ᠦᠪᠦᠷ ᠮᠤᠩᠭᠤᠯ ᠤ᠋ᠨ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠠᠵᠤ ᠠᠬᠤᠢ ᠶ᠋ᠢᠨ ᠡᠷᠬᠢᠯᠳᠡ ᠶᠡᠷᠦᠩᠬᠡᠢ ᠳ᠋ᠡᠭᠡᠨ ᠳᠤᠭᠳᠠᠭᠤᠨ ᠪᠠᠢᠨ᠎ᠠ
2025-10-23 10:11:49
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

 ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠡᠷᠬᠢᠯᠡᠨ ᠬᠢᠭᠰᠡᠨ ᠦᠪᠡᠷᠳᠡᠭᠡᠨ ᠵᠠᠰᠠᠬᠤ ᠤᠷᠤᠨ ᠵᠢᠴᠢ ᠡᠯ᠎ᠠ ᠠᠢᠮᠠᠭ ᠬᠤᠳᠠ ᠶ᠋ᠢᠨ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠤ᠋ᠨ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ ᠤ᠋ᠨ 2025 ᠤᠨ ᠤ᠋ ᠲᠦᠷᠦᠭᠦᠦ ᠭᠤᠷᠪᠠᠨ ᠤᠯᠠᠷᠢᠯ ᠤ᠋ᠨ ᠠᠵᠤ ᠠᠬᠤᠢ ᠶ᠋ᠢᠨ ᠡᠷᠬᠢᠯᠳᠡ ᠶ᠋ᠢᠨ ᠪᠠᠢᠳᠠᠯ ᠢ᠋ ᠵᠠᠳᠠᠯᠤᠨ ᠳᠤᠬᠢᠷᠠᠭᠤᠯᠬᠤ ᠬᠤᠷᠠᠯ ᠡᠴᠡ ᠤᠢᠯᠠᠭᠠᠭᠰᠠᠨ ᠶ᠋ᠢᠡᠷ᠂ ᠲᠦᠷᠦᠭᠦᠦ ᠭᠤᠷᠪᠠᠨ ᠤᠯᠠᠷᠢᠯ ᠳ᠋ᠤ ᠦᠪᠦᠷ ᠮᠤᠩᠭᠤᠯ  ᠤ᠋ᠨ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠠᠵᠤ ᠠᠬᠤᠢ ᠶ᠋ᠢᠨ ᠡᠷᠬᠢᠯᠳᠡ ᠶᠡᠷᠦᠩᠬᠡᠢ ᠳ᠋ᠡᠭᠡᠨ ᠳᠤᠭᠳᠠᠭᠤᠨ ᠪᠠᠢᠨ᠎ᠠ᠃

ᠤᠢᠯᠠᠭᠠᠭᠰᠠᠨ ᠶ᠋ᠢᠡᠷ᠂ ᠲᠦᠷᠦᠭᠦᠦ ᠭᠤᠷᠪᠠᠨ ᠤᠯᠠᠷᠢᠯ ᠳ᠋ᠤ ᠪᠤᠳᠤᠯᠢᠶᠠᠨᠳᠠᠢ ᠪᠦᠭᠡᠳ ᠬᠦᠨᠳᠤ ᠬᠡᠴᠡᠭᠦᠦ ᠬᠤᠷᠸ᠎ᠠ ᠠᠵᠤ ᠠᠬᠤᠢ ᠶ᠋ᠢᠨ ᠨᠦᠬᠦᠴᠡᠯ ᠪᠠᠢᠳᠠᠯ ᠪᠤᠯᠤᠨ ᠬᠠᠳᠠᠭᠤ ᠪᠡᠷᠬᠡ ᠦᠭᠡᠷᠡᠴᠢᠯᠡᠯᠳᠡ ᠬᠦᠭᠵᠢᠯᠳᠡ ᠶ᠋ᠢᠨ ᠡᠭᠦᠷᠭᠡ ᠶ᠋ᠢᠨ ᠡᠮᠦᠨ᠎ᠠ ᠦᠪᠦᠷ ᠮᠤᠩᠭᠤᠯ ᠤ᠋ᠨ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠳ ᠬᠦᠴᠢᠷ ᠢ᠋ ᠰᠦᠷᠦᠨ ᠤᠷᠤᠭᠰᠢᠯᠠᠵᠤ᠂ ᠢᠳᠡᠪᠬᠢᠳᠠᠢ ᠪᠡᠷ ᠵᠢᠳᠭᠦᠨ ᠴᠢᠷᠮᠠᠢᠭᠰᠠᠨ ᠶ᠋ᠢᠡᠷ ᠠᠵᠤ ᠠᠬᠤᠢ ᠶ᠋ᠢᠨ ᠡᠷᠬᠢᠯᠳᠡ ᠨᠢ 《ᠶᠡᠷᠦᠩᠬᠡᠢ ᠳ᠋ᠡᠭᠡᠨ ᠳᠤᠭᠳᠠᠭᠤᠨ᠂ ᠳᠤᠭᠳᠠᠭᠤᠨ  ᠤ᠋ ᠳᠤᠮᠳᠠ ᠤᠷᠤᠭᠰᠢᠯᠠᠨ ᠳᠠᠪᠰᠢᠵᠤ᠂ ᠳᠤᠭᠳᠠᠭᠤᠨ ᠤ᠋ ᠳᠤᠮᠳᠠ ᠶᠠᠰᠤ ᠴᠢᠨᠠᠷ ᠳᠡᠭᠡᠭᠰᠢᠯᠡᠭᠰᠡᠨ》  ᠰᠠᠢᠨ ᠰᠠᠢᠬᠠᠨ ᠪᠠᠢᠳᠠᠯ ᠶ᠋ᠢᠡᠨ ᠪᠠᠳᠤᠯᠠᠵᠤ᠂ ᠡᠯ᠎ᠠ ᠵᠦᠢᠯ ᠤ᠋ᠨ ᠠᠵᠢᠯ ᠳ᠋ᠤ ᠴᠦᠮ ᠬᠢᠯᠪᠡᠷ ᠪᠤᠰᠤ ᠠᠮᠵᠢᠯᠳᠠ ᠵᠢ ᠤᠯᠵᠠᠢ᠃

ᠳᠦᠷᠪᠡᠳᠦᠭᠡᠷ ᠤᠯᠠᠷᠢᠯ ᠪᠤᠯ ᠪᠦᠬᠦ ᠵᠢᠯ ᠤ᠋ᠨ ᠠᠮᠵᠢᠯᠳᠠ ᠶ᠋ᠢ ᠪᠠᠳᠤᠯᠠᠬᠤ ᠵᠠᠩᠬᠢᠯᠠᠭ᠎ᠠ ᠵᠢᠨ ᠬᠤᠭᠤᠴᠠᠭ᠎ᠠ ᠮᠦᠨ᠃ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠦᠪᠡᠷᠳᠡᠭᠡᠨ ᠵᠠᠰᠠᠬᠤ ᠤᠷᠤᠨ ᠵᠢᠴᠢ ᠡᠯ᠎ᠠ ᠠᠢᠮᠠᠭ ᠬᠤᠳᠠ ᠶ᠋ᠢᠨ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠤ᠋ᠨ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ ᠤ᠋ᠳ 《ᠵᠢᠷᠭᠤᠭᠠᠨ ᠳᠤᠭᠳᠠᠭᠠᠯᠳᠠ》 ᠶ᠋ᠢᠨ ᠲᠦᠰᠦᠯ ᠢ᠋ ᠴᠢᠩᠭ᠎ᠠ ᠵᠢᠷᠦᠮᠯᠠᠨ᠂ ᠦᠨᠡᠨ ᠡᠴᠡ ᠵᠦᠪ ᠢ᠋ ᠡᠷᠢᠬᠦ᠂ ᠲᠦᠷᠦᠯ ᠬᠤᠪᠢᠶᠠᠨ ᠬᠠᠮᠢᠶᠠᠷᠬᠤ ᠶ᠋ᠢ ᠪᠠᠷᠢᠮᠳᠠᠯᠠᠨ᠂ ᠠᠵᠤ ᠠᠬᠤᠢᠯᠠᠯ ᠤ᠋ᠨ ᠬᠠᠮᠢᠶᠠᠷᠤᠯᠳᠠ ᠶ᠋ᠢᠨ ᠪᠦᠲᠦᠴᠡ ᠪᠠ ᠡᠬᠢ ᠪᠠᠶᠠᠯᠢᠭ ᠤ᠋ᠨ ᠳᠤᠬᠢᠷᠠᠭᠤᠯᠤᠯᠳᠠ ᠵᠢ ᠲᠠᠰᠤᠷᠠᠯᠳᠠ ᠦᠭᠡᠢ ᠰᠢᠯᠢᠳᠡᠭᠵᠢᠭᠦᠯᠬᠦ ᠬᠡᠷᠡᠭᠳᠠᠢ; ᠶᠠᠰᠤ ᠴᠢᠨᠠᠷ ᠪᠠ ᠠᠮᠦᠷ ᠲᠦᠪᠰᠢᠨ ᠢ᠋ ᠪᠠᠳᠤᠯᠠᠭᠰᠠᠨ ᠤᠷᠢᠳᠠᠯ ᠳᠤᠤᠷ᠎ᠠ ᠪᠡᠯᠡ ᠤᠷᠤᠭᠤᠯᠤᠯᠳᠠ ᠶ᠋ᠢᠨ ᠠᠬᠢᠴᠠ ᠪᠡᠨ ᠪᠦᠬᠦ ᠬᠦᠴᠦᠨ ᠶ᠋ᠢᠡᠷ ᠲᠦᠷᠭᠡᠳᠭᠡᠵᠦ᠂ ᠪᠦᠬᠦ ᠵᠢᠯ ᠤ᠋ᠨ ᠪᠡᠯᠡ ᠤᠷᠤᠭᠤᠯᠤᠯᠳᠠ ᠶ᠋ᠢᠨ ᠡᠭᠦᠷᠭᠡ ᠪᠡᠨ ᠪᠡᠶᠡᠯᠡᠭᠦᠯᠬᠦ ᠪᠡᠷ ᠴᠢᠷᠮᠠᠢᠬᠤ ᠶ᠋ᠢᠨ ᠵᠡᠷᠭᠡ ᠪᠡᠷ ᠭᠤᠷᠪᠠᠨ ᠵᠢᠯ ᠳ᠋ᠤ ᠵᠠᠯᠭᠠᠭ᠎ᠠ ᠪᠡᠷ ᠪᠡᠯᠡ ᠤᠷᠤᠭᠤᠯᠬᠤ ᠲᠦᠯᠦᠪᠯᠡᠭᠡ ᠶ᠋ᠢ ᠪᠦᠬᠦ ᠲᠠᠯ᠎ᠠ ᠪᠡᠷ ᠨᠠᠢᠳᠠᠪᠤᠷᠢᠵᠢᠭᠤᠯᠤᠨ᠂ ᠤᠯᠤᠰ ᠤ᠋ᠨ ᠦᠮᠴᠢᠯᠡᠯᠳᠦ ᠡᠳ᠋ ᠬᠦᠷᠦᠩᠭᠡ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠳᠤᠭᠳᠠᠮᠠᠯ ᠬᠦᠷᠦᠩᠭᠡ ᠶ᠋ᠢᠨ ᠪᠡᠯᠡ ᠤᠷᠤᠭᠤᠯᠤᠯᠳᠠ ᠶ᠋ᠢᠨ ᠬᠠᠮᠢᠶᠠᠷᠤᠯᠳᠠ ᠶ᠋ᠢᠨ ᠪᠠᠢᠭᠤᠯᠤᠮᠵᠢ ᠶ᠋ᠢ ᠱᠠᠯᠠᠪᠳᠠᠨ ᠲᠡᠭᠦᠯᠳᠡᠷᠵᠢᠭᠦᠯᠬᠦ ᠬᠡᠷᠡᠭᠳᠠᠢ; ᠠᠯᠳᠠᠪᠤᠷᠢ ᠶ᠋ᠢ ᠵᠠᠰᠠᠬᠤ ᠬᠠᠷᠠᠯᠳᠠ ᠡᠭᠦᠷᠭᠡ ᠶ᠋ᠢ ᠨᠢᠭᠳᠠ ᠠᠩᠬᠠᠷᠴᠤ᠂ ᠵᠦᠪ ᠤᠳᠤᠷᠢᠳᠤᠮᠵᠢ ᠶ᠋ᠢ ᠪᠠᠷᠢᠮᠳᠠᠯᠠᠨ᠂ ᠠᠯᠤᠰ ᠢᠷᠡᠭᠡᠳᠦᠢ ᠳ᠋ᠤ ᠰᠠᠭᠤᠷᠢᠯᠠᠵᠤ᠂ ᠤᠯᠠᠨ ᠠᠷᠭ᠎ᠠ ᠬᠡᠮᠵᠢᠶ᠎ᠠ ᠶ᠋ᠢ ᠵᠡᠷᠭᠡ ᠪᠡᠷ ᠬᠡᠷᠡᠭᠵᠢᠭᠦᠯᠦᠨ᠂ ᠪᠤᠳᠠᠳᠤ ᠦᠷ᠎ᠠ ᠪᠦᠲᠦᠮᠵᠢ ᠤᠯᠬᠤ ᠶ᠋ᠢ ᠴᠢᠬᠤᠯᠠᠴᠢᠯᠠᠵᠤ᠂ ᠠᠯᠳᠠᠪᠤᠷᠢ ᠶ᠋ᠢ ᠪᠦᠲᠦᠮᠵᠢᠳᠠᠢ ᠵᠠᠰᠠᠬᠤ ᠪᠡᠷ ᠳᠠᠮᠵᠢᠨ ᠠᠵᠤ ᠠᠬᠤᠢᠯᠠᠯ ᠤ᠋ᠨ ᠨᠡᠩ ᠰᠠᠢᠨ ᠴᠢᠨᠠᠷ ᠰᠠᠢᠳᠠᠢ ᠬᠦᠭᠵᠢᠯᠳᠡ ᠶ᠋ᠢ ᠪᠡᠶᠡᠯᠡᠭᠦᠯᠵᠤ᠂ 《ᠲᠤᠭ᠎ᠠ ᠪᠠᠷᠢᠮᠳᠠ ᠨᠠᠭᠠᠳᠬᠤ》 ᠪᠠ 《ᠳᠠᠩᠰᠠᠨ ᠳᠡᠭᠡᠷ᠎ᠠ ᠪᠡᠨ ᠠᠯᠳᠠᠪᠤᠷᠢ ᠪᠡᠨ ᠡᠭᠡᠭᠦᠯᠬᠦ》  ᠪᠠᠢᠳᠠᠯ ᠢ᠋ ᠡᠷᠡᠰ ᠳᠡᠪᠴᠢᠬᠦ ᠬᠡᠷᠡᠭᠳᠠᠢ; ᠰᠤᠷᠤᠯᠴᠠᠯᠭ᠎ᠠ ᠬᠦᠮᠦᠵᠢᠯ ᠤ᠋ᠨ ᠦᠷ᠎ᠠ ᠪᠦᠲᠦᠭᠡᠯ ᠶ᠋ᠢᠡᠨ ᠲᠠᠰᠤᠷᠠᠯᠳᠠ ᠦᠭᠡᠢ ᠪᠡᠬᠢᠵᠢᠭᠦᠯᠵᠦ᠂ ᠰᠤᠷᠳᠠᠯ ᠴᠢᠭᠡᠴᠢ ᠤᠪᠤᠷ ᠲᠦᠪ ᠤᠯᠤᠰ ᠲᠦᠷᠦ ᠶ᠋ᠢᠨ ᠠᠮᠢ ᠠᠬᠤᠢ ᠶ᠋ᠢ ᠪᠤᠢ ᠪᠤᠯᠭᠠᠬᠤ ᠬᠡᠷᠡᠭᠳᠠᠢ; ᠠᠶᠤᠯᠭᠦᠢ ᠦᠢᠯᠡᠳᠪᠤᠷᠢᠯᠡᠯ ᠤ᠋ᠨ ᠤᠯᠤᠰ ᠲᠦᠷᠦ ᠶ᠋ᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠵᠦ᠂ ᠴᠢᠨᠠᠷ ᠰᠠᠢᠳᠠᠢ ᠬᠦᠭᠵᠢᠯᠳᠡ ᠳ᠋ᠤ ᠠᠮᠦᠷ ᠲᠦᠪᠰᠢᠨ ᠳᠤᠭᠳᠠᠭᠤᠨ ᠤᠷᠴᠢᠨ ᠨᠦᠬᠦᠴᠡᠯ ᠡᠭᠦᠳᠴᠤ ᠦᠭᠬᠦ ᠬᠡᠷᠡᠭᠳᠠᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号