ᠵᠠᠩᠬᠢᠯᠠᠭ᠍᠎ᠡ ᠵᠢᠨ ᠦᠭᠡ — ᠡᠮ ᠡᠮᠨᠡᠯᠭᠡ ᠡᠷᠡᠭᠦᠯ ᠬᠠᠮᠠᠭᠠᠯᠠᠯ
2025-10-23 09:32:04
ᠵᠣᠬᠢᠶᠠᠭ᠍ᠴᠢ᠄
ᠭᠤᠸ᠎ᠠ ᠤᠯᠤᠰᠳᠤ
ᠣᠩᠱᠢᠭ᠍ᠰᠠᠨ ᠣᠳᠠᠭ᠎ᠠ᠄
★★★☆☆

— ᠤᠮᠠᠷᠠᠲᠦ ᠬᠢᠯᠢ ᠵᠢᠨ ᠬᠠᠷᠢᠭᠤᠯᠲᠠ ᠵᠢᠨ ᠬᠠᠭᠤᠳᠠᠰᠦ

ᠡᠮ ᠡᠮᠨᠡᠯᠭᠡ ᠡᠷᠡᠭᠦᠯ ᠬᠠᠮᠠᠭᠠᠯᠠᠯ ᠪᠤᠯ ᠤᠯᠠᠨ ᠨᠡᠢᠳᠡ ᠵᠢᠨ ᠬᠠᠮᠤᠭ ᠤ᠋ᠨ ᠦᠨᠳᠦᠰᠤᠨ ᠦᠢᠯᠡᠴᠢᠯᠡᠭᠡ ᠮᠦᠨ᠃ ᠳᠡᠷᠡ ᠨᠢ ᠠᠷᠠᠳ ᠤ᠋ᠨ ᠠᠮᠢᠳᠤᠷᠠᠯ ᠲᠠᠢ ᠬᠤᠯᠪᠤᠭᠳᠠᠵᠤ᠂ ᠠᠷᠠᠳ ᠤᠯᠠᠨ ᠤ᠋ ᠡᠷᠡᠬᠦᠯ ᠮᠡᠨᠳᠤ ᠲᠠᠢ ᠬᠤᠯᠪᠤᠭᠳᠠᠵᠤ ᠪᠠᠢᠳᠠᠭ᠃ 


QQ20251023-094042.png


《ᠠᠷᠪᠠᠨ ᠲᠦᠷᠪᠡᠳᠦᠭᠡᠷ ᠳᠠᠪᠤᠨ ᠵᠢᠯ》 ᠳ᠋ᠤ᠂ ᠥᠪᠥᠷ ᠮᠣᠩᠭᠣᠯ ᠡᠮ ᠡᠮᠨᠡᠯᠭᠡ ᠡᠷᠡᠭᠦᠯ ᠬᠠᠮᠠᠭᠠᠯᠠᠯ ᠢ᠋ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠵᠢᠨ ᠳᠣᠪᠣᠢᠮ᠎ᠠ ᠪᠠᠢᠷᠢᠨ ᠳ᠋ᠤ᠌ ᠲᠠᠯᠪᠢᠵᠤ᠂ ᠡᠷᠡᠭᠦᠯ ᠮᠡᠨᠳᠦ ᠵᠢᠨ ᠰᠡᠷᠭᠡᠢᠯᠡᠯᠲᠡ ᠵᠢᠨ ᠱᠤᠭᠤᠮ ᠢ᠋ ᠪᠠᠲᠤ ᠴᠤᠭᠴᠠᠯᠠᠨ᠂ 2024 ᠤᠨ ᠤ᠋ ᠰᠡᠭᠦᠯᠴᠢ ᠪᠤᠯᠬᠤ ᠳ᠋ᠤ ᠪᠦᠬᠦ ᠤᠷᠤᠨ ᠳ᠋ᠤ 26740 ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ ᠪᠤᠯᠤᠨ 24.9 ᠲᠦᠮᠡ ᠭᠠᠷᠤᠢ ᠡᠷᠡᠭᠦᠯ ᠬᠠᠮᠠᠭᠠᠯᠠᠯ ᠤ᠋ᠨ ᠮᠡᠷᠭᠡᠵᠢᠯ ᠤ᠋ᠨ ᠠᠵᠢᠯᠲᠠᠨ ᠲᠠᠢ ᠪᠤᠯᠵᠤ᠂ 2020 ᠤᠨ ᠤ᠋ ᠰᠡᠬᠦᠯᠴᠢ ᠵᠢᠨ ᠬᠢ ᠡᠴᠡ ᠲᠤᠰᠪᠤᠷᠢ 8.6% ᠪᠠ 23.3% ᠪᠡᠷ ᠨᠡᠮᠡᠭᠳᠡᠨ᠂ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠨᠠᠢᠳᠠᠪᠤᠷᠢᠲᠤ ᠴᠢᠨᠠᠷ ᠪᠤᠯᠤᠨ ᠳᠥᠭᠥᠮ ᠲᠦᠳᠡ ᠴᠢᠨᠠᠷ ᠢᠯᠡᠳᠳᠡ ᠳᠡᠭᠡᠭᠰᠢᠯᠡᠵᠠᠢ᠃ ᠲᠡᠷᠡ ᠮᠦᠷᠳᠡᠬᠡᠨ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ ᠳ᠋ᠡᠬᠢ ᠡᠪᠡᠳᠴᠢᠲᠡᠨ ᠤ᠋ ᠣᠷᠣ ᠵᠢᠨ ᠶᠡᠷᠦᠩᠬᠡᠢ ᠲᠣᠭ᠎ᠠ 17.3 ᠲᠦᠮᠡ ᠵᠢ ᠳᠠᠪᠠᠨ᠂ 2020 ᠤᠨ ᠤ᠋ ᠰᠡᠬᠦᠯᠴᠢ ᠵᠢᠨ ᠬᠢ ᠡᠴᠡ 7.4% ᠪᠡᠷ ᠨᠡᠮᠡᠭᠳᠡᠵᠤ᠂ ᠣᠯᠠᠨ ᠲᠦᠮᠡᠨ ᠤ᠋ 《ᠡᠮᠨᠡᠯᠭᠡ ᠳ᠋ᠦ᠍ ᠰᠠᠭᠤᠬᠤ ᠳ᠋ᠤ᠌ ᠬᠦᠴᠢᠷᠲᠡᠢ》 ᠠᠰᠠᠭᠤᠳᠠᠯ ᠢ᠋ ᠪᠦᠲᠦᠮᠵᠢᠲᠡᠢ ᠨᠠᠮᠳᠠᠭᠤᠯᠤᠭᠰᠠᠨ ᠪᠠᠢᠨ᠎ᠠ᠃


QQ20251023-093134.png


ᠠᠷᠠᠳ ᠲᠦᠮᠡᠨ ᠤ᠋ ᠡᠷᠡᠬᠦᠯ ᠮᠡᠨᠳᠤ ᠵᠢ ᠪᠠᠳᠤᠯᠠᠬᠤ ᠵᠢ ᠤᠷᠢᠳ ᠵᠢᠡᠷ ᠬᠦᠭᠵᠢᠬᠦᠯᠬᠦ ᠪᠠᠢᠯᠳᠤᠬᠤ ᠪᠤᠳᠤᠯᠭ᠎ᠠ ᠵᠢᠨ ᠪᠠᠢᠷᠢᠨ ᠳ᠋ᠤ ᠲᠠᠯᠪᠢᠵᠤ᠂ ᠠᠷᠠᠳ ᠲᠦᠮᠡᠨ ᠤ᠋ ᠡᠷᠡᠬᠦᠯ ᠮᠡᠨᠳᠤ ᠵᠢ ᠠᠬᠢᠭᠤᠯᠬᠤ ᠲᠦᠷᠦ ᠵᠢᠨ ᠪᠤᠳᠤᠯᠭ᠎ᠠ ᠵᠢ ᠲᠠᠰᠤᠷᠠᠯᠳᠠ ᠦᠬᠡᠢ ᠲᠠᠬᠦᠯᠳᠡᠷᠵᠢᠬᠦᠯᠦᠨ᠎ᠠ᠃ ᠡᠨᠡ ᠵᠢᠯ ᠡᠴᠡ ᠨᠠᠭᠠᠰᠢ ᠦᠪᠦᠷ ᠮᠤᠩᠭᠤᠯ ᠴᠢᠨᠠᠷ ᠰᠠᠢᠳᠠᠢ ᠡᠮᠴᠢᠯᠡᠭᠡᠨ ᠤ᠋ ᠡᠬᠢ ᠪᠠᠶᠠᠯᠢᠭ ᠤ᠋ᠨ ᠪᠠᠭᠳᠠᠭᠠᠮᠵᠢ ᠵᠢ ᠦᠷᠭᠡᠵᠢᠭᠦᠯᠵᠤ ᠦᠨᠳᠦᠰᠦᠨ ᠱᠠᠳᠤᠨ ᠳ᠋ᠤ ᠪᠠᠭᠤᠯᠭᠠᠬᠤ ᠵᠢ ᠲᠦᠷᠬᠡᠳᠬᠡᠨ᠂ ᠪᠡᠭᠡᠵᠢᠩ ᠶᠡᠭᠡ ᠰᠤᠷᠭᠠᠭᠤᠯᠢ ᠵᠢᠨ ᠬᠠᠪᠤᠳᠠᠷ ᠤ᠋ᠨ ᠡᠮᠨᠡᠯᠭᠡ ᠵᠢᠨ ᠬᠤᠷᠢᠶ᠎ᠠ᠂ ᠪᠡᠭᠡᠵᠢᠩ ᠤ᠋ᠨ ᠨᠦᠭᠦᠷᠯᠡᠯ ᠡᠮᠨᠡᠯᠭᠡ ᠵᠢᠨ ᠬᠤᠷᠢᠶ᠎ᠠ᠂ ᠪᠡᠭᠡᠵᠢᠩ ᠤ᠋ᠨ ᠰᠢᠤᠸᠠᠨ ᠦ᠋ ᠡᠮᠨᠡᠯᠭᠡ ᠵᠢᠨ ᠬᠤᠷᠢᠶ᠎ᠠ ᠪᠤᠯᠤᠨ ᠪᠡᠭᠡᠵᠢᠩ ᠤ᠋ᠨ ᠬᠢᠳᠠᠳ ᠡᠮᠨᠡᠯᠭᠡ ᠵᠢᠨ ᠬᠤᠷᠢᠶ᠎ᠠ ᠵᠢᠨ ᠦᠪᠦᠷ ᠮᠤᠩᠭᠤᠯ ᠳ᠋ᠡᠬᠢ ᠡᠮᠨᠡᠯᠭᠡ ᠵᠢᠨ ᠬᠤᠷᠢᠶ᠎ᠠ ᠵᠡᠷᠭᠡ ᠤᠯᠤᠰ ᠤ᠋ᠨ ᠤᠷᠤᠨ ᠪᠦᠰᠡ ᠵᠢᠨ 4 ᠡᠮᠴᠢᠯᠡᠭᠡᠨ ᠤ᠋ ᠲᠦᠪ ᠢ᠋ ᠰᠠᠢᠳᠤᠷ ᠪᠦᠳᠦᠭᠡᠨ ᠪᠠᠢᠭᠤᠯᠵᠤ ᠡᠵᠡᠩᠨᠡᠨ ᠠᠵᠢᠯᠯᠠᠭᠤᠯᠬᠤ ᠵᠢ ᠠᠬᠢᠭᠤᠯᠵᠤ᠂ ᠨᠢᠭᠳᠠᠷᠠᠭᠰᠠᠨ ᠬᠡᠯᠪᠡᠷᠢ ᠵᠢᠨ ᠬᠤᠳᠠ ᠵᠢᠨ ᠡᠮᠴᠢᠯᠡᠭᠡᠨ ᠤ᠋ ᠪᠦᠯᠦᠭᠵᠢᠯ ᠪᠤᠯᠤᠨ ᠰᠢᠶᠠᠨ ᠤ᠋ ᠬᠡᠪᠴᠢᠶ᠎ᠠ ᠵᠢᠨ ᠡᠮᠴᠢᠯᠡᠭᠡᠨ ᠤ᠋ ᠬᠠᠮᠳᠤ ᠵᠢᠨ ᠴᠤᠭᠴᠠ ᠵᠢ ᠴᠢᠨᠠᠷ ᠰᠠᠢᠳᠠᠢ ᠪᠦᠳᠦᠭᠡᠨ ᠪᠠᠢᠭᠤᠯᠵᠤ᠂ ᠨᠢᠭᠡ ᠪᠦᠯᠦᠭ ᠦᠪᠡᠷᠮᠢᠴᠡ ᠤᠨᠴᠠᠯᠢᠭ ᠪᠦᠬᠦᠢ ᠭᠤᠤᠯᠳᠠᠯᠭ᠎ᠠ ᠲᠠᠢ ᠳᠤᠰᠬᠠᠢ ᠰᠠᠯᠠᠭ᠎ᠠ ᠵᠢ ᠴᠤᠭᠴᠠᠯᠠᠵᠤ ᠪᠤᠢ᠃ ᠵᠢᠷᠤᠭ ᠪᠤᠯ ᠪᠡᠭᠡᠵᠢᠩ ᠶᠡᠭᠡ ᠰᠤᠷᠭᠠᠭᠤᠯᠢ ᠵᠢᠨ ᠬᠠᠪᠤᠳᠠᠷ ᠤ᠋ᠨ ᠡᠮᠨᠡᠯᠭᠡ ᠵᠢᠨ ᠬᠤᠷᠢᠶ᠎ᠠ ᠪᠤᠯᠤᠨ ᠦᠪᠤᠷ ᠮᠤᠩᠭᠤᠯ ᠤ᠋ᠨ ᠬᠠᠪᠤᠳᠠᠷ ᠤ᠋ᠨ ᠡᠮᠨᠡᠯᠬᠡ ᠵᠢᠨ ᠬᠤᠷᠢᠶ᠎ᠠ ᠵᠢᠨ ᠡᠮᠴᠢ ᠨᠠᠷ ᠡᠪᠡᠳᠴᠢᠨ ᠤ᠋ ᠪᠠᠢᠳᠠᠯ ᠢ᠋ ᠤᠨᠤᠰᠢᠯᠠᠵᠤ ᠪᠠᠢᠨ᠎ᠠ᠃

ᠲᠤᠰ ᠰᠤᠨᠢᠨ᠎ᠤ ᠰᠤᠷᠪᠤᠯᠵᠢᠯᠠᠬᠴᠢ   ᠸᠠᠩ ᠯᠧᠢ   ᠰᠡᠭᠦᠳᠡᠷᠯᠡᠪᠡ


ᠡᠪᠡᠳᠴᠢᠯᠡᠪᠡᠯ ᠦᠵᠡᠭᠦᠯᠬᠦ᠌ ᠡᠮᠨᠡᠯᠭᠡ ᠲᠠᠢ᠂ ᠡᠨᠡ ᠪᠤᠯ ᠰᠠᠢᠨ ᠰᠠᠢᠬᠠᠨ ᠠᠮᠢᠳᠤᠷᠠᠯ ᠤ᠋ᠨ ᠴᠢᠬᠤᠯᠠ ᠬᠦᠢᠴᠡᠳᠬᠡᠯ ᠲᠤᠭ᠎ᠠ᠂ ᠮᠦᠨ ᠴᠦ᠍ ᠰᠠᠢᠨ ᠰᠠᠢᠬᠠᠨ ᠠᠮᠢᠳᠤᠷᠠᠯ ᠢ᠋ ᠡᠳ᠋ᠯᠡᠬᠦ ᠵᠢᠨ ᠪᠠᠢᠪᠠᠰᠤ ᠵᠤᠬᠢᠬᠤ ᠦᠵᠡᠯ ᠶᠤᠮ᠃ ᠥᠪᠥᠷ ᠮᠣᠩᠭᠣᠯ ᠤᠢᠷ᠎ᠠ ᠵᠢᠨ ᠵᠢᠯ ᠳ᠋ᠤ ᠦᠨᠳᠤᠰᠤᠨ ᠱᠠᠳᠤᠨ ᠤ᠋ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠴᠢᠯᠡᠬᠡ ᠵᠢ ᠬᠦᠴᠦᠯᠡᠨ ᠰᠢᠯᠢᠳᠡᠭᠵᠢᠬᠦᠯᠵᠤ᠂ ᠮᠠᠯᠵᠢᠬᠤ ᠳᠠᠷᠢᠶᠠᠯᠠᠬᠤ ᠤᠷᠤᠨ ᠳ᠋ᠤ 1.27 ᠲᠦᠮᠡᠨ ᠡᠷᠡᠭᠦᠯ ᠬᠠᠮᠠᠭᠠᠯᠠᠯ ᠤ᠋ᠨ ᠲᠠᠰᠤᠭ ᠪᠤᠯᠤᠨ 1.6 ᠲᠦᠮᠡᠨ ᠬᠥᠮᠦᠨ ᠤ᠋ ᠡᠮᠴᠢ ᠵᠢᠨ ᠡᠩᠨᠡᠭᠡ ᠲᠠᠢ ᠪᠠᠢᠬᠤ ᠵᠢ ᠪᠠᠳᠤᠯᠠᠪᠠ᠃ ᠪᠠᠰᠠ ᠭᠡᠷ ᠪᠦᠯᠢ ᠵᠢᠨ ᠡᠮᠴᠢ ᠵᠢᠨ ᠵᠦᠪᠯᠡᠯᠴᠡᠭᠡᠷ ᠲᠣᠭᠲᠠᠬᠤ ᠦᠢᠯᠡᠴᠢᠯᠡᠭᠡᠨ ᠤ᠋ ᠪᠦᠷᠬᠦᠴᠡ ᠵᠢᠨ ᠨᠣᠷᠮ᠎ᠠ ᠵᠢ ᠯᠠᠪᠳᠠᠭᠤᠨ ᠵᠢᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠳ᠋ᠤ᠌ ᠠᠩᠬ᠎ᠠ ᠣᠨᠣᠰᠢᠯᠠᠬᠤ᠂ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠢ᠋ ᠪᠠᠢᠭᠤᠯᠤᠨ ᠲᠦᠬᠡᠮᠡᠯᠵᠢᠬᠦᠯᠬᠦ ᠵᠢᠨ ᠬᠠᠮᠳᠤ᠂ ᠪᠦᠬᠦ ᠣᠷᠣᠨ ᠤ᠋ ᠰᠤᠮᠤ ᠰᠢᠶᠠᠩ ᠪᠠᠯᠭᠠᠰᠤ ᠵᠢᠨ ᠡᠷᠡᠭᠦᠯ ᠬᠠᠮᠠᠭᠠᠯᠠᠯ ᠤ᠋ᠨ ᠬᠣᠷᠢᠶ᠎ᠠ᠂ ᠨᠡᠢᠭᠡᠮ ᠲᠣᠭᠣᠷᠢᠭ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠲᠥᠪ ᠢ᠋ ᠪᠠᠷᠢᠮᠵᠢᠶᠠᠵᠢᠭᠤᠯᠬᠤ ᠪᠦᠳᠦᠬᠡᠨ ᠪᠠᠢᠭᠤᠯᠤᠯᠲᠠ ᠵᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠦᠢᠯᠡᠰ ᠢ᠋ ᠦᠨᠡᠨ ᠬᠦ᠌ ᠠᠷᠠᠳ ᠣᠯᠠᠨ ᠤ᠋ ᠡᠷᠡᠭᠦᠯ ᠮᠡᠨᠳᠦ ᠵᠢᠨ ᠪᠠᠳᠤ ᠲᠦᠰᠢᠭ ᠪᠣᠯᠭᠠᠵᠤ ᠪᠠᠢᠨ᠎ᠠ᠃

《ᠡᠷᠡᠭᠦᠯ ᠪᠡᠶ᠎ᠡ ᠳ᠋ᠤ ᠰᠠᠷᠠᠭᠤᠯ ᠤᠬᠠᠭᠠᠨ》 ᠭᠡᠳᠡᠭ ᠵᠢᠡᠷ ᠡᠷᠡᠭᠦᠯ ᠮᠡᠨᠳᠦ ᠪᠣᠯ ᠠᠷᠠᠳ ᠤ᠋ᠨ ᠠᠮᠢᠳᠤᠷᠠᠯ ᠤ᠋ᠨ ᠰᠠᠭᠤᠷᠢ᠂ ᠠᠵᠠ ᠵᠢᠷᠭᠠᠯ ᠤ᠋ᠨ ᠡᠬᠢ ᠶᠤᠮ᠃ 《ᠵᠠᠭᠤᠨ ᠭᠠᠵᠠᠷ ᠤ᠋ᠨ ᠬᠣᠯᠠ ᠬᠦᠶᠦᠵᠦ ᠡᠪᠡᠳᠴᠢᠨ ᠵᠢᠡᠨ ᠦᠵᠡᠭᠦᠯᠵᠤ ᠪᠠᠢᠭᠰᠠᠨ》 ᠡᠴᠡ 《ᠭᠡᠷ ᠤ᠋ᠨ ᠵᠢᠠᠨ ᠬᠠᠪᠢ ᠳ᠋ᠤ ᠳᠤᠰᠬᠠᠢ ᠮᠡᠷᠭᠡᠵᠢᠯᠳᠡᠨ ᠵᠢᠡᠷ ᠤᠨᠤᠰᠢᠯᠠᠭᠤᠯᠤᠨ ᠡᠮᠨᠡᠬᠦᠯᠬᠦ》 ᠪᠣᠯᠲᠠᠯ᠎ᠠ᠂ 《ᠬᠡᠳᠦᠨ ᠴᠠᠭ ᠵᠢᠡᠷ ᠮᠥᠷᠯᠡᠨ ᠬᠦᠯᠢᠶᠡᠭᠦ》ᠡᠴᠡ《ᠭᠠᠷ ᠤᠲᠠᠰᠤ ᠪᠠᠷ ᠪᠣᠯᠵᠣᠵᠤ ᠤᠨᠤᠰᠢᠯᠠᠭᠤᠯᠤᠨ ᠡᠮᠨᠡᠬᠦᠯᠬᠦ》ᠬᠦᠷᠲᠡᠯ᠎ᠡ᠂ ᠲᠠᠬᠢᠭᠠᠳ ᠬᠣᠲᠠ ᠪᠠᠯᠭᠠᠰᠤ ᠡᠴᠡ ᠬᠦᠳᠡᠭᠡ ᠨᠤᠳᠤᠭ᠂ ᠡᠮᠨᠡᠯᠭᠡ ᠵᠢᠨ ᠬᠣᠷᠢᠶ᠎ᠠ ᠡᠴᠡ ᠦᠨᠳᠦᠰᠦᠨ ᠱᠠᠲᠤ ᠬᠦᠷᠲᠡᠯ᠎ᠡ ᠁ ᠦᠪᠤᠷ ᠮᠤᠩᠭᠤᠯ ᠪᠥᠬᠥ ᠠᠷᠠᠳ ᠢ᠋ ᠬᠠᠮᠤᠷᠤᠭᠰᠠᠨ ᠲᠦᠭᠡᠮᠡᠯ ᠬᠠᠷᠠᠭᠠᠯᠵᠠᠯᠳᠤ ᠬᠠᠮᠲᠤ ᠪᠠᠷ ᠡᠳ᠋ᠯᠡᠬᠦ ᠡᠷᠡᠭᠦᠯ ᠮᠡᠨᠳᠦ ᠵᠢᠨ ᠪᠠᠲᠤᠯᠠᠭ᠎ᠠ ᠵᠢᠨ ᠳᠤᠤᠷ ᠢ᠋ ᠡᠬᠡ ᠤᠯᠤᠰ ᠤ᠋ᠨ ᠤᠮᠠᠷᠠᠲᠤ ᠬᠢᠯᠢ ᠳ᠋ᠤ᠌ ᠨᠢᠭᠲᠠ ᠰᠦᠯᠵᠢᠵᠤ᠂ ᠳᠠᠯ᠎ᠠ ᠨᠤᠳᠤᠭ ᠤ᠋ᠨ ᠠᠷᠠᠳ ᠲᠦᠮᠡᠨ ᠤ᠋ ᠵᠢᠷᠭᠠᠯᠳᠤ ᠲᠦᠷᠦᠭᠳᠡᠯ ᠢ᠋ ᠴᠢᠨᠠᠭᠰᠢᠳᠠ ᠨᠡᠮᠡᠭᠳᠡᠭᠦᠯᠵᠤ᠂ 《ᠠᠷᠪᠠᠨ ᠲᠦᠷᠪᠡᠳᠤᠬᠡᠷ ᠲᠠᠪᠤᠨ ᠵᠢᠯ》 ᠤ᠋ᠨ ᠠᠮᠵᠢᠯᠳᠠ ᠵᠢᠨ ᠬᠠᠭᠤᠳᠠᠰᠤ ᠵᠢ ᠲᠤᠰᠢᠶᠠᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号