49.98 ᠳ᠋ᠦᠩᠰᠢᠭᠤᠷ ᠬᠥᠮᠥᠨ ᠤᠳᠠᠭ᠎ᠠ ᠳ᠋ᠤ ᠬᠦᠷᠴᠡᠢ
2025-10-22 16:28:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

21 ᠎ᠦ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ 2025 ᠣᠨ᠎ᠤ ᠲᠦᠷᠦᠭᠦᠦ ᠭᠤᠷᠪᠠᠨ ᠤᠯᠠᠷᠢᠯ᠎ᠤᠨ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠲᠣᠭ᠎ᠠ ᠪᠠᠷᠢᠮᠲᠠ ᠵᠢ ᠨᠡᠢᠲᠡᠯᠡᠪᠡ᠃ ᠤᠯᠤᠰ᠎ᠤᠨ ᠳᠣᠲᠣᠭᠠᠳᠤ ᠵᠢᠨ ᠰᠠᠭᠤᠭᠠᠯᠢ ᠠᠷᠠᠳ᠎ᠤᠨ ᠵᠢᠭᠤᠯᠴᠢᠯᠠᠬᠰᠠᠨ ᠪᠠᠢᠳᠠᠯ ᠢ᠋ ᠪᠠᠢᠴᠠᠭᠠᠭᠰᠠᠨ ᠦᠷ᠎ᠡ ᠳ᠋ᠦᠩ᠎ᠢ ᠦᠨᠳᠦᠰᠦᠯᠡᠪᠡᠯ᠄

◆ 2025 ᠣᠨ᠎ᠤ ᠲᠦᠷᠦᠭᠦᠦ ᠭᠤᠷᠪᠠᠨ ᠤᠯᠠᠷᠢᠯ ᠎ᠳᠤ᠂ ᠤᠯᠤᠰ᠎ᠤᠨ ᠳᠣᠲᠣᠭᠠᠳᠤ᠎ᠶᠢᠨ ᠰᠠᠭᠤᠭᠠᠯᠢ ᠠᠷᠠᠳ ᠤ᠋ᠨ ᠵᠢᠭᠤᠯᠴᠢᠯᠠᠬᠰᠠᠨ ᠬᠡᠮᠵᠢᠶ᠎ᠡ 49.98 ᠳ᠋ᠦᠩᠰᠢᠭᠤᠷ ᠬᠥᠮᠥᠨ ᠤᠳᠠᠭ᠎ᠠ ᠳ᠋ᠤ ᠬᠦᠷᠴᠦ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 7.61 ᠳ᠋ᠦᠩᠰᠢᠭᠤᠷ ᠬᠦᠮᠦᠨ ᠤᠳᠠᠭ᠎ᠠ ᠨᠡᠮᠡᠭᠳᠡᠵᠦ᠂ ᠠᠳᠠᠯᠢ ᠬᠤᠭᠤᠴᠠᠭᠠᠨ᠎ᠤ ᠬᠢ᠎ᠡᠴᠡ 18.0% ᠨᠡᠮᠡᠭᠳᠡᠪᠡ᠃ ᠡᠭᠦᠨ᠎ᠳᠦ᠂ ᠬᠣᠲᠠ ᠪᠠᠯᠭᠠᠰᠤᠨ ᠎ᠤ ᠰᠠᠭᠤᠭᠠᠯᠢ ᠠᠷᠠᠳ ᠤ᠋ᠨ ᠤᠯᠤᠰ ᠤ᠋ᠨ ᠳᠤᠳᠤᠭᠠᠳᠤ ᠳ᠋ᠤ ᠵᠢᠭᠤᠯᠴᠢᠯᠠᠬᠰᠠᠨ ᠬᠡᠮᠵᠢᠶ᠎ᠡ 37.89 ᠳ᠋ᠦᠩᠰᠢᠭᠤᠷ ᠬᠥᠮᠥᠨ᠎ᠤᠳᠠᠭ᠎ᠠ ᠳ᠋ᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 15.9% ᠨᠡᠮᠡᠭᠳᠡᠪᠡ; ᠬᠥᠳᠡᠭᠡ ᠲᠣᠰᠬᠣᠨ᠎ᠤ ᠰᠠᠭᠤᠭᠠᠯᠢ ᠠᠷᠠᠳ ᠤ᠋ᠨ ᠤᠯᠤᠰ ᠤ᠋ᠨ ᠳᠤᠳᠤᠭᠠᠳᠤ ᠳ᠋ᠤ ᠵᠢᠭᠤᠯᠴᠢᠯᠠᠬᠰᠠᠨ ᠬᠡᠮᠵᠢᠶ᠎ᠡ 12.09 ᠳ᠋ᠦᠩᠰᠢᠭᠤᠷ ᠬᠥᠮᠥᠨ ᠤᠳᠠᠭ᠎ᠠ ᠳ᠋ᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 25.0% ᠨᠡᠮᠡᠭᠳᠡᠪᠡ᠃

◆ 2025 ᠣᠨ᠎ᠤ ᠲᠦᠷᠦᠭᠦᠦ ᠭᠤᠷᠪᠠᠨ ᠤᠯᠠᠷᠢᠯ ᠎ᠳᠤ᠂ ᠤᠯᠤᠰ᠎ᠤᠨ ᠳᠣᠲᠣᠭᠠᠳᠤ᠎ᠶᠢᠨ ᠰᠠᠭᠤᠭᠠᠯᠢ ᠠᠷᠠᠳ᠎ᠤᠨ ᠵᠢᠭᠤᠯᠴᠢᠯᠠᠬᠰᠠᠨ ᠵᠠᠷᠤᠳᠠᠯ 4.85 ᠲᠦᠮᠡᠨ ᠳ᠋ᠦᠩᠰᠢᠭᠤᠷ ᠲᠥᠭᠥᠷᠢᠭ ᠲᠤ᠌ ᠬᠦᠷᠴᠤ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ 0.50 ᠲᠦᠮᠡᠨ ᠳ᠋ᠦᠩᠰᠢᠭᠤᠷ ᠲᠥᠭᠥᠷᠢᠭ ᠨᠡᠮᠡᠭᠳᠡᠵᠦ᠂ ᠠᠳᠠᠯᠢ ᠬᠤᠭᠤᠴᠠᠭᠠᠨ᠎ᠤ ᠬᠢ᠎ᠡᠴᠡ 11.5% ᠨᠡᠮᠡᠭᠳᠡᠪᠡ᠃ ᠡᠭᠦᠨ᠎ᠳᠦ᠂ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠵᠢᠭᠤᠯᠴᠢᠯᠠᠬᠰᠠᠨ ᠵᠠᠷᠤᠳᠠᠯ 4.05 ᠲᠦᠮᠡᠨ ᠳ᠋ᠦᠩᠰᠢᠭᠤᠷ ᠲᠥᠭᠥᠷᠢᠭ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 9.3% ᠨᠡᠮᠡᠭᠳᠡᠪᠡ; ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠵᠢᠭᠤᠯᠴᠢᠯᠠᠬᠰᠠᠨ ᠵᠠᠷᠤᠳᠠᠯ 0.80 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 24.0% ᠨᠡᠮᠡᠭᠳᠡᠪᠡ᠃

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号