ᠥᠪᠥᠷ ᠮᠣᠩᠭᠣᠯ 97 ᠠᠵᠤ ᠠᠬᠤᠢᠯᠠᠯ ᠢ᠋ ᠵᠣᠬᠢᠶᠠᠨ ᠪᠠᠢᠭᠤᠯᠤᠨ ᠠᠷᠠᠯᠵᠢᠶᠠᠨ ᠤ᠋ ᠴᠤᠭ᠍ᠯᠠᠭᠠᠨ ᠳ᠋ᠤ ᠤᠷᠤᠯᠴᠠᠪᠠ
2025-10-23 09:43:55
ᠵᠣᠬᠢᠶᠠᠭ᠍ᠴᠢ᠄
​ ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠣᠢᠯᠠᠭᠠᠭ᠍ᠰᠠᠨ ᠵᠢᠡᠷ᠂ ᠮᠠᠨ ᠤ᠋ ᠤᠷᠤᠨ 97 ᠠᠵᠤ ᠠᠬᠤᠢᠯᠠᠯ ᠢ᠋ ᠵᠣᠬᠢᠶᠠᠨ ᠪᠠᠢᠭᠤᠯᠤᠨ 10 ᠰᠠᠷ᠎ᠠ ᠶ᠋ᠢᠨ 17 — 19 ᠤ᠋ ᠡᠳᠦᠷ ᠪᠣᠯᠲᠠᠯ᠎ᠠ ᠲᠢᠶᠠᠨᠵᠢᠨ᠎ᠳᠤ ᠶᠠᠪᠤᠭ᠍ᠳᠠᠭᠰᠠᠨ ᠬᠣᠷᠢᠨ ᠬᠣᠶᠠᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠣᠯᠠᠨ ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠷᠠᠯᠵᠢᠶᠠᠨ ᠤ᠋ ᠴᠤᠭ᠍ᠯᠠᠭᠠᠨ ᠳ᠋ᠤ ᠤᠷᠤᠯᠴᠠᠭᠤᠯᠵᠤ᠂ 1000 ᠭᠠᠷᠤᠶ ᠵᠦᠶ᠋ᠯ ᠤ᠋ᠨ ᠴᠢᠨᠠᠷ ᠰᠠᠢᠲᠠᠶ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠳᠡᠯᠭᠡᠨ ᠪᠤᠷᠤᠯᠠᠭᠤᠯᠤᠭᠰᠠᠨ ᠪᠠᠢᠨ᠎ᠠ᠃

ᠠᠷᠠᠯᠵᠢᠶᠠᠨ ᠤ᠋ ᠴᠤᠭ᠍ᠯᠠᠭᠠᠨ ᠳ᠋ᠤ ᠮᠠᠨ ᠤ᠋ ᠤᠷᠤᠨ 《ᠦᠵᠡᠰᠭᠦᠯᠡᠩᠲᠦ ᠰᠠᠢᠬᠠᠨ ᠥᠪᠥᠷ ᠮᠣᠩᠭᠣᠯ ᠪᠣᠬᠢᠷᠲᠤᠯ ᠥᠬᠡᠶ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ》 ᠶ᠋ᠢᠡᠷ ᠭᠤᠤᠯ ᠰᠡᠳᠦᠪ ᠪᠤᠯᠭᠠᠭᠰᠠᠨ ᠥᠪᠥᠷ ᠮᠣᠩᠭᠣᠯ ᠤ᠋ᠨ ᠦᠵᠡᠭᠦᠯᠭᠡ ᠶ᠋ᠢᠨ ᠲᠣᠭᠣᠷᠢᠭ ᠲᠠᠭᠠᠨ《ᠥᠪᠥᠷ ᠮᠣᠩᠭᠣᠯ ᠨᠡᠷᠡᠮᠵᠢᠲᠦ》ᠲᠦᠷᠦᠯ ᠲᠡᠮᠲᠡᠭᠲᠦ ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ᠂ ᠪᠣᠬᠢᠷᠲᠤᠯ ᠦᠭᠡᠢ ᠣᠷᠭᠠᠨᠢᠭ ᠪᠦᠲᠦᠭᠡᠭ᠌ᠳᠡᠬᠦᠨ᠂ 《ᠠᠮᠤ ᠶ᠋ᠢᠨ ᠰᠠᠡᠭ》᠂ 《ᠮᠢᠬᠠᠨ ᠤ᠋ ᠬᠦᠮᠦᠷᠭᠡ》᠂ 《ᠰᠦ ᠶ᠋ᠢᠨ ᠬᠦᠨᠦᠭ》᠂ 《 ᠨᠣᠣᠯᠣᠭᠤᠷ ᠤ᠋ᠨ ᠬᠤᠳᠠ》᠂ ᠤᠨᠴᠠᠯᠢᠬ᠍ᠳᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠵᠡᠷᠭᠡ 7 ᠶᠡᠬᠡ ᠭᠣᠣᠯ ᠰᠡᠳᠦᠪᠲᠦ ᠲᠤᠰᠬᠠᠢ ᠪᠠᠢᠷᠢ ᠲᠤᠬᠢᠷᠠᠭᠤᠯᠵᠤ᠂ ᠦᠪᠦᠷ ᠮᠤᠡᠭᠭᠤᠯ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠠᠵᠤ ᠦᠢᠯᠡᠰ ᠤ᠋ᠨ ᠪᠤᠳᠠᠳᠤ ᠬᠦᠴᠦᠨ ᠢ᠋ ᠭᠦᠢᠴᠡᠳ ᠢᠯᠡᠷᠡᠭᠦᠯᠵᠠᠢ᠃ ᠡᠨᠡ ᠬᠦ᠌ ᠬᠤᠭᠤᠴᠠᠭᠠᠨ ᠳ᠋ᠤ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠣᠯᠠᠨ ᠰᠠᠯᠠᠭ᠎ᠠ ᠮᠥᠴᠢᠷ ᠲᠡᠶ ᠬᠠᠮᠲᠤᠷᠠᠵᠤ ᠭᠤᠤᠯᠯᠠᠨ ᠡᠷᠭᠢᠯᠡᠭ᠌ᠰᠡᠨ ᠥᠪᠥᠷ ᠮᠣᠩᠭᠣᠯ ᠤ᠋ᠨ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠲᠤᠰᠭᠠᠶ ᠲᠠᠨᠢᠯᠴᠠᠭᠤᠯᠭ᠎ᠠ ᠶ᠋ᠢᠨ ᠬᠤᠷᠠᠯ ᠵᠢᠴᠢ ᠠᠷᠠᠯᠵᠢᠶᠠᠴᠢᠨ ᠤᠷᠢᠵᠤ ᠪᠠᠯᠠ ᠮᠥᠩᠭᠥ᠌ ᠣᠷᠣᠭᠤᠯᠤᠨ ᠠᠪᠴᠢᠷᠠᠬᠤ ᠶ᠋ᠢ ᠵᠣᠯᠭᠠᠭᠤᠯᠬᠤ ᠠᠵᠢᠯ ᠵᠠᠷᠭᠡ ᠪᠡᠷ ᠶᠠᠪᠤᠭ᠍ᠳᠠᠵᠤ᠂ ᠪᠥᠬᠥ᠌ ᠤᠯᠤᠰ ᠤ᠋ᠨ ᠡᠯ᠎ᠡ ᠭᠠᠵᠠᠷ ᠡᠴᠡ ᠢᠷᠡᠭ᠌ᠰᠡᠨ ᠠᠷᠠᠯᠵᠢᠶᠠᠴᠢᠨ ᠤ᠋ ᠨᠡᠢᠭᠡᠮᠯᠢᠭ᠂ ᠬᠤᠳᠠᠯᠳᠤᠨ ᠠᠪᠬᠤ ᠠᠷᠠᠯᠵᠢᠶᠠᠴᠢᠨ᠂ ᠪᠠᠯᠠ ᠣᠷᠣᠭᠤᠯᠬᠤ ᠠᠷᠠᠯᠵᠢᠶᠠᠴᠢᠨ ᠤ᠋ ᠲᠥᠯᠥᠭᠡᠯᠡᠭ᠌ᠴᠢ ᠵᠡᠷᠭᠡ ᠶ᠋ᠢ ᠤᠷᠢᠨ ᠣᠷᠣᠯᠴᠠᠭᠤᠯᠵᠤ᠂ ᠬᠠᠮᠲᠤᠷᠠᠨ ᠠᠵᠢᠯᠯᠠᠬᠤ ᠠᠵᠠ ᠲᠣᠬᠢᠶᠠᠯ ᠢ᠋ ᠬᠠᠮᠲᠤ ᠪᠠᠷ ᠡᠷᠢᠯᠬᠢᠯᠡᠪᠡ᠃

ᠠᠷᠠᠯᠵᠢᠶᠠᠨ ᠤ᠋ ᠴᠤᠭ᠍ᠯᠠᠭᠠᠨ ᠳ᠋ᠤ ᠮᠠᠨ ᠤ᠋ ᠤᠷᠤᠨ ᠪᠠᠰᠠ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭᠲᠦ ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ ᠤ᠋ ᠨᠠᠷᠠᠲᠤ ᠲᠥᠷᠥᠯ ᠲᠡᠮᠳᠡᠭ᠌᠎ᠤᠨ ᠲᠠᠨᠢᠯᠴᠠᠭᠤᠯᠭ᠎ᠠ ᠬᠤᠷᠠᠯ ᠬᠢᠵᠦ᠍᠂ ᠪᠤᠭᠤᠲᠤ ᠬᠣᠲᠠ ᠪᠠ ᠱᠢᠯᠢ ᠶ᠋ᠢᠨ ᠭᠤᠤᠯ ᠠᠢᠮᠠᠭ ᠵᠡᠷᠭᠡ 4 ᠠᠢᠮᠠᠭ ᠬᠣᠲᠠ ᠡᠴᠡ ᠮᠠᠯ ᠠᠵᠤ ᠠᠬᠤᠶ ᠲᠠᠷᠢᠶᠠᠯᠠᠡᠭ ᠤ᠋ᠨ ᠬᠦᠷᠢᠶᠡᠨ ᠳ᠋ᠡᠬᠢ ᠠᠷᠠᠯᠵᠢᠶᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠤ ᠲᠠᠨᠢᠯᠴᠠᠭᠤᠯᠭ᠎ᠠ ᠬᠢᠵᠦ᠍᠂ ᠣᠷᠳᠣᠰ ᠬᠣᠲᠠ ᠶ᠋ᠢᠨ ᠱᠤᠸᠠᠩ ᠴᠢ ᠢᠮᠠᠭᠠᠨ ᠨᠤᠤᠯᠤᠭᠤᠷ ᠤ᠋ᠨ ᠦᠢᠯᠡᠳᠬᠦᠨ ᠤ᠋ ᠬᠢᠵᠠᠭᠠᠷᠲᠤ ᠺᠣᠮᠫᠠᠨᠢ ᠵᠡᠷᠭᠡ 3 ᠠᠵᠤ ᠠᠬᠤᠢᠯᠠᠯ ᠡᠴᠡ ᠲᠣᠰ ᠲᠣᠰ ᠣᠷᠳᠣᠰ ᠤ᠋ᠨ ᠢᠮᠠᠭᠠᠨ ᠨᠤᠤᠯᠤᠭᠤᠷ᠂ ᠱᠢᠯᠢ ᠶ᠋ᠢᠨ ᠭᠤᠤᠯ ᠤ᠋ᠨ ᠪᠢᠱᠢᠯᠠᠭ᠂ ᠬᠢᠩᠭᠠᠨ ᠠᠢᠮᠠᠭ ᠤ᠋ᠨ ᠲᠤᠲᠤᠷᠭ᠎ᠠ ᠵᠡᠷᠭᠡ ᠨᠠᠷᠠᠲᠤ ᠲᠥᠷᠥᠯ ᠲᠡᠮᠳᠡᠭ᠌᠎ᠢ  ᠲᠠᠨᠢᠯᠴᠠᠭᠤᠯᠪᠠ᠃ 29 ᠠᠵᠤ ᠠᠬᠤᠢᠯᠠᠯ ᠲᠤᠬᠠᠢ ᠶ᠋ᠢᠨ ᠲᠠᠯᠠᠪᠠᠢ ᠳ᠋ᠦ ᠬᠠᠮᠲᠤᠷᠠᠯᠴᠠᠭᠠᠨ ᠤ᠋ ᠰᠠᠨᠠᠮᠵᠢ ᠶ᠋ᠢᠨ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠪᠥᠬᠥ᠌ ᠵᠣᠭᠣᠰ ᠤ᠋ᠨ ᠲᠣᠭ᠎ᠠ 5500 ᠲᠦᠮᠡᠨ ᠲᠥᠭᠥᠷᠢᠭ ᠢ᠋ ᠳᠠᠪᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号