10 ᠰᠠᠷ᠎ᠠ ᠵᠢᠨ 15᠎ᠤ ᠡᠳᠦᠷ᠂ ᠠᠯᠳᠠᠨ ᠲᠤᠭᠤᠰᠬ᠎ᠠ ᠤᠯᠤᠰ᠎ᠤᠳ᠎ᠤᠨ ᠦᠢᠯᠡᠳᠪᠦᠷᠢ ᠬᠤᠳᠠᠯᠳᠤᠭᠠᠨ᠎ᠤ ᠬᠡᠷᠡᠭ ᠡᠷᠬᠢᠯᠡᠬᠦ ᠵᠦᠪᠯᠡᠯ᠎ᠤᠨ ᠲᠤᠮᠳᠠᠳᠤ ᠤᠯᠤᠰ᠎ᠤᠨ ᠬᠡᠷᠡᠭ ᠡᠷᠬᠢᠯᠡᠬᠦ ᠵᠦᠪᠯᠡᠯ᠂ 《ᠨᠢᠭᠡ ᠪᠦᠰᠡ ᠨᠢᠭᠡ ᠵᠠᠮ》 ᠵᠢᠴᠢ ᠠᠯᠳᠠᠨ ᠲᠤᠭᠤᠰᠬ᠎ᠠ ᠤᠯᠤᠰ᠎ᠤᠳ᠎ᠤᠨ ᠤᠷ᠎ᠠ ᠮᠡᠷᠭᠡᠵᠢᠯ᠎ᠤᠨ ᠬᠦᠭᠵᠢᠭᠦᠯᠦᠯᠳᠡ ᠵᠢᠨ ᠤᠯᠠᠨ ᠤᠯᠤᠰ᠎ᠤᠨ ᠬᠤᠯᠪᠤᠭ᠎ᠠ ᠡᠴᠡ ᠭᠤᠤᠯᠯᠠᠨ ᠡᠷᠬᠢᠯᠡᠭᠰᠡᠨ 2025 ᠤᠨ᠎ᠤ 《ᠨᠢᠭᠡ ᠪᠦᠰᠡ ᠨᠢᠭᠡ ᠵᠠᠮ》 ᠵᠢᠴᠢ ᠠᠯᠳᠠᠨ ᠲᠤᠭᠤᠰᠬ᠎ᠠ ᠤᠯᠤᠰ᠎ᠤᠳ᠎ᠤᠨ ᠤᠷ᠎ᠠ ᠮᠡᠷᠭᠡᠵᠢᠯ᠎ᠤᠨ ᠬᠦᠭᠵᠢᠭᠦᠯᠦᠯᠳᠡ ᠪᠤᠯᠤᠨ ᠮᠡᠷᠭᠡᠵᠢᠯ᠎ᠤᠨ ᠰᠢᠨᠡᠴᠢᠯᠡᠯᠳᠡ ᠵᠢᠨ ᠤᠷᠤᠯᠳᠤᠭᠠᠨ᠎ᠤ ᠭᠤᠷᠪᠠᠳᠤᠭᠠᠷ ᠬᠤᠭᠤᠴᠠᠭᠠᠨ᠎ᠤ ᠰᠤᠷᠤᠭᠴᠢᠳ᠎ᠤᠨ ᠪᠠᠴᠢᠮ ᠠᠪᠤᠷᠠᠯᠳᠠ ᠬᠢᠭᠡᠳ ᠠᠪᠤᠷᠠᠨ ᠲᠤᠰᠠᠯᠠᠬᠤ ᠮᠡᠷᠭᠡᠵᠢᠯ ᠴᠢᠳᠠᠪᠤᠷᠢ ᠵᠢᠨ ᠤᠷᠤᠯᠳᠤᠭᠠᠨ᠎ᠤ ᠦᠪᠦᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠤᠭᠤᠷᠢᠭ᠎ᠤᠨ ᠰᠢᠯᠭᠠᠷᠠᠭᠤᠯᠤᠯᠳᠠ ᠰᠢᠯᠢ ᠵᠢᠨ ᠭᠤᠤᠯ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ᠎ᠳᠤ ᠶᠠᠪᠤᠭᠳᠠᠯ᠎ᠠ᠃
ᠲᠤᠰ ᠤᠳᠠᠭᠠᠨ᠎ᠤ ᠰᠢᠯᠭᠠᠷᠠᠭᠤᠯᠤᠯᠳᠠ᠎ᠳᠤ ᠡᠮᠴᠢᠯᠡᠭᠡᠨ᠎ᠤ ᠪᠤᠯᠤᠨ ᠡᠮᠴᠢᠯᠡᠭᠡᠨ᠎ᠤ ᠪᠤᠰᠤ ᠬᠤᠶᠠᠷ ᠲᠤᠭᠤᠢᠯᠠᠡᠭ ᠵᠢᠠᠷ ᠦᠷᠢᠰᠦᠯᠳᠦᠵᠦ᠂ ᠤᠨᠤᠯ᠎ᠤᠨ ᠮᠡᠳᠡᠯᠭᠡ ᠪᠤᠯᠤᠨ ᠦᠢᠯᠡᠳᠦᠯᠭᠡ ᠵᠢᠨ ᠰᠢᠯᠭᠠᠯᠳᠠ ᠭᠡᠬᠦ ᠬᠤᠶᠠᠷ ᠲᠦᠷᠦᠯ ᠬᠤᠪᠢᠶᠠᠵᠦ᠂ ᠪᠦᠬᠦ ᠤᠷᠤᠨ᠎ᠤ ᠶᠡᠬᠡ ᠰᠤᠷᠭᠠᠭᠤᠯᠢ ᠵᠢᠨ ᠵᠢᠡᠭᠭᠢᠨᠢ ᠠᠡᠭᠭᠢ᠂ ᠲᠤᠰᠬᠠᠢ ᠮᠡᠷᠭᠡᠵᠢᠯ᠂ ᠲᠤᠮᠳᠠᠳᠤ ᠵᠡᠷᠭᠡ ᠵᠢᠨ ᠲᠤᠰᠬᠠᠢ ᠮᠡᠷᠭᠡᠵᠢᠯ᠎ᠤᠨ ᠲᠡᠰ᠎ᠤᠨ 17 ᠶᠡᠬᠡ ᠲᠡᠭᠡᠳᠤ ᠰᠤᠷᠭᠠᠭᠤᠯᠢ ᠵᠢᠨ ᠰᠤᠷᠤᠭᠴᠢᠳ ᠤᠷᠤᠯᠴᠠᠵᠠᠢ᠃
ᠤᠷᠤᠯᠳᠤᠭᠠᠨ ᠨᠢ 《 ᠪᠠᠴᠢᠮ ᠠᠪᠤᠷᠠᠯᠳᠠ ᠵᠢᠨ ᠴᠢᠳᠠᠪᠤᠷᠢ ᠪᠡᠨ ᠪᠠᠳᠤᠳᠬᠠᠵᠦ᠂ ᠠᠮᠢ ᠨᠠᠰᠤᠨ᠎ᠤ ᠠᠮᠤᠷ ᠲᠦᠪᠰᠢᠨ᠎ᠢ ᠰᠠᠬᠢᠨ ᠬᠠᠮᠠᠭᠠᠯᠠᠶ᠎ᠠ》ᠭᠡᠬᠦ ᠰᠡᠳᠦᠪ ᠵᠢᠡᠷ ᠰᠢᠵᠢᠮᠯᠡᠵᠦ᠂ ᠤᠷᠤᠯᠳᠤᠭᠠᠨ᠎ᠳᠤ ᠤᠷᠤᠯᠴᠠᠭᠰᠠᠳ᠎ᠤᠨ ᠤᠨᠤᠯ᠎ᠤᠨ ᠮᠡᠳᠡᠯᠭᠡ ᠵᠢ ᠰᠢᠯᠭᠠᠭᠰᠠᠨ ᠵᠢᠠᠷ ᠪᠠᠷᠠᠬᠤ ᠦᠭᠡᠢ ᠪᠠᠴᠢᠮ ᠪᠠᠢᠳᠠᠯ᠎ᠳᠤ ᠠᠪᠤᠷᠠᠨ ᠲᠤᠰᠠᠯᠠᠬᠤ ᠲᠦᠰᠦᠪ ᠲᠤᠭᠳᠠᠭᠠᠵᠦ ᠬᠡᠷᠡᠭᠵᠢᠭᠦᠯᠬᠦ᠂ ᠪᠠᠴᠢᠮ ᠠᠪᠤᠷᠠᠯᠳᠠ ᠵᠢᠨ ᠤᠬᠠᠮᠰᠠᠷ᠎ᠢ ᠰᠢᠯᠭᠠᠭᠰᠠᠨ ᠪᠠᠢᠨ᠎ᠠ᠃
《ᠠᠡᠭᠬ᠎ᠠ ᠤᠳᠠᠭ᠎ᠠ ᠡᠢᠮᠦᠷᠬᠦᠦ ᠲᠤᠮᠤ ᠬᠡᠪᠴᠢᠶᠡᠨ᠎ᠤ ᠤᠷᠤᠯᠳᠤᠭᠠᠨ᠎ᠳᠤ ᠤᠷᠤᠯᠴᠠᠵᠦ ᠪᠠᠢᠭ᠎ᠠ ᠪᠤᠯᠬᠤᠷ ᠮᠠᠰᠢ ᠰᠠᠨᠳᠤᠷᠴᠦ ᠪᠠᠢᠭᠰᠠᠨ᠂ ᠭᠡᠪᠡᠴᠤ ᠶᠡᠷᠤ ᠵᠢᠨ ᠦᠶ᠎ᠡ᠎ᠳᠤ ᠦᠢᠯᠡᠳᠦᠯᠭᠡ ᠵᠢᠨ ᠪᠤᠯᠪᠠᠰᠤᠷᠠᠯ ᠵᠢᠠᠨ ᠰᠠᠢᠨ ᠬᠢᠭᠰᠡᠨ ᠪᠤᠯᠬᠤᠷ ᠰᠢᠯᠭᠠᠯᠳᠠ᠎ᠳᠤ ᠢᠳᠠᠭᠡᠯᠳᠡᠢ ᠪᠠᠢᠨ᠎ᠠ》 ᠭᠡᠵᠦ ᠰᠢᠯᠢ ᠵᠢᠨ ᠭᠤᠤᠯ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ ᠵᠢᠨ ᠠᠨᠠᠭᠠᠬᠤ ᠤᠬᠠᠭᠠᠨ᠎ᠤ ᠰᠠᠯᠪᠤᠷᠢ ᠵᠢᠨ ᠤᠶᠤᠳᠠᠨ ᠯᠢᠨ ᠳ᠋ᠦᠡᠭ ᠶᠠᠨ ᠶᠠᠷᠢᠯ᠎ᠠ᠃
ᠤᠢᠯᠠᠭᠠᠭᠰᠠᠨ ᠵᠢᠠᠷ ᠂ 2025 ᠤᠨ᠎ᠤ 《ᠨᠢᠭᠡ ᠪᠦᠰᠡ ᠨᠢᠭᠡ ᠵᠠᠮ》 ᠵᠢᠴᠢ ᠠᠯᠳᠠᠨ ᠲᠤᠭᠤᠰᠬ᠎ᠠ ᠤᠯᠤᠰ᠎ᠤᠳ᠎ᠤᠨ ᠤᠷ᠎ᠠ ᠮᠡᠷᠭᠡᠵᠢᠯ᠎ᠤᠨ ᠬᠦᠭᠵᠢᠭᠦᠯᠦᠯᠳᠡ ᠪᠤᠯᠤᠨ ᠮᠡᠷᠭᠡᠵᠢᠯ᠎ᠤᠨ ᠰᠢᠨᠡᠴᠢᠯᠡᠯᠳᠡ ᠵᠢᠨ ᠤᠷᠤᠯᠳᠤᠭᠠᠨ᠎ᠤ ᠴᠢᠬᠤᠯᠠ ᠠᠭᠤᠯᠭ᠎ᠠ᠎ᠵᠢᠨ ᠨᠢᠭᠡ ᠪᠤᠯᠤᠭᠰᠠᠨ᠎ᠤ ᠬᠤᠪᠢ᠎ᠳᠤ᠂ ᠲᠤᠰ ᠤᠷᠤᠯᠳᠤᠭᠠᠨ ᠨᠢ ᠦᠪᠦᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ᠎ᠤᠨ ᠦᠢᠯᠡᠰ᠎ᠤᠨ ᠬᠦᠷᠢᠶᠡᠨ᠎ᠤ ᠦᠢᠯᠡᠳᠦᠯᠭᠡ ᠵᠢᠭᠠᠨ ᠰᠤᠷᠭᠠᠯᠳᠠ ᠵᠢ ᠠᠭᠤᠰᠤᠯᠴᠠᠭᠤᠯᠬᠤ ᠴᠢᠬᠤᠯᠠ ᠦᠢᠯᠡᠳᠦᠯᠭᠡ ᠪᠠᠢᠵᠦ᠂ ᠪᠦᠬᠦ ᠤᠷᠤᠨ᠎ᠤ ᠪᠠᠴᠢᠮ ᠠᠪᠤᠷᠠᠯᠳᠠ ᠪᠤᠯᠤᠨ ᠠᠪᠤᠷᠠᠨ ᠲᠤᠰᠠᠯᠠᠬᠤ ᠬᠦᠷᠢᠶ᠎ᠠ ᠴᠠᠷᠠᠭᠠᠨ᠎ᠤ ᠴᠢᠳᠠᠪᠤᠷᠢᠳᠠᠨ᠎ᠤ ᠮᠡᠳᠡᠯᠭᠡ ᠲᠤᠷᠰᠢᠯᠭ᠎ᠠ ᠪᠡᠨ ᠰᠤᠯᠢᠯᠴᠠᠬᠤ ᠲᠠᠪᠴᠠᠡᠭ ᠪᠤᠯᠵᠦ᠂ ᠠᠷᠠᠳ ᠤᠯᠠᠨ᠎ᠤ ᠠᠮᠢ ᠨᠠᠰᠤ ᠡᠷᠡᠭᠦᠯ ᠬᠠᠮᠠᠭᠠᠯᠠᠯ᠎ᠤᠨ ᠦᠢᠯᠡᠰ᠎ᠲᠦ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ᠃
ᠦᠪᠦᠷ ᠮᠤᠡᠭᠭᠤᠯ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠠᠵᠢᠯ ᠲᠦᠷᠦᠯ᠎ᠤᠨ ᠦᠢᠯᠡᠳᠦᠯᠭᠡ ᠵᠢᠭᠠᠨ ᠰᠤᠷᠭᠠᠯᠳᠠ ᠵᠢᠨ ᠠᠭᠤᠰᠤᠯᠴᠠᠭᠤᠯᠬᠤ ᠬᠠᠮᠳᠤ ᠵᠢᠨ ᠴᠤᠭᠴᠠ ᠵᠢᠨ ᠬᠡᠷᠡᠭ ᠡᠷᠬᠢᠯᠡᠭᠴᠢ᠂ ᠰᠢᠯᠢ ᠵᠢᠨ ᠭᠤᠤᠯ ᠠᠵᠢᠯ ᠮᠡᠷᠭᠡᠵᠢᠯ᠎ᠤᠨ ᠲᠡᠭᠡᠳᠤ ᠰᠤᠷᠭᠠᠭᠤᠯᠢ ᠵᠢᠨ ᠵᠠᠬᠢᠷᠤᠯ ᠶᠠᠡᠭ ᠹᠦ ᠶᠢᠤ᠄《ᠰᠤᠷᠤᠭᠴᠢᠳ᠎ᠤᠨ ᠤᠷᠤᠯᠴᠠᠯᠭ᠎ᠠ ᠵᠢ ᠦᠷᠭᠡᠨ ᠵᠢᠠᠷ ᠲᠠᠢᠴᠢᠯᠠᠭᠰᠠᠨ ᠪᠠᠴᠢᠮ ᠠᠪᠤᠷᠠᠯᠳᠠ ᠵᠢᠨ ᠤᠷᠤᠯᠳᠤᠭᠠᠨ᠎ᠢ ᠡᠷᠬᠢᠯᠡᠭᠰᠡᠨ ᠨᠢ ᠪᠠᠭᠰᠢ ᠰᠤᠷᠤᠭᠴᠢ ᠵᠢᠨ ᠲᠤᠰᠬᠠᠢ ᠮᠡᠷᠭᠡᠵᠢᠯ᠎ᠤᠨ ᠮᠡᠳᠡᠯᠭᠡ ᠴᠢᠳᠠᠪᠤᠷᠢ ᠪᠠᠨ ᠲᠡᠭᠡᠭᠰᠢᠯᠡᠭᠦᠯᠵᠦ᠂ ᠡᠭᠦᠨ᠎ᠤ ᠤᠯᠠᠮ ᠵᠢᠠᠷ ᠰᠤᠷᠭᠠᠭᠤᠯᠢ ᠵᠢᠨ ᠬᠦᠷᠢᠶ᠎ᠡ ᠵᠢ ᠬᠠᠮᠤᠷᠤᠭᠰᠠᠨ᠂ ᠪᠦᠬᠦ ᠶᠠᠪᠤᠴᠠ ᠵᠢ ᠪᠠᠭᠳᠠᠭᠠᠭᠰᠠᠨ ᠪᠠᠴᠢᠮ ᠠᠪᠤᠷᠠᠯᠳᠠ ᠵᠢᠨ ᠰᠢᠰᠲᠸᠮ᠎ᠢ ᠪᠠᠢᠭᠤᠯᠵᠦ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠬᠠᠮᠠᠭᠠᠯᠠᠬᠤ᠎ᠳᠤ ᠲᠤᠡᠭ ᠶᠡᠬᠡ ᠠᠴᠢ ᠲᠤᠰᠠᠳᠠᠢ ᠶᠤᠮ》 ᠭᠡᠯ᠎ᠠ᠃