《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ ᠭᠦᠨᠵᠡᠭᠡᠶ ᠠᠭᠤᠰᠤᠯᠴᠠᠨ ᠬᠥᠭ᠌ᠵᠢᠵᠦ᠍᠂ ᠤᠳᠭ᠎ᠠ ᠤᠷᠠᠯᠢᠭ᠎ᠤᠨ ᠪᠦᠲᠦᠭᠡᠯ ᠨᠣᠶᠠᠨ ᠣᠷᠭᠢᠯ᠎ᠳᠤ ᠵᠣᠷᠢᠭ᠍ᠲᠠᠶ ᠠᠪᠠᠷᠢᠵᠤ᠂ ᠰᠣᠶᠣᠯ ᠤᠨ ᠥᠪ᠎ᠢ ᠬᠠᠮᠠᠭᠠᠯᠠᠵᠤ ᠠᠱᠢᠭ᠍ᠯᠠᠭ᠍ᠰᠠᠨ ᠡᠴᠡ ᠲᠡᠦᠬᠡ᠎ᠶ᠋ᠢᠨ ᠳᠤᠷᠠᠰᠭᠠᠯᠲᠤ ᠵᠦᠶ᠋ᠯᠡᠰ《ᠠᠮᠢᠯᠠᠨ ᠬᠥᠭ᠌ᠵᠢᠵᠦ᠍》᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠱᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠵᠦ᠍᠂ ᠰᠣᠶᠣᠯ᠎ᠤᠨ ᠠᠵᠤ ᠦᠶ᠋ᠯᠡᠰ ᠮᠢᠩᠭᠠᠨ ᠳᠠᠷᠪᠠᠭᠤᠯ ᠬᠡᠢᠰᠭᠡᠨ ᠤᠷᠤᠭ᠍ᠰᠢᠯᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠭᠦᠶ᠋ᠴᠡᠳ ᠢᠯᠡᠷᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠳᠦ ᠦᠷᠭᠦᠯᠵᠢᠯᠡᠨ ᠬᠦᠴᠦᠨ ᠨᠡᠮᠡᠷᠢᠯᠡᠪᠡ᠃
ᠰᠤᠶᠤᠯ ᠵᠢᠭᠤᠯᠴᠢᠯᠠᠯ ᠥᠷᠨᠢᠬᠥᠨ ᠬᠥᠭᠵᠢᠯᠲᠡ ᠲᠠᠢ ᠪᠤᠯᠪᠠ
《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ 《ᠰᠣᠶᠣᠯ᠎ᠢᠶᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌ 》 ᠶ᠋ᠢ ᠪᠠᠷᠢᠮᠲᠠᠯᠠᠵᠤ᠂ ᠥᠪᠡᠷᠮᠢᠴᠡ ᠲᠠᠲᠠᠬᠤ ᠬᠦᠴᠦᠨ᠎ᠲᠡᠶ ᠳᠤᠮᠳᠠᠳᠤ᠎ᠶ᠋ᠢᠨ ᠰᠣᠶᠣᠯ ᠵᠢᠭᠤᠯᠴᠢᠯᠠᠯ᠎ᠤᠨ ᠪᠡᠶᠡᠴᠢ ᠣᠢᠯᠠᠭᠠᠯᠲᠠ᠎ᠶ᠋ᠢ ᠪᠣᠶ ᠪᠣᠯᠭᠠᠵᠤ᠂ ᠨᠢᠭᠡ ᠪᠦᠯᠦᠭ ᠰᠣᠶᠣᠯ᠎ᠤᠨ ᠠᠭᠤᠯᠤᠭ᠍ᠳᠠᠬᠤᠨ᠎ᠢᠶᠠᠷ ᠪᠠᠶᠠᠯᠢᠭ ᠳᠡᠯᠡᠬᠡᠶ᠎ᠶ᠋ᠢᠨ ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠠ ᠠᠮᠠᠷᠠᠯᠲᠠ᠎ᠶ᠋ᠢᠨ ᠣᠷᠣᠨ᠎ᠢ ᠪᠥᠲᠥᠭᠡᠨ ᠪᠠᠢᠭᠤᠯᠤᠨ᠎ᠠ ᠭᠡᠵᠦ ᠳᠤᠷᠠᠳᠪᠠ᠃ ᠥᠪᠥᠷ ᠮᠣᠩᠭᠣᠯ ᠡᠨᠡ ᠬᠦ᠌ ᠣᠢᠯᠠᠭᠠᠭ᠍ᠳᠠᠬᠤᠨ ᠢ ᠵᠢᠷᠤᠮᠯᠠᠨ᠂ ᠤᠮᠠᠷᠠᠲᠤ ᠬᠢᠯᠢ᠎ᠶ᠋ᠢᠨ ᠰᠣᠶᠣᠯ ᠢᠶᠠᠷ ᠭᠤᠤᠯ ᠪᠣᠯᠭᠠᠵᠤ᠂ 5 ᠵᠢᠯ᠎ᠦᠨ ᠲᠤᠷᠰᠢ ᠵᠢᠭᠤᠯᠴᠢᠯᠠᠯ᠎ᠤᠨ ᠬᠠᠩᠭᠠᠯᠭ᠎ᠠ᠎ᠶ᠋ᠢᠨ ᠱᠢᠰᠲ᠋ᠧᠮ ᠲᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢ ᠪᠡᠶᠡᠯᠡᠭᠦᠯᠵᠦ᠍᠂ 5A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ 8 ᠪᠣᠯᠵᠣ᠂ A ᠲᠠᠰ᠎ᠤᠨ ᠦᠵᠡᠮᠵᠢ᠎ᠶ᠋ᠢᠨ ᠣᠷᠣᠨ᠎ᠤ ᠶᠡᠷᠦᠩᠬᠡᠶ ᠲᠣᠭ᠎ᠠ 548᠎ᠳ᠋ᠤ᠌ ᠬᠦᠷᠴᠦ᠂ ᠷᠠᠱᠢᠶᠠᠨ ᠤᠯᠤᠰ᠎ᠤᠨ ᠲᠠᠰ᠎ᠤᠨ ᠵᠢᠭᠤᠯᠴᠢᠯᠠᠯ᠎ᠤᠨ ᠠᠮᠠᠷᠠᠯᠲᠠ᠎ᠶ᠋ᠢᠨ ᠣᠷᠣᠨ᠎ᠢᠶᠠᠷ ᠦᠨᠡᠯᠡᠭ᠌ᠳᠡᠪᠡ᠃
ᠡᠨᠡ ᠵᠢᠯ᠎ᠦᠨ ᠤᠯᠤᠰ᠎ᠤᠨ ᠪᠠᠶᠠᠷ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ ᠳᠤ ᠱᠢᠶᠠᠨ ᠤ ᠱᠠᠲᠤᠨ᠎ᠤ ᠬᠦᠷᠢᠶᠡᠯᠡᠯ ᠲᠠᠢ ᠬᠣᠲᠠᠳ ᠱᠢᠷᠦᠭᠦᠨ᠎ᠢᠶᠡᠷ ᠨᠡᠮᠡᠭ᠌ᠳᠡᠪᠡ᠃ ᠷᠠᠱᠢᠶᠠᠨ ᠪᠣᠯᠤᠨ ᠲᠸᠩ ᠴᠥᠩ᠂ ᠦᠶᠤᠸᠠᠨ᠂ ᠲᠦᠩ ᠯᠦ᠍ ᠵᠡᠷᠭᠡ ᠨᠢ ᠤᠯᠤᠰ᠎ᠤᠨ ᠳᠣᠲᠣᠭᠠᠳᠤ᠎ᠶ᠋ᠢᠨ ᠬᠠᠯᠠᠮᠱᠢᠯ ᠵᠢᠵᠢᠭ ᠬᠣᠲᠠ᠎ᠶ᠋ᠢᠨ ᠨᠡᠷᠡᠰ᠎ᠦᠨ ᠵᠢᠭ᠍ᠰᠠᠭᠠᠯᠲᠠ᠎ᠶ᠋ᠢᠨ ᠡᠮᠦᠨ᠎ᠡ ᠡᠩᠨᠡᠭᠡᠨ᠎ᠳᠦ ᠣᠷᠣᠪᠠ᠃ ᠡᠭᠦᠨ᠎ᠳᠦ ᠷᠠᠱᠢᠶᠠᠨ᠎ᠤ ᠨᠠᠮᠤᠷ᠎ᠤᠨ ᠦᠵᠡᠮᠵᠢ ᠰᠣᠨᠢᠷᠬᠠᠬᠤ ᠵᠢᠭᠤᠯᠴᠢᠯᠠᠯ᠎ᠨᠢ 340% ᠶ᠋ᠢᠨ ᠨᠡᠮᠡᠭᠳᠡᠯ᠎ᠢᠶᠠᠷ ᠵᠢᠭᠤᠯᠴᠢᠯᠠᠯ᠎ᠤᠨ ᠵᠣᠷᠢᠭ᠍ᠰᠠᠨ ᠭᠠᠵᠠᠷ᠎ᠤᠨ ᠲᠡᠷᠢᠭᠦᠨ ᠰᠣᠩᠭᠣᠯᠲᠠ ᠪᠣᠯᠵᠠᠶ᠃ ᠡᠨᠡ ᠵᠢᠯ ᠦᠨ 1᠎ᠡᠴᠡ 8 ᠰᠠᠷ᠎ᠠ ᠪᠣᠯᠲᠠᠯ᠎ᠠ ᠥᠪᠥᠷ ᠮᠣᠩᠭᠣᠯ ᠤᠯᠤᠰ ᠤᠨ ᠳᠣᠲᠣᠭᠠᠳᠤ᠎ᠶ᠋ᠢᠨ ᠵᠢᠭᠤᠯᠴᠢᠯᠠᠭ᠍ᠴᠢ ᠶᠢ ᠨᠡᠢᠲᠡ 21360.92 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠡᠴᠡ 10.92%ᠵᠢᠡᠷ ᠨᠡᠮᠡᠭ᠌ᠳᠡᠪᠡ; ᠬᠦᠯᠢᠶᠡᠨ ᠠᠪᠤᠭᠰᠠᠨ ᠤᠯᠤᠰ ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠤᠨ ᠶᠡᠷᠦᠩᠬᠡᠶ ᠵᠠᠷᠤᠳᠠᠯ 3261.93 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 9.73% ᠪᠠᠷ ᠨᠡᠮᠡᠭ᠌ᠳᠡᠪᠡ᠃
ᠱᠢᠨ᠎ᠡ ᠠᠬᠤᠢ ᠪᠠᠢᠳᠠᠯ ᠱᠢᠨ᠎ᠡ ᠡᠵᠡᠩᠨᠡᠯᠲᠡ᠎ᠶ᠋ᠢᠨ ᠬᠡᠯᠪᠡᠷᠢ ᠲᠠᠰᠤᠷᠠᠯᠲᠠ ᠦᠭᠡᠢ ᠢᠯᠡᠷᠡᠪᠡ᠃ ᠪᠣᠭᠣᠮᠲᠠ᠎ᠶ᠋ᠢᠨ ᠭᠠᠳᠠᠨᠠᠬᠢ ᠬᠠᠭᠤᠴᠢᠨ ᠵᠡᠭᠡᠯᠢ᠂ 《ᠤᠯᠠᠭᠠᠨᠴᠠᠪ᠎ᠤᠨ ᠰᠥᠨᠢ 》 ᠵᠡᠷᠭᠡ ᠰᠥᠨᠢ᠎ᠶ᠋ᠢᠨ ᠬᠡᠷᠡᠭ᠌ᠯᠡᠭᠡᠨ᠎ᠦ ᠲᠠᠯᠠᠪᠤᠷ ᠨᠢ ᠵᠢᠭᠤᠯᠴᠢᠯᠠᠭ᠍ᠰᠠᠳ᠎ᠤᠨ ᠪᠠᠬᠠᠷᠬᠠᠯ᠎ᠢ ᠶᠡᠬᠡᠳᠡ ᠲᠠᠲᠠᠪᠠ; ᠥᠪᠡᠷ᠎ᠢᠶᠡᠨ ᠲᠡᠷᠭᠡ ᠵᠢᠯᠣᠭᠣᠳᠤᠨ ᠵᠢᠭᠤᠯᠴᠢᠯᠠᠬᠤ᠂ ᠬᠡᠭᠡᠷ᠎ᠡ ᠪᠠᠭᠤᠳᠠᠯᠯᠠᠨ ᠵᠢᠭᠤᠯᠴᠢᠯᠠᠬᠤ᠂ ᠡᠷᠡᠭᠦᠯ ᠮᠡᠨᠳᠦ᠍᠎ᠶ᠋ᠢᠨ ᠰᠤᠪᠢᠯᠠᠯᠲᠠ᠎ᠶ᠋ᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠥᠷᠨᠢᠨ ᠬᠥᠭ᠌ᠵᠢᠵᠦ᠍᠂ ᠤᠢᠷ᠎ᠠ ᠤᠭᠲᠠᠷᠭᠤᠢ᠎ᠵᠢᠨ ᠵᠢᠭᠤᠯᠴᠢᠯᠠᠯ᠂ ᠠᠵᠤ ᠦᠶ᠋ᠯᠡᠳᠪᠦᠷᠢ᠎ᠶ᠋ᠢᠨ ᠵᠢᠭᠤᠯᠴᠢᠯᠠᠯ ᠵᠡᠷᠭᠡ ᠱᠢᠨ᠎ᠡ ᠬᠡᠯᠪᠡᠷᠢ᠎ᠶ᠋ᠢᠨ ᠰᠣᠶᠣᠯ ᠵᠢᠭᠤᠯᠴᠢᠯᠠᠯ᠎ᠤᠨ ᠲᠥᠷᠥᠯ ᠵᠦᠶ᠋ᠯ ᠥᠷᠨᠢᠨ ᠬᠥᠭ᠌ᠵᠢᠵᠦ᠍᠂ ᠠᠳᠠᠯᠢ ᠪᠤᠰᠤ ᠵᠢᠭᠤᠯᠴᠢᠯᠡᠭ᠍ᠰᠠᠳᠤᠨ ᠥᠪᠡᠷᠮᠢᠴᠡ ᠬᠡᠷᠡᠭ᠌ᠴᠡᠭᠡ᠎ᠶ᠋ᠢ ᠬᠠᠩᠭᠠᠪᠠ; 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠣᠷᠣᠨ ᠪᠦᠰᠡ᠎ᠶ᠋ᠢᠨ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠨᠢ ᠤᠮᠠᠷᠠᠲᠤ ᠬᠢᠯᠢ᠎ᠶ᠋ᠢᠨ ᠰᠣᠶᠣᠯ᠎ᠤᠨ ᠣᠨᠴᠠᠯᠢᠭᠲᠤ ᠲᠦᠱᠢᠭ᠌ᠯᠡᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠢ ᠨᠠᠩ ᠢᠯᠡᠭᠦᠦ ᠢᠯᠭᠠᠨ ᠲᠠᠨᠢᠬᠤ ᠬᠡᠮᠵᠢᠶ᠎ᠡ᠎ᠲᠡᠶ ᠪᠣᠯᠭᠠᠵᠤ᠂ ᠨᠢᠭᠡ ᠵᠢᠯ᠎ᠦᠨ ᠲᠤᠷᠱᠢᠬᠢ ᠠᠵᠢᠯᠯᠠᠭ᠎ᠠ᠎ᠶ᠋ᠢᠨ ᠬᠤᠯᠪᠤᠭᠳᠠᠯ ᠪᠥᠬᠥᠶ ᠦᠶ᠋ᠯᠡᠳᠦᠯᠴᠡᠯ ᠨᠡᠢᠲᠡ 19548.59 ᠳ᠋ᠦᠩᠱᠢᠭᠤᠷ ᠤᠳᠠᠭ᠎ᠠ᠎ᠳᠤ ᠬᠦᠷᠴᠦ᠂ 520 ᠳ᠋ᠦᠩᠱᠢᠭᠤᠷ ᠬᠥᠮᠦᠨ ᠤᠳᠠᠭ᠎ᠠ᠎ᠶ᠋ᠢ ᠪᠦᠲᠦᠮᠵᠢᠲᠡᠶ ᠬᠠᠮᠤᠷᠴᠤ᠌᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ᠎ᠤᠨ ᠳᠠᠮᠵᠢᠭᠤᠯᠭ᠎ᠠ᠎ᠵᠢᠨ ᠱᠢᠨ᠎ᠡ ᠲᠡᠮᠳᠡᠭ᠌ᠯᠡᠯ᠎ᠢ ᠡᠭᠦᠳᠪᠡ᠃
ᠤᠳᠭ᠎ᠠ ᠤᠷᠠᠯᠢᠭ᠎ᠤᠨ ᠪᠦᠲᠦᠭᠡᠯ ᠤᠯᠤᠰ᠎ᠤᠨ ᠳᠠᠢᠰᠠᠨ᠎ᠳᠦ ᠦᠷᠢᠰᠦᠯᠳᠦᠪᠠ
10 ᠰᠠᠷ᠎ᠠ᠎ᠶ᠋ᠢᠨ 15 ᠤ᠋ ᠡᠳᠦᠷ᠂ ᠳᠤᠮᠳᠠᠳᠤ ᠤᠯᠤᠰ᠎ᠤᠨ ᠤᠷᠠᠯᠢᠭ᠎ᠤᠨ ᠨᠠᠢᠷ ᠴᠧᠩᠳᠦ᠋᠂ ᠴᠦᠩᠴᠢᠩ ᠳᠦ ᠡᠬᠢᠯᠡᠵᠦ᠍᠂ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠦᠨ ᠵᠣᠬᠢᠶᠠᠨ ᠪᠦᠲᠦᠭᠡᠭ᠌ᠰᠡᠨ ᠳᠠᠭᠤᠷᠢ 《ᠵᠠᠩᠭᠠᠷ 》 ᠨᠢ ᠤᠷᠢᠯᠭ᠎ᠠ᠎ᠪᠠᠷ ᠤᠷᠤᠯᠴᠠᠵᠤ ᠠᠷᠪᠠᠨ ᠨᠠᠶ᠋ᠮᠠᠳᠤᠭᠠᠷ ᠬᠤᠭᠤᠴᠠᠭᠠᠨ᠎ᠤ ᠸᠸᠨ ᠬᠤᠸᠠ ᠱᠠᠩᠨᠠᠯ᠎ᠢ ᠦᠷᠢᠰᠦᠯᠳᠦᠪᠡ᠃ ᠡᠨᠡ ᠬᠦ᠌ ᠳᠠᠭᠤᠷᠢ ᠨᠢ ᠮᠣᠩᠭᠣᠯ ᠦᠨᠳᠦᠰᠦᠲᠡᠨ᠎ᠦ ᠪᠠᠭᠠᠲᠤᠷᠯᠢᠭ ᠲᠤᠤᠯᠢ 《ᠵᠠᠩᠭᠠᠷ》 ᠢ᠋ ᠳᠠᠭᠤᠤ ᠬᠥᠭ᠌ᠵᠢᠮ ᠪᠠ ᠰᠢ ᠵᠦᠴᠦᠭᠡ᠎ᠶ᠋ᠢᠨ ᠬᠡᠯᠪᠡᠷᠢ᠎ᠪᠡᠷ ᠭᠣᠢᠳᠠ ᠰᠠᠢᠬᠠᠨ ᠢᠯᠡᠷᠡᠭᠦᠯᠵᠦ᠍᠂ ᠮᠣᠩᠭᠣᠯ ᠦᠨᠳᠦᠰᠦᠲᠡᠨ᠎ᠦ ᠥᠨᠢ ᠤᠳᠠᠭᠠᠨ ᠲᠡᠦᠬᠡ ᠰᠣᠶᠣᠯ᠎ᠢ ᠬᠠᠷᠠᠭᠤᠯᠤᠭ᠍ᠰᠠᠨ᠎ᠢᠶᠠᠷ ᠪᠠᠷᠠᠬᠤ ᠦᠭᠡᠢ ᠨᠡᠩ ᠴᠤ᠌ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠠᠵᠢᠯᠲᠠᠳ᠎ᠤᠨ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠲᠠᠯ᠎ᠠ᠎ᠪᠠᠷ ᠬᠢ ᠱᠢᠨ᠎ᠡ ᠡᠭᠦᠳᠦᠯᠲᠡ ᠪᠠ ᠱᠢᠪᠲᠤᠯᠤᠯᠲᠠ᠎ᠶ᠋ᠢ ᠬᠠᠷᠠᠭᠤᠯᠤᠭ᠍ᠰᠠᠨ ᠪᠠᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠦᠪᠦᠷ ᠮᠤᠨᠭᠭᠤᠯ᠎ᠳᠤ ᠮᠠᠰᠢ ᠣᠯᠠᠨ ᠤᠳᠭ᠎ᠠ ᠤᠷᠠᠯᠢᠭ᠎ᠤᠨ ᠰᠣᠳᠣᠨ ᠪᠦᠲᠦᠭᠡᠯ ᠴᠣᠯᠭᠣᠷᠠᠨ ᠭᠠᠷᠴᠤ᠌᠂ ᠠᠷᠪᠠᠨ ᠳᠣᠯᠣᠳᠤᠭᠠᠷ ᠬᠤᠭᠤᠴᠠᠭᠠᠨ᠎ᠤ ᠸᠧᠨ ᠬᠤᠸᠠ ᠱᠠᠩᠨᠠᠯ᠎ᠤᠨ ᠦᠷᠢᠰᠦᠯᠳᠦᠭᠡᠨ ᠳᠡᠭᠡᠷ᠎ᠡ ᠪᠥᠵᠢᠭ᠌ᠲᠦ ᠵᠦᠴᠦᠭᠡ 《 ᠮᠣᠷᠢᠲᠤ ᠴᠡᠷᠢᠭ 》 ᠨᠢ ᠭᠤᠤ᠎ᠠ ᠰᠠᠢᠬᠠᠨ᠎ᠢ ᠡᠷᠬᠢᠮᠯᠡᠬᠦ᠌ ᠤᠷᠠᠯᠢᠭ᠎ᠤᠨ ᠬᠡᠯᠪᠡᠷᠢ᠂ ᠱᠢᠨ᠎ᠡ᠎ᠶ᠋ᠢ ᠡᠭᠦᠳᠦᠭ᠌ᠰᠡᠨ ᠢᠯᠡᠷᠡᠭᠦᠯᠬᠦ᠌ ᠠᠷᠭ᠎ᠠ ᠪᠠᠷᠢᠯ᠂ ᠰᠡᠳᠭᠢᠯ ᠬᠥᠳᠡᠯᠭᠡᠮ᠎ᠡ ᠬᠤᠪᠢᠰᠭᠠᠯ᠎ᠤᠨ ᠥᠯᠢᠭᠡᠷ᠂ ᠭᠣᠢᠳᠠ ᠰᠠᠢᠬᠠᠨ ᠲᠠᠢᠰᠠᠨ᠎ᠤ ᠲᠣᠭ᠍ᠯᠠᠯᠲᠠ ᠪᠠ ᠡᠷᠡᠮᠡᠬᠡᠢᠯᠡᠨ ᠳᠠᠪᠱᠢᠬᠤ ᠣᠶᠤᠨ ᠰᠠᠨᠠᠭᠠᠨ᠎ᠤ ᠠᠭᠤᠯᠤᠭ᠍ᠳᠠᠬᠤᠨ᠎ᠢᠶᠠᠷ ᠸᠸᠨ ᠬᠤᠸᠠ ᠱᠠᠩᠨᠠᠯ᠎ᠢ ᠲᠡᠮᠡᠴᠡᠨ ᠤᠯᠪᠠ᠃
5 ᠵᠢᠯ ᠦᠨ ᠲᠤᠷᠰᠢ ᠥᠪᠥᠷ ᠮᠣᠩᠭᠣᠯ᠎ᠤᠨ ᠥᠷᠭᠡᠨ ᠤᠯᠠᠨ ᠤᠳᠭ᠎ᠠ ᠤᠷᠠᠯᠢᠭ᠎ᠤᠨ ᠠᠵᠢᠯᠳᠠᠨ ᠶᠡᠷᠦᠩᠬᠡᠢ ᠱᠦᠵᠢ ᠰᠢ ᠵᠢᠨ ᠫᠢᠩ᠎ᠦᠨ ᠤᠳᠭ᠎ᠠ ᠤᠷᠠᠯᠢᠭ᠎ᠤᠨ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠤᠮᠠᠷᠠᠲᠤ ᠬᠢᠯᠢ᠎ᠶ᠋ᠢᠨ ᠰᠣᠶᠣᠯ᠎ᠢᠶᠠᠷ ᠵᠣᠬᠢᠶᠠᠨ ᠪᠦᠲᠦᠭᠡᠬᠦ᠌ ᠡᠬᠢ ᠪᠤᠯᠠᠭ᠎ᠢᠶᠠᠨ ᠪᠣᠯᠭᠠᠵᠤ᠂ ᠨᠢᠭᠡ ᠪᠦᠯᠦᠭ ᠪᠣᠳᠠᠲᠤ ᠠᠮᠢᠳᠤᠷᠠᠯ ᠢ ᠲᠤᠰᠭᠠᠭ᠍ᠰᠠᠨ᠂ ᠠᠭᠤᠤ ᠶᠡᠬᠡ ᠴᠠᠭ ᠦᠶ᠎ᠡ᠎ᠶ᠋ᠢ ᠮᠠᠭ᠍ᠲᠠᠨ ᠳᠠᠭᠤᠯᠠᠭ᠍ᠰᠠᠨ᠂ ᠳᠤᠮᠳᠠᠳᠤ ᠤᠯᠤᠰ ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠭ᠍ᠰᠠᠨ᠂ ᠰᠠᠢ᠌ᠨ ᠰᠠᠢᠬᠠᠨ ᠤᠶᠤᠨ ᠰᠠᠨᠠᠭ᠎ᠠ᠎ᠶ᠋ᠢ ᠱᠤᠭᠤᠭ᠍ᠰᠠᠨ᠂ ᠠᠷᠠᠳ ᠲᠦᠮᠡᠨ᠎ᠦ ᠬᠦᠷᠢᠶᠡᠯᠡᠯ᠎ᠢ ᠣᠯᠤᠭ᠍ᠰᠠᠨ ᠱᠢᠯᠢᠳᠡᠭ ᠪᠦᠲᠦᠭᠡᠯ᠎ᠢ ᠭᠠᠷᠭᠠᠪᠠ᠃ ᠮᠡᠳᠡᠭᠡᠯᠡᠯ᠎ᠦᠨ ᠤᠷᠠᠨ ᠵᠣᠬᠢᠶᠠᠯ 《ᠳᠡᠯᠡᠬᠡᠶ᠎ᠵᠢᠨ ᠬᠠᠷᠠᠭᠠᠨ᠎ᠳᠤ》᠂ ᠪᠥᠵᠢᠭ᠌ᠲᠦ ᠵᠦᠴᠦᠭᠡ 《ᠮᠣᠷᠢᠲᠤ ᠴᠡᠷᠢᠭ 》 《ᠵᠣᠣ ᠵᠢᠶᠦ᠋ᠨ 》᠂ ᠺᠢᠨᠣ᠋ 《ᠴᠠᠭ᠍ᠳᠠᠭ᠎ᠠ ᠪᠤᠶᠠᠨ 》《ᠰᠠᠬᠢᠨ ᠪᠡᠷᠡᠯᠡᠬᠤ ᠠᠮᠠᠷᠠᠭ ᠮᠣᠳᠣ》᠂ ᠲᠧᠯᠸᠢᠰ ᠵᠦᠴᠦᠭᠡ 《ᠠᠬᠠᠮᠠᠳ ᠦᠶ᠎ᠡ᠎ᠶ᠋ᠢᠨ ᠬᠢᠨ ᠢᠷᠠᠭᠤ ᠠᠯᠳᠠᠷ》 《ᠠᠪᠤ ᠡᠵᠢ᠎ᠵᠢᠨ ᠨᠤᠲᠤᠭ ᠤᠰᠤᠨ》 ᠵᠡᠷᠭᠡ ᠨᠢᠭᠡ ᠪᠦᠯᠦᠭ ᠰᠣᠳᠣᠨ ᠪᠦᠲᠦᠭᠡᠯ ᠬᠤᠷ᠎ᠠ᠎ᠶ᠋ᠢᠨ ᠳᠠᠷᠠᠭᠠᠬᠢ ᠬᠤᠯᠤᠰᠤᠨ ᠰᠦᠶ᠎ᠡ ᠮᠡᠲᠦ ᠴᠣᠯᠭᠣᠷᠠᠨ ᠭᠠᠷᠪᠠ; ᠤᠳᠭ᠎ᠠ ᠵᠣᠬᠢᠶᠠᠯ᠂ ᠰᠢ ᠵᠦᠴᠦᠭᠡ᠂ ᠺᠢᠨᠣ᠋᠂ ᠲᠧᠯᠸᠢᠰ᠂ ᠳᠠᠭᠤᠤ ᠬᠥᠭ᠌ᠵᠢᠮ᠂ ᠪᠥᠵᠢᠭ᠂ ᠤᠷᠠᠨ ᠵᠢᠷᠤᠭ᠂ ᠭᠡᠷᠡᠯ ᠵᠢᠷᠤᠭ᠂ ᠤᠷᠠᠨ ᠪᠢᠴᠢᠯᠭᠡ᠂ ᠲᠠᠭᠤᠷᠢᠯᠢᠭ᠂ ᠼᠢᠷᠺ ᠪᠠ ᠠᠷᠠᠳ᠎ᠤᠨ ᠤᠳᠭ᠎ᠠ ᠤᠷᠠᠯᠢᠭ ᠵᠡᠷᠭᠡ ᠤᠷᠠᠯᠢᠭ᠎ᠤᠨ ᠲᠥᠷᠥᠯ ᠵᠦᠢᠯ᠎ᠳᠦ ᠴᠡᠴᠡᠭ ᠪᠦᠬᠦᠨ ᠵᠡᠷᠭᠡ᠎ᠪᠡᠷ ᠳᠡᠯᠭᠡᠷᠡᠵᠦ᠍᠂ ᠳᠤᠮᠳᠠᠳᠤ ᠤᠯᠤᠰ᠎ᠤᠨ
ᠺᠢᠨᠣ᠋ ᠶ᠋ᠢᠨ 《ᠠᠯᠲᠠᠨ ᠲᠠᠬᠢᠶ᠎ᠠ ᠱᠠᠩᠨᠠᠯ》 《ᠬᠤᠸᠠ ᠪᠢᠶᠤᠤ ᠱᠠᠩᠨᠠᠯ》᠂ ᠳᠤᠮᠳᠠᠳᠤ ᠤᠯᠤᠰ᠎ᠤᠨ ᠲᠧᠯᠸᠢᠰ ᠵᠦᠴᠦᠭᠡ᠎ᠶ᠋ᠢᠨ 《ᠹᠸᠢ ᠲᠢᠶᠠᠨ ᠱᠠᠩᠨᠠᠯ》᠂ ᠳᠤᠮᠳᠠᠳᠤ ᠤᠯᠤᠰ᠎ᠤᠨ ᠪᠥᠵᠢᠭ᠎ᠦᠨ 《 ᠯᠢᠨᠭᠬᠤᠠ ᠱᠠᠩᠨᠠᠯ 》᠂ ᠳᠤᠮᠳᠠᠳᠤ ᠤᠯᠤᠰ᠎ᠤᠨ ᠼᠢᠷᠺ᠎ᠦᠨ 《ᠠᠯᠲᠠᠨ ᠤᠳᠪᠠᠯᠠ ᠱᠠᠩᠨᠠᠯ 》᠂ ᠳᠤᠮᠳᠠᠳᠤ ᠤᠯᠤᠰ᠎ᠤᠨ ᠠᠷᠠᠳ᠎ᠤᠨ ᠤᠳᠭ᠎ᠠ ᠤᠷᠠᠯᠢᠭ᠎ᠤᠨ 《 ᠱᠠᠨ ᠬᠤᠸᠠ ᠱᠠᠩᠨᠠᠯ 》᠂ ᠳᠤᠮᠳᠠᠳᠤ ᠤᠯᠤᠰ᠎ᠤᠨ ᠤᠷᠠᠨ ᠵᠢᠷᠤᠭ᠎ᠤᠨ ᠠᠯᠲᠠᠨ ᠱᠠᠩᠨᠠᠯ᠂ ᠪᠦᠬᠦ᠌ ᠤᠯᠤᠰ᠎ᠤᠨ《ᠲᠠᠪᠤᠨ ᠨᠢᠭᠡ᠎ᠶ᠋ᠢᠨ ᠢᠨᠵᠧᠨᠧᠷᠢᠩ 》᠎ᠤ᠋ᠨ ᠱᠠᠨᠭᠨᠠᠯ᠂《ᠸᠸᠨ ᠬᠤᠸᠠ ᠱᠠᠨᠭᠨᠠᠯ》ᠵᠡᠷᠭᠡ᠎ᠵᠢ ᠲᠤᠰᠪᠠ᠃ ᠡᠳᠡᠭᠡᠷ ᠰᠣᠳᠣᠨ ᠪᠦᠲᠦᠭᠡᠯ᠎ᠦᠳ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭ᠎ᠢ ᠳᠠᠭᠤᠷᠢᠰᠤᠭᠤᠯᠤᠭᠰᠠᠨ᠎ᠢᠶᠡᠷ ᠪᠠᠷᠠᠬᠤ ᠦᠭᠡᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠱᠢᠨ᠎ᠡ ᠠᠶᠠᠨ ᠳᠠᠭᠠᠨ ᠤᠮᠤᠭ ᠵᠤᠷᠢᠭ ᠪᠠᠳᠠᠷᠠᠨᠭᠭᠤᠢ ᠪᠡᠷ ᠡᠷᠡᠮᠡᠬᠡᠢᠯᠡᠨ ᠤᠷᠤᠭ᠍ᠰᠢᠯᠠᠬᠤ᠎ᠶ᠋ᠢ ᠵᠣᠷᠢᠭ᠍ᠵᠢᠭᠤᠯᠪᠠ᠃
ᠭᠦᠨ ᠨᠣᠢᠷᠰᠤᠭ᠍ᠰᠠᠨ ᠭᠠᠢᠬᠠᠮᠰᠢᠭ᠎ᠲᠦ ᠡᠷᠳᠡᠨᠢ᠎ᠵᠢ 《ᠠᠮᠢᠯᠠᠭᠤᠯᠪᠠ》
ᠪᠣᠯᠪᠠᠰᠤᠨ ᠰᠤᠷᠲᠠᠯ᠎ᠢ ᠦᠶ᠎ᠡ᠎ᠶ᠋ᠢᠨ ᠦᠶ᠎ᠡ᠎ᠳᠤ ᠤᠯᠠᠮᠵᠢᠯᠠᠨ᠎ᠠ; ᠤᠯᠤᠰ᠎ᠤᠨ ᠡᠷᠳᠡᠨᠢ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠦᠶ᠋ᠯᠡᠰ ᠱᠢᠰᠲ᠋ᠧᠮ᠎ᠦᠨ ᠴᠢᠨᠠᠷᠲᠠᠶ ᠬᠠᠮᠠᠭᠠᠯᠠᠯᠲᠠ᠂ ᠬᠠᠭᠤᠴᠢ ᠰᠤᠳᠤᠯᠤᠯ᠎ᠤᠨ ᠰᠤᠳᠤᠯᠭᠠᠨ᠂ ᠤᠯᠠᠮᠵᠢᠯᠠᠨ ᠵᠠᠯᠭᠠᠮᠵᠢᠯᠠᠵᠤ ᠠᠱᠢᠭ᠍ᠯᠠᠬᠤ ᠵᠡᠷᠭᠡ ᠲᠠᠯ᠎ᠠ᠎ᠪᠠᠷ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃ 《ᠮᠦᠽᠧᠢ᠎ᠶ᠋ᠢᠨ ᠬᠠᠯᠠᠮᠱᠢᠯ》 ᠡᠴᠡ ᠰᠣᠶᠣᠯ᠎ᠤᠨ ᠪᠦᠳᠦᠭᠡᠯᠴᠢ ᠦᠢᠯᠡᠳᠭᠦᠨ᠎ᠤ ᠦᠷᠨᠢᠯᠲᠡ ᠬᠦᠷᠲᠡᠯ᠎ᠡ᠂ ᠥᠪᠥᠷ ᠮᠣᠩᠭᠣᠯ ᠲᠡᠦᠬᠡ᠎ᠶ᠋ᠢᠨ ᠳᠤᠷᠠᠰᠭᠠᠯᠲᠤ ᠵᠦᠢᠯᠡᠰ ᠢ 《ᠠᠮᠢᠯᠠᠭᠤᠯᠵᠤ 》᠂ 《ᠬᠥᠭ᠌ᠵᠢᠭᠡᠵᠦ᠍ 》 ᠴᠢᠳᠠᠭ᠍ᠰᠠᠨ ᠪᠠᠢᠨ᠎ᠠ᠃
ᠥᠪᠥᠷ ᠮᠣᠩᠭᠣᠯ᠎ᠤᠨ ᠳᠥᠷᠪᠡᠳᠦᠭᠡᠷ ᠤᠳᠠᠭᠠᠨ᠎ᠤ ᠪᠥᠬᠥ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠦᠨ ᠨᠡᠢᠳᠡᠮ ᠪᠠᠢᠴᠠᠭᠠᠯᠲᠠ ᠱᠠᠲᠤ ᠦᠶ᠎ᠡ᠎ᠶ᠋ᠢᠨ ᠴᠢᠨᠠᠷᠲᠠᠶ ᠢᠯᠠᠯᠲᠠ ᠣᠯᠵᠤ᠂ 2103 ᠰᠢᠨ᠎ᠡ ᠢᠯᠡᠷᠡᠭᠦᠯᠦᠯᠲᠡ ᠨᠢ ᠥᠪᠥᠷ ᠮᠣᠩᠭᠣᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠭᠠᠵᠠᠷ ᠤᠨ ᠵᠢᠷᠤᠭ᠎ᠢ ᠱᠢᠨᠡᠴᠢᠯᠡᠪᠡ᠃ ᠣᠯᠠᠨ ᠵᠢᠯ᠎ᠦᠨ ᠲᠤᠷᠰᠢ ᠥᠪᠥᠷ ᠮᠣᠩᠭᠣᠯ᠎ᠤᠨ ᠬᠠᠭᠤᠴᠢ ᠰᠤᠳᠤᠯᠤᠯ᠎ᠤᠨ ᠠᠵᠢᠯᠲᠡᠨ ᠰᠢᠷᠭᠠᠭᠤ ᠲᠡᠮᠡᠴᠡᠵᠦ᠂ ᠯᠠᠪᠳᠠᠭᠤᠨ ᠪᠠᠲᠤᠲᠠᠢ ᠬᠠᠭᠤᠴᠢ ᠰᠤᠳᠤᠯᠤᠯ ᠤᠨ ᠮᠠᠲ᠋ᠧᠷᠢᠶᠠᠯ᠎ᠢᠶᠠᠷ ᠰᠣᠶᠣᠯ᠎ᠤᠨ ᠢᠲᠡᠭᠡᠯ᠎ᠢ ᠰᠡᠢᠯᠦᠭ᠌ᠰᠡᠨ ᠪᠠᠢᠨ᠎ᠠ᠃
《ᠬᠠᠭᠤᠴᠢ ᠰᠤᠳᠤᠯᠤᠯ᠎ᠤᠨ ᠳᠤᠮᠳᠠᠳᠤ ᠤᠯᠤᠰ — ᠪᠣᠷᠣᠲᠣᠬᠣᠶ᠎ᠶ᠋ᠢᠨ ᠭᠠᠵᠠᠷ ᠣᠷᠣᠨ᠎ᠤ ᠰᠠᠭᠤᠷᠢᠱᠢᠯ ᠪᠠ ᠨᠡᠢᠭᠡᠮ ᠦᠨ ᠰᠤᠳᠤᠯᠭᠠᠨ》᠎ᠢ᠋ ᠤᠷᠤᠭ᠍ᠰᠢᠲᠠᠶ ᠳᠠᠭᠤᠰᠭᠠᠵᠤ᠂ ᠪᠣᠷᠣᠲᠣᠬᠣᠶ᠎ᠶ᠋ᠢᠨ ᠭᠠᠵᠠᠷ ᠣᠷᠣᠨ᠎ᠤ ᠪᠣᠯᠪᠠᠰᠤᠨ᠎ᠤ ᠠᠬᠢᠴᠠ ᠪᠠ ᠡᠷᠲᠡ ᠦᠶ᠎ᠡ᠎ᠶ᠋ᠢᠨ ᠤᠯᠤᠰ᠎ᠤᠨ ᠪᠦᠷᠢᠯᠳᠦᠯ᠎ᠢ ᠰᠤᠳᠤᠯᠬᠤ᠎ᠳᠤ ᠪᠣᠳᠠᠲᠤ ᠭᠡᠷᠡᠴᠢ ᠬᠠᠩᠭᠠᠪᠠ; 《ᠬᠠᠭᠤᠴᠢ ᠰᠤᠳᠤᠯᠤᠯ᠎ᠤᠨ ᠳᠤᠮᠳᠠᠳᠤ ᠤᠯᠤᠰ — ᠬᠤᠩᠱᠠᠨᠨᠡᠢᠭᠡᠮᠦᠨ ᠪᠣᠯᠪᠠᠰᠤᠨ᠎ᠤ ᠠᠬᠢᠴᠠ᠎ᠶ᠋ᠢᠨ ᠰᠤᠳᠤᠯᠭᠠᠨ 》᠎ᠢ᠋ ᠯᠠᠪᠳᠠᠭᠤᠨ᠎ᠢᠶᠠᠷ ᠠᠬᠢᠭᠤᠯᠵᠤ᠂ ᠬᠠᠰ ᠯᠣᠣ᠂ ᠬᠢᠰᠤᠭ᠎ᠠ ᠵᠡᠷᠭᠡ ᠯᠣᠣ᠎ᠶ᠋ᠢᠨ ᠬᠡᠯᠪᠡᠷᠢᠲᠦ ᠦᠯᠡᠳᠡᠭ᠌ᠳᠡᠯ ᠪᠣᠳᠠᠰ᠎ᠢ ᠢᠯᠡᠷᠡᠭᠦᠯᠵᠦ᠍᠂ ᠬᠤᠩᠱᠠᠨ ᠰᠣᠶᠣᠯ᠎ᠤᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠮᠦᠽᠧᠶ ᠶ᠋ᠢᠨ ᠲᠣᠭ᠎ᠠ ᠲᠠᠰᠤᠷᠠᠯᠲᠠ ᠥᠬᠡᠶ ᠨᠡᠮᠡᠭ᠌ᠳᠡᠵᠦ᠍᠂ 《ᠮᠦᠽᠧᠶ᠎ᠶ᠋ᠢᠨ ᠬᠠᠯᠠᠮᠱᠢᠯ 》 ᠦᠷᠭᠦᠯᠵᠢᠯᠡᠨ ᠨᠡᠮᠡᠭ᠌ᠳᠡᠪᠡ᠃ ᠣᠳᠣᠬᠠᠨ ᠪᠣᠯᠲᠠᠯ᠎ᠠ ᠦᠪᠦᠷ ᠮᠤᠨᠭᠭᠤᠯ᠎ᠤᠨ ᠮᠦᠽᠧᠶ᠎ᠶ᠋ᠢᠨ ᠶᠡᠷᠦᠩᠬᠡᠶ ᠲᠣᠭ᠎ᠠ 158 ᠳ᠋ᠤ ᠬᠦᠷᠴᠦ᠍᠂ ᠨᠠᠩ ᠣᠯᠠᠨ ᠬᠥᠮᠦᠨ ᠮᠦᠽᠧᠶ᠎ᠳᠦ ᠬᠦᠷᠴᠦ᠂ ᠤᠮᠠᠷᠠᠲᠤ ᠬᠢᠯᠢ᠎ᠶ᠋ᠢᠨ ᠰᠣᠶᠣᠯ᠎ᠤᠨ ᠷᠢᠳᠢ ᠱᠢᠳᠢ᠎ᠶ᠋ᠢ ᠮᠡᠳᠡᠷᠡᠵᠦ᠍ ᠪᠠᠢᠨ᠎ᠠ᠃ 《ᠮᠦᠽᠧᠶ᠎ᠶ᠋ᠢᠨ ᠬᠠᠯᠠᠮᠱᠢᠯ 》 ᠨᠢ ᠰᠣᠶᠣᠯ᠎ᠤᠨ ᠪᠦᠳᠦᠭᠡᠯᠴᠢ ᠦᠢᠯᠡᠳᠭᠦᠨ᠎ᠦ ᠪᠣᠷᠣᠯᠠᠭᠤᠯᠭ᠎ᠠ᠎ᠶ᠋ᠢ ᠶᠡᠬᠡᠪᠡᠷ ᠬᠥᠭ᠌ᠵᠢᠭᠡᠵᠦ᠍᠂ ᠥᠪᠥᠷ ᠮᠣᠩᠭᠣᠯ᠎ᠤᠨ ᠮᠦᠽᠧᠶ ᠡᠨᠡ ᠵᠢᠯ᠎ᠦᠨ 6 ᠰᠠᠷ᠎ᠠ᠎ᠶ᠋ᠢᠨ 20 ᠤ᠋ ᠡᠳᠦᠷ ᠱᠢᠨ᠎ᠡ ᠣᠷᠳᠣᠨ᠎ᠢ ᠨᠡᠬᠡᠬᠡᠭᠰᠡᠨ ᠡᠴᠡ 9 ᠰᠠᠷ᠎ᠠ᠎ᠶ᠋ᠢᠨ 20 ᠤ᠋ ᠡᠳᠦᠷ ᠪᠣᠯᠲᠠᠯ᠎ᠠ ᠰᠣᠶᠣᠯ᠎ᠤᠨ ᠪᠦᠳᠦᠭᠡᠯᠴᠢ ᠦᠢᠯᠡᠳᠭᠦᠨ᠎ᠦ ᠪᠣᠷᠣᠯᠠᠭᠤᠯᠭ᠎ᠠ᠎ᠶ᠋ᠢᠨ ᠶᠡᠷᠦᠩᠬᠡᠶ ᠬᠡᠮᠵᠢᠶ᠎ᠡ 75 ᠲᠦᠮᠡᠨ ᠬᠤᠪᠢ᠎ᠶ᠋ᠢ ᠳᠠᠪᠠᠵᠤ᠂ ᠪᠣᠷᠣᠯᠠᠭᠤᠯᠭ᠎ᠠ᠎ᠶ᠋ᠢᠨ ᠣᠷᠣᠯᠭ᠎ᠠ ᠨᠢ 2800 ᠭᠠᠷᠤᠶ ᠲᠦᠮᠡᠨ ᠲᠥᠭᠥᠷᠢᠭ᠎ᠲᠦ ᠬᠦᠷᠴᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠯᠲᠡ᠎ᠶ᠋ᠢᠨ ᠠᠮᠢᠳᠤᠯᠢᠭ ᠦᠶ᠋ᠯᠡᠳᠦᠯᠭᠡ ᠪᠣᠯᠤᠭ᠍ᠰᠠᠨ ᠪᠠᠢᠨ᠎ᠠ᠃ ᠥᠪᠥᠷ ᠮᠣᠩᠭᠣᠯ ᠪᠠᠰᠠ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠤᠨ ᠲᠣᠭᠠᠴᠢᠯᠠᠭ᠍ᠰᠠᠨ ᠬᠠᠮᠠᠭᠠᠯᠠᠯᠲᠠ ᠪᠠ ᠠᠱᠢᠭ᠍ᠯᠠᠯᠲᠠ᠎ᠶ᠋ᠢ ᠢᠳᠡᠪᠬᠢᠲᠡᠶ ᠠᠬᠢᠭᠤᠯᠪᠠ᠃ ᠲᠡᠷᠢᠭᠦᠨ᠎ᠦ ᠲᠣᠭᠠᠴᠢᠯᠠᠭ᠍ᠰᠠᠨ ᠮᠡᠷᠭᠡᠵᠢᠯ᠎ᠢ ᠠᠱᠢᠭ᠍ᠯᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠲᠦ᠍ ᠭᠤᠷᠪᠠᠨ ᠬᠡᠮᠵᠢᠯᠳᠦ ᠱᠢᠷᠪᠢᠯᠲᠡ᠂ ᠵᠠᠭ᠍ᠪᠤᠷ ᠪᠠᠢᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠭᠠᠴᠢᠯᠠᠭ᠍ᠰᠠᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠪᠠ᠃ ᠦᠵᠡᠭ᠌ᠴᠢᠳ ᠢᠨᠲ᠋ᠧᠷ ᠰᠦᠯᠵᠢᠶᠡᠨ᠎ᠦ ᠲᠠᠪᠴᠠᠩᠵᠢᠡᠷ ᠳᠠᠮᠵᠢᠨ ᠰᠦᠯᠵᠢᠶᠡᠨ ᠳᠡᠭᠡᠷ᠎ᠡ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠳᠣ ᠵᠢᠷᠤᠭ ᠳᠦᠷᠰᠦ ᠪᠠ ᠨᠠᠷᠢᠨ ᠮᠡᠳᠡᠭᠡ ᠵᠠᠩᠭᠢ ᠶ᠋ᠢ ᠰᠣᠨᠢᠷᠬᠠᠵᠤ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠦᠨ 《ᠡᠭᠦᠯᠡᠨ ᠦᠵᠦᠭᠦᠷᠯᠢᠭ 》 ᠤ᠋ᠨ ᠦᠵᠡᠭᠦᠯᠭᠡ᠎ᠶ᠋ᠢ ᠪᠡᠶᠡᠯᠡᠭᠦᠯᠵᠦ᠍ ᠪᠣᠯᠤᠨ᠎ᠠ᠃
ᠰᠤᠶᠤᠯ᠎ᠤᠨ ᠤᠯᠠᠮᠵᠢᠯᠠᠯ᠎ᠤᠨ ᠤᠳᠭ᠎ᠠ ᠰᠠᠨᠠᠭ᠎ᠠ ᠨᠢ ᠭᠦᠨ ᠭᠦᠨᠵᠡᠭᠡᠢ ᠠᠯᠤᠰ ᠬᠡᠳᠦ ᠵᠢᠨ ᠪᠠᠢᠳᠠᠭ᠃ ᠤᠮᠠᠷᠠᠲᠤ ᠬᠢᠯᠢ᠎ᠶ᠋ᠢᠨ ᠰᠣᠶᠣᠯ ᠶᠠᠭ 《ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ》ᠮᠡᠳᠦ ᠪᠡᠷ ᠥᠪᠥᠷ ᠮᠣᠩᠭᠣᠯ᠎ᠤᠨ ᠬᠥᠮᠦᠰ᠎ᠦᠨ ᠠᠮᠢᠳᠤᠷᠠᠯ᠎ᠳᠤ ᠠᠭᠤᠰᠤᠯᠴᠠᠵᠤ᠂ ᠠᠷᠠᠳ ᠲᠦᠮᠡᠨ᠎ᠦ ᠠᠮᠢᠳᠤᠷᠠᠯ᠎ᠢ ᠤᠮᠳᠠᠯᠠᠵᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠢ᠋ ᠪᠠᠷᠠᠯᠠᠬᠤᠶ᠎ᠠ᠂ ᠥᠪᠥᠷ ᠮᠣᠩᠭᠣᠯ ᠦᠷᠭᠦᠯᠵᠢᠯᠡᠨ ᠤᠮᠠᠷᠠᠲᠤ ᠬᠢᠯᠢ᠎ᠶ᠋ᠢᠨ ᠰᠣᠶᠣᠯ᠎ᠢᠶᠠᠷ ᠬᠣᠯᠪᠣᠭᠠᠰᠤ ᠪᠣᠯᠭᠠᠵᠤ᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ᠃