠦᠯᠢᠭᠡᠷ ᠢ᠋ ᠰᠤᠭᠤᠴᠢᠨ ᠪᠠᠢᠴᠠᠭᠠᠵᠤ᠂ 9 ᠪᠦᠯᠦᠭ ᠤ᠋ᠨ ᠴᠢᠨᠠᠬᠤ ᠡᠮ ᠨᠢ ᠳᠤᠭᠳᠠᠭᠠᠯ ᠳ᠋ᠤ ᠨᠡᠢᠴᠡᠬᠦ ᠦᠭᠡᠢ ᠪᠠᠢᠬᠤ ᠶ᠋ᠢ ᠢᠯᠡᠷᠡᠭᠦᠯᠵᠦ᠂ ᠪᠦᠬᠦ ᠤᠷᠤᠨ ᠤ᠋ ᠬᠢᠲᠠᠳ ᠡᠮᠨᠡᠯᠭᠡ ᠶ᠋ᠢᠨ ᠴᠢᠨᠠᠬᠤ ᠡᠮ ᠤ᠋ᠨ ᠬᠢᠷᠢ ᠲᠡᠩᠴᠡᠭᠰᠡᠨ ᠨᠤᠷᠮ᠎ᠠ 97.2% ᠲᠤ᠌ ᠬᠦᠷᠴᠠᠢ᠃
ᠲᠤᠰ ᠤᠳᠠᠭ᠎ᠠ ᠵᠢᠨ ᠰᠤᠭᠤᠴᠢᠨ ᠪᠠᠢᠴᠠᠭᠠᠯᠳᠠ ᠶ᠋ᠢᠨ ᠦᠯᠢᠭᠡᠷ ᠠᠪᠬᠤ ᠭᠤᠭᠴᠤᠭ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠯᠠᠨ ᠲᠦᠮᠡᠨ ᠤ᠋ ᠪᠠᠢᠩᠭᠤ ᠬᠡᠷᠡᠭᠯᠡᠳᠡᠭ ᠡᠮ ᠤ᠋ᠨ ᠶᠠᠰᠤ ᠴᠢᠨᠠᠷ ᠤ᠋ᠨ ᠠᠮᠦᠷ ᠲᠦᠪᠰᠢᠨ ᠤ᠋ ᠵᠠᠩᠬᠢᠯᠠᠭ᠎ᠠ ᠶ᠋ᠢᠨ ᠴᠡᠭ ᠲᠤ᠌ ᠠᠩᠬᠠᠷᠤᠯ ᠶ᠋ᠢᠡᠨ ᠲᠦᠪᠯᠡᠷᠡᠭᠦᠯᠵᠦ᠂ ᠦᠯᠢᠭᠡᠷ ᠠᠪᠬᠤ ᠲᠦᠰᠦᠯ ᠶ᠋ᠢᠡᠨ ᠰᠢᠨᠵᠢᠯᠡᠬᠦ ᠤᠬᠠᠭᠠᠨᠴᠢ ᠪᠡᠷ ᠳᠤᠭᠳᠠᠭᠠᠬᠤ ᠶ᠋ᠢᠨ ᠬᠠᠮᠳᠤ ᠰᠤᠭᠤᠴᠢᠨ ᠪᠠᠢᠴᠠᠭᠠᠬᠤ ᠲᠤᠰᠬᠠᠢ ᠲᠦᠷᠦᠯ ᠵᠦᠢᠯ ᠭᠠᠷᠭᠠᠨ᠂ ᠬᠢᠲᠠᠳ ᠡᠮᠨᠡᠯᠭᠡ ᠶ᠋ᠢᠨ ᠴᠢᠨᠠᠬᠤ ᠡᠮ ᠤ᠋ᠨ ᠦᠢᠯᠡᠳᠪᠤᠷᠢᠯᠡᠯ᠂ ᠡᠵᠡᠩᠨᠡᠯᠳᠡ ᠪᠠ ᠬᠡᠷᠡᠭᠯᠡᠭᠡ ᠶ᠋ᠢ ᠪᠦᠬᠦ ᠶᠠᠪᠤᠴᠠ ᠪᠡᠷ ᠬᠢᠨᠠᠨ ᠬᠠᠮᠢᠶᠠᠷᠬᠤ ᠶ᠋ᠢ ᠪᠡᠶᠡᠯᠡᠭᠦᠯᠪᠡ᠃ ᠦᠯᠢᠭᠡᠷ ᠡᠮ ᠤ᠋ᠨ ᠲᠦᠯᠦᠭᠡᠯᠡᠬᠦ ᠴᠢᠨᠠᠷ ᠢ᠋ ᠭᠦᠢᠴᠡᠳ ᠪᠠᠳᠤᠯᠠᠬᠤ ᠶ᠋ᠢᠨ ᠲᠦᠯᠦᠭᠡ ᠪᠠᠰᠠ ᠡᠮ ᠦᠢᠯᠡᠳᠪᠤᠷᠢᠯᠡᠬᠦ ᠠᠵᠤ ᠠᠬᠤᠢᠯᠠᠯ᠂ ᠪᠦᠭᠡᠮ ᠶ᠋ᠢᠡᠷ ᠪᠤᠷᠤᠯᠠᠭᠤᠯᠬᠤ ᠬᠡᠯᠬᠢᠶᠡᠳᠦ ᠡᠵᠡᠩᠨᠡᠯᠳᠡ ᠶ᠋ᠢᠨ ᠠᠵᠤ ᠠᠬᠤᠢᠯᠠᠯ᠂ ᠲᠤᠰᠠᠭᠠᠷ ᠡᠮ ᠤ᠋ᠨ ᠳᠡᠯᠭᠡᠭᠦᠷ᠂ ᠬᠤᠪᠢ ᠶ᠋ᠢᠨ ᠡᠮᠨᠡᠯᠭᠡ ᠶ᠋ᠢᠨ ᠭᠠᠵᠠᠷ ᠵᠢᠴᠢ ᠳᠤᠮᠳᠠ ᠪᠠᠭ᠎ᠠ ᠡᠮᠴᠢᠯᠡᠭᠡᠨ ᠤ᠋ ᠪᠠᠢᠭᠤᠯᠤᠮᠵᠢ ᠶ᠋ᠢ ᠴᠦᠮ ᠬᠠᠮᠤᠷᠤᠭᠰᠠᠨ ᠪᠦᠬᠦ ᠤᠷᠤᠨ ᠤ᠋ 152 ᠬᠤᠯᠪᠤᠭᠳᠠᠯ ᠪᠦᠬᠦᠢ ᠭᠤᠤᠯ ᠴᠤᠭᠴᠠ ᠡᠴᠡ ᠦᠯᠢᠭᠡᠷ ᠠᠪᠤᠭᠰᠠᠨ ᠪᠠᠢᠨ᠎ᠠ᠃
ᠲᠤᠰ ᠤᠳᠠᠭ᠎ᠠ ᠵᠢᠨ ᠰᠤᠭᠤᠴᠢᠨ ᠪᠠᠢᠴᠠᠭᠠᠯᠳᠠ ᠶ᠋ᠢᠨ ᠰᠢᠯᠭᠠᠨ ᠪᠠᠢᠴᠠᠭᠠᠬᠤ ᠭᠤᠭᠴᠤᠭ᠎ᠠ ᠳ᠋ᠤ᠂ ᠪᠦᠬᠦ ᠤᠷᠤᠨ ᠤ᠋ ᠡᠯ᠎ᠠ ᠠᠢᠮᠠᠭ ᠬᠤᠳᠠ ᠶ᠋ᠢᠨ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠪᠠᠢᠭᠤᠯᠤᠮᠵᠢ ᠶ᠋ᠢᠨ ᠬᠢᠨ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠡᠮ ᠤ᠋ᠨ ᠲᠤᠯᠢ》 ᠵᠢᠴᠢ ᠬᠤᠯᠪᠤᠭᠳᠠᠯ ᠪᠦᠬᠦᠢ ᠪᠠᠷᠢᠮᠵᠢᠶ᠎ᠠ ᠳᠤᠭᠳᠠᠭᠠᠯ ᠢ᠋ ᠴᠢᠩᠭ᠎ᠠ ᠵᠢᠷᠦᠮᠯᠠᠨ᠂ ᠪᠦᠬᠦ ᠦᠯᠢᠭᠡᠷ ᠡᠮ ᠳ᠋ᠤ ᠪᠦᠬᠦ ᠲᠦᠷᠦᠯ ᠵᠦᠢᠯ ᠤ᠋ᠨ ᠰᠢᠯᠭᠠᠨ ᠪᠠᠢᠴᠠᠭᠠᠯᠳᠠ ᠬᠢᠪᠡ᠃ ᠰᠢᠯᠭᠠᠨ ᠪᠠᠢᠴᠠᠭᠠᠯᠳᠠ ᠳ᠋ᠤ ᠢᠯᠡᠷᠡᠭᠦᠯᠦᠭᠰᠡᠨ ᠳᠤᠭᠳᠠᠭᠠᠯ ᠳ᠋ᠤ ᠨᠡᠢᠴᠡᠬᠦ ᠦᠭᠡᠢ ᠡᠮ ᠤ᠋ᠨ ᠵᠦᠢᠯᠡᠰ ᠲᠤ᠌ ᠢᠷᠭᠤᠢ ᠴᠡᠴᠡᠭ᠂ ᠭᠠᠩᠭᠠᠴᠤᠩ ᠤ᠋ᠨ ᠴᠤᠮᠤᠷᠯᠢᠭ᠂ ᠰᠠᠴᠤᠯᠭᠠᠨᠠ ᠮᠤᠳᠤ᠂ ᠧᠫᠢᠮᠧᠳᠢᠶᠤᠨ ᠵᠡᠷᠭᠡ 4 ᠲᠦᠷᠦᠯ ᠤ᠋ᠨ ᠴᠢᠨᠠᠬᠤ ᠡᠮ ᠤ᠋ᠨ 9 ᠪᠦᠯᠦᠭ ᠡᠮ ᠬᠤᠯᠪᠤᠭᠳᠠᠵᠠᠢ᠃ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠡᠳᠡᠭᠡᠷ ᠳᠤᠭᠳᠠᠭᠠᠯ ᠳ᠋ᠤ ᠨᠡᠢᠴᠡᠬᠦ ᠦᠭᠡᠢ ᠡᠮ ᠤ᠋ᠨ ᠵᠦᠢᠯᠡᠰ ᠢ᠋ 《ᠳᠦᠷᠪᠡᠨ ᠴᠢᠩᠭ᠎ᠠ ᠪᠠᠢᠬᠤ》 ᠱᠠᠭᠠᠷᠳᠠᠯᠭ᠎ᠠ ᠪᠡᠷ ᠬᠢᠨᠠᠨ ᠬᠠᠷᠭᠤᠭᠤᠯᠵᠤ ᠰᠢᠢᠳᠪᠤᠷᠢᠯᠡᠬᠦ ᠳᠤᠭᠳᠠᠴᠠ ᠶᠤᠰᠤᠭᠠᠷ ᠲᠡᠷᠡ ᠳᠠᠷᠤᠢ ᠳ᠋ᠤᠨᠢ ᠰᠢᠢᠳᠪᠤᠷᠢᠯᠡᠵᠦ᠂ ᠵᠠᠬ᠎ᠠ ᠳᠡᠯᠭᠡᠭᠦᠷ ᠲᠤ᠌ ᠤᠷᠤᠬᠤ ᠶ᠋ᠢ ᠴᠢᠩᠭ᠎ᠠ ᠰᠡᠷᠭᠡᠢᠯᠡᠪᠡ᠃