ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠪᠠᠢᠭᠤᠯᠤᠭ᠍ᠳᠠᠭ᠍ᠰᠠᠨ 40 ᠵᠢᠯ᠎ᠦᠨ ᠤᠢ᠎ᠶ᠋ᠢ ᠳᠤᠷᠠᠰᠭᠠᠬᠤ ᠶᠡᠬᠡ ᠬᠤᠷᠠᠯ ᠬᠤᠷᠠᠯᠳᠤᠪᠠ
2025-10-23 09:39:32
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠸᠠᠩ ᠯᠦ᠍  ᠬᠦᠤᠳᠠᠭᠤᠯᠠ ᠶᠠᠷᠢᠶ᠎ᠠ ᠲᠠᠯᠪᠢᠵᠦ  ᠰᠦᠨ ᠵᠢᠶᠦ᠋ᠨ ᠴᠢᠩ ᠬᠤᠷᠠᠯ᠎ᠳᠤ ᠣᠷᠣᠯᠴᠠᠵᠠᠢ


10 ᠰᠠᠷ᠎ᠠ᠎ᠶ᠋ᠢᠨ 21 ᠤ᠋ ᠡᠳᠦᠷ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ ᠪᠠᠢᠭᠤᠯᠤᠭ᠍ᠳᠠᠭ᠍ᠰᠠᠨ 95 ᠵᠢᠯ᠎ᠦᠨ ᠤᠢ᠎ᠶ᠋ᠢ ᠪᠡᠯᠭᠡᠯᠡᠬᠦ᠌ ᠵᠢᠴᠢ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠪᠠᠢᠭᠤᠯᠤᠭ᠍ᠳᠠᠭ᠍ᠰᠠᠨ 40 ᠵᠢᠯ᠎ᠦᠨ ᠤᠢ᠎ᠶ᠋ᠢ ᠳᠤᠷᠠᠰᠭᠠᠬᠤ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠨᠠᠷᠢᠨ ᠪᠢᠴᠢᠭ᠎ᠦᠨ ᠳᠠᠷᠤᠭ᠎ᠠ᠂ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠤᠰᠭᠠᠶ ᠲᠤᠱᠢᠶᠠᠯᠲᠤ ᠳᠡᠳ᠋ ᠲᠡᠷᠢᠭᠦᠯᠡᠭ᠌ᠴᠢ ᠸᠠᠩ ᠯᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ ᠬᠤᠷᠠᠯ᠎ᠳᠤ ᠣᠷᠣᠯᠴᠠᠬᠰᠠᠨ ᠪᠦᠭᠡᠳ ᠶᠠᠷᠢᠶ᠎ᠠ ᠲᠠᠯᠪᠢᠵᠠᠢ᠃

ᠸᠠᠩ ᠯᠦ᠍ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠠᠵᠢᠯ᠎ᠢ ᠭᠦᠶ᠋ᠴᠡᠳ ᠨᠤᠲᠠᠯᠠᠪᠠ᠃ ᠲᠡᠷᠡ᠂ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠡᠭᠦᠷᠭᠡ ᠴᠢᠳᠠᠪᠬᠢ᠎ᠪᠠᠨ ᠢᠳᠡᠪᠬᠢᠲᠡᠢ ᠭᠦᠢᠴᠡᠳᠭᠡᠵᠦ᠍᠂ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠢᠯᠡᠴᠢᠯᠡᠵᠦ᠍᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠠᠢ᠃

ᠬᠦᠦᠳᠠᠭᠤᠯᠠ᠂ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠮᠦᠨ ᠠᠮᠠ ᠵᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠣᠷᠢᠨ᠎ᠤ ᠬᠦᠷᠢᠶ᠎ᠠ ᠴᠠᠷᠠᠭᠠᠨ᠎ᠳᠡᠬᠢ ᠡᠲᠡᠭᠡᠳ᠎ᠢᠯᠭᠠᠯ᠎ᠤᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌ ᠪᠠ ᠬᠦᠴᠦᠨ ᠨᠡᠮᠡᠷᠢᠯᠡᠬᠦ᠌ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠬᠦᠰᠡᠵᠦ ᠪᠠᠢᠨ᠎ᠠ ᠭᠡᠵᠡᠢ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠰᠦᠨ ᠵᠢᠶᠦ᠋ᠨ ᠴᠢᠩ ᠬᠤᠷᠠᠯ ᠳ᠋ᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号