ᠦᠵᠡᠯ ᠰᠠᠨᠠᠭᠠᠨ᠎ᠤ ᠬᠡᠷᠡᠯ ᠭᠢᠯᠪᠠᠭ᠎ᠠ ᠤᠷᠤᠭ᠍ᠰᠢᠯᠠᠯᠲᠠ᠎ᠶ᠋ᠢᠨ ᠵᠠᠮ᠎ᠢ ᠭᠡᠷᠡᠯᠲᠦᠭᠦᠯᠦᠨ᠎ᠠ
2025-10-23 09:36:08
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠽᠸᠤ ᠸᠧᠢ ᠠᠨ ᠪᠸᠢ ᠢᠦᠢ ᠵᠢᠶᠠ ᠱᠢᠨ ᠵᠠᠩ ᠱᠢᠨ ᠱᠢᠨ
ᠣᠩᠱᠢᠭ᠍ᠰᠠᠨ ᠣᠳᠠᠭ᠎ᠠ᠄
★★★☆☆

— ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠠᠬᠤᠶ ᠪᠠᠢᠳᠠᠯ ᠲᠡᠢᠰᠢ ᠤᠷᠤᠭ᠍ᠰᠢᠯᠠᠬᠤ ᠵᠢ ᠬᠥᠲᠥᠯᠦᠨ ᠳᠠᠭᠠᠭᠤᠯᠪᠠ


ᠲᠡᠦᠬᠡ ᠶᠡᠷᠦᠨᠢ ᠦᠷᠭᠦᠯᠵᠢᠯᠡᠭ᠌ᠰᠡᠨ ᠲᠡᠮᠡᠴᠡᠯ᠎ᠦᠨ ᠳᠤᠮᠳᠠ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃

ᠤᠳᠠᠯ ᠥᠬᠡᠶ ᠰᠡᠭᠦᠯ ᠬᠤᠷᠢᠶᠠᠬᠤ ᠭᠡᠵᠦ᠍ ᠪᠠᠢᠭ᠎ᠠ 《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠰᠠᠯᠬᠢ ᠳᠠᠪᠠᠯᠭᠠᠨ᠎ᠤ ᠳᠤᠮᠳᠠ ᠪᠠᠰᠠ ᠨᠢᠭᠡᠨ ᠢᠷᠠᠭᠤ ᠭᠠᠢᠬᠠᠮᠱᠢᠭ᠍ᠲᠤ ᠠᠶᠠᠯᠠᠯ᠎ᠢ ᠦᠩᠭᠡᠷᠡᠭᠦᠯᠪᠡ —

ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠱᠢᠨ᠎ᠡ ᠡᠭᠦᠳᠦᠯᠲᠡ᠎ᠶ᠋ᠢᠨ ᠴᠢᠨᠠᠷᠲᠠᠢ ᠠᠬᠢᠴᠠ᠂ ᠱᠢᠪᠲᠤᠯᠤᠯᠲᠠ᠎ᠶ᠋ᠢᠨ ᠴᠢᠨᠠᠷᠲᠠᠢ ᠬᠤᠪᠢᠰᠤᠯᠲᠠ᠂ ᠲᠡᠦᠬᠡᠲᠦ ᠴᠢᠨᠠᠷᠲᠠᠢ ᠠᠮᠵᠢᠯᠲᠠ ᠤᠯᠪᠠ᠃

ᠱᠢᠨᠵᠢᠯᠡᠬᠦ᠌ ᠤᠬᠠᠭᠠᠨᠴᠢ ᠤᠨᠤᠯ᠎ᠤᠨ ᠰᠦᠷ ᠳᠠᠯᠠᠢᠴᠠᠲᠠᠢ ᠬᠦᠴᠦᠨ ᠨᠢ ᠨᠢᠭᠡᠨ ᠲᠤᠮᠤ ᠤᠯᠤᠰ᠎ᠤᠨ ᠬᠥᠭ᠌ᠵᠢᠯᠲᠡ᠎ᠶ᠋ᠢᠨ ᠵᠠᠮ ᠮᠥᠷ᠎ᠢ ᠢᠯᠡ ᠲᠤᠳᠤᠷᠬᠠᠢ ᠱᠤᠭᠤᠵᠤ᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠦᠢᠯᠡᠰ᠎ᠲᠦ ᠨᠡᠪᠲᠡᠷᠡᠬᠦ᠌ ᠠᠭᠤᠤ ᠶᠡᠬᠡ ᠠᠶᠠᠨ ᠵᠠᠮ ᠎ᠢ ᠵᠢᠯᠣᠭᠣᠳᠴᠤ᠌ ᠪᠠᠢᠨ᠎ᠠ᠃

ᠦᠵᠡᠯ ᠰᠠᠨᠠᠭᠠᠨ᠎ᠤ ᠬᠡᠷᠡᠯ ᠭᠢᠯᠪᠠᠭ᠎ᠠ ᠤᠷᠤᠭ᠍ᠰᠢᠯᠠᠯᠲᠠ᠎ᠶ᠋ᠢᠨ ᠵᠠᠮ᠎ᠢ ᠭᠡᠷᠡᠯᠲᠦᠭᠦᠯᠦᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠰᠠᠯᠬᠢ ᠪᠣᠷᠣᠭᠠᠨ᠎ᠡᠴᠡ ᠠᠶᠤᠬᠤ ᠦᠭᠡᠢ᠂ ᠳᠠᠪᠠᠯᠭᠠᠨ᠎ᠢ ᠵᠦᠰᠦᠨ ᠤᠷᠤᠭ᠍ᠰᠢᠯᠠᠵᠤ᠂ ᠬᠢᠵᠠᠭᠠᠯᠠᠰᠢ ᠦᠭᠡᠢ ᠡᠷᠡᠯᠬᠡᠭ ᠵᠣᠷᠢᠭ᠎ᠢᠶᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠰ ᠪᠠᠲᠤ ᠢᠲᠡᠭᠡᠯ ᠵᠣᠷᠢᠭ᠎ᠢᠶᠠᠷ ᠢᠷᠡᠭᠡᠳᠦᠢ᠎ᠶ᠋ᠢ ᠨᠡᠭᠡᠭᠡᠵᠦ᠍᠂ ᠤᠨᠤᠯ ᠎ᠤᠨ ᠱᠢᠨ᠎ᠡ ᠡᠭᠦᠳᠦᠯᠲᠡ ᠪᠣᠯᠤᠨ ᠦᠢᠯᠡᠳᠦᠯᠭᠡ᠎ᠶ᠋ᠢᠨ ᠱᠢᠨ᠎ᠡ ᠡᠭᠦᠳᠦᠯᠲᠡ ᠵᠢᠨ ᠬᠠᠷᠢᠯᠴᠠᠨ ᠬᠦᠭᠵᠢᠭᠡᠵᠦ᠂ ᠬᠠᠷᠢᠯᠴᠠᠨ ᠭᠡᠢᠭᠦᠯᠬᠦ ᠠᠬᠢᠴᠠ ᠳᠤᠮᠳᠠ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠱᠢᠨ᠎ᠡ ᠠᠬᠤᠢ ᠪᠠᠢᠳᠠᠯ ᠲᠡᠢᠰᠢ ᠲᠠᠰᠤᠷᠠᠯᠳᠠ ᠦᠭᠡᠢ ᠤᠷᠤᠭ᠍ᠰᠢᠯᠠᠬᠤ᠎ᠶ᠋ᠢ ᠠᠬᠢᠭᠤᠯᠪᠠ᠃

ᠨᠢᠭᠡ

ᠵᠠᠭᠦᠨ ᠲᠠᠩᠭᠢᠰ᠎ᠤᠨ ᠬᠥᠪᠡᠭᠡ᠂ ᠨᠢᠩᠪᠦ᠋ᠸᠧ᠎ᠶ᠋ᠢᠨ ᠵᠧᠦ ᠱᠠᠨ ᠭᠠᠷᠠᠮ᠎ᠳᠤ᠂ ᠡᠷᠭᠢ᠎ᠶ᠋ᠢᠨ ᠱᠤᠭᠤᠮ ᠳᠡᠭᠡᠷ᠎ᠡ ᠲᠦᠮᠡᠨ ᠲᠣᠨ᠎ᠤ ᠲᠡᠰ᠎ᠤᠨ ᠬᠥᠯᠭᠡ ᠣᠩᠭᠣᠴᠠ ᠪᠡᠷ ᠲᠦᠭᠦᠷᠴᠦ᠂ ᠮᠠᠰᠢᠨ ᠮᠧᠬᠠᠨᠢᠭ᠎ᠢᠶᠡᠷ ᠡᠳ᠋ ᠪᠠᠷᠠᠭ᠎ᠠ ᠲᠡᠭᠡᠭᠡᠵᠦ ᠪᠠᠭᠤᠯᠭᠠᠭᠠᠳ ᠶᠠᠭᠠᠷᠠᠨ᠎ᠠ᠃ 9 ᠰᠠᠷ᠎ᠠ᠎ᠶ᠋ᠢᠨ 11 ᠤ᠋ ᠡᠳᠦᠷ ᠪᠣᠯᠲᠠᠯ᠎ᠠ᠂ ᠭᠠᠷᠠᠮ᠎ᠤᠨ ᠡᠨᠡ ᠵᠢᠯ᠎ᠦᠨ ᠴᠢᠩᠭᠡᠯᠢᠭ ᠣᠷᠣᠭᠤᠯᠵᠤ ᠭᠠᠷᠭᠠᠭᠰᠠᠨ ᠬᠡᠮᠵᠢᠢ᠎ᠡ 3000 ᠲᠦᠮᠡᠨ ᠪᠠᠷᠢᠮᠵᠢᠶᠠᠲᠤ ᠴᠢᠩᠭᠡᠯᠢᠭ᠎ᠢ ᠳᠠᠪᠠᠵᠤ᠂ ᠨᠢᠳᠤᠨᠤᠨ᠎ᠤ ᠬᠢ᠎ᠡᠴᠡ 23 ᠡᠳᠦᠷ ᠤᠷᠢᠳᠴᠢᠯᠠᠵᠤ᠂ ᠲᠡᠦᠬᠡ᠎ᠶ᠋ᠢᠨ ᠲᠡᠮᠳᠡᠭ᠌ᠯᠡᠯ᠎ᠢ ᠳᠠᠬᠢᠨᠲᠠ ᠱᠢᠨᠡᠳᠭᠡᠪᠡ᠃

ᠳᠠᠯᠠᠢ ᠲᠡᠮᠦᠷ ᠵᠠᠮ ᠎ᠤᠨ ᠬᠠᠮᠲᠤᠷᠠᠭ᠍ᠰᠠᠨ ᠲᠡᠭᠡᠭᠡᠪᠦᠷᠢ᠂ ᠮᠥᠷᠡᠨ ᠳᠠᠯᠠᠢ᠎ᠶ᠋ᠢᠨ ᠬᠠᠮᠲᠤᠷᠠᠭ᠍ᠰᠠᠨ ᠲᠡᠭᠡᠭᠡᠪᠦᠷᠢ ᠎ᠳᠤ ᠲᠦᠰᠢᠭᠯᠡᠨ ᠪᠦᠬᠦ᠌ ᠪᠥᠮᠪᠥᠷᠴᠡᠭ ᠎ᠦᠨ ᠵᠢᠯ᠎ᠦᠨ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ 16 ᠵᠢᠯ ᠳᠠᠷᠠᠭᠠᠯᠠᠨ ᠮᠠᠩᠯᠠᠢᠯᠠᠭ᠍ᠰᠠᠨ ᠡᠨᠡ ᠬᠦ᠌ ᠬᠡᠳᠦ ᠶᠡᠬᠡ ᠭᠠᠷᠠᠮ ᠨᠢ ᠭᠠᠷᠠᠮ᠎ᠤᠨ ᠥᠷᠥᠴᠡ ᠭᠠᠵᠠᠷ᠎ᠢ ᠬᠥᠬᠡᠮᠥ᠋ᠷᠡᠨ᠎ᠦ ᠳᠡᠭᠡᠳᠦ ᠤᠷᠤᠰᠭᠠᠯ ᠬᠦᠷᠲᠡᠯ᠎ᠡ ᠥᠷᠭᠡᠳᠭᠡᠵᠦ᠍᠂ ᠬᠥᠬᠡᠮᠥ᠋ᠷᠡᠨ᠎ᠦ ᠱᠢᠵᠢᠷ ᠠᠯᠲᠠᠨ ᠤᠰᠤᠨ ᠵᠠᠮ ᠎ᠢ ᠱᠢᠯᠤᠭᠤᠳᠭᠠᠬᠤ᠂ ᠪᠠᠷᠠᠭᠤᠨ ᠬᠡᠰᠡᠭ᠎ᠦᠨ ᠡᠬᠡ ᠬᠠᠭᠤᠷᠠᠢ ᠳᠠᠯᠠᠢ ᠲᠠᠩᠭᠢᠰ᠎ᠤᠨ ᠱᠢᠨ᠎ᠡ ᠨᠡᠪᠲᠡᠷᠡᠬᠦ ᠵᠠᠮ᠂ ᠳᠤᠮᠳᠠᠳᠤ ᠧᠦ᠋ᠷᠣᠫᠠ᠎ᠶ᠋ᠢᠨ ᠵᠢᠱᠢᠶᠠᠨ ᠎ᠤ ᠭᠠᠯᠲᠤ ᠲᠡᠷᠭᠡ ᠪᠠ 21 ᠳ᠋ᠤᠭᠡᠷ ᠵᠠᠭᠤᠨ᠎ᠤ ᠳᠠᠯᠠᠢ ᠳᠡᠭᠡᠷᠡᠬᠢ ᠲᠣᠷᠭᠠᠨ ᠵᠠᠮ᠎ᠳᠤ ᠬᠦᠴᠦᠨ ᠨᠡᠮᠡᠷᠢᠯᠡᠵᠦ᠍᠂ ᠵᠡᠭᠦᠨ ᠳᠤᠮᠳᠠ ᠪᠠᠷᠠᠭᠤᠨ ᠬᠡᠰᠡᠭ᠎ᠢ ᠰᠤᠨᠳᠠᠯᠠᠭ᠍ᠰᠠᠨ᠂ ᠳᠠᠯᠠᠢ ᠬᠠᠭᠤᠷᠠᠢ ᠠᠭᠠᠷ᠎ᠢ ᠵᠣᠯᠭᠠᠭᠤᠯᠤᠭ᠍ᠰᠠᠨ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠢ᠎ᠶ᠋ᠢᠨ ᠬᠤᠩᠬᠢᠯ ᠳᠡᠭᠡᠷᠡᠬᠢ ᠴᠢᠬᠤᠯᠠ ᠬᠦᠢᠰᠦ ᠪᠣᠯᠤᠭ᠍ᠰᠠᠨ ᠪᠠᠢᠨ᠎ᠠ᠃

ᠮᠥᠷᠡᠨ ᠲᠠᠯᠠᠢ ᠎ᠳᠤ ᠨᠡᠪᠲᠡᠷᠡᠵᠦ᠍᠂ ᠲᠦᠷᠰᠦ ᠪᠠᠢᠳᠠᠯ ᠱᠢᠨᠡᠳᠦᠨ ᠬᠤᠪᠢᠷᠠᠵᠤ᠂ ᠳᠤᠮᠳᠠᠳᠤ᠎ᠶ᠋ᠢᠨ ᠡᠭᠡ ᠭᠠᠵᠠᠷ᠎ᠲᠦ᠍ ᠠᠮᠢᠵᠢᠷᠠᠯ᠎ᠤᠨ ᠬᠦᠴᠦᠨ ᠤᠷᠬᠢᠯᠤᠨ ᠪᠠᠳᠠᠷᠠᠵᠤ᠂ ᠴᠢᠨᠠᠷ ᠰᠠᠢᠲᠠᠢ ᠬᠥᠭ᠌ᠵᠢᠯᠲᠡ ᠱᠢᠨ᠎ᠡ ᠤᠷᠤᠨ ᠵᠠᠢ᠎ᠶ᠋ᠢ ᠨᠡᠭᠡᠭᠡᠭ᠌ᠰᠡᠨ᠎ᠢ ᠭᠡᠷᠡᠴᠢᠯᠡᠪᠡ᠃

5  ᠵᠢᠯ ᠎ᠦᠨ ᠡᠮᠦᠨᠡᠬᠢ 2020 ᠣᠨ᠎ᠤ ᠬᠠᠪᠤᠷ᠂ ᠶᠡᠷᠦᠩᠬᠡᠢ ᠱᠦᠵᠢ ᠰᠢ ᠵᠢᠨ ᠫᠢᠩ ᠨᠢᠩᠪᠦ᠋ᠸᠧ᠎ᠶ᠋ᠢᠨ ᠵᠧᠦ ᠱᠠᠨ ᠭᠠᠷᠠᠮ᠎ᠳᠤ ᠬᠦᠷᠴᠦ᠍ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠡᠨ ᠰᠡᠷᠭᠦᠭᠡᠭ᠌ᠰᠡᠨ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠪᠠ᠃

《ᠤᠳᠤ ᠎ᠶ᠋ᠢᠨ ᠪᠠᠢᠳᠠᠯ ᠨᠢᠭᠡᠨᠲᠡ ᠮᠠᠰᠢ ᠠᠳᠠᠯᠢ ᠦᠭᠡᠢ ᠪᠣᠯᠵᠤ᠂ ᠶᠡᠬᠡ᠎ᠪᠡᠷ ᠣᠷᠣᠭᠤᠯᠵᠤ ᠶᠡᠬᠡ᠎ᠪᠡᠷ ᠭᠠᠷᠭᠠᠬᠤ ᠣᠷᠴᠢᠨ ᠲᠣᠭᠣᠷᠢᠨ᠎ᠤ ᠨᠥᠬᠥᠴᠡᠯ ᠨᠢᠭᠡᠨᠲᠡ ᠬᠤᠪᠢᠷᠠᠵᠠᠢ᠃ ᠡᠷᠬᠡᠪᠰᠢ ᠱᠢᠨ᠎ᠡ ᠪᠠᠢᠳᠠᠯ᠎ᠢ ᠦᠨᠳᠦᠰᠦᠯᠡᠨ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠱᠢᠨ᠎ᠡ ᠰᠡᠳᠭᠢᠮᠵᠢ᠎ᠶ᠋ᠢ ᠳᠤᠷᠠᠳᠭᠤ ᠬᠡᠷᠡᠭ᠌ᠲᠡᠢ 》᠃ ᠥᠩᠭᠡᠷᠡᠭ᠌ᠰᠡᠨ᠂ ᠤᠳᠤ ᠪᠠ ᠢᠷᠡᠭᠡᠳᠦᠢ᠎ᠶ᠋ᠢᠨ ᠲᠤᠬᠠᠢ ᠪᠣᠳᠣᠯᠬᠢᠯᠠᠯ᠎ᠢ ᠨᠢᠭ᠍ᠲᠠᠷᠠᠭᠤᠯᠵᠤ᠂ ᠪᠡᠭᠡᠵᠢᠩ᠎ᠳᠦ ᠪᠤᠴᠠᠭ᠍ᠰᠠᠨ᠎ᠤ ᠳᠠᠷᠠᠭ᠎ᠠ ᠤᠳᠠᠯ ᠦᠭᠡᠢ   ᠶᠡᠷᠦᠩᠬᠡᠢ ᠱᠦᠵᠢ ᠰᠢ ᠵᠢᠨ ᠫᠢᠩ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠭᠡᠬᠦ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ᠎ᠶ᠋ᠢ ᠲᠣᠳᠣᠷᠬᠠᠢ ᠳᠤᠷᠠᠳᠴᠠᠢ᠃

2020  ᠣᠨ᠎ᠤ 10 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠡᠴᠡ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠶ᠋ᠢ ᠤᠬᠠᠭᠠᠯᠠᠨ ᠲᠦᠯᠦᠪᠯᠡᠵᠦ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠤᠨ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠲᠤᠬᠠᠶ ᠪᠥᠬᠥ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠪᠠ᠃            ᠴᠠᠭ᠎ᠤᠨ ᠬᠦᠷᠳᠦ ᠵᠢ ᠦᠩᠭᠡᠷᠡᠭᠰᠡᠨ ᠲᠡᠢᠰᠢ ᠴᠢᠭᠯᠡᠭᠦᠯᠬᠦᠶ᠎ᠡ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ 5 ᠵᠢᠯ ᠴᠦ᠍ ᠭᠡᠰᠡᠨ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ 10 ᠭᠠᠷᠤᠢ ᠵᠢᠯ᠎ᠦᠨ ᠲᠤᠷᠰᠢ ᠭᠡᠰᠡᠨ ᠴᠤ᠌᠂ ᠴᠠᠭ ᠦᠶ᠎ᠡ᠎ᠶ᠋ᠢᠨ ᠬᠤᠪᠢᠷᠠᠯᠲᠠ ᠶᠡᠬᠡᠲᠡᠢ ᠪᠠᠢᠵᠤ᠂ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ ᠲᠤᠢᠯ᠎ᠤᠨ ᠴᠢᠬᠤᠯᠠ ᠶᠤᠮ᠃

ᠱᠢᠨ᠎ᠡ ᠴᠠᠭ ᠦᠶ᠎ᠡ᠎ᠳᠦ ᠤᠷᠤᠭᠰᠢᠯᠠᠵᠤ ᠪᠠᠢᠭ᠎ᠠ ᠳᠤᠮᠳᠠᠳᠤ ᠤᠯᠤᠰ᠎ᠢ ᠬᠠᠷᠠᠬᠤᠶ᠎ᠠ᠂ ᠪᠦᠬᠦ᠌ ᠪᠥᠮᠪᠥᠷᠴᠡᠭ᠎ᠦᠨ ᠤᠯᠤᠰ ᠲᠦᠷᠦ᠍ ᠠᠵᠤ ᠠᠬᠤᠢ᠎ᠶ᠋ᠢᠨ ᠪᠠᠢᠷᠢᠱᠢᠯ᠎ᠳᠤ ᠭᠦᠨᠵᠡᠭᠡᠢ ᠲᠤᠬᠢᠷᠠᠭᠤᠯᠤᠯᠳᠠ ᠬᠢᠵᠦ᠍᠂ ᠨᠡᠢᠭᠡᠮ ᠎ᠦᠨ ᠭᠣᠣᠯ ᠵᠥᠷᠢᠴᠡᠯ᠎ᠳᠦ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠌ ᠪᠠᠢᠭ᠎ᠠ ᠪᠠᠢᠳᠠᠯ ᠎ᠳᠤ ᠬᠠᠨᠳᠤᠨ᠂ ᠶᠠᠮᠠᠷ ᠶᠠᠩᠵᠤ ᠵᠢᠨ ᠬᠥᠭ᠌ᠵᠢᠯᠲᠡ᠎ᠶ᠋ᠢ ᠪᠡᠶᠡᠯᠡᠭᠦᠯᠬᠦ᠌᠂ ᠬᠥᠭ᠌ᠵᠢᠯᠲᠡ᠎ᠶ᠋ᠢ ᠬᠡᠷᠬᠢᠨ ᠪᠡᠶᠡᠯᠡᠭᠦᠯᠬᠦ᠌ ᠪᠤᠢ? ᠳᠤᠮᠳᠠᠳᠤ ᠤᠯᠤᠰ᠎ᠤᠨ ᠠᠶᠠᠯᠠᠯ ᠵᠠᠮᠴᠢᠯᠠᠭ᠍ᠴᠢ ᠳᠡᠭᠡᠳᠦ ᠬᠡᠮᠵᠢᠶᠡᠨ ᠎ᠦ ᠣᠨᠣᠯ ᠎ᠤᠨ ᠤᠬᠠᠮᠰᠠᠷ ᠪᠠ ᠦᠶ᠋ᠯᠡᠳᠦᠯᠭᠡ᠎ᠶ᠋ᠢᠨ ᠡᠭᠦᠷᠭᠡᠯᠡᠯ᠎ᠢᠶᠡᠷ ᠪᠠᠢᠳᠠᠯ᠎ᠢ ᠱᠢᠨᠵᠢᠯᠡᠬᠦ᠌ ᠤᠬᠠᠭᠠᠨᠴᠢ᠎ᠪᠠᠷ ᠮᠠᠭᠠᠳᠯᠠᠵᠤ᠂ ᠬᠥᠭ᠌ᠵᠢᠯᠲᠡ᠎ᠶ᠋ᠢᠨ ᠵᠢᠮ᠎ᠡ ᠶᠣᠰᠣᠨ᠎ᠳᠤ ᠵᠣᠬᠢᠴᠠᠭᠤᠯᠤᠨ᠂ ᠠᠰᠠᠭᠤᠳᠠᠯ᠎ᠢ ᠰᠢᠢᠳᠪᠦᠷᠢᠯᠡᠬᠦ ᠵᠠᠮ᠎ᠢ ᠰᠦᠪᠡᠭ᠌ᠴᠢᠯᠡᠨ ᠡᠷᠢᠯᠬᠢᠯᠡᠪᠡ᠃

ᠡᠨᠡ ᠪᠣᠯ ᠬᠥᠭ᠌ᠵᠢᠯᠲᠡ᠎ᠶ᠋ᠢᠨ ᠣᠷᠣᠨ ᠪᠠᠢᠷᠢ᠎ᠶ᠋ᠢᠨ ᠲᠤᠬᠠᠢ ᠣᠨᠣᠪᠴᠢᠲᠠᠢ ᠵᠡᠭᠦᠯᠲᠡ ᠪᠣᠯᠤᠨ᠎ᠠ  —

《ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ᠎ᠦ ᠲᠠᠷᠠᠭ᠎ᠠ᠂ ᠪᠢᠳᠡ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭᠰᠢᠯᠠᠵᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠯᠠᠯ᠎ᠢᠶᠠᠨ ᠡᠬᠢᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠬᠡᠷᠡᠭ᠌ᠲᠡᠢ᠂ ᠡᠨᠡ ᠨᠢ ᠮᠠᠨ᠎ᠤ ᠤᠯᠤᠰ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠬ᠍ᠰᠠᠨ᠎ᠢ ᠬᠠᠷᠠᠭᠤᠯᠵᠤ ᠪᠠᠢᠨ᠎ᠠ》᠃

ᠡᠨᠡ ᠪᠣᠯ ᠬᠥᠭ᠌ᠵᠢᠯᠲᠡ᠎ᠶ᠋ᠢᠨ ᠭᠣᠣᠯ ᠰᠡᠳᠦᠪ᠎ᠦᠨ ᠲᠤᠬᠠᠢ ᠲᠣᠳᠣᠷᠬᠠᠢ ᠲᠤᠩᠬᠠᠭ᠍ᠯᠠᠯ ᠮᠥᠨ —

《ᠴᠢᠨᠠᠷ ᠰᠠᠢᠲᠠᠢ ᠬᠥᠭ᠌ᠵᠢᠯᠲᠡ ᠪᠣᠯ〈ᠠᠷᠪᠠᠨ ᠳᠥᠷᠪᠡᠳᠦᠭᠡᠷ ᠲᠠᠪᠤᠨ ᠵᠢᠯ〉ᠴᠢᠨᠠᠭ᠍ᠰᠢᠯᠠᠪᠠᠯ ᠨᠡᠩ ᠤᠷᠳᠤ ᠬᠤᠭᠤᠴᠠᠭᠠᠨ᠎ᠤ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠰᠡᠳᠦᠪ ᠪᠣᠯᠤᠨ᠎ᠠ᠂ ᠮᠠᠨ᠎ᠤ ᠤᠯᠤᠰ᠎ᠤᠨ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠨ᠎ᠠ》᠂ 《ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ》᠂ 《ᠡᠷᠬᠡᠪᠰᠢ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠬᠤ᠎ᠶ᠋ᠢ ᠱᠢᠨ᠎ᠡ ᠴᠠᠭ ᠦᠶ᠎ᠡ᠎ᠶ᠋ᠢᠨ ᠬᠠᠲᠠᠭᠤ ᠶᠣᠰᠣ ᠪᠣᠯᠭᠠᠬᠤ ᠬᠡᠷᠡᠭ᠌ᠲᠡᠢ》᠃

ᠡᠨᠡ ᠪᠣᠯ ᠬᠥᠭ᠌ᠵᠢᠯᠲᠡ ᠎ᠶ᠋ᠢᠨ ᠣᠢᠯᠠᠭᠠᠭ᠍ᠳᠠᠬᠤᠨ ᠎ᠤ ᠲᠤᠬᠠᠢ ᠭᠦᠨᠵᠡᠭᠡᠢ ᠬᠤᠪᠢᠷᠠᠯᠲᠠ᠎ᠪᠤᠯᠤᠨ᠎ᠠ  —

ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠶᠠᠪᠤᠴᠠ ᠪᠠ ᠡᠯ᠎ᠡ ᠬᠦᠷᠢᠶᠡᠨ᠎ᠳᠦ ᠲᠤᠭᠤᠱᠢᠯᠠᠭᠤᠯᠵᠤ᠂ ᠱᠢᠨ᠎ᠡ᠎ᠶ᠋ᠢ ᠡᠭᠦᠳᠬᠦ᠌᠎ᠪᠡᠷ ᠨᠢᠭᠡᠳᠦᠭᠡᠷ ᠬᠥᠳᠡᠯᠭᠡᠬᠦ᠌ ᠬᠦᠴᠦᠨ ᠪᠣᠯᠭᠠᠵᠤ᠂ ᠵᠣᠬᠢᠴᠠᠩᠭᠤᠢ᠎ᠪᠠᠷ ᠳᠣᠲᠣᠭᠠᠳᠤ ᠣᠨᠴᠠᠯᠢᠭ ᠪᠣᠯᠭᠠᠵᠤ᠂ ᠪᠣᠬᠢᠷᠲᠤᠯ ᠦᠭᠡᠢ᠎ᠪᠡᠷ ᠨᠡᠢᠳᠡᠮ᠎ᠦᠨ ᠬᠡᠯᠪᠡᠷᠢ ᠪᠣᠯᠭᠠᠵᠤ᠂ ᠨᠡᠭᠡᠭᠡᠯᠳᠠ᠎ᠪᠡᠷ ᠵᠠᠪᠠᠯ ᠵᠠᠮᠨᠠᠬᠤ ᠵᠠᠮ ᠪᠣᠯᠭᠠᠵᠤ᠂ ᠬᠠᠮᠲᠤ᠎ᠪᠠᠷ ᠡᠳ᠋ᠯᠡᠬᠦ᠌᠎ᠪᠡᠷ ᠦᠨᠳᠦᠰᠦᠨ ᠵᠣᠷᠢᠯᠭ᠎ᠠ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠵᠢ ᠪᠡᠶᠡᠯᠡᠭᠦᠯᠦᠨ᠎ᠡ᠃

ᠣᠢᠯᠠᠭᠠᠭ᠍ᠳᠠᠬᠤᠨ ᠱᠢᠨ᠎ᠡ ᠪᠤᠯᠬᠤ ᠪᠡᠷ ᠲᠡᠯᠡᠬᠡᠢ ᠶᠢᠷᠲᠢᠨᠴᠦ᠍ ᠥᠷᠭᠡᠨ ᠠᠭᠤᠳᠠᠮ ᠪᠤᠯᠤᠨ᠎ᠠ᠃ ᠬᠥᠭ᠌ᠵᠢᠯᠲᠡ ᠪᠣᠯ ᠮᠠᠷᠺᠰ᠎ᠤᠨ ᠦᠵᠡᠯ᠎ᠦᠨ ᠬᠠᠮᠤᠭ᠎ᠤᠨ ᠦᠨᠳᠦᠰᠦᠨ ᠠᠢ᠎ᠶ᠋ᠢᠨ ᠨᠢᠭᠡ ᠪᠣᠯᠤᠨ᠎ᠠ᠂ ᠴᠢᠨᠠᠷ ᠰᠠᠢᠲᠠᠢ ᠬᠥᠭ᠌ᠵᠢᠯᠲᠡ ᠨᠢ ᠱᠢᠨ᠎ᠡ ᠦᠢᠯᠡᠳᠪᠦᠷᠢᠯᠡᠯ᠎ᠦᠨ ᠬᠦᠴᠦᠨ᠎ᠦ ᠤᠨᠤᠯ᠎ᠢᠶᠠᠷ ᠵᠢᠯᠤᠭᠤᠳᠤᠭᠤᠯᠬᠤ᠎ᠶ᠋ᠢ ᠱᠠᠭᠠᠷᠳᠠᠨ᠎ᠠ᠃

《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ᠂ ᠭᠠᠵᠠᠷ ᠤᠷᠤᠨ᠎ᠤ ᠪᠠᠢᠳᠠᠯ᠎ᠳᠤᠨᠢ ᠲᠤᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠦᠭᠵᠢᠭᠦᠯᠬᠦ ᠵᠢ ᠡᠷᠬᠡᠪᠰᠢ ᠪᠠᠢᠯᠳᠤᠬᠤ ᠪᠤᠳᠤᠯᠭ᠎ᠠ ᠵᠢᠨ ᠨᠡᠩ ᠲᠤᠪᠤᠢᠮ᠎ᠠ ᠪᠠᠢᠷᠢᠨ᠎ᠳᠤ ᠲᠠᠯᠪᠢᠬᠤ ᠬᠡᠷᠡᠭᠲᠡᠢ》᠂ 2025 ᠣᠨ᠎ᠤ 4 ᠰᠠᠷ᠎ᠠ᠎ᠶ᠋ᠢᠨ 30 ᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠱᠠᠩᠬᠠᠶ᠎ᠳᠤ ᠬᠡᠰᠡᠭ ᠮᠤᠵᠢ ᠣᠷᠣᠨ ᠬᠣᠲᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠭᠤᠤᠯᠳᠠᠯᠭ᠎ᠠ ᠲᠠᠢ ᠴᠢᠬᠤᠯᠠᠴᠢᠯᠠᠪᠠ᠃

《ᠣᠨᠴᠠᠯᠢᠭ ᠨᠢ ᠱᠢᠨ᠎ᠡ᠎ᠶ᠋ᠢ ᠡᠭᠦᠳᠬᠦ᠌᠎ᠳᠦ ᠪᠤᠢ᠂ ᠵᠠᠩᠭᠢᠯᠠᠭ᠎ᠠ ᠨᠢ  ᠴᠢᠨᠠᠷ ᠰᠠᠢᠲᠠᠢ᠎ᠳᠤ ᠪᠤᠢ᠂ ᠮᠥᠨ ᠴᠢᠨᠠᠷ ᠨᠢ ᠲᠡᠷᠢᠭᠦᠨ᠎ᠦ ᠦᠢᠯᠡᠳᠪᠦᠷᠢᠯᠡᠯ᠎ᠦᠨ ᠬᠦᠴᠦᠨ᠎ᠳᠦ ᠪᠤᠢ》᠂《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠲᠤᠰ ᠪᠡᠶ᠎ᠡ ᠨᠢ ᠳᠠᠷᠤᠢ ᠪᠣᠬᠢᠷᠲᠤᠯ ᠦᠭᠡᠢ ᠦᠢᠯᠡᠳᠪᠦᠷᠢᠯᠡᠯ᠎ᠦᠨ ᠬᠦᠴᠦᠨ ᠮᠥᠨ》 ᠁

2023 ᠣᠨ᠎ᠳᠤ ᠣᠷᠣᠨ ᠨᠤᠲᠤᠭ ᠲᠤ᠌ ᠰᠢᠨᠵᠢᠯᠡᠨ ᠪᠠᠢᠴᠠᠭᠠᠬᠤ᠎ᠳᠠᠭᠠᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠠᠩᠬ᠎ᠠ ᠤᠳᠠᠭ᠎ᠠ ᠳᠤᠷᠠᠳᠤᠭ᠍ᠰᠠᠨ᠎ᠡᠴᠡ ᠤᠯᠠᠨ ᠲᠠᠯᠠᠪᠤᠷ᠎ᠲᠤ ᠱᠢᠰᠲ᠋ᠧᠮ᠎ᠲᠡᠶ ᠲᠣᠳᠣᠷᠬᠠᠢᠯᠠᠨ ᠲᠠᠢᠯᠪᠤᠷᠢᠯᠠᠭ᠍ᠰᠠᠨ ᠪᠠ ᠴᠢᠬᠤᠯᠠ ᠶᠡᠬᠡ ᠪᠠᠢᠷᠢᠯᠠᠭᠤᠯᠤᠯᠲᠠ ᠬᠢᠭ᠌ᠰᠡᠨ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ《ᠶᠠᠭᠤ᠎ᠶ᠋ᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠭᠡᠬᠦ᠌᠂ ᠶᠠᠭᠤᠨ᠎ᠳᠤ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠡᠷᠬᠢᠨ ᠬᠥᠭ᠌ᠵᠢᠭᠦᠯᠬᠦ᠌》ᠵᠡᠷᠭᠡ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ ᠎ᠳᠤ ᠭᠦᠨᠵᠡᠭᠡᠢ ᠬᠠᠷᠢᠭᠤᠯᠲᠠ ᠥᠭ᠌ᠴᠦ᠂ ᠦᠢᠯᠡᠳᠪᠦᠷᠢᠯᠡᠯ᠎ᠦᠨ ᠬᠦᠴᠦᠨ᠎ᠦ ᠬᠤᠪᠢᠰᠤᠯᠲᠠ᠎ᠶ᠋ᠢᠨ ᠵᠢᠮ᠎ᠡ ᠶᠣᠰᠣ᠎ᠶ᠋ᠢ ᠢᠯᠡᠷᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠪᠠᠳᠠᠷᠠᠭᠤᠯᠬᠤ᠎ᠳᠤ ᠴᠢᠬᠤᠯᠠ ᠵᠢᠯᠣᠭᠣᠳᠤᠮᠵᠢ ᠬᠠᠩᠭᠠᠪᠠ᠃

ᠴᠠᠭ ᠦᠶ᠎ᠡ᠎ᠶ᠋ᠢ ᠵᠠᠭᠠᠭ᠍ᠯᠠᠭ᠍ᠰᠠᠨ ᠠᠯᠢᠪᠠ ᠤᠨᠤᠯ ᠪᠣᠯ ᠴᠥᠮ ᠴᠠᠭ ᠦᠶ᠎ᠡ᠎ᠶ᠋ᠢᠨ ᠬᠡᠷᠡᠭ᠌ᠴᠡᠭᠡ᠎ᠶ᠋ᠢ ᠬᠠᠩᠭᠠᠭ᠍ᠰᠠᠨ ᠪᠦᠲᠦᠭᠡᠭ᠌ᠳᠡᠬᠦᠨ ᠮᠥᠨ᠃

ᠠᠵᠤ ᠠᠬᠤᠢ᠎ᠶ᠋ᠢᠨ ᠠᠵᠢᠯ᠎ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂ 《ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ》ᠭᠡᠳᠡᠭ᠎ᠢ ᠭᠦᠨᠵᠡᠭᠡᠢ ᠳ᠋ᠦᠩᠨᠡᠵᠦ᠍᠂ 《ᠲᠠᠪᠤᠨ ᠡᠷᠬᠡᠪᠰᠢ ᠨᠢᠭᠡᠳᠦᠯᠲᠡᠢ ᠲᠥᠯᠥᠪᠵᠢᠭᠦᠯᠬᠦ᠌》 ᠵᠢᠨ ᠴᠢᠬᠤᠯᠠ ᠬᠠᠷᠢᠴᠠᠭ᠎ᠠ᠎ᠶ᠋ᠢ ᠳᠤᠷᠠᠳᠪᠠ;

ᠵᠣᠷᠢᠭ᠍ᠲᠠᠢ᠎ᠪᠠᠷ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠤᠬᠠᠮᠰᠠᠷ᠎ᠡᠴᠡ᠎ᠪᠠᠨ ᠦᠢᠯᠡᠳᠪᠦᠷᠢᠯᠡᠯ᠎ᠦᠨ ᠬᠠᠷᠢᠴᠠᠭ᠎ᠠ᠎ᠶ᠋ᠢ ᠳᠤᠬᠢᠷᠠᠭᠤᠯᠬᠤ᠎ᠪᠠᠷ ᠳᠠᠮᠵᠢᠨ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ ᠎ᠦ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠤᠬᠠᠮᠰᠠᠷ᠎ᠡᠴᠠ᠎ᠪᠠᠨ ᠳᠡᠭᠡᠳᠦ ᠳᠠᠪᠬᠤᠷᠭ᠎ᠠ᠎ᠶ᠋ᠢ ᠲᠡᠭᠦᠯᠳᠡᠷᠵᠢᠭᠦᠯᠬᠦ᠌᠎ᠪᠡᠷ ᠳᠠᠮᠵᠢᠨ ᠠᠵᠤ ᠠᠬᠤᠢ᠎ᠶ᠋ᠢᠨ ᠰᠠᠭᠤᠷᠢ᠎ᠶ᠋ᠢᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ ᠵᠣᠬᠢᠴᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠵᠢᠮ᠎ᠡ ᠶᠣᠰᠣ᠎ᠲᠠᠢ ᠨᠡᠩ ᠢᠯᠡᠭᠦᠦ ᠨᠡᠢᠴᠡᠭᠦᠯᠦᠨ ᠤᠷᠤᠭᠰᠢ ᠬᠥᠭ᠌ᠵᠢᠬᠦ᠎ᠶ᠋ᠢ ᠠᠬᠢᠭᠤᠯᠬᠤ ᠬᠡᠷᠡᠭ᠌ᠲᠡᠢ  ᠁

ᠰᠢ ᠵᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠥᠨᠳᠥᠷ᠎ᠲᠦ ᠵᠣᠭ᠍ᠰᠣᠨ ᠠᠯᠤᠰ ᠎ᠢ ᠪᠠᠷᠠᠯᠠᠵᠤ᠂ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠵᠦ᠍᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠠᠮᠵᠢᠯᠲᠠ᠎ᠲᠠᠶ ᠡᠵᠡᠮᠳᠡᠭ᠌ᠰᠡᠨ ᠲᠡᠦᠬᠡᠨ ᠶᠠᠪᠤᠴᠠ ᠳᠤᠮᠳᠠ᠂ ᠠᠯᠢ ᠤᠯᠠᠨ ᠱᠢᠨ᠎ᠡ ᠤᠢ᠍ᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠤᠳᠤᠯᠭ᠎ᠠ᠎ᠶ᠋ᠢ ᠳᠤᠷᠠᠳᠴᠤ᠌᠂ ᠰᠢ ᠵᠢᠨ ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ᠎ᠶ᠋ᠢ ᠪᠠᠶᠠᠯᠢᠭ᠍ᠵᠢᠭᠤᠯᠤᠨ ᠬᠥᠭ᠌ᠵᠢᠭᠦᠯᠵᠦ᠍᠂ ᠮᠠᠷᠺᠰ᠎ᠤᠨ ᠦᠵᠡᠯ᠎ᠦᠨ ᠤᠯᠤᠰ ᠲᠦᠷᠦ᠍ ᠠᠵᠤ ᠠᠬᠤᠢ᠎ᠶ᠋ᠢᠨ ᠤᠬᠠᠭᠠᠨ᠎ᠤ ᠱᠢᠨ᠎ᠡ ᠠᠬᠤᠢ ᠪᠠᠢᠳᠠᠯ᠎ᠢ ᠠᠮᠵᠢᠯᠲᠠ᠎ᠲᠠᠶ ᠨᠡᠭᠡᠭᠡᠪᠡ᠃

ᠲᠠᠺᠯᠢᠮᠠᠺᠠᠨ ᠡᠯᠡᠰᠦᠨ ᠴᠥᠯ᠎ᠢ ᠦᠩᠭᠡᠢᠨ ᠬᠠᠷᠠᠬᠤ᠎ᠳᠤ᠂ ᠮᠢᠩᠭᠠᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ ᠱᠢᠷ᠎ᠠ ᠯᠤᠤ᠎ᠶ᠋ᠢ ᠨᠤᠭᠲᠤᠯᠠᠵᠠᠢ᠃

2024 ᠣᠨ᠎ᠤ 11 ᠰᠠᠷ᠎ᠠ᠎ᠶ᠋ᠢᠨ 28 ᠎ᠤ᠋ ᠡᠳᠦᠷ᠂ ᠰᠠᠷᠭᠠᠶ ᠴᠡᠴᠡᠭ᠎ᠦᠨ ᠴᠢᠬᠢ᠎ᠶ᠋ᠢ ᠡᠯᠡᠰᠦᠨ᠎ᠳᠤ ᠳᠠᠷᠢᠵᠤ ᠣᠷᠣᠭᠤᠯᠬᠤ᠎ᠶ᠋ᠢ ᠳᠠᠭᠠᠯᠳᠤᠨ᠂ ᠪᠥᠬᠥ᠌ ᠣᠷᠳᠣ᠎ᠨᠢ 3046 ᠺᠢᠯᠣᠮᠧᠲ᠋ᠷ ᠪᠠᠢᠬᠤ ᠲᠠᠺᠯᠢᠮᠠᠺᠠᠨ ᠡᠯᠡᠰᠦᠨ ᠴᠥᠯ᠎ᠦᠨ ᠪᠣᠬᠢᠷᠲᠤᠯ ᠥᠬᠡᠶ ᠡᠯᠡᠰᠦ᠎ᠶ᠋ᠢ ᠬᠣᠷᠢᠭ᠍ᠯᠠᠬᠤ ᠬᠠᠮᠠᠭᠠᠯᠠᠯᠲᠠ᠎ᠶ᠋ᠢᠨ ᠪᠦᠰᠡ᠎ᠶ᠋ᠢᠨ ᠢᠨᠵᠧᠨᠧᠷᠢᠩ ᠨᠢ ᠬᠥᠪᠡᠭᠡ ᠵᠠᠬ᠎ᠠ᠎ᠶ᠋ᠢ ᠡᠮᠵᠢᠶᠠᠷᠢᠯᠡᠨ ᠨᠡᠢᠯᠡᠭᠦᠯᠵᠡᠢ᠃

《 ᠲᠠᠰᠤᠷᠠᠯᠳᠠ ᠦᠭᠡᠢ ᠦᠷᠭᠦᠯᠵᠢᠯᠡᠭᠰᠡᠨ ᠴᠢᠷᠮᠠᠢᠯᠭ᠎ᠠ ᠪᠡᠷ ᠲᠠᠺᠯᠢᠮᠠᠺᠠᠨ ᠡᠯᠡᠰᠦᠨ ᠴᠦᠯ᠎ᠳᠦ 〈 ᠨᠣᠭᠣᠭᠠᠨ ᠬᠦᠵᠦᠭᠦᠪᠴᠢ 〉 ᠵᠡᠭᠦᠯᠭᠡᠪᠡ 》᠃ 2025 ᠣᠨ᠎ᠤ 4 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠨᠡᠢᠰᠯᠡᠯ᠎ᠦᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠬᠤ᠎ᠳᠠᠭᠠᠨ᠂ ᠣᠨᠴᠠᠭᠠᠢᠯᠠᠨ ᠡᠨᠡ ᠬᠦ᠌ ᠬᠥᠮᠦᠨ ᠲᠥᠷᠥᠯᠬᠢᠲᠡᠨ᠎ᠦ ᠡᠯᠡᠰᠦ᠎ᠶ᠋ᠢ ᠵᠠᠰᠠᠭ᠍ᠰᠠᠨ ᠲᠡᠦᠬᠡᠨ ᠳᠡᠭᠡᠷᠡᠬᠢ ᠭᠠᠢᠬᠠᠮᠱᠢᠭ᠎ᠢ ᠳᠤᠷᠠᠳᠪᠠ᠃

ᠠᠮᠢ ᠠᠬᠤᠶ᠎ᠶ᠋ᠢᠨ ᠠᠮᠤᠷ ᠲᠦᠪᠱᠢᠨ᠎ᠢ ᠪᠤᠳᠤᠯᠬᠢᠯᠠᠬᠤ ᠨᠢ ᠲᠦᠮᠡᠨ ᠦᠶ᠎ᠡ᠎ᠵᠢᠨ ᠲᠦᠯᠦᠭᠡ ᠶᠤᠮ᠃ 5 ᠵᠢᠯ ᠎ᠦᠨ ᠬᠤᠭᠤᠴᠠᠭᠠᠨ᠎ᠳᠤ᠂ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠲᠠᠰᠤᠷᠠᠯᠲᠠ ᠥᠬᠡᠶ ᠪᠠᠶᠠᠯᠢᠭ᠍ᠵᠢᠨ ᠬᠥᠭ᠌ᠵᠢᠵᠦ᠍᠂ ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠠ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ ᠬᠥᠮᠦᠰ᠎ᠦᠨ ᠰᠡᠳᠭᠢᠯ᠎ᠳᠦ ᠬᠠᠳᠠᠩᠱᠢᠵᠤ᠂ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠦᠨ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠵᠠᠮ᠎ᠢ ᠭᠡᠷᠡᠯᠲᠦᠭᠦᠯᠦᠭ᠌ᠰᠡᠨ ᠪᠠᠢᠨ᠎ᠠ᠃

ᠦᠢᠯᠡᠳᠦᠯᠭᠡ᠎ᠶ᠋ᠢᠨ ᠬᠥᠭ᠌ᠵᠢᠯᠲᠡ ᠬᠡᠵᠢᠶᠡᠳᠡ ᠲᠠᠭᠤᠰᠤᠰᠢ ᠦᠭᠡᠢ᠂ ᠤᠨᠤᠯ᠎ᠤᠨ ᠱᠢᠨ᠎ᠡ ᠡᠭᠦᠳᠦᠯᠲᠡ ᠬᠡᠵᠢᠶᠡᠳᠡ ᠲᠠᠭᠤᠰᠤᠰᠢ ᠦᠭᠡᠢ᠃

2023 ᠣᠨ᠎ᠤ 10 ᠰᠠᠷ᠎ᠠ᠎ᠳᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠵᠢ ᠪᠦᠬᠦ᠌ ᠤᠯᠤᠰ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠬᠤᠷᠠᠯ ᠳᠡᠭᠡᠷ᠎ᠡ ᠵᠢᠩᠬᠢᠨᠢ᠎ᠪᠡᠷ ᠳᠤᠷᠠᠳᠴᠠᠢ᠃

《ᠰᠣᠶᠣᠯ ᠢᠷᠭᠡᠨᠱᠢᠯ᠎ᠦᠨ ᠠᠵᠤ ᠠᠬᠤᠢ᠎ᠶ᠋ᠢᠨ ᠤᠬᠠᠭᠠᠨ》᠎ᠤ᠋ ᠶᠡᠬᠡ ᠶᠠᠪᠤᠳᠠᠯ᠎ᠢ ᠰᠠᠢᠲᠤᠷ ᠬᠢᠵᠦ᠍᠂ ᠰᠣᠶᠣᠯ᠎ᠢᠶᠠᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠵᠤ᠂ ᠰᠣᠶᠣᠯ ᠢᠷᠭᠡᠨᠱᠢᠯ ᠪᠣᠯᠤᠨ ᠠᠵᠤ ᠠᠬᠤᠢ ᠬᠠᠮᠲᠤ᠎ᠪᠠᠷ ᠣᠷᠣᠱᠢᠵᠤ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠢ᠌ᠯᠭᠠᠬᠤ᠎ᠶ᠋ᠢ ᠠᠬᠢᠭᠤᠯᠤᠨ᠎ᠠ; ᠰᠣᠶᠣᠯ᠎ᠤᠨ ᠦᠢᠯᠡᠳᠭᠦᠨ ᠪᠠ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠠᠷᠠᠳ ᠲᠦᠮᠡᠨ᠎ᠦ ᠣᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠨᠠᠩ ᠰᠠᠢᠨ ᠬᠠᠩᠭᠠᠵᠤ᠂ ᠠᠷᠠᠳ ᠣᠯᠠᠨ᠎ᠤ ᠪᠣᠳᠠᠰ᠎ᠤᠨ ᠠᠮᠢᠳᠤᠷᠠᠯ ᠪᠠ ᠣᠶᠤᠨ᠎ᠤ ᠠᠮᠢᠳᠤᠷᠠᠯ᠎ᠢ ᠴᠥᠮ ᠪᠠᠶᠠᠨ ᠴᠢᠨᠡᠭᠡᠯᠢᠭ ᠪᠣᠯᠭᠠᠬᠤ᠎ᠪᠠᠷ ᠴᠢᠷᠮᠠᠢᠨ᠎ᠠ ᠁

ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠨᠢ ᠰᠣᠶᠣᠯ᠎ᠤᠨ ᠢᠲᠡᠭᠡᠯ᠎ᠦᠨ ᠬᠠᠮᠤᠭ᠎ᠤᠨ ᠦᠨᠳᠦᠰᠦᠨ᠂ ᠬᠠᠮᠤᠭ᠎ᠤᠨ ᠭᠦᠨ ᠴᠢᠬᠢᠮᠠᠢ᠂ ᠬᠠᠮᠤᠭ᠎ᠤᠨ ᠤᠳᠠᠭᠠᠨ ᠳᠠᠭᠠᠭᠠᠮᠠᠭᠠᠢ ᠬᠦᠴᠦᠨ᠎ᠢ ᠳᠠᠭᠤᠳᠠᠨ ᠰᠡᠷᠢᠭᠡᠵᠦ᠍᠂ ᠪᠦᠬᠦ᠌ ᠦᠨᠳᠦᠰᠦᠲᠡᠨ᠎ᠦ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ ᠦᠷᠢᠰᠦᠯᠳᠦᠨ ᠤᠨᠳᠤᠷᠴᠤ᠌᠂ ᠳᠤᠮᠳᠠᠳᠤ᠎ᠶ᠋ᠢᠨ ᠪᠣᠯᠪᠠᠰᠤᠨ᠎ᠤ ᠤᠯᠠᠮᠵᠢᠯᠠᠬᠤ ᠬᠦᠴᠦᠨ ᠨᠥᠯᠥᠭᠡᠯᠡᠬᠦ᠌ ᠬᠦᠴᠦᠨ ᠲᠠᠰᠤᠷᠠᠯᠲᠠ ᠦᠭᠡᠢ ᠴᠢᠩᠭᠠᠷᠠᠪᠠ᠃

ᠡᠳᠦᠷ᠎ᠡᠴᠡ ᠡᠳᠦᠷ ᠱᠢᠨᠡᠳᠴᠦ᠍ ᠪᠠᠢᠭ᠎ᠠ ᠦᠢᠯᠡᠳᠦᠯᠭᠡ ᠨᠢ ᠤᠨᠤᠯ᠎ᠤᠨ ᠱᠢᠨ᠎ᠡ ᠡᠭᠦᠳᠦᠯᠲᠡ᠎ᠳᠦ ᠡᠯᠪᠡᠭ ᠪᠠᠶᠠᠯᠢᠭ ᠱᠢᠮ᠎ᠡ ᠲᠡᠵᠢᠭᠡᠯ ᠣᠯᠭᠣᠵᠤ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠭ᠍ᠰᠠᠨ ᠤᠨᠤᠯ ᠨᠢ ᠦᠢᠯᠡᠳᠦᠯᠭᠡ᠎ᠶ᠋ᠢ ᠵᠢᠯᠣᠭᠣᠳᠤᠨ ᠲᠤᠮᠤ ᠠᠯᠬᠤᠮ᠎ᠢᠶᠠᠷ ᠤᠷᠤᠭ᠍ᠰᠢᠯᠠᠭᠤᠯᠵᠤ ᠪᠠᠢᠨ᠎ᠠ᠃

5 ᠵᠢᠯ ᠎ᠦᠨ ᠲᠤᠷᠰᠢ᠂ ᠳᠡᠯᠡᠬᠡᠢᠵᠢᠯ᠎ᠢ ᠰᠥᠷᠬᠦ᠌ ᠬᠦᠢᠳᠡᠨ ᠤᠷᠤᠰᠭᠠᠯ᠂ ᠦᠢᠯᠡᠳᠪᠦᠷᠢᠯᠡᠯ ᠬᠠᠩᠭᠠᠯᠭ᠎ᠠ᠎ᠶ᠋ᠢᠨ ᠬᠡᠯᠬᠢᠶ᠎ᠡ ᠳᠠᠭᠠᠷᠢᠯᠳᠠ᠎ᠳᠤ ᠤᠴᠠᠷᠠᠭ᠍ᠰᠠᠨ ᠠᠬᠤᠢ ᠪᠠᠢᠳᠠᠯ ᠳᠣᠣᠷ᠎ᠠ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠶᠡᠷᠦᠩᠬᠡᠢ ᠬᠡᠮᠵᠢᠢ᠎ᠡ ᠵᠠᠯᠭᠠᠭ᠎ᠠ᠎ᠪᠠᠷ 110 ᠲᠦᠮᠡᠨ ᠳ᠋ᠦᠩᠱᠢᠭᠤᠷ ᠲᠥᠭᠥᠷᠢᠭ᠂ 120 ᠲᠦᠮᠡᠨ ᠳ᠋ᠦᠩᠱᠢᠭᠤᠷ ᠲᠥᠭᠥᠷᠢᠭ᠂ 130 ᠲᠦᠮᠡᠨ ᠳ᠋ᠦᠩᠱᠢᠭᠤᠷ ᠲᠥᠭᠥᠷᠢᠭ᠎ᠦᠨ ᠪᠣᠭᠣᠮᠲᠠ᠎ᠶ᠋ᠢ ᠳᠠᠪᠠᠵᠤ᠂ 2025 ᠣᠨ᠎ᠳᠤ ᠵᠢᠱ᠌ᠢᠯᠲᠡ᠎ᠪᠡᠷ 140 ᠲᠦᠮᠡᠨ ᠳ᠋ᠦᠩᠱᠢᠭᠤᠷ ᠲᠥᠭᠥᠷᠢᠭ ᠣᠷᠴᠢᠮ ᠬᠦᠷᠴᠦ᠍᠂ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠦᠵᠡᠭᠦᠯᠬᠦ᠌ ᠬᠤᠪᠢ ᠨᠡᠮᠡᠷᠢ᠎ᠶ᠋ᠢᠨ ᠨᠤᠷᠮ᠎ᠠ 30% ᠣᠷᠴᠢᠮ ᠪᠠᠢᠬᠤ᠎ᠶ᠋ᠢ ᠪᠠᠲᠤᠯᠠᠵᠤ᠂ ᠲᠣᠭ᠍ᠲᠠᠭᠤᠨ ᠨᠠᠢᠳᠠᠪᠤᠷᠢᠲᠠᠢ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠪᠠ;

5 ᠵᠢᠯ᠎ᠦᠨ ᠲᠤᠷᠰᠢ᠂ ᠳᠤᠮᠳᠠᠳᠤ ᠤᠯᠤᠰ᠎ᠤᠨ ᠱᠢᠨ᠎ᠡ᠎ᠶ᠋ᠢ ᠡᠭᠦᠳᠬᠦ᠌ ᠬᠥᠳᠡᠯᠭᠡᠭᠦᠷ ᠨᠡᠩ ᠬᠦᠴᠦᠲᠡᠢ ᠪᠤᠯᠵᠥ᠍᠂ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ ᠳᠠᠪᠠᠭᠤᠯᠢᠭ᠎ᠵᠢᠡᠨ ᠵᠤᠵᠠᠭᠠᠳᠭᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠬᠦᠰᠡᠯ ᠵᠡᠭᠦᠳᠦ᠎ᠡᠴᠡ᠎ᠪᠡᠨ ᠪᠣᠳᠠᠲᠤ ᠠᠬᠤᠢ ᠪᠣᠯᠤᠨ ᠬᠤᠪᠢᠷᠠᠵᠤ᠂ ᠥᠭᠡᠷᠡᠴᠢᠯᠡᠯᠲᠡ ᠨᠡᠬᠡᠬᠡᠯᠳᠡ ᠴᠣ ᠱᠢᠨ᠎ᠡ ᠳᠦᠷᠰᠦ ᠪᠠᠢᠳᠠᠯ᠎ᠲᠠᠶ ᠪᠤᠯᠵᠥ᠍᠂ ᠤᠯᠤᠰ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠦᠷᠭᠦᠯᠵᠢᠯᠡᠨ ᠴᠢᠩᠭᠠᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ ᠴᠢᠨᠠᠭ᠍ᠰᠢᠳᠠ ᠳᠡᠭᠡᠭ᠌ᠰᠢᠯᠡᠵᠦ᠍᠂ ᠪᠦᠬᠦ᠌ ᠠᠷᠠᠳ ᠲᠦᠮᠡᠨ᠎ᠦ ᠬᠠᠮᠲᠤ᠎ᠶ᠋ᠢᠨ ᠴᠢᠨᠡᠭᠡᠯᠢᠭ᠌ᠵᠢᠯ ᠯᠠᠪᠳᠠᠭᠤᠨ ᠪᠠᠲᠤᠲᠠᠢ ᠠᠬᠢᠪᠠ᠃

《 ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠡᠴᠡ 21 ᠳ᠋ᠤᠭᠡᠷ ᠵᠠᠭᠤᠨ᠎ᠳᠤ ᠦᠵᠡᠭᠦᠯᠬᠦ ᠨᠥᠯᠥᠭᠡ ᠰᠠᠶᠢ ᠡᠬᠢᠯᠡᠵᠦ᠍ ᠪᠠᠢᠨ᠎ᠠ 》 ᠂ ᠭᠠᠳᠠᠭᠠᠳᠤ᠎ᠶ᠋ᠢᠨ ᠵᠠᠭᠤᠴᠢᠯᠠᠭᠤᠷ᠎ᠤᠨ ᠬᠢᠨ᠂ ᠳᠤᠮᠳᠠᠳᠤ ᠤᠯᠤᠰ ᠥᠷᠥᠨᠡᠳᠠᠬᠢᠨ ᠎ᠤ ᠵᠠᠭ᠍ᠪᠤᠷ᠎ᠢ ᠮᠥᠷᠳᠡᠨ ᠳᠠᠭᠠᠭ᠍ᠰᠠᠨ ᠦᠭᠡᠢ᠂ ᠬᠠᠷᠢᠨ ᠥᠪᠡᠷ᠎ᠦᠨ ᠵᠠᠮ᠎ᠢᠶᠠᠨ ᠨᠡᠭᠡᠭᠡᠵᠦ᠍᠂ ᠱᠢᠨ᠎ᠡ᠎ᠶ᠋ᠢ ᠡᠭᠦᠳᠬᠦ᠌᠂ ᠪᠠᠢᠯᠳᠤᠬᠤ ᠪᠤᠳᠤᠯᠭ᠎ᠠ ᠪᠣᠯᠤᠨ ᠪᠠᠷᠠᠯᠠᠯᠳᠤ ᠴᠢᠨᠠᠷᠲᠠᠢ ᠰᠡᠳᠭᠢᠬᠦᠢ᠎ᠶ᠋ᠢ ᠤᠶᠠᠯᠳᠤᠭᠤᠯᠪᠠ᠃ ᠳᠤᠮᠳᠠᠳᠤ ᠤᠯᠤᠰ᠎ᠤᠨ ᠳᠠᠪᠱᠢᠯᠲᠠ ᠨᠢ ᠠᠵᠤ ᠠᠬᠤᠢ᠎ᠶ᠋ᠢᠨ ᠲᠠᠯ᠎ᠠ᠎ᠪᠠᠷ ᠢᠯᠡᠷᠡᠵᠦ᠍ ᠪᠠᠢᠬᠤ᠎ᠪᠠᠷ ᠪᠠᠷᠠᠬᠤ ᠦᠭᠡᠢ ᠪᠠᠰᠠ ᠲᠧᠭ᠌ᠨᠢᠭ ᠮᠡᠷᠭᠡᠵᠢᠯ ᠪᠠ ᠨᠡᠢᠭᠡᠮ᠎ᠦᠨ ᠲᠠᠯ᠎ᠠ᠎ᠪᠠᠷ ᠢᠯᠡᠷᠡᠵᠦ᠍᠂ ᠲᠡᠭᠦᠨ᠎ᠦ ᠬᠥᠳᠡᠯᠭᠡᠬᠦ᠌ ᠬᠦᠴᠦᠨ ᠨᠢ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠥᠪᠡᠷᠮᠢᠴᠡ ᠠᠷᠭ᠎ᠠ ᠮᠠᠶᠢᠭ᠎ᠡᠴᠡ ᠢᠷᠡᠭ᠌ᠰᠡᠨ ᠶᠤᠮ ᠭᠡᠵᠦ ᠦᠨᠡᠯᠡᠪᠡ᠃

ᠬᠣᠶᠠᠷ

ᠪᠡᠭᠡᠵᠢᠩ᠂ ᠲᠥᠪ᠎ᠦᠨ ᠨᠠᠮ᠎ᠤᠨ ᠰᠤᠷᠭᠠᠭᠤᠯᠢ(ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠳ᠋ᠤ᠌᠂ ᠠᠯᠳᠠᠨ ᠨᠠᠮᠤᠷ᠎ᠤᠨ ᠨᠡᠷᠡᠨ᠎ᠦ ᠲᠤᠶᠠᠭ᠎ᠠ ᠡᠪᠡᠰᠦ ᠮᠣᠳᠣ᠎ᠶᠢ ᠦᠪᠴᠢ ᠭᠡᠢᠭᠦᠯᠦᠨ᠎ᠠ᠃   2021 ᠣᠨ᠎ᠤ ᠡᠬᠢᠨ᠎ᠳᠦ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠪᠠᠷ ᠲᠤᠰᠭᠠᠢ ᠰᠡᠳᠦᠪ ᠪᠣᠯᠭᠠᠭᠰᠠᠨ᠂ ᠮᠤᠵᠢ ᠶᠠᠮᠤᠨ ᠎ᠤ ᠲᠡᠰ᠎ᠤᠨ 190 ᠭᠠᠷᠤᠢ ᠭᠣᠣᠯ ᠤᠳᠤᠷᠢᠳᠭᠤ ᠺᠠᠳ᠋ᠷ ᠣᠷᠣᠯᠴᠠᠭ᠍ᠰᠠᠨ ᠴᠢᠬᠤᠯᠠ ᠰᠤᠳᠤᠯᠤᠨ ᠶᠠᠷᠢᠯᠴᠠᠬᠤ ᠠᠩᠬᠢ ᠡᠨᠳᠡ ᠶᠠᠪᠤᠭ᠍ᠳᠠᠪᠠ᠃

ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ 》 ᠳ᠋ᠤ ᠵᠠᠩᠭᠢᠯᠠᠭ᠎ᠠ᠎ᠶ᠋ᠢᠨ ᠬᠢᠴᠢᠶᠡᠯ ᠣᠷᠣᠪᠠ᠄

《ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠬ᠍ᠰᠠᠨ ᠨᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠲᠡᠦᠬᠡᠨ ᠣᠷᠣᠨ ᠪᠠᠢᠷᠢ᠎ᠶ᠋ᠢ ᠲᠣᠳᠣᠷᠬᠠᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠰᠢᠯᠠᠭᠤᠯᠬᠤ᠎ᠨᠢ ᠮᠠᠨ᠎ᠤ ᠤᠯᠤᠰ ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠵᠢᠯᠣᠭᠣᠳᠭᠤ ᠵᠠᠷᠴᠢᠮ ᠎ᠢ ᠲᠣᠳᠣᠷᠬᠠᠢᠯᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠨᠢ ᠮᠠᠨ᠎ᠤ ᠤᠯᠤᠰ ᠎ᠤᠨ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢᠨ ᠵᠠᠮ ᠱᠤᠭᠤᠮ᠎ᠤᠨ ᠰᠣᠩᠭᠣᠯᠲᠠ᠎ᠶ᠋ᠢ ᠲᠣᠳᠣᠷᠬᠠᠢᠯᠠᠵᠠᠢ》 ᠃

ᠡᠨᠡ ᠭᠤᠷᠪᠠᠨ 《ᠱᠢᠨ᠎ᠡ 》 ᠨᠢ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠠᠨᠠᠭᠤᠯᠭ᠎ᠠ 》 ᠎ᠶ᠋ᠢᠨ ᠯᠣᠭᠢᠭ᠎ᠤᠨ ᠭᠤᠤᠯ ᠱᠢᠵᠢᠮ᠎ᠢ ᠲᠣᠳᠣᠷᠬᠠᠢᠯᠠᠵᠤ᠂ ᠲᠣᠮᠣ ᠤᠯᠤᠰ᠎ᠤᠨ ᠵᠠᠮᠴᠢᠯᠠᠭ᠍ᠴᠢ᠎ᠶ᠋ᠢᠨ ᠠᠯᠤᠰ ᠬᠡᠲᠦ᠍᠎ᠶ᠋ᠢᠨ ᠲᠥᠯᠥᠪᠵᠢᠭᠦᠯᠭᠡ᠂ ᠭᠦᠨ ᠭᠦᠨᠵᠡᠭᠡᠶ ᠣᠶᠤᠨ ᠤᠬᠠᠭᠠᠨ᠎ᠢ ᠬᠠᠷᠠᠭᠤᠯᠵᠤ ᠪᠠᠢᠨ᠎ᠠ᠃

ᠦᠵᠡᠯ ᠰᠠᠨᠠᠭ᠎ᠠ᠎ᠪᠠᠷ ᠭᠠᠯ ᠪᠠᠮᠪᠠᠷ ᠪᠣᠯᠭᠠᠵᠤ᠂ ᠦᠶ᠋ᠯᠡᠳᠦᠯᠭᠡ᠎ᠪᠡᠷ ᠳᠠᠷᠪᠠᠭᠤᠯ ᠪᠣᠯᠭᠠᠨ᠎ᠠ᠃

ᠴᠢᠨᠠᠷ ᠰᠠᠢᠲᠠᠢ ᠬᠥᠭ᠌ᠵᠢᠯᠲᠡ ᠎ᠶ᠋ᠢ ᠠᠬᠢᠭᠤᠯᠬᠤ ᠡᠨᠡ ᠬᠦ᠌ ᠭᠣᠣᠯ ᠰᠡᠳᠦᠪ᠎ᠦᠨ ᠲᠣᠭᠣᠷᠢᠨ᠎ᠳᠤ᠂ ᠱᠢᠨ᠎ᠡ ᠣᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠶᠠᠰᠤ ᠴᠢᠨᠠᠷ᠎ᠤᠨ ᠬᠤᠪᠢᠷᠠᠯᠲᠠ᠂ ᠦᠷ᠎ᠡ ᠪᠦᠲᠦᠮᠵᠢ᠎ᠶ᠋ᠢᠨ ᠬᠤᠪᠢᠷᠠᠯᠲᠠ᠂ ᠬᠥᠳᠡᠯᠭᠡᠬᠦ᠌ ᠬᠦᠴᠦᠨ᠎ᠦ ᠬᠤᠪᠢᠷᠠᠯᠲᠠ᠎ᠶ᠋ᠢ ᠠᠪᠴᠢᠷᠠᠪᠠ ——

ᠡᠯᠧᠺᠲᠷᠣᠨ ᠴᠢᠮᠡᠭᠡ ᠬᠤᠯᠪᠤᠭ᠎ᠠ ᠵᠢᠨ ᠠᠵᠤ ᠦᠶ᠋ᠯᠡᠰ ᠬᠡᠲᠦ ᠥᠨᠳᠥᠷ ᠬᠤᠷᠳᠤᠴᠠᠲᠤ ᠳᠣᠬᠢᠶ᠎ᠠ᠎ᠪᠦᠬᠦᠢ 《ᠳᠤᠮᠳᠠᠳᠤ ᠤᠯᠤᠰ᠎ᠤᠨ ᠬᠡᠮᠵᠢᠭᠦᠷ》 ᠎ᠲᠠᠶ ᠪᠣᠯᠵᠠᠶ!

ᠣᠢᠷ᠎ᠠ᠎ᠳᠤ ᠱᠧᠨᠵᠧᠨ᠎ᠳᠦ ᠶᠠᠪᠤᠭ᠍ᠳᠠᠭ᠍ᠰᠠᠨ 2025 ᠪᠤᠯᠤᠩ᠎ᠤᠨ ᠣᠷᠣᠨ᠎ᠤ ᠬᠠᠭᠠᠰ ᠳᠠᠮᠵᠢᠭᠤᠯᠤᠭ᠍ᠴᠢ᠎ᠵᠢᠨ ᠠᠵᠤ ᠦᠶ᠋ᠯᠡᠰ᠎ᠦᠨ ᠠᠮᠢ ᠠᠬᠤᠶ᠎ᠶ᠋ᠢᠨ ᠦᠵᠡᠰᠭᠦᠯᠡᠩ᠎ᠤᠨ ᠴᠤᠭᠯᠠᠭᠠᠨ ᠳᠡᠭᠡᠷ᠎ᠡ᠂ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠱᠢᠨ᠎ᠡ ᠨᠢᠭᠡ ᠦᠶ᠎ᠡ᠎ᠶ᠋ᠢᠨ ᠬᠡᠲᠦ ᠥᠨᠳᠥᠷ ᠬᠤᠷᠳᠤᠴᠠᠲᠤ ᠳᠣᠯᠭᠢᠶᠠᠨ ᠢᠯᠡᠷᠡᠭᠦᠯᠦᠭ᠌ᠴᠢ᠎ᠶ᠋ᠢ ᠨᠡᠢᠲᠡᠯᠡᠵᠦ᠍᠂ ᠳᠡᠭᠡᠳᠦ ᠲᠠᠰ᠎ᠤᠨ ᠡᠯᠧᠺᠲ᠋ᠷᠣᠨ ᠬᠡᠮᠵᠢᠯᠲᠡ᠎ᠶ᠋ᠢᠨ ᠬᠡᠮᠵᠢᠭᠦᠷᠯᠢᠭ᠎ᠦᠨ ᠬᠦᠷᠢᠶᠡᠨ᠎ᠳᠦ ᠵᠠᠩᠭᠢᠯᠠᠭ᠎ᠠ᠎ᠶ᠋ᠢᠨ ᠱᠢᠪᠲᠤᠯᠤᠯᠲᠠ ᠭᠠᠷᠭᠠᠪᠠ᠃

ᠱᠢᠨ᠎ᠡ᠎ᠶ᠋ᠢ ᠡᠭᠦᠳᠬᠦ᠌᠎ᠶ᠋ᠢ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢᠨ ᠭᠣᠣᠯ ᠪᠠᠢᠷᠢᠨ᠎ᠳᠤ ᠲᠠᠯᠪᠢᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠪᠤᠵᠠᠭᠠᠢᠷᠠᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠰᠡᠳᠦᠪ᠎ᠲᠡᠬᠢ ᠵᠠᠪᠠᠯ ᠪᠠᠢᠬᠤ ᠠᠭᠤᠯᠭ᠎ᠠ ᠪᠣᠯᠤᠨ᠎ᠠ᠃

《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠲᠠᠯ᠎ᠠ᠎ᠪᠠᠷ ᠱᠢᠨ᠎ᠡ ᠵᠠᠮ ᠨᠡᠭᠡᠭᠡᠬᠦ᠌ ᠬᠡᠷᠡᠭ᠌ᠲᠡᠢ 》᠂ 《ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ᠎ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠬᠤ ᠬᠡᠷᠡᠭ᠌ᠲᠡᠢ 》᠁ ᠶᠡᠷᠦᠩᠬᠡᠢ ᠱᠦᠵᠢ ᠰᠢ ᠵᠢᠨ ᠫᠢᠩ ᠤᠳᠠᠭ᠎ᠠ ᠳᠠᠷᠠᠭᠠᠯᠠᠨ ᠭᠦᠨᠵᠡᠭᠡᠢ ᠨᠢᠮᠪᠠᠢ ᠵᠢᠭᠠᠨ ᠵᠢᠯᠣᠭᠣᠳᠴᠤ᠌᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠠᠷᠭ᠎ᠠ ᠪᠣᠯᠤᠨ ᠠᠷᠭ᠎ᠠ ᠵᠠᠮ᠎ᠢ ᠲᠣᠳᠣᠷᠬᠠᠢᠯᠠᠨ ᠥᠭᠦᠯᠡᠵᠦ᠍᠂ ᠳᠤᠮᠳᠠᠳᠤ᠎ᠶ᠋ᠢᠨ ᠡᠬᠡ ᠭᠠᠵᠠᠷ᠎ᠲᠤ ᠭᠠᠵᠠᠷ ᠪᠣᠯᠭᠠᠨ᠎ᠳᠤ ᠱᠢᠨ᠎ᠡ ᠲᠡᠢᠰᠢ ᠤᠷᠤᠭ᠍ᠰᠢᠯᠠᠬᠤ ᠪᠠᠢᠳᠠᠯ ᠢᠯᠡᠷᠡᠪᠡ᠃

ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠎ᠶ᠋ᠢ ᠲᠦᠷᠭᠡᠳᠭᠡᠨ ᠠᠬᠢᠭᠤᠯᠪᠠ᠃ ᠤᠯᠤᠰ᠎ᠲᠠᠭᠠᠨ ᠦᠶ᠋ᠯᠡᠳᠪᠦᠷᠢᠯᠡᠭ᠌ᠰᠡᠨ ᠠᠩᠬᠠᠳᠠᠭ᠍ᠴᠢ ᠴᠠᠬᠢᠯᠭᠠᠨ ᠰᠣᠷᠢᠨᠵᠢᠨ ᠲᠡᠢᠷᠬᠦ ᠨᠢᠰᠭᠡᠯ᠎ᠦᠨ ᠰᠠᠭᠤᠷᠢ ᠬᠥᠯᠭᠡ ᠣᠩᠭᠣᠴᠠ ᠹᠦᠵᠢᠶᠠᠨ ᠨᠡᠷᠡᠮᠵᠢᠲᠦ ᠤᠰᠤᠨ᠎ᠳᠤ ᠪᠠᠭᠤᠵᠤ᠂ ᠳᠤᠮᠳᠠᠳᠤ ᠤᠯᠤᠰ᠎ᠤᠨ ᠠᠩᠬᠠᠳᠠᠭ᠍ᠴᠢ ᠰᠠᠨᠰᠠᠷ᠎ᠤᠨ ᠥᠷᠲᠡᠭᠡ 《ᠲᠩᠷᠢ᠎ᠶ᠋ᠢᠨ ᠣᠷᠳᠣᠨ 》 ᠎ᠢ᠋ ᠪᠥᠬᠥ᠌ ᠲᠠᠯ᠎ᠠ᠎ᠪᠠᠷ ᠪᠠᠢᠭᠤᠯᠤᠨ ᠠᠱᠢᠭ᠍ᠯᠠᠯᠲᠠ᠎ᠳᠤ ᠣᠷᠣᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠤᠢᠷ᠎ᠠ ᠣᠭ᠍ᠲᠠᠷᠭᠤᠶ᠎ᠶ᠋ᠢᠨ ᠠᠵᠤ ᠠᠬᠤᠶ ᠎ᠶ᠋ᠢ ᠪᠣᠢᠵᠢᠭᠤᠯᠵᠤ᠂ ᠤᠯᠠᠮᠵᠢᠯᠠᠯᠲᠤ ᠠᠵᠤ ᠦᠶ᠋ᠯᠡᠰ᠎ᠢ᠎ᠲᠤᠭᠠᠴᠢᠯᠠᠯᠲᠠ ᠲᠡᠢᠰᠢ ᠬᠥᠭ᠌ᠵᠢᠭᠦᠯᠵᠦ᠂ ᠱᠢᠨ᠎ᠡ᠎ᠶ᠋ᠢ ᠡᠭᠦᠳᠬᠦ᠌ ᠬᠦᠴᠦᠨ᠎ᠢ ᠦᠶ᠋ᠯᠡᠳᠪᠦᠷᠢᠯᠡᠯ᠎ᠦᠨ ᠬᠦᠴᠦᠨ ᠪᠣᠯᠭᠠᠨ ᠲᠦᠷᠭᠡᠳᠭᠡᠨ ᠬᠤᠪᠢᠷᠠᠭᠤᠯᠵᠤ᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠤᠶᠠᠨ ᠬᠠᠲᠠᠨ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠪᠡ;

ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠰᠠᠢᠲᠤᠷ ᠠᠬᠢᠭᠤᠯᠪᠠ᠃ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠨᠢ ᠪᠥᠬᠥ᠌ ᠤᠯᠤᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠴᠢᠬᠤᠯᠠ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠵᠣ᠂ ᠪᠠᠷᠠᠭᠤᠨ ᠪᠡᠶ᠎ᠠ᠂ ᠵᠡᠭᠦᠨ ᠬᠣᠢᠲᠤ ᠪᠡᠶ᠎ᠠ᠂ ᠳᠤᠮᠳᠠ ᠪᠡᠶ᠎ᠠ᠂ ᠵᠡᠭᠦᠨ ᠪᠡᠶ᠎ᠠ᠂ ᠳᠥᠷᠪᠡᠨ ᠶᠡᠬᠡ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠳᠠᠪᠠᠭᠤᠯᠢᠭ ᠡᠳᠦᠷ ᠢᠷᠡᠬᠦᠶ᠎ᠡ ᠢᠯᠡᠷᠡᠪᠡ;

ᠨᠣᠭᠣᠭᠠᠨ ᠥᠩᠭᠡ᠎ᠶ᠋ᠢ ᠬᠥᠭ᠌ᠵᠢᠯᠲᠡ᠎ᠶ᠋ᠢᠨ ᠳᠡᠪᠢᠰᠭᠡᠷ ᠥᠩᠭᠡ ᠪᠣᠯᠭᠠᠪᠠ᠃ 2021 ᠣᠨ᠎ᠡᠴᠡ 2024 ᠣᠨ ᠪᠣᠯᠲᠠᠯ᠎ᠠ᠂ ᠳᠤᠮᠳᠠᠳᠤ ᠤᠯᠤᠰ ᠵᠢᠯ ᠳᠤᠮᠳᠠᠴᠢ᠎ᠪᠠᠷ 4.7% ᠵᠢᠨ ᠡᠨᠧᠷᠭᠢ᠎ᠶ᠋ᠢᠨ ᠬᠡᠷᠡᠭ᠌ᠯᠡᠭᠡᠨ᠎ᠦ ᠨᠡᠮᠡᠭ᠌ᠳᠡᠯ᠎ᠦᠨ ᠬᠤᠷᠳᠤᠴᠠ᠎ᠪᠠᠷ ᠵᠢᠯ ᠳᠤᠮᠳᠠᠴᠢ᠎ᠵᠢᠨ5.5% ᠵᠢᠨ ᠠᠵᠤ ᠠᠬᠤᠢ᠎ᠶ᠋ᠢᠨ ᠨᠡᠮᠡᠭ᠌ᠳᠡᠯ᠎ᠢ ᠲᠤᠯᠭᠠᠭᠤᠷᠢᠯᠠᠵᠤ᠂ ᠡᠨᠧᠷᠭᠢ᠎ᠶ᠋ᠢᠨ ᠬᠣᠷᠣᠭ᠍ᠳᠠᠯ᠎ᠤᠨ ᠡᠷᠴᠢᠮ ᠨᠡᠢ᠌ᠳᠡ 11.6% ᠪᠡᠷ ᠪᠠᠭᠤᠷᠠᠵᠤ᠂ ᠡᠨᠧᠷᠭᠢ᠎ᠶ᠋ᠢᠨ ᠬᠣᠷᠣᠭ᠍ᠳᠠᠯ᠎ᠤᠨ ᠡᠷᠴᠢᠮ ᠬᠠᠮᠤᠭ᠎ᠤᠨ ᠲᠦᠷᠭᠡᠨ ᠪᠠᠭᠤᠷᠠᠭ᠍ᠰᠠᠨ ᠤᠯᠤᠰ᠎ᠤᠨ ᠨᠢᠭᠡ ᠪᠣᠯᠵᠠᠢ  ᠁

ᠱᠢᠨ᠎ᠡ ᠳᠦᠷᠰᠦ ᠪᠠᠢᠳᠠᠯ᠎ᠢ ᠢᠯᠡᠷᠡᠭᠦᠯᠵᠦ᠍᠂ ᠱᠢᠨ᠎ᠡ ᠠᠯᠬᠤᠭ᠎ᠠ᠎ᠶᠢ ᠠᠯᠬᠤᠨ᠎ᠠ᠃

ᠥᠨᠥᠳᠦᠷ᠎ᠦᠨ ᠳᠤᠮᠳᠠᠳᠤ ᠤᠯᠤᠰ᠎ᠲᠤ᠂ 1 ᠡᠳᠦᠷ᠎ᠦᠨ ᠳᠣᠲᠣᠷ᠎ᠠ᠂ 2.4 ᠲᠦᠮᠡᠨ ᠡᠷᠦᠬᠡ ᠱᠢᠨ᠎ᠡ᠎ᠪᠡᠷ ᠪᠠᠢᠭᠤᠯᠤᠭ᠍ᠳᠠᠭ᠍ᠰᠠᠨ ᠠᠵᠤ ᠠᠬᠤᠢᠯᠠᠯ ᠬᠤᠷ᠎ᠠ᠎ᠶ᠋ᠢᠨ ᠳᠠᠷᠠᠭᠠᠬᠢ ᠬᠤᠯᠤᠰᠤᠨ ᠰᠦᠶ᠎ᠡ ᠮᠡᠲᠦ ᠴᠤᠬᠤᠢᠵᠤ᠂ 1200 ᠭᠠᠷᠤᠶ ᠳ᠋ᠦᠩᠱᠢᠭᠤᠷ ᠲᠥᠭᠥᠷᠢᠭ᠎ᠦᠨ ᠡᠳ᠋ ᠪᠠᠷᠠᠭ᠎ᠠ ᠪᠡᠷ ᠪᠤᠰᠤᠳ ᠤᠯᠤᠰ ᠪᠠ ᠭᠠᠵᠠᠷ ᠣᠷᠣᠨ᠎ᠲᠠᠶ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠠᠷᠠᠯᠵᠢᠶ᠎ᠠ ᠬᠢᠵᠦ᠍ ᠪᠠᠢᠨ᠎ᠠ; 1 ᠰᠧᠺᠦ᠋ᠨ᠋ᠳ᠋᠎ᠲᠦ᠂ 143 ᠲᠦᠮᠡ ᠭᠠᠷᠤᠶ GB ᠲᠣᠭ᠎ᠠ ᠪᠠᠷᠢᠮᠲᠠ᠎ᠶ᠋ᠢ ᠡᠭᠦᠯᠡᠨ ᠦᠵᠦᠭᠦᠷ᠎ᠲᠦ ᠳᠠᠮᠵᠢᠭᠤᠯᠵᠤ᠂ ᠪᠠᠷᠤᠭ 6000 ᠲᠦᠷᠭᠡᠨ ᠬᠦᠷᠭᠡᠯᠲᠡ᠎ᠶ᠋ᠢ ᠬᠦᠷᠭᠡᠬᠦ᠌ ᠵᠠᠮ᠎ᠳᠤ ᠣᠷᠣᠭᠤᠯᠵᠤ ᠪᠤᠢ ᠁ ᠴᠠᠭ ᠮᠥᠴᠡ ᠪᠦᠷᠢ ᠴᠥᠮ ᠬᠥᠮᠦᠰ᠎ᠢ ᠱᠠᠭ᠍ᠰᠢᠭᠤᠯᠤᠮ᠎ᠠ ᠬᠤᠷᠳᠤᠴᠠ᠎ᠪᠠᠷ᠂ ᠨᠠᠩ ᠴᠢᠨᠠᠷ ᠰᠠᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠦᠷᠭᠦᠯᠵᠢᠯᠡᠬᠦ᠌᠂ ᠨᠠᠩ ᠠᠮᠤᠷ ᠲᠦᠪᠱᠢᠨ ᠬᠥᠭ᠌ᠵᠢᠯᠲᠡ᠎ᠶ᠋ᠢᠨ ᠬᠠᠷᠠᠯᠲᠠ ᠲᠡᠢᠰᠢ ᠲᠠᠰᠤᠷᠠᠯᠲᠠ ᠥᠬᠡᠶ ᠤᠷᠤᠭ᠍ᠰᠢᠯᠠᠵᠤ ᠪᠠᠢᠨ᠎ᠠ᠃

ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ 14 ᠳ᠋ᠦᠩᠱᠢᠭᠤᠷ ᠭᠠᠷᠤᠢ ᠬᠥᠮᠦᠨ᠎ᠢ ᠳᠠᠭᠠᠭᠤᠯᠤᠨ ᠰᠠᠢ᠌ᠨ ᠰᠠᠢᠬᠠᠨ ᠠᠮᠢᠳᠤᠷᠠᠯ ᠲᠡᠢᠰᠢ ᠤᠷᠤᠭ᠍ᠰᠢᠯᠠᠵᠤ᠂ ᠬᠥᠭ᠌ᠵᠢᠯᠲᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ ᠬᠠᠯᠠᠭᠤᠨ ᠳᠤᠯᠠᠭᠠᠨ ᠪᠦᠭᠡᠳ ᠬᠦᠨᠳᠤ᠎ᠵᠢᠨ ᠵᠢᠩ ᠲᠠᠢ  —

2025 ᠣᠨ᠎ᠤ 1 ᠰᠠᠷ᠎ᠠ᠎ᠶᠢᠨ 23 ᠎ᠤ᠋ ᠡᠳᠦᠷ᠂ ᠮᠦᠭᠳᠡᠨ᠎ᠦ ᠳᠡ ᠳ᠋ᠦᠩ ᠲᠣᠭᠣᠷᠢᠭ᠋᠎ᠤᠨ ᠴᠠᠩ ᠠᠨ ᠵᠡᠭᠡᠯᠢ ᠭᠤᠳᠤᠮᠵᠢ᠎ᠶᠢᠨ ᠴᠠᠩ ᠠᠨ ᠰᠠᠭᠤᠭᠠᠯᠢ ᠠᠷᠠᠳ᠎ᠤᠨ ᠲᠣᠭᠣᠷᠢᠭ᠋᠎ᠲᠤ᠂ ᠴᠠᠭᠠᠨ ᠰᠠᠷ᠎ᠠ᠎ᠶᠢᠨ ᠬᠦᠭᠵᠢᠶᠡᠨᠲᠦ ᠪᠠᠢᠳᠠᠯ ᠳᠤᠳᠤᠬᠠᠨ ᠬᠠᠷᠠᠭᠳᠠᠨ᠎ᠠ᠃

ᠡᠨᠳᠡ ᠰᠢᠨᠵᠢᠯᠡᠨ ᠪᠠᠢᠴᠠᠭᠠᠭᠰᠠᠨ ᠶᠡᠷᠦᠩᠬᠡᠢ ᠱᠦᠵᠢ ᠰᠢ ᠵᠢᠨ ᠫᠢᠩ᠂ ᠨᠢᠭᠡᠨᠲᠡ 82 ᠨᠠᠰᠤ ᠬᠦᠷᠦᠭᠰᠡᠨ᠂ ᠳᠥᠷᠪᠡᠨ ᠦᠶ᠎ᠡ᠎ᠪᠡᠷ᠎ᠢᠶᠡᠨ ᠬᠠᠮᠲᠤ ᠠᠮᠢᠳᠤᠷᠠᠵᠤ ᠪᠠᠢᠭ᠎ᠠ ᠯᠠᠩ ᠰᠤ᠌ ᠯᠠᠨ᠎ᠤ ᠭᠡᠷ᠎ᠲᠦ ᠬᠦᠷᠴᠡᠢ᠃

ᠣᠷᠣᠯᠭ᠎ᠠ᠎ᠶᠢ ᠨᠢ ᠠᠰᠠᠭᠤᠵᠤ᠂ ᠵᠠᠷᠤᠯᠭ᠎ᠠ ᠵᠢ ᠨᠢ ᠬᠡᠯᠡᠵᠦ᠂ ᠶᠡᠷᠦᠩᠬᠡᠢ ᠱᠦᠵᠢ ᠳᠤᠳᠤᠨᠤ ᠪᠡᠷ ᠬᠠᠯᠠᠮᠵᠢᠯᠠᠵᠤ ᠪᠠᠢᠯ᠎ᠠ᠃

ᠨᠡᠢᠭᠡᠮ ᠲᠣᠭᠣᠷᠢᠭ᠋᠎ᠤᠨ ᠬᠢᠨ ᠨᠠᠰᠤᠲᠠᠢᠴᠤᠳ᠎ᠢ ᠣᠨᠴᠠᠭᠠᠶ ᠬᠠᠯᠠᠮᠵᠢᠯᠠᠵᠤ ᠪᠠᠢᠬᠤ᠎ᠶᠢ ᠰᠣᠨᠣᠰᠤᠭᠠᠳ ᠶᠡᠷᠦᠩᠬᠡᠢ ᠱᠦᠵᠢ᠄ 《ᠨᠡᠢᠭᠡᠮ ᠲᠣᠭᠣᠷᠢᠭ᠋᠎ᠤᠨ ᠠᠵᠢᠯ ᠪᠣᠯ ᠲᠦᠭ ᠲᠦᠮᠡᠨ ᠠᠢᠯ ᠡᠷᠦᠬᠡ᠎ᠶᠢᠨ ᠶᠠᠪᠤᠳᠠᠯ ᠮᠥᠨ᠃ ᠨᠡᠢᠭᠡᠮ ᠲᠣᠭᠣᠷᠢᠭ᠋᠎ᠤᠨ ᠠᠵᠢᠯ᠎ᠤᠨ ᠡᠨᠡ ᠬᠦ᠌ ᠪᠠᠢᠷᠢ ᠨᠢ ᠳᠡᠭᠡᠷ᠎ᠡ ᠳᠤᠤᠷᠠᠬᠢ ᠵᠢ ᠬᠤᠯᠪᠤᠳᠠᠭ ᠪᠣᠯᠪᠠᠴᠤ ᠳᠣᠷᠣᠭ᠍ᠰᠢ ᠬᠠᠷᠠᠬᠤ ᠬᠡᠷᠡᠭᠲᠡᠢ᠃〈ᠳᠡᠭᠡᠳᠦ ᠱᠠᠲᠤᠨ᠎ᠤ ᠮᠢᠩᠭᠠᠨ ᠱᠤᠭᠤᠮ〉ᠨᠢ ᠪᠠᠰᠠ ᠠᠷᠠᠳ ᠲᠦᠮᠡᠨ᠎ᠦ ᠲᠥᠯᠥᠭᠡ ᠶᠤᠮ᠂ ᠡᠴᠦᠰ᠎ᠲᠡᠬᠡᠨ ᠠᠷᠠᠳ ᠤᠯᠠᠨ᠎ᠤ ᠪᠡᠶ᠎ᠡ ᠳᠡᠭᠡᠷ᠎ᠡ ᠨᠠᠢᠳᠠᠪᠤᠷᠢᠵᠢᠭᠤᠯᠬᠤ ᠬᠡᠷᠡᠭᠲᠡᠢ》ᠭᠡᠪᠡ᠃

ᠰᠦᠷ ᠳᠠᠯᠠᠢᠴᠠᠲᠠᠢ ᠠᠶᠠᠨ᠎ᠳᠤ᠂ ᠠᠷᠠᠳ ᠲᠦᠮᠡᠨ ᠪᠤᠯ ᠢᠮᠠᠭᠲᠠ ᠬᠥᠭᠵᠢᠯᠲᠡ᠎ᠶᠢᠨ ᠯᠣᠭᠢᠭ᠋᠎ᠤᠨ ᠭᠠᠷᠤᠭ᠎ᠠ᠂ ᠦᠷᠳᠡᠭ᠎ᠦᠨ ᠵᠣᠷᠢᠯᠲᠠ ᠪᠣᠯᠣᠭᠰᠠᠭᠠᠷ ᠢᠷᠡᠵᠠᠢ᠃

ᠠᠵᠢᠯ ᠣᠯᠭᠣᠯᠲᠠ᠎ᠶᠢ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠪᠣᠯᠭᠠᠪᠠ᠄ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳᠤᠮᠳᠠ ᠠᠵᠢᠯ ᠣᠯᠭᠣᠯᠲᠠ᠎ᠶᠢ ᠲᠡᠷᠢᠭᠦᠨ ᠎ᠳᠦ ᠲᠠᠯᠪᠢᠬᠤ ᠤᠳᠤᠷᠢᠳᠤᠮᠵᠢ᠎ᠶᠢ ᠴᠢᠩᠭᠠᠳᠬᠠᠵᠤ᠂ ᠠᠵᠢᠯ ᠣᠯᠭᠣᠯᠲᠠ᠎ᠶᠢ ᠲᠡᠷᠢᠭᠦᠨ ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠠᠵᠢᠯ ᠣᠯᠭᠣᠯᠲᠠ᠎ᠶᠢ ᠠᠬᠢᠭᠤᠯᠬᠤ ᠲᠣᠭᠲᠡᠴᠡ᠎ᠶᠢ ᠪᠦᠷᠢᠨᠰᠢᠭᠦᠯᠵᠦ᠂ ᠨᠠᠩ ᠢᠳᠡᠪᠬᠢᠲᠡᠢ ᠠᠵᠢᠯ ᠣᠯᠭᠣᠯᠲᠠ᠎ᠶᠢᠨ ᠲᠥᠷᠥ᠎ᠶᠢᠨ ᠪᠣᠳᠣᠯᠭ᠎ᠠ᠎ᠶᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠬᠥᠭᠵᠢᠭᠦᠯᠪᠡ;

ᠥᠲᠡᠯᠪᠡᠯ ᠬᠦᠷᠳᠡᠬᠦ ᠠᠰᠠᠷᠠᠮᠵᠢ᠎ᠲᠠᠢ᠂ ᠪᠠᠯᠴᠢᠷ ᠲᠤᠨᠢ ᠪᠣᠢᠵᠢᠭᠤᠯᠬᠤ ᠭᠠᠵᠠᠷ᠎ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ᠎ᠲᠠᠢ ᠪᠠᠢᠬᠤ ᠵᠡᠷᠭᠡ ᠠᠷᠠᠳ ᠎ᠤᠨ ᠠᠮᠢᠳᠤᠷᠠᠯ᠎ᠤᠨ ᠬᠠᠯᠠᠮᠰᠢᠯ ᠠᠰᠠᠭᠤᠳᠠᠯ᠎ᠲᠠᠢ ᠨᠢᠭ᠍ᠲᠠ ᠤᠶᠠᠯᠳᠤᠭᠤᠯᠪᠠ᠄《ᠠᠷᠪᠠᠨ ᠳᠥᠷᠪᠡᠳᠦᠭᠡᠷ ᠲᠠᠪᠤᠨ ᠵᠢᠯ》ᠡᠴᠡ ᠨᠠᠭᠠᠰᠢ᠂ ᠮᠠᠨ᠎ᠤ ᠤᠯᠤᠰ ᠪᠦᠬᠦ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠎ᠦᠨ ᠰᠢᠰᠲᠧᠮ᠂ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠢᠰᠲᠧᠮ᠎ᠢ ᠪᠠᠢᠭᠤᠯᠵᠤ᠂ ᠠᠵᠤ ᠠᠬᠤᠢ᠎ᠶᠢᠨ ᠬᠥᠭᠵᠢᠯᠲᠡ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠪᠰᠢᠯᠳᠠ᠎ᠶᠢᠨ ᠦᠷ᠎ᠡ ᠪᠦᠲᠦᠭᠡᠯ᠎ᠢ ᠦᠨᠡᠨ ᠪᠣᠳᠠᠲᠠᠢ ᠪᠡᠷ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠪᠣᠯᠭᠠᠨ ᠬᠤᠪᠢᠷᠠᠭᠤᠯᠪᠠ;

ᠬᠤᠪᠢ ᠬᠥᠮᠥᠨ᠎ᠦ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ᠎ᠡᠴᠡ ᠰᠢᠨ᠎ᠡ ᠮᠠᠶᠢᠭ᠋᠎ᠤᠨ ᠬᠣᠲᠠ ᠪᠠᠯᠭᠠᠰᠤᠵᠢᠯᠲᠠ᠎ᠶᠢᠨ ᠪᠠᠢᠯᠳᠤᠬᠤ ᠪᠣᠳᠣᠯᠭ᠎ᠠ᠎ᠶᠢᠨ ᠲᠠᠪᠤᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶᠢ ᠭᠦᠨᠵᠡᠭᠡᠢ ᠬᠡᠷᠡᠭᠵᠢᠭᠦᠯᠬᠦ ᠬᠦᠷᠲᠡᠯ᠎ᠡ᠂ ᠠᠯᠢ ᠤᠯᠠᠨ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠎ᠨᠦᠭᠦᠳ᠎ᠢ ᠨᠡᠢᠲᠡᠯᠡᠪᠡ;ᠬᠥᠳᠡᠭᠡ ᠲᠣᠰᠬᠣᠨ᠎ᠤ《ᠵᠣᠷᠯᠣᠩ᠎ᠤᠨ ᠬᠤᠪᠢᠰᠬᠠᠯ》ᠡᠴᠡ ᠬᠤᠳᠠ᠎ᠶᠢᠨ ᠬᠣᠭ ᠨᠣᠪᠰᠢ᠎ᠶᠢ ᠲᠦᠷᠦᠯ ᠬᠤᠪᠢᠶᠠᠬᠤ ᠬᠦᠷᠲᠡᠯ᠎ᠡ᠂ 《ᠬᠡᠤᠬᠡᠳ ᠪᠠᠭᠠᠴᠤᠳ᠎ᠤᠨ ᠤᠢᠷ᠎ᠠ ᠬᠠᠷᠠᠭ᠎ᠠ》ᠢ᠋ ᠰᠡᠷᠭᠡᠢᠯᠡᠨ ᠵᠠᠰᠠᠬᠤ᠎ᠡᠴᠡ ᠴᠡᠪᠡᠷ ᠳᠤᠯᠠᠭᠠᠯᠠᠭ᠎ᠠ᠎ᠶᠢ ᠠᠬᠢᠭᠤᠯᠬᠤ ᠬᠦᠷᠲᠡᠯ᠎ᠡ᠂ ᠠᠷᠠᠳ᠎ᠤᠨ ᠠᠮᠢᠳᠤᠷᠠᠯ᠎ᠤᠨ ᠪᠠᠭ᠎ᠠ ᠶᠠᠪᠤᠳᠠᠯ ᠪᠣᠯᠭᠠᠨ᠎ᠢ ᠬᠥᠭᠵᠢᠯᠲᠡ᠎ᠶᠢᠨ ᠦᠵᠦ ᠲᠥᠯᠥᠪᠯᠡᠭᠡ᠎ᠳᠦ ᠠᠭᠤᠰᠬᠠᠨ ᠣᠷᠣᠭᠤᠯᠪᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠵᠢᠯ ᠪᠦᠷᠢ ᠬᠣᠲᠠ ᠪᠠᠯᠭᠠᠰᠤᠨ᠎ᠳᠤ 1200 ᠲᠦᠮᠡ᠎ᠡᠴᠡ ᠳᠡᠭᠡᠭᠰᠢ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠬᠥᠮᠥᠨ ᠳᠤᠮᠳᠠᠴᠢ᠎ᠶᠢᠨ ᠵᠢᠱ᠌ᠢᠭᠰᠡᠨ ᠨᠠᠰᠤᠨ ᠬᠤᠲᠤᠭ 79 ᠨᠠᠰᠤ ᠬᠦᠷᠴᠦ᠂ ᠪᠥᠬᠥ ᠤᠯᠤᠰ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠡᠰᠦᠯᠦᠨ ᠪᠤᠳᠤᠭᠠᠳ 5.6 ᠳ᠋ᠦᠩᠰᠢᠭᠤᠷ ᠬᠥᠮᠥᠨ ᠤᠳᠠᠭ᠎ᠠ᠎ᠳᠤ ᠠᠰᠢᠭ᠋ ᠬᠦᠷᠲᠡᠭᠡᠪᠡ ᠁ ᠰᠡᠳᠬᠢᠯ᠎ᠢ ᠳᠤᠯᠠᠭᠠᠴᠡᠭᠤᠯᠤᠭᠰᠠᠨ ᠲᠣᠭ᠎ᠠ ᠪᠠᠷᠢᠮᠳᠠ ᠨᠢᠭᠡ ᠪᠦᠷᠢ᠎ᠶᠢᠨ ᠠᠷᠤ᠎ᠳᠤ ᠴᠥᠮ ᠨᠠᠩ ᠪᠣᠳᠠᠲᠠᠢ《ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠶᠡᠬᠡ ᠶᠠᠪᠤᠳᠠᠯ》 ᠵᠢᠡᠷ ᠦᠵᠡᠭᠰᠡᠨ ᠳ᠋ᠦ ᠪᠤᠢ᠃

ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠦ ᠰᠠᠢᠨ ᠬᠤᠷᠰᠢᠯ ᠎ᠢ ᠠᠬᠢᠭᠤᠯᠵᠤ᠂ ᠳᠤᠮᠳᠠᠳᠤ ᠤᠯᠤᠰ ᠲᠤᠬ᠍ᠰᠢᠨ ᠳᠠᠪᠠᠯᠭᠠᠨ ᠰᠢᠷᠦᠭᠦᠨ ᠳᠣᠯᠭᠢᠶᠠᠨ᠂ ᠠᠶᠤᠯ ᠲᠦᠭᠰᠢᠭᠦᠷᠢ᠎ᠶᠢᠨ ᠰᠢᠷᠦᠭᠦᠨ ᠤᠷᠤᠰᠬᠠᠯ᠎ᠢ ᠲᠤᠭᠤᠯᠬᠤ ᠳᠤᠮᠳᠠ ᠬᠥᠭᠵᠢᠯᠲᠡ᠎ᠶᠢᠨ ᠰᠠᠨᠠᠭᠠᠴᠢᠯᠠᠭ᠎ᠠ᠎ᠶᠢ ᠪᠠᠲᠤ ᠡᠵᠡᠮᠰᠢᠪᠡ —

ᠪᠦᠬᠦ ᠤᠯᠤᠰ᠎ᠤᠨ ᠨᠠᠮᠤᠷ᠎ᠤᠨ ᠠᠮᠤ ᠪᠤᠳᠠᠭᠠᠨ᠎ᠤ ᠬᠤᠷᠢᠶᠠᠯᠲᠠ ᠵᠢᠷᠭᠤᠭᠠᠨ ᠬᠤᠪᠢ᠎ᠶᠢ ᠳᠠᠪᠠᠪᠠ!9 ᠰᠠᠷ᠎ᠠ᠎ᠶᠢᠨ ᠬᠣᠷᠢᠳ᠎ᠡᠴᠡ ᠨᠠᠭᠠᠰᠢ ᠣᠯᠠᠨ ᠮᠤᠵᠢ᠎ᠳᠤ ᠦᠷᠭᠦᠯᠵᠢᠯᠡᠨ ᠪᠣᠷᠣᠭᠠᠨ ᠣᠷᠣᠵᠠᠢ᠃ ᠬᠠᠲᠠᠭᠤ ᠴᠢᠩᠭ᠎ᠠ ᠥᠷᠢᠰᠦᠯᠳᠦᠭᠡᠨ᠎ᠦ ᠡᠮᠦᠨ᠎ᠡ᠂ ᠲᠥᠪ᠎ᠡᠴᠡ ᠣᠷᠣᠨ ᠨᠤᠲᠤᠭ ᠬᠦᠷᠲᠡᠯᠡᠬᠢ ᠠᠯᠢ ᠤᠯᠠᠨ ᠠᠷᠭ᠎ᠠ ᠬᠡᠮᠵᠢᠶ᠎ᠡ᠎ᠶᠢ ᠲᠦᠷᠭᠡᠨ ᠲᠣᠭᠲᠠᠭᠠᠵᠤ᠂ ᠪᠦᠬᠦ ᠬᠦᠴᠦᠨ᠎ᠢᠶᠡᠷ᠎ᠢᠶᠡᠨ 《ᠨᠠᠮᠤᠷ ᠴᠠᠭ᠎ᠢ ᠵᠠᠪᠳᠤᠨ》 ᠡᠯᠪᠡᠭ ᠬᠤᠷᠢᠶᠠᠯᠲᠠ ᠵᠢ ᠪᠠᠲᠤᠯᠠᠪᠠ᠃

《ᠠᠮᠤ ᠬᠦᠨᠡᠰᠦᠨ᠎ᠦ ᠠᠰᠠᠭᠤᠳᠠᠯ ᠎ᠢ  ᠰᠠᠢᠲᠤᠷ ᠰᠢᠢᠳᠪᠦᠷᠢᠯᠡᠬᠦ ᠪᠣᠯ ᠢᠮᠠᠭᠲᠠ ᠲᠦᠷᠦ᠎ᠶᠢ ᠵᠠᠰᠠᠬᠤ ᠵᠢᠨ ᠲᠡᠷᠢᠭᠦᠨ ᠴᠢᠬᠤᠯᠠ ᠶᠡᠬᠡ ᠶᠠᠪᠤᠳᠠᠯ ᠪᠣᠯᠣᠨ᠎ᠠ》᠃ ᠬᠠᠪᠤᠷ᠎ᠤᠨ ᠲᠠᠷᠢᠶᠠᠯᠠᠭ᠎ᠠ ᠨᠠᠮᠤᠷ᠎ᠤᠨ ᠬᠤᠷᠢᠶᠠᠯᠲᠠ᠎ᠳᠤ᠂ ᠶᠡᠷᠦᠩᠬᠡᠢ ᠱᠦᠵᠢ ᠰᠢ ᠵᠢᠨ ᠫᠢᠩ ᠤᠳᠠᠭ᠎ᠠ ᠳᠠᠷᠠᠭᠠᠯᠠᠨ ᠲᠠᠷᠢᠶᠠᠨ ᠭᠠᠵᠠᠷ᠎ᠲᠤ ᠬᠦᠷᠴᠦ᠂ ᠠᠮᠤ ᠪᠤᠳᠠᠭᠠᠨ᠎ᠤ ᠪᠠᠢᠳᠠᠯ᠎ᠢ ᠣᠢᠯᠠᠭᠠᠵᠤ᠂ ᠠᠮᠤ ᠪᠤᠳᠠᠭᠠᠨ᠎ᠤ ᠪᠠᠢᠳᠠᠯ᠎ᠢ ᠠᠰᠠᠭᠤᠪᠠ᠃

2021 ᠣᠨ᠎ᠳᠤ᠂ ᠠᠮᠤ ᠪᠤᠳᠠᠭᠠᠨ᠎ᠤ ᠠᠮᠤᠷ ᠲᠦᠪᠰᠢᠨ᠎ᠳᠦ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠎ᠶᠢ ᠲᠣᠳᠣᠷᠬᠠᠢ ᠬᠡᠷᠡᠭᠵᠢᠭᠦᠯᠪᠡ; 2022 ᠣᠨ᠎ᠳᠤ᠂ 《ᠬᠤᠷᠴᠠ ᠰᠢᠳᠦ》ᠲᠠᠷᠢᠶᠠᠨ ᠭᠠᠵᠠᠷ ᠎ᠤᠨ  ᠬᠠᠮᠠᠭᠠᠯᠠᠯᠲᠠ᠎ᠶᠢᠨ ᠬᠠᠲᠠᠭᠤ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠪᠠ; 2023 ᠣᠨ᠎ᠳᠤ᠂ ᠤᠯᠠᠨ ᠡᠰᠢᠴᠢᠯᠡᠭᠰᠡᠨ ᠢᠳᠡᠭᠡᠨ ᠎ᠦ ᠬᠠᠩᠭᠠᠯᠭ᠎ᠠ᠎ᠶᠢᠨ ᠰᠢᠰᠲᠧᠮ᠎ᠢ ᠪᠠᠶ᠋ᠢᠭᠤᠯᠬᠤ ᠠᠵᠢᠯ᠎ᠢ ᠪᠠᠢᠷᠢᠯᠠᠭᠤᠯᠪᠠ ᠁ ᠲᠥᠪ ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠨᠢᠭᠡ ᠪᠦᠷᠢ ᠨᠢ ᠠᠮᠤ ᠪᠤᠳᠠᠭᠠᠨ᠎ᠤ ᠠᠮᠤᠷ ᠲᠦᠪᠰᠢᠨ᠎ᠦ ᠲᠤᠬᠠᠢ ᠭᠦᠨ ᠪᠣᠳᠣᠯᠬᠢᠯᠠᠯ ᠎ᠢ ᠲᠥᠪᠯᠡᠷᠡᠭᠦᠯᠦᠨ ᠳᠤᠰᠬᠠᠵᠠᠢ᠃

ᠪᠠᠢᠳᠠᠯ ᠣᠷᠴᠢᠨ ᠨᠥᠬᠥᠴᠡᠯ ᠪᠤᠳᠤᠯᠢᠶᠠᠨᠲᠠᠢ ᠪᠣᠯᠬᠤ ᠲᠤᠳᠤᠮ᠂ ᠡᠭᠦᠷᠭᠡ ᠬᠠᠲᠠᠭᠤ ᠪᠡᠷᠬᠡ ᠪᠣᠯᠬᠤ ᠲᠤᠳᠤᠮ ᠤᠯᠠᠮ ᠪᠠᠢᠯᠳᠤᠬᠤ ᠪᠣᠳᠣᠯᠭ᠎ᠠ᠎ᠶᠢᠨ ᠲᠠᠯ᠎ᠠ᠎ᠡᠴᠡ ᠠᠰᠠᠭᠤᠳᠠᠯ᠎ᠢ ᠦᠵᠡᠵᠦ᠂ ᠠᠰᠠᠭᠤᠳᠠᠯ᠎ᠢ ᠪᠣᠳᠣᠯᠬᠢᠯᠠᠵᠤ᠂ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ᠃

ᠲᠤᠰ ᠪᠡᠶ᠎ᠡ᠎ᠳᠡᠭᠡᠨ ᠰᠠᠭᠤᠷᠢᠯᠠᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠬᠦ᠎ᠪᠡᠷ ᠭᠠᠳᠠᠭᠠᠳᠤ ᠳᠠᠭᠠᠷᠢᠯᠲᠠ ᠪᠤᠯᠤᠨ ᠭᠠᠳᠠᠭᠠᠳᠤ ᠬᠡᠷᠡᠭᠴᠡᠭᠡ ᠪᠠᠭᠤᠷᠠᠭᠰᠠᠨ᠎ᠡᠴᠡ ᠪᠣᠯᠤᠭᠰᠠᠨ ᠨᠥᠯᠥᠭᠡ᠎ᠶᠢ ᠠᠷᠢᠯᠭᠠᠬᠤ᠎ᠪᠠᠷ ᠪᠠᠷᠠᠬᠤ ᠦᠭᠡᠢ᠂ ᠪᠠᠰᠠ ᠳᠣᠲᠣᠭᠠᠳᠤ ᠭᠠᠳᠠᠭᠠᠳᠤ᠎ᠶᠢ ᠬᠠᠷᠠᠭᠠᠯᠵᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠬᠦ᠎ᠪᠡᠷ ᠤᠯᠠᠨ ᠤᠯᠤᠰ᠎ᠤᠨ ᠬᠠᠮᠲᠤᠷᠠᠯᠴᠠᠭ᠎ᠠ ᠪᠠ ᠥᠷᠢᠰᠦᠯᠳᠦᠭᠡᠨ᠎ᠦ ᠰᠢᠨ᠎ᠡ ᠳᠠᠪᠠᠭᠤᠯᠢᠭ᠋᠎ᠢ ᠪᠤᠢ ᠪᠣᠯᠭᠠᠪᠠ᠂ ᠶᠡᠷᠦᠩᠬᠡᠢ ᠱᠦᠵᠢ ᠪᠣᠯᠣᠨ ᠨᠠᠮ᠎ᠤᠨ ᠲᠥᠪ ᠬᠤᠷᠢᠶ᠎ᠠ᠎ᠵᠢᠨ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠶ᠋ᠢᠭᠤᠯᠬᠤ ᠲᠤᠬᠠᠢ ᠪᠦᠬᠦ ᠲᠠᠯ᠎ᠠ᠎ᠶᠢᠨ ᠪᠠᠢᠷᠢᠯᠠᠭᠤᠯᠤᠯᠲᠠ᠎ᠳᠤ ᠬᠤᠪᠢᠰᠤᠩᠭᠤᠢ ᠬᠠᠷᠡᠴᠡ᠂ ᠠᠯᠤᠰ ᠬᠡᠳᠦ᠎ᠶᠢᠨ ᠪᠣᠳᠣᠯᠬᠢᠯᠠᠯ ᠠᠭᠤᠯᠤᠭᠳᠠᠵᠤ ᠪᠠᠢᠨ᠎ᠠ᠃

ᠤᠯᠤᠰ᠎ᠤᠨ ᠳᠣᠲᠣᠭᠠᠳᠤ᠎ᠶᠢᠨ ᠬᠡᠷᠡᠭᠴᠡᠭᠡ᠎ᠶᠢ ᠪᠦᠬᠦ ᠲᠠᠯ᠎ᠠ᠎ᠪᠠᠷ ᠥᠷᠭᠡᠳᠬᠡᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠠᠢᠭᠤᠯᠵᠤ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠴᠤᠬᠴᠠᠯᠠᠪᠠ;ᠠᠮᠤ ᠪᠤᠳᠠᠭ᠎ᠠ᠂ ᠡᠨᠧᠷᠭᠢ᠂ ᠠᠵᠤ ᠦᠢᠯᠡᠰ᠂ ᠤᠯᠤᠰ᠎ᠤᠨ ᠪᠠᠲᠤᠯᠠᠨ ᠬᠠᠮᠠᠭᠠᠯᠠᠯᠲᠠ ᠵᠡᠷᠭᠡ ᠠᠮᠤᠷ ᠲᠦᠪᠰᠢᠨ᠎ᠦ ᠰᠠᠭᠤᠷᠢ᠎ᠶᠢ ᠪᠡᠬᠢᠵᠢᠭᠦᠯᠵᠦ᠂ ᠰᠢᠨ᠎ᠡ ᠠᠮᠤᠷ ᠲᠦᠪᠰᠢᠨ᠎ᠦ ᠪᠠᠢᠷᠢᠰᠢᠯ᠎ᠢᠶᠠᠷ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠲᠤᠯᠠᠪᠠ ᠁ ᠠᠯᠢ ᠤᠯᠠᠨ ᠤᠷᠢᠳᠠᠴᠢ ᠴᠢᠨᠠᠷᠲᠠᠢ ᠲᠥᠯᠦᠪᠵᠢᠭᠦᠯᠭᠡ ᠨᠠᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠣᠯᠵᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠬᠦᠯᠭᠡ ᠣᠩᠭᠣᠴᠠ᠎ᠶᠢᠨ ᠲᠣᠭᠲᠠᠭᠤᠨ᠎ᠢᠶᠠᠷ ᠤᠷᠤᠭᠰᠢᠯᠠᠬᠤ᠎ᠶᠢ ᠠᠬᠢᠭᠤᠯᠪᠠ᠃

ᠬᠠᠩᠭᠠᠯᠭ᠎ᠠ ᠬᠡᠷᠡᠭᠴᠡᠭᠡ᠎ᠶᠢᠨ ᠬᠣᠶᠠᠷ ᠲᠠᠯ᠎ᠠ ᠲᠣᠭᠲᠠᠭᠤᠨ᠎ᠢᠶᠠᠷ ᠳᠡᠭᠡᠭᠰᠢᠯᠡᠪᠡ — ᠪᠦᠬᠦ ᠪᠥᠮᠪᠥᠷᠴᠡᠭ᠎ᠦᠨ ᠬᠣᠶᠠᠳᠤᠭᠠᠷ ᠲᠣᠮᠣ᠌ ᠬᠡᠷᠡᠭᠯᠡᠭᠡ᠎ᠵᠢᠨ ᠵᠠᠬ᠎ᠠ ᠳᠡᠯᠭᠡᠭᠦᠷ᠂ ᠨᠢᠭᠡᠳᠦᠭᠡᠷ ᠲᠣᠮᠣ᠌ ᠰᠦᠯᠵᠢᠶᠡᠨ᠎ᠦ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠂ ᠨᠢᠭᠡᠳᠦᠭᠡᠷ ᠲᠣᠮᠣ᠌ ᠦᠢᠯᠡᠳᠬᠦ ᠦᠢᠯᠡᠰ᠎ᠦᠨ ᠲᠣᠮᠣ᠌ ᠤᠯᠤᠰ᠎ᠤᠨ ᠪᠠᠢᠷᠢᠨ ᠳ᠋ᠤ ᠲᠤᠭᠲᠠᠭᠤᠨ ᠪᠠᠢᠷᠢᠯᠠᠵᠤ᠂ ᠳᠤᠮᠳᠠᠳᠤ ᠤᠯᠤᠰ᠎ᠤᠨ ᠦᠢᠯᠡᠳᠬᠡᠯ ᠳᠡᠭᠡᠳᠦ ᠲᠦᠪᠰᠢᠨᠴᠢᠯᠡᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠲᠡᠢᠰᠢ ᠲᠠᠰᠤᠷᠠᠯᠳᠠ ᠦᠭᠡᠢ ᠲᠠᠪᠰᠢᠪᠠ;

《ᠬᠣᠣᠰ ᠣᠷᠴᠢᠯ》ᠢ᠋ ᠨᠠᠩ ᠰᠠᠭᠠᠳ ᠦᠭᠡᠢ ᠨᠠᠪᠲᠠᠷᠡᠭᠦᠯᠪᠡ — ᠮᠠᠨ᠎ᠤ ᠤᠯᠤᠰ᠎ᠤᠨ ᠪᠠᠷᠠᠭᠠᠨ᠎ᠤ ᠠᠷᠠᠯᠵᠢᠶᠠᠨ᠎ᠤ ᠬᠡᠪᠴᠢᠶ᠎ᠡ ᠪᠥᠬᠥ ᠳᠡᠯᠡᠬᠡᠢ᠎ᠳᠦ ᠲᠡᠷᠢᠭᠦᠯᠡᠵᠦ᠂ ᠦᠢᠯᠡᠴᠢᠯᠡᠭᠡᠨ᠎ᠦ ᠠᠷᠠᠯᠵᠢᠶᠠᠨ᠎ᠤ ᠬᠡᠪᠴᠢᠶ᠎ᠡ ᠪᠥᠬᠥ ᠳᠡᠯᠡᠬᠡᠢ᠎ᠳᠦ ᠬᠣᠶᠠᠳᠤᠭᠠᠷ᠎ᠲᠤ ᠣᠷᠣᠵᠤ᠂ 2021 ᠣᠨ᠎ᠡᠴᠡ 2024 ᠣᠨ ᠪᠣᠯᠲᠠᠯ᠎ᠠ ᠭᠠᠳᠠᠭᠠᠳᠤ᠎ᠡᠴᠡ ᠣᠷᠣᠭᠤᠯᠤᠭᠰᠠᠨ ᠬᠡᠷᠡᠭᠯᠡᠭᠡ᠎ᠵᠢᠨ ᠵᠦᠢᠯ ᠨᠡᠶ᠋ᠢᠲᠡ 7.4 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠡᠢ;

《ᠰᠢᠨ᠎ᠡ ᠬᠥᠭᠵᠢᠯᠲᠡ ᠎ᠶᠢᠨ ᠣᠢᠯᠠᠭᠠᠭᠳᠠᠬᠤᠨ ᠎ᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠢ᠎ᠶᠢᠨ ᠰᠢᠨ᠎ᠡ ᠪᠠᠢᠷᠢᠰᠢᠯ᠎ᠢ ᠲᠦᠷᠭᠡᠳᠬᠡᠨ ᠪᠠᠶ᠋ᠢᠭᠤᠯᠬᠤ ᠪᠣᠯ ᠳᠤᠮᠳᠠᠳᠤ ᠤᠯᠤᠰ᠎ᠤᠨ ᠳᠡᠯᠡᠬᠡᠢ ᠳᠡᠭᠡᠷ᠎ᠡ ᠲᠤᠰ ᠪᠡᠶ᠎ᠡ᠎ᠪᠡᠨ ᠲᠠᠬᠢᠨ ᠲᠤᠮᠢᠶᠠᠯᠠᠨ ᠲᠣᠳᠣᠷᠬᠠᠢᠯᠠᠬᠤ᠎ᠶᠢᠨ ᠵᠠᠩᠭᠢᠯᠠᠭ᠎ᠠ ᠪᠣᠯᠣᠨ᠎ᠠ》᠃ ᠪᠷᠠᠽᠢᠯ᠎ᠤᠨ《ᠶᠠᠷᠢᠶᠠᠨ᠎ᠤ ᠲᠠᠪᠴᠠᠩ》ᠰᠡᠳᠬᠦᠯ᠎ᠤᠨ ᠰᠦᠯᠵᠢᠶᠡᠨ ᠦᠷᠳᠡᠭᠡ ᠵᠣᠬᠢᠶᠠᠯ ᠨᠡᠢᠲᠡᠯᠡᠵᠦ᠂ ᠳᠤᠮᠳᠠᠳᠤ ᠤᠯᠤᠰ᠎ᠤᠨ ᠬᠥᠮᠥᠰ᠎ᠦᠨ ᠠᠩᠬᠠᠷᠤᠯ᠎ᠢ ᠲᠠᠲᠠᠭᠰᠠᠨ ᠬᠤᠪᠢᠷᠠᠯᠲᠠ ᠨᠢ ᠪᠣᠳᠠᠲᠠᠢ᠎ᠶᠢ ᠡᠷᠬᠢᠮᠯᠡᠭᠰᠡᠨ ᠵᠠᠰᠠᠯᠲᠠ᠂ ᠠᠯᠤᠰ ᠬᠡᠳᠦ᠎ᠶᠢᠨ ᠲᠥᠯᠦᠪᠵᠢᠭᠦᠯᠭᠡ ᠪᠣᠯᠣᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠮᠠᠯᠠᠯᠲᠠ᠎ᠡᠴᠡ ᠢᠷᠡᠯᠲᠡ᠎ᠲᠠᠢ ᠶᠤᠮ ᠭᠡᠵᠡᠢ᠃

ᠳᠤᠮᠳᠠᠳᠤ ᠤᠯᠤᠰ ᠎ᠤᠨ ᠬᠠᠷᠢᠭᠤᠯᠲᠠ᠎ᠶᠢᠨ ᠬᠠᠭᠤᠳᠠᠰᠤ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠳᠤᠮᠳᠠᠳᠤ ᠤᠯᠤᠰ᠎ᠤᠨ ᠵᠠᠮ ᠨᠡᠩ ᠰᠠᠷᠠᠭᠤᠯ ᠳᠠᠷᠳᠠᠩ ᠪᠣᠯᠪᠠ᠃

ᠲᠠᠪᠤᠨ ᠵᠢᠯ᠎ᠦᠨ ᠰᠦᠷ ᠳᠠᠯᠠᠢᠴᠠᠲᠠᠢ ᠦᠢᠯᠡᠳᠦᠯᠭᠡ᠂ ᠰᠢᠨ᠎ᠡ ᠣᠢᠯᠠᠭᠠᠭᠳᠠᠬᠤᠨ ᠨᠢ ᠬᠦᠴᠦᠷᠬᠡᠭ ᠶᠡᠬᠡ ᠦᠢᠯᠡᠳᠦᠯᠭᠡ᠎ᠶᠢᠨ ᠠᠤᠭ᠎ᠠ ᠬᠦᠴᠦᠨ᠎ᠢ ᠢᠯᠡᠷᠡᠭᠦᠯᠪᠡ;ᠲᠠᠪᠤᠨ ᠵᠢᠯ᠎ᠦᠨ ᠶᠡᠷᠦ ᠪᠤᠰᠤ᠎ᠶᠢᠨ ᠥᠩᠭᠡᠷᠡᠯᠲᠡ ᠨᠢ ᠪᠠᠰᠠ ᠨᠢᠭᠡᠨ ᠲᠣᠮᠣ᠌ ᠤᠯᠤᠰ᠎ᠤᠨ ᠬᠥᠭᠵᠢᠯᠲᠡ᠎ᠶᠢᠨ ᠲᠡᠦᠬᠡᠨ ᠰᠣᠯᠪᠢᠴᠠᠯ᠎ᠳᠤ ᠭᠦᠨ ᠰᠡᠢᠯᠦᠭᠳᠡᠵᠡᠢ᠃

ᠭᠤᠷᠪᠠ

ᠲᠡᠦᠬᠡ᠎ᠶᠢᠨ ᠴᠠᠭ ᠮᠥᠴᠡ᠎ᠶᠢ ᠬᠡᠮᠵᠢᠬᠦ᠎ᠳᠦ᠂ ᠪᠢᠳᠡ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ ᠪᠣᠯᠲᠠᠯ᠎ᠠ ᠪᠠᠰᠠ 20 ᠭᠠᠷᠤᠢ ᠵᠢᠯ ᠪᠠᠢᠨ᠎ᠠ᠃《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮᠲᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠵᠢᠨ ᠰᠠᠭᠤᠷᠢ᠎ᠶᠢ ᠪᠡᠬᠢᠵᠢᠭᠦᠯᠦᠨ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ᠃

ᠡᠨᠡ ᠪᠣᠯ ᠭᠦᠨᠵᠡᠭᠡᠢ ᠬᠤᠪᠢᠰᠤᠯᠲᠠ᠎ᠶᠢᠨ ᠴᠠᠭ ᠦᠶ᠎ᠡ ᠮᠥᠨ᠂ ᠨᠡᠩ ᠴᠤ᠌ ᠶᠡᠬᠡ ᠦᠢᠯᠡᠰ᠎ᠢ ᠪᠦᠲᠦᠭᠡᠵᠦ ᠪᠣᠯᠬᠤ ᠴᠠᠭ ᠦᠶ᠎ᠡ ᠮᠥᠨ᠄ ᠳᠡᠯᠡᠬᠡᠢ ᠶᠢᠷᠲᠢᠨᠴᠦ᠎ᠶᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠬᠥᠭᠵᠢᠵᠦ᠂ ᠭᠠᠳᠠᠨᠠᠬᠢ᠎ᠶᠢᠨ ᠳᠠᠷᠤᠯᠲᠠ ᠬᠣᠷᠢᠭ᠍ᠯᠠᠯ ᠲᠠᠰᠤᠷᠠᠯᠲᠠ ᠦᠭᠡᠢ ᠳᠡᠰ ᠳᠠᠪᠰᠢᠵᠤ᠂ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ ᠬᠦᠭᠵᠢᠯᠳᠠ ᠲᠣᠭᠲᠠᠭᠤᠨ᠎ᠤ ᠡᠭᠦᠷᠭᠡ ᠬᠦᠨᠳᠦ ᠨᠦᠰᠡᠷ ᠪᠠᠢᠨ᠎ᠠ᠂ ᠭᠡᠪᠡᠴᠦ ᠠᠵᠠ ᠲᠣᠬᠢᠶᠠᠯ ᠪᠣᠯᠣᠨ ᠰᠢᠯᠭᠠᠯᠲᠠ ᠵᠡᠷᠭᠡ᠎ᠪᠡᠷ ᠣᠷᠣᠰᠢᠵᠤ ᠪᠠᠢᠭ᠎ᠠ ᠪᠣᠯᠬᠣᠷ ᠠᠵᠠ ᠲᠣᠬᠢᠶᠠᠯ᠎ᠢ ᠡᠵᠡᠮᠳᠡᠪᠡᠯ ᠳᠠᠷᠤᠢ ᠬᠢᠮᠤᠷᠠᠯ᠎ᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠠᠰᠢᠭ᠍ᠲᠠᠢ ᠪᠠᠢᠳᠠᠯ᠎ᠢ ᠠᠰᠢᠭ᠍ᠯᠠᠨ ᠤᠷᠤᠭᠰᠢᠯᠠᠵᠤ ᠴᠢᠳᠠᠨ᠎ᠠ᠃

ᠨᠢᠭᠡ ᠴᠠᠭ ᠮᠦᠴᠡ ᠨᠢᠭᠡ ᠤᠴᠢᠷ ᠶᠠᠪᠤᠳᠠᠯ᠎ᠳᠤ ᠲᠥᠭᠡᠷᠢᠭᠳᠡᠬᠦ ᠦᠭᠡᠢ᠂ ᠲᠤᠭᠰᠢᠨ ᠰᠠᠯᠬᠢ ᠰᠢᠷᠦᠭᠦᠨ ᠳᠠᠪᠠᠯᠭᠠᠨ᠎ᠳᠤ ᠨᠥᠯᠥᠭᠡᠯᠡᠭᠳᠡᠬᠦ ᠦᠭᠡᠢ᠃

ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ ᠭᠠᠷᠭᠠᠪᠠ᠄《ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ᠎ᠢᠶᠡᠨ ᠴᠢᠩᠭᠠᠳᠬᠠᠵᠤ᠂ ᠢᠳᠡᠪᠬᠢᠲᠡᠢ᠎ᠪᠡᠷ ᠬᠤᠪᠢᠷᠠᠯᠲᠠ᠎ᠶᠢ ᠲᠠᠨᠢᠵᠤ ᠬᠤᠪᠢᠷᠠᠯᠲᠠ᠎ᠶᠢ ᠠᠷᠭᠠᠴᠡᠭᠠᠨ ᠬᠤᠪᠢᠷᠠᠯᠲᠠ᠎ᠶᠢ ᠡᠷᠢᠯᠬᠢᠯᠡᠵᠦ᠂ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠂ ᠳᠡᠯᠡᠬᠡᠢ᠎ᠶᠢᠨ ᠬᠤᠷᠴᠠ ᠰᠢᠷᠦᠭᠦᠨ ᠥᠷᠢᠰᠦᠯᠳᠦᠭᠡᠨ᠎ᠦ ᠳᠤᠮᠳᠠ ᠪᠠᠢᠯᠳᠤᠬᠤ ᠪᠣᠳᠣᠯᠭ᠎ᠠ᠎ᠶᠢᠨ ᠰᠠᠨᠠᠭᠠᠴᠢᠯᠠᠭᠠᠲᠤ ᠡᠷᠬᠡ᠎ᠶᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠬᠦ ᠲᠠᠯ᠎ᠠ᠎ᠳᠤ ᠬᠣᠯᠪᠣᠭᠳᠠᠬᠤ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢᠨ ᠴᠢᠬᠤᠯᠠ ᠶᠡᠬᠡ ᠰᠢᠪᠲᠤᠯᠤᠯᠲᠠ᠎ᠲᠠᠢ ᠪᠣᠯᠬᠤ᠎ᠶᠢ ᠠᠬᠢᠭᠤᠯᠬᠤ ᠬᠡᠷᠡᠭᠲᠡᠢ》᠃

ᠶᠡᠷᠦ ᠪᠤᠰᠤ᠎ᠶᠢᠨ ᠢᠷᠡᠭᠡᠳᠦᠢ᠎ᠶᠢ ᠪᠠᠷᠠᠯᠠᠬᠤᠶ᠎ᠠ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢᠶᠠᠷ ᠵᠢᠯᠣᠭᠣᠳᠤᠮᠵᠢ ᠪᠣᠯᠭᠠᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠳᠤᠮᠳᠠᠳᠤ ᠤᠯᠤᠰ ᠨᠡᠷᠡᠮᠵᠢᠲᠦ ᠲᠣᠮᠣ᠌ ᠬᠥᠯᠭᠡ ᠣᠩᠭᠣᠴᠠ᠎ᠶᠢᠨ ᠴᠤᠴᠠᠯᠲᠠ ᠦᠭᠡᠢ ᠤᠷᠤᠭᠰᠢᠯᠠᠬᠤ᠎ᠶᠢ ᠠᠬᠢᠭᠤᠯᠵᠤ᠂ ᠪᠢᠳᠡᠨ᠎ᠦ ᠬᠦᠴᠦᠨ ᠴᠢᠳᠠᠯ ᠨᠡᠩ ᠲᠡᠭᠦᠯᠳᠡᠷ᠂ ᠢᠲᠡᠭᠡᠯ ᠵᠣᠷᠢᠭ᠋ ᠨᠡᠩ ᠪᠠᠲᠤ ᠪᠡᠬᠢ ᠪᠠᠢᠨ᠎ᠠ᠃

ᠢᠲᠡᠭᠡᠯ ᠵᠣᠷᠢᠭ᠋ ᠪᠠ ᠬᠦᠴᠦᠨ ᠴᠢᠳᠠᠯ ᠨᠢ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠂ ᠪᠠᠲᠤ ᠴᠢᠩᠭ᠎ᠠ ᠵᠠᠮᠴᠢᠯᠠᠯ᠎ᠡᠴᠡ ᠢᠷᠡᠯᠳᠠᠢ᠂ ᠰᠠᠯᠬᠢ ᠪᠣᠷᠣᠭᠠᠨ ᠳᠠᠭᠠᠷᠢᠨ ᠢᠷᠡᠬᠦ ᠦᠶ᠎ᠡ᠎ᠶᠢᠨ ᠬᠠᠮᠤᠭ᠎ᠤᠨ ᠨᠠᠢᠳᠠᠪᠤᠷᠢᠲᠠᠢ ᠲᠦᠰᠢᠭ ᠲᠤᠯᠭᠠᠭᠤᠷᠢ᠂ ᠪᠠᠢᠳᠠᠯ᠎ᠢ ᠲᠤᠭᠲᠠᠪᠤᠷᠢᠵᠢᠭᠤᠯᠤᠭᠴᠢ ᠪᠤᠯᠵᠤ ᠪᠦᠷᠢᠯᠳᠦᠨ᠎ᠡ᠃

《ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ᠎ᠶᠢᠨ ᠦᠨᠳᠦᠰᠦᠨ ᠪᠠᠲᠤᠯᠠᠭ᠎ᠠ ᠮᠥᠨ᠂ ᠵᠠᠩᠭᠢᠯᠠᠭ᠎ᠠ᠎ᠶᠢᠨ ᠴᠠᠭ ᠮᠥᠴᠡ᠂ ᠴᠢᠬᠤᠯᠠ ᠵᠠᠩᠭᠢᠯᠠᠭ᠎ᠠ᠎ᠶᠢᠨ ᠭᠤᠬᠴᠤᠭ᠎ᠠ᠎ᠳᠦ᠂ ᠨᠠᠮ᠎ᠤᠨ ᠲᠥᠪ ᠬᠣᠷᠢᠶ᠎ᠠ ᠴᠠᠭ ᠲᠤᠬᠠᠢ ᠳ᠋ᠤᠨᠢ ᠪᠠᠢᠳᠠᠯ᠎ᠢ ᠰᠤᠳᠤᠯᠤᠨ ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠬᠢᠵᠦ᠂ ᠮᠠᠨ᠎ᠤ ᠤᠯᠤᠰ᠎ᠤᠨ ᠠᠵᠤ ᠠᠬᠤᠢ᠎ᠶᠢᠨ ᠬᠥᠯᠭᠡ ᠣᠩᠭᠣᠴᠠ᠎ᠶᠢᠨ ᠰᠠᠯᠬᠢ ᠳᠠᠪᠠᠯᠭᠠᠨ᠎ᠢ ᠵᠦᠰᠦᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠦᠨᠡᠨ ᠬᠦ᠌ ᠪᠠᠲᠤᠯᠠᠪᠠ》᠃

ᠶᠡᠷᠦᠩᠬᠡᠢ ᠱᠦᠵᠢ ᠰᠢ ᠵᠢᠨ ᠫᠢᠩ᠎ᠦᠨ ᠨᠢᠳᠤᠨᠤᠨ᠎ᠤ 12 ᠰᠠᠷ᠎ᠠ᠎ᠶᠢᠨ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠳᠡᠭᠡᠷᠡᠬᠢ ᠭᠦᠨᠵᠡᠭᠡᠢ ᠲᠠᠢᠯᠪᠤᠷᠢᠯᠠᠯᠲᠠ ᠨᠢ ᠪᠦᠬᠦ ᠨᠠᠮ᠎ᠤᠨ ᠬᠠᠮᠤᠭ᠎ᠤᠨ ᠶᠡᠬᠡ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠪᠠ᠃

ᠠᠵᠤ ᠠᠬᠤᠢ᠎ᠶ᠋ᠢ ᠲᠣᠭ᠍ᠲᠠᠪᠤᠷᠢᠵᠢᠭᠤᠯᠬᠤ᠂ ᠬᠢᠵᠢᠭ᠎ᠦᠨ ᠪᠠᠢᠳᠠᠯ᠎ᠲᠠᠶ ᠲᠡᠮᠡᠴᠡᠬᠦ᠌᠂ ᠭᠠᠮᠱᠢᠭ᠎ᠲᠠᠶ ᠲᠡᠮᠡᠴᠡᠬᠦ᠌᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠭᠠᠳᠠᠭᠠᠳᠤ ᠣᠷᠴᠢᠨ᠎ᠤ ᠳᠠᠷᠤᠯᠲᠠ᠎ᠶ᠋ᠢ ᠠᠷᠭᠠᠴᠠᠭᠠᠬᠤ ᠁ ᠵᠠᠩᠭᠢᠯᠠᠭ᠎ᠠ᠎ᠶ᠋ᠢᠨ ᠴᠠᠭ ᠮᠥᠴᠡ ᠪᠦᠷᠢ᠎ᠶ᠋ᠢᠨ ᠰᠣᠩᠭᠣᠯᠲᠠ᠂ ᠬᠦᠴᠢᠷ ᠪᠡᠷᠬᠡ ᠵᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠭᠰᠠᠨ ᠠᠶᠠᠨ ᠵᠠᠮ ᠪᠤᠯᠭᠠᠨ ᠨᠢ᠄ ᠪᠢᠳᠡ ᠲᠠᠰᠤᠷᠠᠯᠳᠠ ᠦᠭᠡᠢ ᠱᠢᠨ᠎ᠡ ᠢᠯᠠᠯᠲᠠ ᠣᠯᠵᠤ ᠴᠢᠳᠠᠭ᠍ᠰᠠᠨ᠎ᠤ ᠬᠠᠮᠤᠭ᠎ᠤᠨ ᠦᠨᠳᠦᠰᠦᠨ ᠱᠢᠯᠲᠠᠭᠠᠨ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠠᠮᠴᠢᠯᠠᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠡᠴᠡ ᠪᠣᠯᠵᠠᠢ ᠭᠡᠳᠡᠭ᠎ᠢ ᠲᠠᠬᠢᠨ ᠳᠠᠪᠲᠠᠨ ᠭᠡᠷᠡᠴᠢᠯᠡᠪᠡ᠃

ᠡᠨᠡ ᠵᠢᠯ᠎ᠦᠨ 9 ᠰᠠᠷ᠎ᠠ᠎ᠶ᠋ᠢᠨ 24 ᠎ᠤ᠋ ᠡᠳᠦᠷ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠲᠦᠷᠦᠭᠦᠴᠦᠳ᠎ᠦᠨ ᠬᠤᠷᠠᠯ ᠳᠡᠭᠡᠷ᠎ᠡ᠂ ᠳᠡᠯᠡᠬᠡᠶ ᠨᠡᠢᠲᠡ᠎ᠪᠡᠷ᠎ᠢᠶᠡᠨ ᠳᠤᠮᠳᠠᠳᠤ ᠤᠯᠤᠰ᠎ᠤᠨ ᠲᠥᠪ ᠴᠢᠩᠭ᠎ᠠ ᠠᠮᠠᠯᠠᠯᠲᠠ᠎ᠶ᠋ᠢ ᠰᠣᠨᠣᠰᠤᠯ᠎ᠠ —

ᠶᠡᠷᠦᠩᠬᠡᠶ ᠱᠦᠵᠢ ᠰᠢ ᠵᠢᠨ ᠫᠢᠩ ᠸᠢᠳᠢᠣ᠋᠎ᠪᠠᠷ ᠪᠠᠶᠠᠷ᠎ᠤᠨ ᠦᠭᠡ ᠬᠡᠯᠡᠬᠦ᠌᠎ᠳᠡᠭᠡᠨ ᠲᠤᠮᠳᠠᠳᠤ ᠤᠯᠤᠰ ᠤ᠋ᠨ ᠰᠢᠨ᠎ᠡ ᠨᠢᠭᠡ ᠡᠭᠡᠯᠵᠢ ᠵᠢᠨ ᠤᠯᠤᠰ ᠤ᠋ᠨ ᠪᠡᠶ᠎ᠡ ᠪᠡᠨ ᠲᠠᠭᠠᠭᠠᠵᠤ ᠦᠵᠡᠭᠦᠯᠬᠦ ᠬᠤᠪᠢ ᠨᠡᠮᠡᠷᠢ ᠵᠢ ᠵᠠᠷᠯᠠᠪᠠ᠄《2035 ᠣᠨ ᠪᠣᠯᠬᠤ᠎ᠳᠤ᠂ ᠳᠤᠮᠳᠠᠳᠤ ᠤᠯᠤᠰ᠎ᠤᠨ ᠪᠥᠬᠥ᠌ ᠠᠵᠤ ᠠᠬᠤᠶ᠎ᠶ᠋ᠢᠨ ᠬᠡᠪᠴᠢᠶᠡᠨ᠎ᠳᠡᠬᠢ ᠬᠦᠯᠡᠮᠵᠢ᠎ᠶ᠋ᠢᠨ ᠬᠡᠶ ᠶ᠋ᠢᠨ ᠴᠡᠪᠡᠷ ᠭᠠᠳᠠᠭ᠍ᠰᠢᠯᠠᠭᠤᠯᠤᠯᠲᠠ᠎ᠶ᠋ᠢᠨ ᠬᠡᠮᠵᠢᠶ᠎ᠡ᠎ᠶ᠋ᠢ ᠣᠷᠭᠢᠯ ᠬᠡᠮᠵᠢᠭ᠌ᠳᠡᠯ᠎ᠡᠴᠡ 7% — 10% ᠪᠡᠷ ᠪᠠᠭᠤᠷᠠᠭᠤᠯᠵᠤ᠂ ᠨᠠᠩ ᠰᠠᠢᠨ ᠬᠢᠬᠦ᠌᠎ᠪᠡᠷ ᠴᠢᠷᠮᠠᠢᠨ᠎ᠠ᠃ ᠡᠨᠧᠷᠭᠢ᠎ᠶ᠋ᠢᠨ ᠬᠡᠷᠡᠭ᠌ᠯᠡᠭᠡᠨ᠎ᠦ ᠶᠡᠷᠦᠩᠬᠡᠶ ᠬᠡᠮᠵᠢᠶ᠎ᠡ᠎ᠳᠡᠬᠢ ᠴᠢᠯᠠᠭᠤᠵᠢᠮᠠᠯ᠎ᠤᠨ ᠪᠤᠰᠤ ᠡᠨᠧᠷᠭᠢ᠎ᠶ᠋ᠢᠨ ᠬᠡᠷᠡᠭ᠌ᠯᠡᠭᠡ᠎ᠶ᠋ᠢᠨ ᠡᠵᠡᠯᠡᠬᠦ᠌ ᠬᠤᠪᠢ᠎ᠶ᠋ᠢᠨ ᠵᠢᠩ᠎ᠢ 30% ᠎ᠡᠴᠡ ᠳᠡᠭᠡᠭ᠌ᠰᠢ᠎ᠳᠦ ᠬᠦᠷᠭᠡᠨ᠎ᠡ》 ᠁

ᠵᠠᠷᠢᠮ ᠤᠯᠤᠰ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠲᠠᠯ᠎ᠠ᠎ᠪᠠᠷ ᠲᠠᠲᠠᠭᠠᠯᠵᠠᠵᠤ ᠪᠠᠢᠬᠤ᠎ᠳᠤ᠂ ᠳᠤᠮᠳᠠᠳᠤ ᠤᠯᠤᠰ ᠬᠠᠷᠢᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠬᠥᠭ᠌ᠵᠢᠯᠲᠡ᠎ᠶ᠋ᠢᠨ ᠬᠠᠨᠳᠤᠰᠢ᠎ᠶ᠋ᠢ ᠡᠵᠡᠮᠳᠡᠵᠦ᠍᠂ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠨᠡᠪᠲᠡ ᠠᠵᠢᠭ᠍ᠯᠠᠵᠤ᠂ ᠪᠠᠢᠯᠳᠤᠬᠤ ᠪᠤᠳᠤᠯᠭ᠎ᠠ᠎ᠶ᠋ᠢᠨ ᠰᠣᠩᠭᠣᠯᠲᠠ ᠬᠢᠵᠦ᠍᠂ ᠲᠤᠮᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃

ᠶᠡᠭᠡ ᠶᠤᠰᠤ ᠵᠢ ᠳᠠᠭᠠᠨ ᠤᠷᠤᠭ᠍ᠰᠢᠯᠠᠪᠠᠯ ᠰᠠᠶᠢ ᠠᠯᠤᠰ ᠬᠤᠯᠠ ᠠᠶᠠᠯᠠᠵᠤ ᠴᠢᠳᠠᠨ᠎ᠠ᠃

ᠴᠠᠭ ᠦᠶ᠎ᠡ᠎ᠶ᠋ᠢᠨ ᠶᠡᠬᠡ ᠬᠠᠨᠳᠤᠰᠢ᠎ᠶ᠋ᠢ ᠲᠣᠳᠣᠷᠬᠠᠢ ᠢᠯᠭᠠᠨ ᠲᠠᠨᠢᠵᠤ᠂ ᠲᠡᠦᠬᠡᠨ ᠴᠠᠭ ᠲᠣᠬᠢᠶᠠᠯ᠎ᠢ ᠠᠮᠵᠢᠨ᠂ ᠨᠡᠩ ᠶᠡᠬᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠡᠴᠡ ᠬᠥᠭ᠌ᠵᠢᠯᠲᠡ᠎ᠶ᠋ᠢᠨ ᠴᠢᠭ᠌ᠯᠡᠯ ᠠᠷᠭ᠎ᠠ ᠵᠠᠮ᠎ᠢ ᠣᠨᠣᠪᠴᠢᠲᠠᠢ ᠡᠵᠡᠮᠳᠡᠵᠦ᠍᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠱᠢᠰᠲ᠋ᠧᠮᠲᠦ ᠴᠢᠨᠠᠷᠲᠠᠢ᠂ ᠠᠯᠤᠰ ᠬᠡᠳᠦ ᠵᠢᠨ ᠴᠢᠨᠠᠷᠲᠠᠢ ᠲᠦᠰᠦᠪᠯᠡᠯ᠎ᠢ ᠴᠢᠩᠭᠠᠳᠭᠠᠨ᠎ᠠ ᠁ ᠮᠠᠨ᠎ᠤ ᠨᠠᠮ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢᠷᠡᠭᠦᠯᠵᠦ᠍᠂ ᠪᠦᠬᠦ᠌ ᠨᠠᠮ ᠪᠦᠬᠦ᠌ ᠤᠯᠤᠰ ᠳᠠᠶᠠᠭᠠᠷ᠎ᠢᠶᠠᠨ ᠠᠯᠬᠤᠭ᠎ᠠ ᠨᠢᠭᠡᠲᠡᠢ᠎ᠪᠡᠷ ᠤᠷᠤᠭ᠍ᠰᠢᠯᠠᠬᠤ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ᠎ᠢᠶᠠᠨ ᠲᠠᠰᠤᠷᠠᠯᠳᠠ ᠦᠭᠡᠢ ᠴᠢᠩᠭᠠᠷᠠᠭᠤᠯᠵᠦ ᠪᠤᠢ᠃

ᠢᠲᠡᠭᠡᠯ ᠵᠤᠷᠢᠭ ᠪᠣᠯᠤᠨ ᠬᠦᠴᠦᠨ ᠴᠢᠳᠠᠯ ᠨᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠨᠡᠬᠡᠬᠡᠯᠳᠡ᠎ᠶ᠋ᠢ ᠥᠷᠭᠡᠳᠭᠡᠭᠰᠡᠨ ᠡᠴᠡ ᠢᠷᠡᠯᠲᠠᠢ᠂ ᠪᠠᠢᠭᠤᠯᠤᠯ᠎ᠤᠨ ᠳᠠᠪᠠᠭᠤᠯᠢᠭ᠎ᠢ ᠨᠡᠩ ᠰᠠᠢ᠌ᠨ ᠪᠠᠳᠠᠷᠠᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ ᠪᠠᠢᠳᠠᠭ᠃

ᠡᠨᠡ ᠵᠢᠯ᠎ᠦᠨ 7 ᠰᠠᠷ᠎ᠠ᠎ᠳᠤ᠂ ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠣᠷᠣᠨ ᠪᠦᠰᠡ᠎ᠶ᠋ᠢᠨ ᠵᠠᠬ᠎ᠠ ᠳᠡᠯᠭᠡᠭᠦᠷ᠎ᠦᠨ ᠨᠢᠭᠡ ᠴᠤᠭ᠍ᠴᠠᠵᠢᠯᠳᠠ ᠱᠢᠨ᠎ᠡ ᠠᠬᠢᠴᠠ᠎ᠲᠠᠶ ᠪᠣᠯᠪᠠ ᠁ ᠱᠠᠩᠬᠠᠢ ᠵᠢᠶᠠᠩᠰᠦ ᠵᠧᠵᠢᠶᠠᠩ ᠠᠨᠾᠦᠶ᠋ᠢ ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠡᠷᠬᠡ ᠲᠡᠭ᠌ᠰᠢ᠎ᠪᠡᠷ ᠦᠷᠢᠰᠦᠯᠳᠦᠬᠦ᠌ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠬᠠᠮᠠᠭᠠᠯᠠᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ ᠥᠷᠨᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠬᠣᠱᠢᠭᠤᠴᠢ ᠣᠷᠣᠨ᠎ᠢ ᠬᠠᠮᠲᠤ᠎ᠪᠠᠷ ᠪᠠᠢᠭᠤᠯᠬᠤ᠎ᠶ᠋ᠢ ᠠᠬᠢᠭᠤᠯᠪᠠ᠃

ᠢᠷᠡᠭᠡᠳᠦᠢ᠎ᠳᠦ ᠬᠠᠨᠳᠤᠭ᠍ᠰᠠᠨ ᠬᠥᠭ᠌ᠵᠢᠯᠲᠡ ᠪᠣᠯ ᠪᠠᠰᠠ ᠴᠤ᠌《ᠥᠭᠡᠷᠡᠴᠢᠯᠡᠯᠲᠡ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠴᠢᠷᠮᠠᠢᠨ ᠨᠡᠭᠡᠭᠡᠬᠰᠡᠨ》ᠬᠠᠷᠢᠭᠤᠯᠲᠠ᠎ᠶ᠋ᠢᠨ ᠬᠠᠭᠤᠳᠠᠰᠤ ᠪᠣᠯᠤᠨ᠎ᠠ᠃

ᠲᠦᠭᠰᠢᠬᠦᠷᠢ ᠲᠤᠭᠤᠯᠬᠤ ᠬᠤᠭᠤᠴᠠᠭᠠᠨ ᠳ᠋ᠦ ᠣᠷᠣᠭ᠍ᠰᠠᠨ ᠥᠭᠡᠷᠡᠴᠢᠯᠡᠯᠲᠡ᠎ᠳᠦ᠂ ᠨᠠᠩ ᠴᠤ᠌ ᠦᠵᠡᠯ ᠰᠠᠨᠠᠭ᠎ᠠ ᠣᠢᠯᠠᠭᠠᠭ᠍ᠳᠠᠬᠤᠨ᠎ᠤ ᠬᠠᠷᠰᠢ ᠰᠠᠭᠠᠳ᠎ᠢ ᠠᠷᠢᠯᠭᠠᠬᠤ᠂ ᠠᠱᠢᠭ ᠲᠤᠰᠠ᠎ᠶ᠋ᠢᠨ ᠬᠡᠪᠱᠢᠭ᠌ᠰᠡᠨ ᠬᠠᠯᠬᠠᠪᠴᠢ᠎ᠶ᠋ᠢ ᠱᠢᠪᠲᠤᠯᠬᠤ ᠲᠠᠯ᠎ᠠ᠎ᠪᠠᠷ ᠬᠦᠴᠦᠯᠡᠵᠦ᠍᠂ ᠪᠠᠢᠭᠤᠯᠤᠯ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠲᠠᠰᠤᠷᠠᠯᠲᠠ ᠥᠬᠡᠶ ᠠᠬᠢᠭᠤᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠲᠡᠶ᠃

ᠬᠥᠭ᠌ᠵᠢᠯᠲᠡ᠎ᠶ᠋ᠢᠨ ᠭᠣᠣᠯ ᠰᠡᠳᠦᠪ ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠥᠭᠡᠷᠡᠴᠢᠯᠡᠯᠲᠡ᠎ᠶ᠋ᠢᠨ ᠴᠢᠭ᠌ᠯᠡᠯ᠎ᠢ ᠨᠡᠩ ᠲᠣᠳᠣᠷᠬᠠᠢ ᠪᠣᠯᠭᠠᠪᠠ᠄《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠭᠤᠯᠤᠭ᠍ᠳᠠᠬᠤᠨ ᠮᠠᠰᠢ ᠪᠠᠶᠠᠯᠢᠭ᠂ ᠥᠭᠡᠷᠡᠴᠢᠯᠡᠯᠲᠡ᠎ᠶ᠋ᠢ ᠴᠢᠨᠠᠭ᠍ᠰᠢᠳᠠ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠨᠢ ᠴᠦ᠍ ᠵᠠᠢᠯᠠᠰᠢ ᠦᠭᠡᠢ ᠪᠦᠬᠦ᠌ ᠲᠠᠯ᠎ᠠ᠎ᠶ᠋ᠢᠨ ᠶᠤᠮ》᠂《ᠥᠭᠡᠷᠡᠴᠢᠯᠡᠯᠲᠡ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠲᠡᠶ ᠨᠡᠩ ᠨᠢᠭ᠍ᠲᠠ ᠤᠶᠠᠯᠳᠤᠭᠤᠯᠵᠤ᠂ ᠪᠡᠯᠭᠡ ᠳᠡᠮᠳᠡᠭ᠎ᠦᠨ ᠴᠢᠨᠠᠷᠲᠠᠢ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠲᠦᠷᠭᠡᠨ ᠨᠠᠢᠳᠠᠪᠤᠷᠢᠵᠢᠭᠤᠯᠬᠤ ᠬᠡᠷᠡᠭ᠌ᠲᠡᠢ》 ᠁

ᠭᠣᠣᠯ ᠵᠥᠷᠢᠴᠡᠯ᠎ᠢ ᠠᠳᠭᠤᠵᠤ᠂ ᠠᠵᠤ ᠠᠬᠤᠢ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠭᠡᠬᠦ᠌ ᠡᠨᠡ ᠬᠦ᠌ ᠵᠠᠩᠭᠢᠯᠠᠭ᠎ᠠ᠎ᠶ᠋ᠢ ᠠᠳᠭᠤᠵᠤ᠂ ᠪᠤᠰᠤᠳ ᠬᠦᠷᠢᠶᠡᠨ᠎ᠦ ᠥᠭᠡᠷᠡᠴᠢᠯᠡᠯᠲᠡ᠎ᠶ᠋ᠢ ᠲᠠᠢ᠌ᠴᠢᠯᠠᠨ ᠱᠢᠨ᠎ᠡ ᠱᠢᠪᠲᠤᠯᠤᠯᠲᠠ᠎ᠲᠠᠶ ᠪᠣᠯᠭᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠳᠦ ᠱᠢᠰᠲᠸᠮ ᠬᠤᠷᠠᠮᠠᠯ᠎ᠢ ᠨᠡᠩ ᠴᠢᠬᠤᠯᠠᠴᠢᠯᠠᠵᠤ᠂ ᠭᠣᠣᠯᠳᠠᠯᠭ᠎ᠠ᠎ᠶ᠋ᠢ ᠲᠤᠪᠤᠢ᠌ᠯᠭᠠᠬᠤ᠎ᠶ᠋ᠢ ᠨᠡᠩ ᠴᠢᠬᠤᠯᠠᠴᠢᠯᠠᠵᠤ᠂ ᠥᠭᠡᠷᠡᠴᠢᠯᠡᠯᠲᠡ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠨᠡᠩ ᠴᠢᠬᠤᠯᠠᠴᠢᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ᠍ᠲᠠᠢ ᠪᠠᠢᠭᠤᠯᠤᠯ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠬᠦ᠌ ᠬᠡᠷᠡᠭ᠌ᠲᠡᠢ᠃

ᠨᠡᠭᠡᠭᠡᠯᠲᠡ᠎ᠪᠡᠷ ᠥᠭᠡᠷᠡᠴᠢᠯᠡᠯᠲᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢ ᠠᠬᠢᠭᠤᠯᠵᠤ᠂ ᠥᠷᠭᠡᠨ ᠳᠡᠯᠭᠡᠷ ᠴᠠᠭ ᠦᠶ᠎ᠡ᠎ᠶ᠋ᠢᠨ ᠭᠤᠤᠯ ᠬᠥᠭ ᠠᠶᠠᠰ ᠪᠣᠯᠵᠤ ᠨᠡᠢᠯᠡᠨ᠎ᠡ᠃

ᠫᠦᠵᠢᠶᠠᠩ ᠮᠥᠷᠡᠨ᠎ᠦ ᠬᠥᠪᠡᠭᠡᠨ᠎ᠳᠦ᠂ ᠲᠠᠬᠢᠭᠠᠳ ᠬᠠᠭᠠᠰ ᠰᠠᠷ᠎ᠠ ᠥᠩᠭᠡᠷᠡᠪᠡᠯ᠂ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ ᠱᠠᠩᠬᠠᠢ᠎ᠳᠤ ᠡᠬᠢᠯᠡᠬᠦ᠌ ᠪᠣᠯᠤᠨ᠎ᠠ᠃ ᠵᠢᠯ᠎ᠳᠦ ᠨᠢᠭᠡ ᠤᠳᠠᠭ᠎ᠠ᠂ ᠪᠦᠬᠦ᠌ ᠪᠥᠮᠪᠥᠷᠴᠡᠭ᠎ᠦᠨ ᠨᠡᠩ ᠤᠯᠠᠨ ᠠᠵᠤ ᠠᠬᠤᠢᠯᠠᠯ ᠬᠠᠮᠲᠤ᠎ᠪᠠᠷ《ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ ᠤ᠋ ᠪᠣᠯᠵᠣᠭ᠎ᠠ》 ᠳ᠋ᠤ ᠣᠴᠢᠬᠤ ᠪᠣᠯᠪᠠ᠃

ᠡᠮᠦᠨᠡᠲᠦ ᠲᠠᠩᠭᠢᠰ᠎ᠤᠨ ᠬᠥᠪᠡᠭᠡᠨ᠎ᠳᠤ᠂ ᠢᠷᠡᠬᠦ 2 ᠰᠠᠷ᠎ᠠ ᠬᠦᠷᠬᠦ᠌ ᠦᠭᠡᠢ ᠬᠤᠭᠤᠴᠠᠭᠠᠨ᠎ᠳᠤ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠪᠦᠬᠦ᠌ ᠠᠷᠠᠯ᠎ᠢᠶᠠᠷ᠎ᠢᠶᠠᠨ ᠪᠣᠭᠣᠮᠲᠠ ᠪᠡᠨ ᠬᠠᠭᠠᠵᠤ ᠠᠵᠢᠯᠯᠠᠭᠠᠨ᠎ᠢᠶᠠᠨ ᠡᠬᠢᠯᠡᠭᠦᠯᠵᠦ᠍᠂ ᠲᠤᠬᠠᠢ᠎ᠶ᠋ᠢᠨ ᠦᠶ᠎ᠡ᠎ᠳᠦ ᠳᠤᠮᠳᠠᠳᠤ ᠤᠯᠤᠰ ᠥᠨᠳᠥᠷ ᠲᠦᠪᠱᠢᠨ ᠪᠦᠬᠦᠢ ᠨᠡᠭᠡᠭᠡᠯᠳᠠ᠎ᠪᠡᠨ ᠥᠷᠭᠡᠳᠭᠡᠵᠦ᠍ ᠲᠠᠬᠢᠨ ᠱᠢᠨ᠎ᠡ ᠳᠡᠭ᠌ᠲᠡᠷ᠎ᠲᠦ ᠭᠠᠷᠬᠤ ᠪᠣᠯᠤᠨ᠎ᠠ᠃

ᠬᠥᠬᠡᠮᠥ᠋ᠷᠡᠨ ᠎ᠦ ᠡᠮᠦᠨ᠎ᠡ ᠤᠮᠠᠷ᠎ᠠ᠂ ᠨᠡᠬᠡᠬᠡᠯᠳᠡ ᠬᠢᠵᠦ᠍ ᠬᠠᠮᠲᠤᠷᠠᠯᠴᠠᠬᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠤᠷᠤᠰᠬᠠᠯ ᠶᠠᠭ ᠳᠣᠯᠭᠢᠶᠠᠯᠠᠨ ᠳᠠᠪᠠᠯᠭᠠᠯᠠᠵᠤ ᠪᠠᠢᠨ᠎ᠠ᠃

ᠣᠩᠭᠣᠴᠠ ᠵᠢ ᠵᠤᠷᠢᠭᠳᠠᠢ ᠰᠡᠯᠢᠵᠦ ᠰᠠᠯᠬᠢ ᠲᠠᠪᠠᠯᠭᠠᠨ ᠢ᠋ ᠰᠥᠷᠦᠨ ᠤᠷᠤᠭᠰᠢᠯᠠᠬᠤ ᠪᠣᠯ ᠬᠤᠪᠢᠷᠠᠯᠲᠠ᠎ᠶ᠋ᠢ ᠲᠠᠨᠢᠵᠤ ᠬᠤᠪᠢᠷᠠᠯᠲᠠ᠎ᠶ᠋ᠢ ᠠᠷᠭᠠᠴᠠᠭᠠᠬᠤ ᠵᠥᠪ ᠰᠣᠩᠭᠣᠯᠲᠠ ᠮᠥᠨ᠂ ᠪᠠᠰᠠ ᠴᠤ᠌ ᠬᠦᠴᠢᠷᠳᠡᠯᠳᠦ ᠪᠠᠢᠳᠠᠯ᠎ᠢ ᠡᠪᠳᠡᠨ ᠬᠥᠭ᠌ᠵᠢᠭᠦ᠎ᠳᠦ ᠵᠠᠪᠠᠯ ᠶᠠᠪᠤᠬᠤ ᠵᠠᠮ ᠮᠥᠨ᠃

ᠲᠠᠸᠠᠷ ᠪᠠ ᠡᠯᠧᠮᠧᠨ᠋ᠲ ᠎ᠦᠨ ᠭᠦᠢᠯᠭᠡᠭᠡᠨ᠎ᠦ ᠬᠡᠯᠪᠡᠷᠢ᠎ᠶ᠋ᠢᠨ ᠨᠡᠭᠡᠭᠡᠯᠳᠡ᠎ᠶ᠋ᠢ ᠭᠦᠨᠵᠡᠭᠡᠢᠷᠡᠭᠦᠯᠬᠦ᠌ ᠮᠥᠷᠲᠡᠭᠡᠨ ᠪᠠᠰᠠ ᠲᠦᠷᠢᠮ᠂ ᠪᠠᠷᠢᠮᠵᠢᠶ᠎ᠠ ᠵᠡᠷᠭᠡ ᠲᠦᠷᠢᠮ ᠎ᠦᠨ ᠬᠡᠯᠪᠡᠷᠢ᠎ᠶ᠋ᠢᠨ ᠨᠡᠭᠡᠭᠡᠯᠳᠡ᠎ᠶ᠋ᠢ ᠯᠠᠪᠳᠠᠭᠤᠨ᠎ᠢᠶᠠᠷ ᠥᠷᠭᠡᠳᠭᠡᠨ᠎ᠡ; ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠭᠣᠣᠯᠯᠠᠬᠤ ᠦᠢᠯᠡᠳᠦᠯ ᠎ᠢ ᠬᠦᠴᠦᠯᠡᠨ ᠴᠢᠩᠭᠠᠳᠭᠠᠬᠤ᠎ᠪᠠᠷ ᠪᠠᠷᠠᠬᠤ ᠦᠭᠡᠢ ᠪᠠᠰᠠ ᠤᠯᠠᠨ ᠤᠯᠤᠰ᠎ᠤᠨ ᠣᠷᠴᠢᠯ᠎ᠢᠶᠠᠷ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠦᠷ᠎ᠡ ᠪᠦᠲᠦᠮᠵᠢ ᠪᠠ ᠲᠦᠪᠱᠢᠨ᠎ᠢ ᠳᠡᠭᠡᠭ᠌ᠰᠢᠯᠡᠭᠦᠯᠦᠨ᠎ᠡ ᠁ ᠡᠷᠡᠰ ᠪᠠᠳᠤ ᠪᠡᠷ ᠨᠡᠭᠡᠭᠡᠯᠳᠠ᠎ᠶ᠋ᠢ ᠥᠷᠭᠡᠳᠭᠡᠭ᠌ᠰᠡᠨ᠂ ᠨᠡᠩ ᠭᠦᠨ ᠳᠠᠪᠬᠤᠷᠭ᠎ᠠ᠎ᠡᠴᠡ ᠳᠡᠯᠡᠬᠡᠢ ᠳ᠋ᠠᠬᠢᠨ᠎ᠢ ᠬᠦᠷᠢᠶᠡᠯᠡᠭ᠌ᠰᠡᠨ ᠳᠣᠷᠣᠨᠠᠳᠠᠬᠢᠨ᠎ᠤ ᠲᠤᠮᠤ ᠤᠯᠤᠰ᠂ ᠬᠤᠪᠢᠷᠠᠯᠲᠠ ᠶᠡᠬᠡᠲᠡᠢ ᠳᠡᠯᠡᠬᠡᠢ᠎ᠳᠦ ᠨᠡᠩ ᠤᠯᠠᠨ ᠲᠣᠭ᠍ᠲᠠᠭᠠᠯᠲᠤ ᠴᠢᠨᠠᠷ ᠨᠡᠮᠡᠷᠢᠯᠡᠵᠦ᠍᠂ ᠨᠡᠩ ᠤᠯᠠᠨ ᠠᠮᠢᠵᠢᠷᠠᠯ᠎ᠤᠨ ᠬᠦᠴᠦᠨ ᠪᠠ ᠠᠵᠠ ᠲᠣᠬᠢᠶᠠᠯ᠎ᠢ ᠡᠭᠦᠳᠦᠨ᠎ᠡ᠃

ᠢᠲᠡᠭᠡᠯ ᠵᠣᠷᠢᠭ ᠪᠠ ᠬᠦᠴᠦᠨ ᠴᠢᠳᠠᠯ ᠨᠢ ᠥᠷᠯᠥᠭᠡ ᠦᠳᠡᠰᠢ᠎ᠶ᠋ᠢ ᠲᠡᠮᠡᠴᠡᠨ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠢᠬᠰᠠᠨ ᠡᠴᠡ ᠢᠷᠡᠯᠳᠠᠢ᠂ ᠠᠤᠭ᠎ᠠ ᠦᠢᠯᠡᠰ᠎ᠢ ᠦᠷᠭᠦᠯᠵᠢᠯᠡᠨ ᠨᠠᠢᠳᠠᠪᠤᠷᠢᠵᠢᠭᠤᠯᠬᠤ᠎ᠳᠤ ᠵᠠᠮ ᠳᠡᠪᠢᠰᠴᠦ᠍ ᠰᠠᠭᠤᠷᠢ᠎ᠶ᠋ᠢ ᠪᠡᠬᠢᠵᠢᠭᠦᠯᠵᠦ ᠦᠭᠬᠦᠭᠰᠡᠨ ᠶᠤᠮ᠃

10 ᠰᠠᠷ᠎ᠠ᠎ᠶ᠋ᠢᠨ 20 ᠎ᠤ᠋ ᠡᠳᠦᠷ᠎ᠡᠴᠡ 23 ᠎ᠤ᠋ ᠡᠳᠦᠷ ᠪᠣᠯᠲᠠᠯ᠎ᠠ᠂ ᠪᠡᠭᠡᠵᠢᠩ᠎ᠳᠦ ᠬᠤᠷᠠᠯᠳᠤᠬᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠳ᠋ᠤ《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠭᠤᠯᠭ᠎ᠠ》ᠶ᠋ᠢ ᠬᠢᠨᠠᠨ ᠵᠦᠪᠯᠡᠵᠦ᠂ ᠱᠢᠨ᠎ᠡ ᠠᠶᠠᠨ᠎ᠳᠠᠬᠢ ᠵᠠᠩᠭᠢᠯᠠᠭ᠎ᠠ᠎ᠶ᠋ᠢᠨ ᠲᠠᠪᠤᠨ ᠵᠢᠯ᠎ᠦᠨ ᠵᠢᠷᠤᠭ ᠲᠥᠰᠦᠪ᠎ᠢ ᠵᠢᠷᠤᠭ᠍ᠯᠠᠪᠠ᠃

ᠲᠠᠪᠤ ᠲᠠᠪᠤᠨ ᠵᠢᠯ ᠵᠢᠡᠷ ᠵᠠᠯᠭᠠᠵᠦ᠂ ᠵᠣᠭ᠍ᠰᠣᠯ ᠦᠭᠡᠢ ᠪᠤᠤᠬᠢᠶ᠎ᠠ ᠳᠠᠮᠵᠢᠭᠤᠯᠤᠨ ᠤᠷᠤᠭᠰᠢᠯᠠᠨ᠎ᠠ᠃

ᠠᠩᠬᠠᠳᠤᠭᠠᠷ ᠲᠠᠪᠤᠨ ᠵᠢᠯ᠎ᠦᠨ ᠲᠥᠯᠥᠪᠯᠡᠭᠡ᠎ᠡᠴᠡ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠥᠪᠵᠢᠭᠦᠯᠭᠡ ᠬᠦᠷᠲᠡᠯ᠎ᠡ᠂《ᠮᠠᠨ᠎ᠤ ᠤᠯᠤᠰ᠎ᠢᠶᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠪᠣᠯᠭᠠᠨ ᠪᠦᠳᠦᠭᠡᠨ ᠪᠠᠢᠭᠤᠯᠬᠤ᠎ᠪᠠᠷ》ᠭᠣᠣᠯ ᠰᠡᠳᠦᠪ ᠪᠣᠯᠭᠠᠵᠤ᠂ ᠴᠥᠬᠥᠷᠡᠰᠢ ᠦᠭᠡᠢ ᠨᠠᠢᠳᠠᠪᠤᠷᠢᠵᠢᠭᠤᠯᠬᠤ ᠶᠠᠪᠤᠴᠠ᠎ᠳᠤ᠂ ᠠᠤᠭ᠎ᠠ ᠶᠡᠬᠡ ᠣᠳᠣᠬᠢᠴᠢᠯᠠᠯᠲᠠ᠎ᠶ᠋ᠢᠨ ᠠᠬᠢᠴᠠ᠎ᠶ᠋ᠢ ᠵᠢᠷᠤᠭ᠍ᠯᠠᠪᠠ᠃

ᠭᠠᠳᠠᠭᠠᠳᠤ᠎ᠶ᠋ᠢᠨ ᠤᠯᠤᠰ ᠲᠦᠷᠦ᠍᠎ᠶ᠋ᠢᠨ ᠴᠢᠬᠤᠯᠠ ᠬᠥᠮᠦᠰ ᠦᠨᠡᠯᠡᠭᠰᠡᠨᠴᠢᠯᠡᠨ᠄ ᠳᠤᠮᠳᠠᠳᠤ ᠤᠯᠤᠰ᠎ᠤᠨ ᠲᠠᠪᠤᠨ ᠵᠢᠯ᠎ᠦᠨ ᠲᠥᠯᠥᠪᠵᠢᠭᠦᠯᠭᠡ᠎ᠨᠢ ᠢᠮᠠᠬᠳᠡ ᠨᠠᠷᠢᠨ ᠨᠢᠭ᠍ᠲᠠ ᠲᠣᠭ᠍ᠲᠠᠭᠠᠵᠤ᠂ ᠬᠦᠴᠦᠲᠡᠢ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠦᠨ ᠦᠷᠭᠦᠯᠵᠢᠯᠡᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠪᠠᠲᠤᠯᠠᠪᠠ᠃ ᠡᠨᠡ ᠪᠣᠯ ᠳᠤᠮᠳᠠᠳᠤ ᠤᠯᠤᠰ᠎ᠲᠤ ᠯᠠ ᠪᠠᠢᠳᠠᠭ ᠪᠠᠢᠭᠤᠯᠤᠯ᠎ᠤᠨ ᠳᠠᠪᠠᠭᠤᠯᠢᠭ ᠪᠣᠯᠤᠨ᠎ᠠ᠃

《2035 ᠣᠨ ᠪᠣᠯᠬᠤ᠎ᠳᠤ᠂ 3 ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭ᠎ᠠ᠎ᠶ᠋ᠢ ᠬᠡᠷᠡᠭ᠌ᠯᠡᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠲᠠᠷᠠᠭ᠎ᠠ᠎ᠪᠠᠷ ᠨᠢ ᠲᠠᠬᠢᠨ 3 ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭ᠎ᠠ᠎ᠬᠡᠷᠡᠭᠰᠡᠨ ᠲᠤᠰ ᠵᠠᠭᠤᠨ᠎ᠤ ᠳᠤᠮᠳᠠᠴᠢ ᠪᠣᠯᠬᠤ᠎ᠳᠤ ᠮᠠᠨ᠎ᠤ ᠤᠯᠤᠰ᠎ᠢᠶᠠᠨ ᠪᠠᠶᠠᠨ ᠬᠦᠴᠦᠷᠬᠡᠭ ᠠᠷᠠᠳᠴᠢᠯᠠᠭ᠍ᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠢᠭᠤᠯᠤᠨ᠎ᠠ》᠃《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠶᠡᠷᠦᠩᠬᠡᠶ ᠱᠦᠵᠢ ᠰᠢ ᠵᠢᠨ ᠫᠢᠩ ᠬᠥᠭ᠌ᠵᠢᠯᠲᠡ᠎ᠶ᠋ᠢᠨ ᠱᠤᠭᠤᠮ᠎ᠤᠨ ᠵᠢᠷᠤᠭ ᠪᠠ ᠴᠠᠭ᠎ᠤᠨ ᠬᠦᠰᠦᠨᠦᠭ᠌ᠲᠦ᠍᠎ᠶ᠋ᠢ ᠢᠩᠭᠢᠵᠦ᠍ ᠵᠢᠷᠤᠭ᠍ᠯᠠᠪᠠ᠃

《ᠡᠷᠬᠡᠪᠰᠢ〈ᠠᠷᠪᠠᠨ ᠲᠠᠪᠤᠳᠤᠭᠠᠷ ᠲᠠᠪᠤᠨ ᠵᠢᠯ〉ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠱᠠᠳᠤᠴᠢ ᠴᠢᠨᠠᠷᠲᠠᠢ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠬᠠᠷᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠪᠡᠷ ᠭᠣᠣᠯᠳᠠᠭᠤᠯᠵᠤ᠂ ᠨᠢᠭᠡᠳ ᠨᠢᠭᠡ ᠬᠦᠷᠢᠶ᠎ᠡ᠎ᠳᠦ ᠬᠠᠷᠠᠯᠲᠠ ᠡᠭᠦᠷᠭᠡ᠎ᠶ᠋ᠢ ᠵᠣᠬᠢᠰᠲᠠᠢ ᠲᠣᠭ᠍ᠲᠠᠭᠠᠵᠤ᠂ ᠰᠡᠳᠭᠢᠴᠡ ᠠᠷᠭ᠎ᠠ ᠬᠡᠮᠵᠢᠶ᠎ᠡ᠎ᠶ᠋ᠢ ᠳᠤᠷᠠᠳᠭᠤ ᠬᠡᠷᠡᠭ᠌ᠲᠡᠢ》᠂ ᠱᠢᠨ᠎ᠡ ᠲᠠᠪᠤᠨ ᠵᠢᠯ᠎ᠢ ᠲᠥᠯᠥᠪᠵᠢᠭᠦᠯᠬᠦ᠌᠎ᠳᠦ᠂ ᠶᠡᠷᠦᠩᠬᠡᠢ ᠱᠦᠵᠢ ᠰᠢ ᠵᠢᠨ ᠫᠢᠩ᠎ᠦᠨ ᠲᠣᠳᠣᠷᠬᠠᠢ ᠵᠢᠯᠤᠭᠤᠳᠤᠯᠭ᠎ᠠ ᠪᠣᠯ ᠴᠠᠭ ᠦᠶ᠎ᠡ᠎ᠶ᠋ᠢᠨ ᠰᠡᠳᠦᠪ᠎ᠲᠦ ᠥᠭ᠌ᠭᠦᠭ᠌ᠰᠡᠨ ᠭᠦᠨᠵᠡᠭᠡᠢ ᠬᠠᠷᠢᠭᠤᠯᠲᠠ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠥᠭ᠌ᠭᠦᠭ᠌ᠰᠡᠨ ᠭᠦᠨᠵᠡᠭᠡᠢ ᠬᠠᠷᠢᠭᠤᠯᠲᠠ ᠪᠣᠯᠤᠨ᠎ᠠ᠃

ᠲᠠᠪᠤᠨ ᠵᠢᠯ ᠨᠢ ᠲᠡᠦᠬᠡ᠎ᠶ᠋ᠢᠨ ᠤᠷᠳᠤ ᠠᠶᠠᠨ᠎ᠳᠤ ᠬᠣᠷᠣᠮᠬᠠᠨ ᠵᠠᠭᠤᠷ᠎ᠠ ᠲᠡᠳᠦᠢ ᠪᠣᠯᠪᠠᠴᠤ᠌ ᠣᠳᠣᠬᠢᠴᠢᠯᠠᠯᠲᠠ᠎ᠵᠦᠭ ᠬᠦᠴᠦᠯᠡᠨ ᠲᠡᠮᠡᠴᠡᠬᠦ ᠤᠯᠤᠰ᠎ᠲᠤ ᠠᠪᠴᠤ᠌ ᠬᠡᠯᠡᠪᠡᠯ ᠲᠤᠢᠯ᠎ᠤᠨ ᠡᠷᠬᠢᠮ ᠨᠠᠨᠳᠢᠨ ᠶᠤᠮ᠃

ᠱᠢᠨᠲᠠᠷᠠᠰᠢ ᠦᠭᠡᠢ ᠴᠢᠷᠮᠠᠢᠨ ᠵᠤᠭᠰᠤᠯ ᠦᠭᠡᠢ ᠤᠷᠤᠭᠰᠢᠯᠠᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ ᠪᠦᠯᠬᠦᠮᠳᠡᠨ ᠨᠢᠭᠡᠳᠴᠦ᠍᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠠᠯᠤᠰ ᠢᠷᠡᠭᠡᠳᠦᠢ ᠲᠡᠢᠰᠢ ᠴᠥᠬᠥᠷᠡᠰᠢ ᠦᠭᠡᠢ ᠲᠡᠮᠡᠴᠡᠪᠡᠯ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ ᠲᠠᠬᠢᠨ ᠱᠢᠨ᠎ᠡ ᠭᠡᠷᠡᠯ ᠰᠠᠴᠤᠷᠠᠩᠭᠤᠢ ᠠᠮᠵᠢᠯᠲᠠ  ᠤᠯᠬᠤ ᠨᠢ ᠯᠠᠪᠲᠠᠢ ᠶᠤᠮ!

 (ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 10 ᠰᠠᠷ᠎ᠠ ᠵᠢᠨ 21 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号