2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠮᠠᠭᠠᠳᠯᠠᠨ ᠲᠣᠭ᠍ᠲᠠᠭᠠᠬᠤ ᠨᠡᠷᠡᠰ᠎ᠢ ᠵᠠᠷᠯᠠᠨ ᠨᠡᠢᠲᠡᠯᠡᠬᠦ᠌᠎ᠶ᠋ᠢ ᠳᠠᠭᠠᠯᠳᠤᠨ᠂ ᠥᠪᠥᠷ ᠮᠣᠩᠭᠣᠯ ᠡᠨᠡ ᠵᠢᠯ ᠨᠡᠢᠲᠡ 349 ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠱᠢᠨ᠎ᠡ᠎ᠪᠡᠷ ᠪᠣᠢ ᠪᠤᠯᠭᠠᠨ ᠬᠦᠭᠵᠢᠬᠦᠯᠵᠠᠢ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠢ ᠨᠡᠢᠲᠡ 1675᠂ ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠨᠡᠢᠲᠡ 814᠂ ᠤᠯᠤᠰ᠎ᠤᠨ ᠲᠠᠰ᠎ᠤᠨ ᠲᠤᠰᠭᠠᠶ ᠨᠠᠷᠢᠯᠢᠭ ᠣᠨᠴᠠ ᠱᠢᠨ᠎ᠡ ᠵᠢᠵᠢᠭ ᠠᠪᠤᠷᠭᠤ ᠠᠵᠤ ᠠᠬᠤᠢᠯᠠᠯ᠎ᠢ 38 ᠪᠣᠢ ᠪᠤᠯᠭᠠᠨ ᠬᠦᠭᠵᠢᠬᠦᠯᠵᠠᠢ᠃
ᠡᠲᠡᠭᠡᠷ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠴᠢᠨᠠᠷ ᠴᠢᠩᠭ᠎ᠠ᠂ ᠰᠤᠳᠤᠯᠤᠨ ᠨᠡᠭᠡᠭᠡᠬᠦ᠌ ᠣᠷᠣᠭᠤᠯᠤᠯᠲᠠ ᠥᠨᠳᠥᠷ᠂ ᠲᠤᠰᠭᠠᠢᠵᠢᠭ᠍ᠰᠠᠨ ᠬᠡᠮᠵᠢᠶ᠎ᠡ ᠥᠨᠳᠥᠷ᠂ ᠢᠵᠢ ᠪᠦᠷᠢᠳᠦᠭᠦᠯᠬᠦ᠌ ᠴᠢᠳᠠᠪᠤᠷᠢ ᠴᠢᠩᠭ᠎ᠠ᠂ ᠬᠦᠭᠵᠢᠬᠦ ᠴᠢᠨᠠᠷ᠎ᠢᠶᠠᠷ ᠨᠡᠯᠢᠶᠡᠳ ᠰᠠᠢᠨ᠂ ᠬᠥᠭ᠌ᠵᠢᠯᠲᠡ᠎ᠶ᠋ᠢᠨ ᠳᠠᠯᠳᠠ ᠬᠦᠴᠦᠨ ᠶᠡᠬᠡ ᠪᠠᠢᠵᠤ᠂ ᠥᠪᠥᠷ ᠮᠣᠩᠭᠣᠯ᠎ᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠦᠷᠢᠯᠳᠦᠭᠦᠯᠬᠦ᠌ ᠪᠠ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠵᠠᠢ᠃
ᠣᠢᠷ᠎ᠠ ᠵᠢᠨ ᠵᠢᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠳᠠ᠎ᠶ᠋ᠢᠨ ᠲᠢᠩᠬᠢᠮ ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠬᠦ᠌ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠲᠤᠰᠭᠠᠶ ᠨᠠᠷᠢᠯᠢᠭ ᠣᠨᠴᠠ ᠱᠢᠨ᠎ᠡ ᠪᠠᠭ᠎ᠠ ᠵᠢᠵᠢᠭ ᠠᠵᠤ ᠠᠬᠤᠢᠯᠠᠯ᠎ᠤᠨ ᠪᠥᠬᠥ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠦᠭᠵᠢᠯᠳᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠲᠤᠰᠭᠠᠶ ᠨᠠᠷᠢᠯᠢᠭ ᠣᠨᠴᠠ ᠱᠢᠨ᠎ᠡ ᠠᠵᠤ ᠠᠬᠤᠢᠯᠠᠯ᠎ᠢ ᠬᠦᠭᠵᠢᠬᠦᠯᠬᠦ ᠠᠵᠢᠯ᠎ᠢ ᠥᠷᠨᠢᠭᠦᠯᠵᠦ᠂ 《ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ — ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ — ᠲᠤᠰᠭᠠᠶ ᠨᠠᠷᠢᠯᠢᠭ ᠣᠨᠴᠠ ᠱᠢᠨ᠎ᠠ ᠵᠢᠵᠢᠭ ᠠᠵᠤ ᠠᠬᠤᠢᠯᠠᠯ — ᠦᠶ᠋ᠯᠡᠳᠬᠦ᠌ ᠦᠶ᠋ᠯᠡᠰ᠎ᠦᠨ ᠲᠠᠩ ᠲᠥᠷᠥᠯ᠎ᠦᠨ ᠮᠠᠩᠯᠠᠶ ᠠᠵᠤ ᠠᠬᠤᠢᠯᠠᠯ》 ᠤ᠋ᠨ ᠴᠢᠨᠠᠷ ᠰᠠᠢᠲᠠᠶ ᠠᠵᠤ ᠠᠬᠤᠢᠯᠠᠯ᠎ᠢ ᠬᠦᠭᠵᠢᠬᠦᠯᠬᠦ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠦᠨ᠂ ᠠᠵᠤ ᠠᠬᠤᠢᠯᠠᠯ᠎ᠤᠨ ᠶᠠᠰᠤ ᠴᠢᠨᠠᠷ᠂ ᠦᠷ᠎ᠡ ᠠᠱᠢᠭ ᠪᠠ ᠭᠤᠤᠯᠯᠠᠬᠤ ᠥᠷᠢᠰᠦᠯᠳᠦᠬᠦ᠌ ᠬᠦᠴᠦᠨ᠎ᠢ ᠲᠠᠰᠤᠷᠠᠯᠳᠡ ᠦᠬᠡᠢ ᠳᠡᠭᠡᠭᠰᠢᠯᠡᠬᠦᠯᠵᠠᠢ᠃
ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠤᠨ ᠲᠠᠰᠤᠷᠠᠯᠲᠠ ᠥᠬᠡᠶ ᠬᠥᠭ᠌ᠵᠢᠨ ᠪᠤᠵᠠᠭᠠᠢᠷᠠᠬᠤ᠎ᠶ᠋ᠢ ᠠᠬᠢᠭᠤᠯᠬᠤ᠎ᠶ᠋ᠢᠨ ᠲᠥᠯᠥᠭᠡ᠂ ᠥᠪᠥᠷ ᠮᠣᠩᠭᠣᠯ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠢ ᠱᠠᠲᠤᠵᠢᠭᠤᠯᠤᠨ ᠬᠦᠭᠵᠢᠬᠦᠯᠬᠦ ᠠᠵᠢᠯᠯᠠᠭᠠᠨ᠎ᠤ ᠲᠥᠰᠦᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ (2023 - 2025)》 ᠵᠡᠷᠭᠡ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠴᠢᠨᠠᠷ ᠰᠠᠢᠲᠠᠶ ᠳᠤᠮᠳᠠ ᠪᠠᠭ᠎ᠠ ᠠᠵᠤ ᠠᠬᠤᠢᠯᠠᠯ᠎ᠢ ᠱᠠᠲᠤᠵᠢᠭᠤᠯᠤᠨ ᠬᠦᠭᠵᠢᠬᠦᠯᠬᠦ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠲᠤᠭᠠᠴᠢᠯᠠᠯᠳᠡ ᠲᠠᠢᠰᠢ ᠪᠣᠬᠢᠷᠲᠤᠯ ᠥᠬᠡᠶ ᠲᠠᠢᠰᠢ ᠬᠡᠯᠪᠡᠷᠢ᠎ᠪᠡᠨ ᠬᠤᠪᠢᠷᠠᠭᠤᠯᠬᠤ ᠵᠢᠴᠢ ᠤᠨᠴᠠᠯᠢᠬ᠍ᠳᠤ ᠠᠵᠤ ᠦᠶ᠋ᠯᠡᠰ᠎ᠢ ᠪᠦᠯᠦᠭ᠌ᠵᠢᠭᠦᠯᠦᠨ ᠬᠥᠭ᠌ᠵᠢᠭᠦᠯᠬᠦ᠌ ᠵᠡᠷᠭᠡ ᠲᠠᠯ᠎ᠠ᠎ᠪᠠᠷ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠳᠤᠮᠳᠠ ᠪᠠᠭ᠎ᠠ ᠠᠵᠤ ᠠᠬᠤᠢᠯᠠᠯ᠎ᠤᠨ ᠲᠤᠰᠭᠠᠶ ᠨᠠᠷᠢᠯᠢᠭ ᠣᠨᠴᠠ ᠱᠢᠨ᠎ᠡ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠵᠠᠢ᠃ ᠡᠭᠦᠨ᠎ᠦ ᠬᠠᠮᠳᠤ ᠪᠡᠯᠡ ᠮᠦᠨᠭᠬᠦᠨᠤ ᠳᠡᠮᠵᠢᠯᠬᠡ ᠦᠵᠡᠭᠦᠯᠵᠦ᠍᠂ ᠥᠪᠡᠷᠲᠡᠭᠡᠨ ᠵᠠᠰᠠᠬᠤ ᠣᠷᠣᠨ᠎ᠳᠤ ᠵᠦᠪᠰᠢᠶᠡᠷᠡᠭᠳᠡᠭᠰᠡᠨ ᠲᠤᠰᠭᠠᠶ ᠨᠠᠷᠢᠯᠢᠭ ᠣᠨᠴᠠ ᠱᠢᠨ᠎ᠡ ᠳᠤᠮᠳᠠ ᠪᠠᠭ᠎ᠠ ᠠᠵᠤ ᠠᠬᠤᠢᠯᠠᠯ ᠪᠣᠯᠤᠨ ᠲᠤᠰᠭᠠᠶ ᠨᠠᠷᠢᠯᠢᠭ ᠣᠨᠴᠠ ᠱᠢᠨ᠎ᠡ ᠵᠢᠵᠢᠭ ᠠᠵᠤ ᠠᠬᠤᠢᠯᠠᠯ᠎ᠳᠤ ᠨᠢᠭᠡ ᠤᠳᠠᠭ᠎ᠠ᠎ᠶ᠋ᠢᠨ ᠴᠢᠨᠠᠷᠲᠠᠶ ᠱᠠᠩᠨᠠᠯ᠎ᠤᠨ ᠮᠥᠩᠭᠥ᠌ ᠣᠯᠭᠣᠵᠠᠢ᠃ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢᠨ ᠠᠬᠢᠭᠤᠯᠤᠯ᠎ᠢᠶᠡᠷ ᠪᠥᠬᠥ᠌ ᠣᠷᠣᠨ᠎ᠤ ᠱᠢᠯᠢᠳᠡᠭ ᠳᠤᠮᠳᠠ ᠪᠠᠭ᠎ᠠ ᠠᠵᠤ ᠠᠬᠤᠢᠯᠠᠯ᠎ᠤᠨ ᠡᠩᠨᠡᠭᠡ ᠦᠷᠭᠦᠯᠵᠢᠯᠡᠨ ᠪᠤᠵᠠᠭᠠᠢᠷᠠᠵᠠᠢ᠃
ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠳᠠ᠎ᠶ᠋ᠢᠨ ᠲᠢᠩᠬᠢᠮ ᠡᠯ᠎ᠡ ᠭᠠᠵᠠᠷ᠎ᠤᠨ ᠲᠣᠮᠣ ᠳᠤᠮᠳᠠ ᠪᠠᠭ᠎ᠠ ᠠᠵᠤ ᠠᠬᠤᠢᠯᠠᠯ᠎ᠤᠨ ᠨᠡᠪᠲᠡᠷᠡᠯᠴᠡᠬᠦ᠌᠎ᠶ᠋ᠢ ᠵᠣᠯᠭᠠᠭᠤᠯᠬᠤ᠂ ᠦᠶ᠋ᠯᠡᠳᠪᠦᠷᠢᠯᠡᠬᠦ᠌ ᠵᠢᠭᠠᠬᠤ ᠰᠤᠳᠤᠯᠬᠤ᠎ᠶ᠋ᠢ ᠵᠣᠯᠭᠠᠭᠤᠯᠬᠤ ᠪᠠ ᠵᠠᠰᠠᠭ᠎ᠤᠨ ᠣᠷᠳᠣᠨ ᠮᠥᠩᠭᠥᠨ ᠭᠦᠶ᠋ᠯᠭᠡᠭᠡᠨ᠎ᠤ ᠪᠠᠢᠭᠤᠯᠤᠮᠵᠢ ᠠᠵᠤ ᠠᠬᠤᠢᠯᠠᠯ᠎ᠢ ᠵᠣᠯᠭᠠᠭᠤᠯᠬᠤ ᠠᠵᠢᠯᠯᠠᠭ᠎ᠠ᠎ᠶ᠋ᠢ ᠢᠳᠡᠪᠬᠢᠲᠡᠶ ᠵᠣᠬᠢᠶᠠᠨ ᠪᠠᠢᠭᠤᠯᠤᠨ ᠥᠷᠨᠢᠭᠦᠯᠵᠦ᠍᠂ ᠠᠵᠤ ᠠᠬᠤᠢᠯᠠᠯ᠎ᠤᠨ ᠮᠡᠷᠭᠡᠵᠢᠯ᠎ᠦᠨ ᠲᠠᠰ ᠳᠡᠪᠱᠢᠬᠦ᠌᠂ ᠲᠣᠭᠠᠴᠢᠯᠠᠯᠲᠠ ᠲᠠᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠂ ᠰᠢᠯᠢᠳᠡᠭ ᠠᠵᠤ ᠠᠬᠤᠢᠯᠠᠯ᠎ᠢ ᠱᠠᠳᠤᠵᠢᠭᠤᠯᠤᠨ ᠬᠦᠭᠵᠢᠬᠦᠯᠬᠦ ᠱᠢᠰᠲ᠋ᠧᠮ᠎ᠳᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠂ ᠨᠠᠩ ᠣᠯᠠᠨ ᠳᠤᠮᠳᠠ ᠪᠠᠭ᠎ᠠ ᠠᠵᠤ ᠠᠬᠤᠢᠯᠠᠯ᠎ᠤᠨ ᠲᠤᠰᠭᠠᠢᠵᠢᠭ᠍ᠰᠠᠨ᠂ ᠨᠠᠷᠢᠯᠢᠬ᠍ᠵᠢᠭ᠍ᠰᠠᠨ᠂ ᠤᠨᠴᠠᠯᠢᠬ᠍ᠵᠢᠭ᠍ᠰᠠᠨ᠂ ᠱᠢᠨ᠎ᠡ ᠰᠡᠪᠡᠭᠦᠨᠵᠢᠭ᠌ᠰᠡᠨ ᠴᠢᠭ᠌ᠯᠡᠯ᠎ᠢᠶᠡᠷ ᠬᠥᠭ᠌ᠵᠢᠬᠦ᠌᠎ᠶ᠋ᠢ ᠠᠬᠢᠭᠤᠯᠵᠤ᠂ ᠮᠠᠨ᠎ᠤ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠵᠦ ᠪᠤᠢ᠃